ᠴᠠᠰᠤᠨ ᠤ ᠳᠠᠷᠠᠭ᠎ᠠ ᠨᠡᠢᠲᠡ ᠶᠢᠨ ᠲᠠᠯᠠᠪᠤᠷ ᠲᠤ ᠤᠢᠴᠠᠭᠰᠠᠨ ᠨᠢ ᠬᠡᠨ ᠤ ᠬᠠᠷᠢᠭᠤᠴᠠᠯᠭ᠎ᠠ ᠪᠤᠢ︖
2014.01.23 ᠲᠣᠰ ᠥᠷᠲᠡᠭᠡᠨ ᠦ ᠨᠠᠢᠷᠠᠭᠤᠯᠤᠭᠴᠢ

ᠵᠣᠬᠢᠶᠠᠭᠴᠢ ᠄ ᠳ᠋ᠦᠩᠱᠧᠩ ᠲᠣᠭᠣᠷᠢᠭ ᠤᠨ ᠠᠷᠠᠳ ᠤᠨ ᠰᠢᠭᠦᠬᠦ  ᠬᠣᠷᠢᠶᠠᠨ ᠤ ᠢᠦᠢ ᠯᠢ ᠾᠤᠶᠢ ᠂  ᠵᠢᠶᠠ ᠰᠢᠶᠣᠣ ᠴᠢᠶᠠᠩ

    ᠴᠠᠰᠤᠨ ᠤ ᠳᠠᠷᠠᠭ᠎ᠠ ᠨᠡᠢᠲᠡ ᠶᠢᠨ ᠲᠠᠯᠠᠪᠤᠷ ᠲᠤ ᠬᠠᠯᠲᠤᠷᠢᠨ ᠤᠨᠠᠭᠠᠳ ᠰᠢᠷᠬᠠᠲᠤᠪᠠᠯ ᠬᠡᠨ ᠡᠴᠡ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠪᠡᠯ ᠵᠣᠬᠢᠬᠤ ᠪᠤᠢ︖ ᠣᠢᠷ᠎ᠠ ᠳᠤ ᠣᠷᠳᠤᠰ ᠬᠣᠲᠠ ᠶᠢᠨ ᠳ᠋ᠦᠩᠱᠸᠩ ᠲᠣᠭᠤᠷᠢᠭ ᠤᠨ ᠰᠢᠭᠦᠬᠦ  ᠬᠣᠷᠢᠶᠠᠨ ᠤ ᠢᠷᠭᠡᠨ ᠤ ᠬᠡᠷᠡᠭ ᠤᠨ ᠬᠣᠶᠠᠳᠤᠭᠠᠷ ᠲᠢᠩᠬᠢᠮ ᠨᠢᠭᠡ ᠬᠤᠪᠢ ᠴᠠᠰᠤᠨ ᠤ ᠳᠠᠷᠠᠭ᠎ᠠ ᠨᠡᠢᠲᠡ ᠶᠢᠨ ᠲᠠᠯᠠᠪᠤᠷ ᠳᠤ ᠣᠢᠴᠢᠭᠠᠳ ᠲᠥᠯᠦᠪᠦᠷᠢ ᠭᠤᠶᠤᠴᠢᠯᠠᠭᠰᠠᠨ ᠬᠡᠷᠡᠭ ᠢ ᠬᠦᠯᠢᠶᠡᠨ ᠰᠢᠢᠢᠳᠪᠥᠷᠢᠯᠡᠪᠡ᠃

    2013 ᠣᠨ ᠤ12 ᠰᠠᠷ᠎ᠠ  ᠶᠢᠨ6 ᠤ ᠡᠳᠦᠷ ᠤᠨ ᠦᠳᠡ ᠶᠢᠨ ᠡᠮᠦᠨ᠎ᠡ ᠶᠢᠨ9 ᠴᠠᠭ ᠤᠨ ᠪᠠᠷᠤᠭ ᠢᠶᠡᠷ᠂ ᠯᠢ ᠣᠪᠤᠭᠲᠤ ᠨᠢᠭᠡ ᠶᠠᠪᠠᠭᠠᠨ ᠵᠡᠭᠡᠯᠢ ᠶᠢᠨ ᠪᠤᠷᠬᠢᠷ᠎ᠠ ᠪᠤᠯᠠᠭ ᠤᠨ ᠣᠷᠴᠢᠮ ᠵᠠᠭᠠᠯᠳᠤᠭᠳᠠᠭᠴᠢ ᠬᠤᠲᠠᠯᠳᠤᠭᠠᠨ ᠤ ᠲᠠᠯᠠᠪᠤᠷ ᠤᠨ2 ᠳ᠋ᠤᠭᠠᠷ ᠳᠠᠪᠬᠤᠷᠭ᠎ᠠ ᠳᠤ ᠶᠠᠪᠤᠵᠤ ᠪᠠᠢᠬᠤ ᠳᠤ ᠪᠡᠨ ᠴᠠᠰᠤᠨ ᠤ ᠳᠠᠷᠠᠭ᠎ᠠ ᠭᠠᠵᠠᠷ ᠬᠠᠯᠲᠤᠷᠢᠭ᠎ᠠ ᠲᠠᠢ  ᠪᠠᠢᠭᠰᠠᠨ ᠡᠴᠡ ᠬᠠᠯᠲᠤᠷᠢᠨ ᠣᠢᠴᠢᠵᠤ ᠶᠠᠰᠤ ᠨᠢ ᠪᠡᠷᠲᠡᠵᠦ᠂120 ᠪᠠᠴᠢᠮ ᠠᠪᠤᠷᠠᠯᠲᠠ ᠶᠢᠨ ᠠᠵᠢᠯᠳᠠᠨ ᠳᠠᠮᠨᠠᠭᠤᠷ ᠢᠶᠡᠷ ᠳᠠᠮᠨᠠᠨ ᠪᠠᠭᠤᠯᠭᠠᠵᠤ ᠡᠮᠨᠡᠯᠭᠡ ᠳᠤ ᠬᠦᠷᠭᠡᠨ ᠪᠠᠴᠢᠮ ᠠᠪᠤᠷᠠᠯᠲᠠ ᠶᠢᠨ ᠰᠠᠯᠠᠭᠠᠨ ᠳᠤ ᠵᠠᠰᠠᠯ ᠬᠢᠵᠦ᠂ ᠰᠡᠭᠦᠯᠡᠷ ᠨᠢ ᠰᠢᠯᠭᠠᠨ ᠳᠤᠭᠲᠠᠭᠠᠬᠤ ᠪᠠᠢᠭᠤᠯᠤᠮᠵᠢ ᠡᠴᠡ ᠳᠣᠯᠤᠭᠠᠨ ᠳᠡᠰ ᠤᠨ ᠵᠡᠮᠳᠡᠭ ᠢᠶᠡᠷ ᠰᠢᠯᠭᠠᠨ ᠳᠤᠭᠲᠠᠭᠠᠪᠠ᠃ ᠯᠢ ᠣᠪᠤᠭᠲᠤ  ᠡᠴᠡ ᠵᠠᠭᠠᠯᠳᠤᠭᠳᠠᠭᠴᠢ ᠴᠠᠰᠤ ᠪᠣᠷᠤᠭᠠᠨ  ᠲᠠᠢ ᠴᠠᠭ ᠠᠭᠤᠷ ᠲᠠᠢ ᠡᠳᠦᠷ ᠭᠠᠳᠠᠨ᠎ᠠ ᠢᠯᠡ ᠪᠠᠢᠭ᠎ᠠ ᠱᠠᠲᠤᠨ ᠳᠤ ᠵᠣᠬᠢᠬᠤ ᠠᠮᠤᠷ ᠢ ᠬᠠᠮᠠᠭᠠᠯᠠᠬᠤ ᠠᠷᠭ᠎ᠠ ᠠᠪᠴᠢᠯ ᠠᠪᠤᠪᠠᠯ ᠵᠣᠬᠢᠨ᠎ᠠ᠂ ᠭᠡᠪᠡᠴᠦ ᠶᠠᠮᠠᠷ ᠴᠤ ᠠᠷᠭ᠎ᠠ ᠠᠪᠴᠢᠯ ᠠᠪᠤᠭᠰᠠᠨ ᠦᠭᠡᠢ ᠪᠠᠢᠵᠤ᠂ ᠵᠣᠴᠢᠳ ᠤᠨ ᠠᠮᠤᠷ ᠳᠥᠪᠰᠢᠨ ᠢ   ᠬᠠᠢᠬᠤᠷᠤᠭᠰᠠᠨ ᠦᠭᠡᠢ ᠪᠠᠢᠵᠤ᠂ ᠵᠣᠬᠢᠬᠤ ᠬᠡᠮᠵᠢᠶᠡᠨ ᠤ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠪᠡᠯ  ᠵᠣᠬᠢᠨ᠎ᠠ ᠭᠡᠵᠦ ᠦᠵᠡᠵᠦ᠂ ᠰᠢᠭᠦᠬᠦ ᠬᠣᠷᠢᠶᠠᠨ ᠳᠤ ᠵᠠᠭᠠᠯᠳᠤᠨ᠂ ᠵᠠᠭᠠᠯᠳᠤᠭᠳᠠᠭᠴᠢ  ᠵᠢ ᠬᠠᠤᠯᠢ ᠶᠣᠰᠣᠭᠠᠷ ᠰᠢᠭᠦᠨ ᠳᠠᠰᠤᠯᠠᠵᠤ ᠡᠮᠨᠡᠯᠭᠡ ᠶᠢᠨ ᠰᠦᠢᠳᠭᠡᠯ᠂ ᠠᠰᠠᠷᠠᠮᠵᠢ ᠶᠢᠨ ᠰᠦᠢᠳᠭᠡᠯ᠂ ᠢᠳᠡᠵᠦ ᠤᠤᠭᠤᠭᠰᠠᠨ ᠰᠦᠢᠳᠭᠡᠯ᠂ ᠰᠢᠮ᠎ᠡ ᠲᠡᠵᠢᠭᠡᠯ ᠤᠨ ᠰᠦᠢᠳᠭᠡᠯ᠂ ᠵᠡᠮᠳᠡᠭ ᠤᠨ ᠨᠥᠬᠦᠪᠦᠷᠢ᠂ ᠰᠢᠯᠭᠠᠨ ᠳᠤᠭᠲᠠᠭᠠᠭᠰᠠᠨ ᠰᠦᠢᠳᠭᠡᠯ᠂ ᠬᠣᠵᠢᠮ ᠤᠨ ᠡᠮᠨᠡᠯᠭᠡ ᠶᠢᠨ ᠰᠦᠢᠳᠭᠡᠯ᠂ ᠨᠡᠢᠲᠡ277864 ᠲᠥᠭᠦᠷᠢᠭ ᠲᠥᠯᠦᠭᠦᠯᠬᠦ ᠵᠢ ᠭᠤᠶᠤᠴᠢᠯᠠᠪᠠ᠃

    ᠲᠢᠩᠬᠢᠮ ᠨᠡᠭᠡᠭᠡᠨ ᠰᠢᠭᠦᠬᠦ ᠪᠡᠷ ᠳᠠᠮᠵᠢᠨ ᠰᠢᠭᠦᠬᠦ ᠬᠣᠷᠢᠶᠠᠨ ᠤ ᠦᠵᠡᠬᠦ ᠪᠡᠷ᠂《 ᠪᠦᠭᠦᠳᠡ ᠨᠠᠢᠷᠠᠮᠳᠤᠬᠤ ᠳᠤᠮᠳᠠᠳᠤ ᠠᠷᠠᠳ ᠤᠯᠤᠰ ᠤᠨ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ》 ᠶᠢᠨ ᠭᠤᠴᠢᠨ ᠳᠣᠯᠤᠳᠤᠭᠠᠷ ᠵᠤᠷᠪᠤᠰ ᠤᠨ ᠳᠤᠭᠳᠠᠭᠠᠯ᠄《 ᠪᠠᠭᠤᠳᠠᠯ᠂ ᠬᠤᠳᠠᠯᠳᠤᠭᠠᠨ ᠤ ᠲᠠᠯᠠᠪᠤᠷ᠂ ᠪᠠᠩᠬᠢ᠂ ᠲᠡᠷᠭᠡᠨ ᠥᠷᠲᠡᠭᠡ᠂ ᠴᠡᠩᠭᠡᠭᠡᠨ ᠤ ᠭᠠᠵᠠᠷ ᠵᠡᠷᠭᠡ ᠨᠡᠢᠲᠡ ᠶᠢᠨ ᠲᠠᠯᠠᠪᠤᠷ ᠤᠨ ᠬᠠᠮᠢᠶᠠᠷᠤᠭᠴᠢ ᠡᠰᠡᠭᠦᠯ᠎ᠡ ᠬᠠᠮᠲᠤ ᠨᠡᠢᠲᠡ ᠶᠢᠨ ᠴᠢᠨᠠᠷᠲᠠᠢ ᠬᠥᠳᠡᠯᠭᠡᠭᠡᠨ ᠢ ᠡᠭᠦᠰᠭᠡᠨ ᠪᠠᠢᠭᠤᠯᠤᠭᠴᠢ ᠡᠴᠡ ᠠᠮᠤᠷ ᠳᠥᠪᠰᠢᠨ ᠤ ᠬᠠᠷᠢᠭᠤᠴᠠᠯᠭ᠎ᠠ ᠪᠡᠨ ᠭᠦᠢᠴᠡᠳᠭᠡᠭᠰᠡᠨ ᠦᠭᠡᠢ ᠡᠴᠡ ᠪᠣᠯᠵᠤ ᠪᠤᠰᠤᠳ  ᠲᠤ ᠬᠣᠬᠢᠷᠠᠯ ᠤᠴᠠᠷᠠᠭᠤᠯᠤᠭᠰᠠᠨ ᠪᠠᠢᠪᠠᠯ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃》 ᠲᠤᠰ ᠬᠡᠷᠡᠭ  ᠳᠤ᠂ ᠵᠠᠭᠠᠯᠳᠤᠭᠳᠠᠭᠴᠢ ᠨᠢ ᠪᠦᠬᠦᠢᠯᠡ ᠬᠤᠳᠠᠯᠳᠤᠭᠠᠨ ᠤ ᠲᠠᠯᠠᠪᠤᠷ ᠤᠨ ᠬᠠᠮᠢᠶᠠᠷᠤᠭᠴᠢ᠂ ᠪᠠᠰᠠ ᠵᠠᠭᠠᠯᠳᠤᠭᠴᠢ ᠶᠢᠨ ᠰᠢᠷᠬᠠᠳᠤᠭᠰᠠᠨ ᠬᠣᠶᠠᠳᠤᠭᠠᠷ ᠳᠠᠪᠬᠤᠷᠭ᠎ᠠ ᠶᠢᠨ ᠭᠤᠳᠤᠮᠵᠢ ᠨᠢ ᠲᠤᠰ ᠡᠵᠡᠩᠨᠡᠵᠦ ᠪᠠᠢᠭ᠎ᠠ ᠲᠠᠯᠠᠪᠤᠷ ᠲᠤ ᠪᠠᠭᠲᠠᠵᠤ᠂ ᠵᠠᠭᠠᠯᠳᠤᠭᠳᠠᠭᠴᠢ ᠶᠢᠨ ᠡᠷᠬᠡᠰᠢᠶᠡᠨ ᠬᠠᠮᠢᠶᠠᠷᠴᠤ ᠪᠠᠢᠭ᠎ᠠ ᠬᠡᠪᠴᠢᠶᠠᠨ ᠳᠤ ᠬᠠᠷᠢᠶᠠᠯᠠᠭᠳᠠᠨ᠎ᠠ᠃ ᠣᠳᠣ ᠵᠠᠭᠠᠯᠳᠤᠭᠴᠢ  ᠯᠢ ᠣᠪᠤᠭᠲᠤ ᠵᠠᠭᠠᠯᠳᠤᠭᠳᠠᠭᠴᠢ ᠶᠢᠨ ᠬᠠᠷᠢᠭᠤᠴᠠᠨ ᠬᠠᠮᠢᠶᠠᠷᠴᠤ ᠪᠠᠢᠭ᠎ᠠ ᠡᠷᠬᠢᠯᠡᠬᠦ ᠴᠢᠨᠠᠷᠲᠠᠢ ᠲᠠᠯᠠᠪᠤᠷ ᠲᠤ ᠰᠠᠨᠠᠭᠠᠨ ᠡᠴᠡ ᠭᠠᠳᠠᠭᠤᠷ ᠰᠢᠷᠬᠠᠲᠤᠵᠤ᠂ ᠵᠠᠭᠠᠯᠳᠤᠭᠳᠠᠭᠴᠢ ᠬᠠᠷᠢᠭᠤᠴᠠᠯᠭ᠎ᠠ ᠡᠭᠦᠷᠭᠡᠯᠡᠬᠦ ᠡᠰᠡᠬᠦ ᠨᠢ ᠲᠡᠭᠦᠨ ᠤ ᠬᠠᠤᠯᠢ ᠳᠤ  ᠳᠤᠭᠲᠠᠭᠰᠠᠨ ᠠᠮᠤᠷ ᠢ ᠬᠠᠮᠠᠬᠭᠠᠯᠠᠬᠤ ᠡᠭᠦᠷᠭᠡ ᠪᠡᠨ ᠭᠦᠢᠴᠡᠳᠭᠡᠭᠰᠡᠨ ᠡᠰᠡᠬᠦ ᠲᠠᠢ ᠬᠣᠯᠪᠤᠭᠳᠠᠨ᠎ᠠ᠃

    ᠲᠢᠩᠬᠢᠮ ᠤᠨ ᠪᠠᠢᠴᠠᠭᠠᠯᠲᠠ ᠳᠤᠮᠳᠠ᠂ ᠬᠡᠳᠦᠨ ᠲᠢᠩᠬᠢᠮ ᠳᠤ ᠭᠠᠷᠤᠨ ᠭᠡᠷᠡᠴᠢᠯᠡᠯ ᠬᠢᠭᠰᠡᠨ ᠲᠤᠬᠠᠢ ᠶᠢᠨ ᠲᠠᠯᠠᠪᠤᠷ ᠲᠤ ᠪᠠᠢᠭᠴᠢᠳ ᠤᠨ ᠭᠡᠷᠡᠴᠢᠯᠡᠬᠦ ᠪᠡᠷ᠂  ᠵᠠᠭᠠᠯᠳᠤᠭᠴᠢ ᠶᠢᠨ ᠣᠢᠴᠢᠭᠰᠠᠨ ᠭᠤᠳᠤᠮᠵᠢ ᠶᠢᠨ ᠱᠠᠯᠠ ᠨᠢ ᠭᠦᠯᠢᠭᠡᠷ ᠱᠠᠯᠠᠨ ᠲᠣᠭᠤᠰᠭ᠎ᠠ ᠳᠡᠪᠢᠰᠴᠦ᠂ ᠲᠤᠬᠠᠢ ᠶᠢᠨ ᠦᠶ᠎ᠡ  ᠳᠤ ᠭᠠᠵᠠᠷ ᠳᠡᠭᠡᠷ᠎ᠡ ᠨᠢ ᠪᠠᠰᠠ ᠤᠯᠠᠨ ᠤᠰᠤ ᠳᠤᠭᠲᠠᠵᠤ᠂ ᠵᠠᠮ ᠤᠨ ᠭᠠᠳᠠᠷᠭᠤ ᠨᠢ ᠨᠣᠢᠲᠠᠨ ᠭᠤᠯᠭᠤᠮᠠᠲᠠᠭᠠᠢ ᠪᠠᠢᠵᠤ ᠶᠠᠪᠤᠬᠤ ᠳᠤ ᠬᠦᠴᠢᠷᠲᠠᠢ᠂ ᠨᠡᠩ ᠢᠯᠠᠩᠭᠤᠶ᠎ᠠ ᠵᠠᠷᠢᠮ ᠬᠡᠷᠡᠴᠢᠯᠡᠭᠴᠢ ᠬᠤᠶᠠᠷ ᠬᠥᠮᠦᠨ ᠬᠠᠷᠢᠯᠴᠠᠨ ᠳᠥᠰᠢᠯᠴᠡᠮᠡᠨ ᠰᠠᠶᠢ ᠭᠠᠷᠴᠤ ᠳᠡᠢᠯᠦᠨ᠎ᠡ ᠭᠡᠪᠡ᠃ ᠵᠠᠭᠠᠯᠳᠤᠭᠳᠠᠭᠴᠢ ᠴᠦ ᠲᠢᠩᠬᠢᠮ ᠤᠨ ᠰᠢᠭᠦᠯᠲᠡ ᠳᠤ ᠴᠠᠰᠤ ᠣᠷᠤᠵᠤ ᠳᠡᠭᠡᠷ᠎ᠡ ᠨᠢ ᠭᠠᠳᠠᠨᠠᠬᠢ ᠬᠥᠮᠦᠨ ᠴᠠᠰᠤ ᠵᠢ ᠭᠤᠳᠤᠮᠵᠢ ᠳᠤ ᠬᠢᠰᠬᠢᠨ ᠠᠪᠴᠢᠷᠠᠵᠤ᠂ ᠬᠡᠷᠡᠭ ᠭᠠᠷᠬᠤ ᠡᠳᠦᠷ ᠭᠤᠳᠤᠮᠵᠢ ᠦᠨᠡᠨᠬᠦ ᠬᠠᠷᠢᠴᠠᠩᠭᠤᠢ ᠭᠤᠯᠭᠤᠮᠠᠲᠠᠭᠠᠢ ᠭᠡᠳᠡᠭ ᠢ ᠮᠡᠳᠡᠷᠡᠪᠡ᠃ ᠭᠠᠵᠠᠷ ᠤᠨ ᠭᠠᠳᠠᠷᠭᠤ ᠶᠢᠨ ᠭᠤᠯᠭᠤᠮᠠᠲᠠᠭᠠᠢ ᠨᠢ ᠵᠠᠭᠠᠯᠳᠤᠭᠴᠢ ᠶᠢᠨ ᠣᠢᠴᠢᠵᠤ ᠰᠢᠷᠬᠠᠲᠤᠭᠰᠠᠨ ᠤ ᠬᠠᠮᠤᠭ ᠤᠨ ᠰᠢᠭᠤᠳ᠂ ᠬᠠᠮᠤᠭ ᠤᠨ ᠭᠣᠣᠯ ᠰᠢᠯᠲᠠᠭᠠᠨ ᠪᠣᠯᠬᠤ ᠨᠢ ᠲᠣᠳᠤᠷᠬᠠᠢ᠃

     ᠬᠤᠳᠠᠯᠳᠤᠭᠠᠨ ᠤ ᠲᠠᠯᠠᠪᠤᠷ ᠤᠨ ᠬᠠᠮᠢᠶᠠᠷᠤᠭᠴᠢ ᠪᠣᠯᠤᠭᠰᠠᠨ ᠤ ᠬᠤᠪᠢ ᠳᠤ᠂ ᠵᠠᠭᠠᠯᠳᠤᠭᠳᠠᠭᠴᠢ ᠡᠨᠡᠬᠦ ᠠᠮᠤᠷ ᠳᠥᠪᠰᠢᠨ ᠤ ᠭᠡᠮ ᠴᠢᠨᠠᠷ ᠢ ᠠᠷᠢᠯᠭᠠᠬᠤ ᠡᠭᠦᠷᠭᠡ ᠲᠠᠢ ᠪᠠᠢᠵᠤ᠂ ᠡᠭᠦᠨ ᠤ ᠵᠡᠷᠭᠡᠪᠡᠷ ᠶᠠᠪᠤᠵᠤ ᠪᠠᠢᠭ᠎ᠠ ᠬᠥᠮᠦᠰ ᠲᠤ ᠨᠢᠭᠤᠭᠳᠠᠵᠤ ᠪᠠᠢᠭ᠎ᠠ ᠠᠶᠤᠯ ᠲᠦᠭᠰᠢᠭᠦᠷᠢ ᠵᠢ ᠰᠡᠷᠡᠮᠵᠢᠯᠡᠭᠦᠯᠬᠦ ᠡᠭᠦᠷᠭᠡ ᠲᠠᠢ᠃ ᠲᠡᠭᠦᠨ ᠳᠤ ᠭᠤᠯᠭᠤᠮᠠᠲᠠᠭᠠᠢ ᠭᠠᠵᠠᠷ ᠳᠡᠭᠡᠷ᠎ᠡ ᠭᠤᠯᠭᠤᠬᠤ ᠵᠢ ᠰᠡᠷᠭᠡᠢᠯᠡᠬᠦ ᠳᠡᠪᠢᠰᠭᠡᠷ ᠲᠠᠯᠪᠢᠬᠤ᠂ ᠰᠡᠷᠡᠮᠵᠢᠯᠡᠭᠦᠯᠬᠦ ᠫᠠᠢᠰᠠ ᠲᠠᠯᠪᠢᠬᠤ ᠢᠶᠡᠨ ᠵᠡᠷᠭᠡ ᠠᠮᠤᠷ ᠳᠥᠪᠰᠢᠨ ᠢ ᠬᠠᠮᠠᠭᠠᠯᠠᠯᠲᠠ ᠠᠷᠭ᠎ᠠ ᠠᠪᠴᠢᠯ ᠠᠪᠤᠪᠠᠯ ᠵᠣᠬᠢᠨ᠎ᠠ᠃ ᠭᠡᠲᠡᠯ᠎ᠡ ᠲᠤᠬᠠᠢ ᠶᠢᠨ ᠲᠠᠯᠠᠪᠤᠷ ᠲᠤ ᠪᠠᠢᠭᠴᠢᠳ ᠤᠨ ᠭᠡᠷᠡᠴᠢᠯᠡᠬᠦ ᠪᠡᠷ᠂ ᠬᠡᠷᠡᠭ ᠭᠠᠷᠬᠤ ᠦᠶᠡᠰ ᠭᠤᠳᠤᠮᠵᠢ ᠳᠣᠲᠤᠷ᠎ᠠ ᠶᠠᠮᠠᠷ ᠴᠦ ᠭᠤᠯᠭᠤᠬᠤ ᠵᠢ ᠰᠡᠷᠭᠡᠢᠯᠡᠬᠦ ᠳᠥᠬᠦᠭᠡᠷᠡᠮᠵᠢ ᠪᠠ ᠰᠡᠷᠡᠮᠵᠢᠯᠡᠭᠦᠯᠬᠦ ᠢᠯᠡᠷᠬᠡᠢᠯᠡᠯ ᠦᠭᠡᠢ ᠪᠠᠢᠪᠠ᠃ ᠡᠢᠮᠦ ᠡᠴᠡ᠂ ᠵᠠᠭᠠᠯᠳᠤᠭᠳᠠᠭᠴᠢ ᠡᠴᠡ ᠠᠮᠤᠷ ᠳᠥᠪᠰᠢᠨ ᠢᠶᠡᠷ ᠶᠠᠪᠤᠬᠤ ᠪᠠᠲᠤᠯᠠᠭ᠎ᠠ ᠵᠢ ᠤᠮᠳᠠᠭᠠᠢᠯᠠᠵᠤ᠂ ᠰᠦᠢᠳᠦᠯ ᠡᠭᠦᠰᠬᠦ ᠵᠢ ᠰᠡᠷᠭᠡᠢᠯᠡᠬᠦ ᠠᠮᠤᠷ ᠳᠥᠪᠰᠢᠨ ᠤ ᠪᠠᠲᠤᠯᠠᠭ᠎ᠠ ᠶᠢᠨ ᠬᠠᠷᠢᠭᠤᠴᠠᠯᠭ᠎ᠠ ᠪᠡᠨ ᠭᠦᠢᠴᠡᠳᠭᠡᠭᠰᠡᠨ ᠦᠭᠡᠢ ᠪᠠᠢᠵᠤ᠂ ᠲᠡᠭᠦᠨ ᠤ ᠡᠰᠡ ᠦᠢᠯᠡᠳᠬᠦᠢ ᠦᠢᠯᠡ ᠠᠵᠢᠯᠠᠯᠭ᠎ᠠ ᠪᠠ ᠣᠰᠤᠯ ᠨᠢ ᠵᠠᠭᠠᠯᠳᠤᠭᠴᠢ ᠶᠢᠨ ᠣᠢᠴᠢᠨ ᠰᠢᠷᠬᠠᠳᠤᠬᠤ ᠵᠢ ᠰᠢᠭᠤᠳ ᠪᠤᠢ ᠪᠣᠯᠭᠠᠭᠰᠠᠨ ᠪᠤᠶᠤ ᠪᠣᠯᠤᠯᠴᠠᠭ᠎ᠠ ᠵᠢ ᠨᠢ ᠨᠡᠮᠡᠭᠳᠡᠭᠦᠯᠵᠦ᠂ ᠵᠠᠭᠠᠯᠳᠤᠭᠴᠢ ᠡᠴᠡ ᠲᠥᠯᠦᠪᠦᠷᠢᠯᠡᠬᠦ ᠬᠠᠷᠢᠭᠤᠴᠠᠯᠭ᠎ᠠ ᠵᠢ ᠡᠭᠦᠷᠭᠡᠯᠡᠪᠡᠯ ᠵᠣᠬᠢᠨ᠎ᠠ᠃ ᠶᠠᠷᠢᠶᠠᠨ ᠦᠭᠡᠢ ᠵᠠᠮ ᠤᠨ ᠭᠠᠳᠠᠷᠭᠤ ᠶᠢᠨ ᠭᠤᠯᠭᠤᠮᠠᠲᠠᠭᠠᠢ ᠨᠢ ᠵᠥᠪᠬᠡᠨ ᠵᠠᠭᠠᠯᠳᠤᠭᠴᠢ ᠶᠢᠨ ᠣᠢᠴᠢᠨ ᠰᠢᠷᠬᠠᠳᠤᠭᠰᠠᠨ ᠪᠤᠰᠤᠳᠴᠢ ᠰᠢᠯᠲᠠᠭᠠᠨ᠂ ᠬᠠᠤᠯᠢ ᠶᠣᠰᠤᠨ ᠤ ᠲᠠᠯ᠎ᠠ ᠡᠴᠡ ᠦᠵᠡᠪᠡᠯ ᠶᠠᠮᠠᠷᠪᠠ ᠬᠥᠮᠦᠨ ᠭᠡᠳ ᠴᠥᠮ ᠥᠪᠡᠷ ᠤᠨ ᠠᠮᠤᠷ ᠳᠥᠪᠰᠢᠨ ᠢᠶᠡᠨ ᠠᠩᠬᠠᠷᠬᠤ ᠡᠭᠦᠷᠭᠡ ᠲᠠᠢ ᠪᠠᠢᠵᠤ᠂ ᠵᠠᠭᠠᠯᠳᠤᠭᠴᠢ ᠵᠠᠮ ᠤᠨ ᠭᠠᠳᠠᠷᠭᠤ ᠶᠢᠨ ᠬᠠᠯᠲᠤᠷᠢᠭ᠎ᠠ ᠲᠠᠢ ᠵᠢ ᠮᠡᠳᠡᠵᠦ ᠪᠠᠢᠭᠠᠳ ᠬᠡᠴᠢᠶᠡᠨ  ᠰᠡᠷᠡᠮᠵᠢᠯᠡᠵᠦ᠂ ᠬᠤᠪᠢ ᠪᠡᠶ᠎ᠡ ᠶᠢᠨ ᠠᠮᠤᠷ ᠳᠥᠪᠰᠢᠨ ᠢᠶᠡᠨ ᠠᠩᠬᠠᠷᠤᠭᠰᠠᠨ ᠦᠭᠡᠢ ᠪᠠᠢᠵᠤ᠂ ᠬᠣᠬᠢᠷᠠᠯ ᠡᠭᠦᠰᠦᠭᠰᠡᠨ ᠭᠣᠣᠯ ᠰᠢᠯᠲᠠᠭᠠᠨ ᠪᠣᠯᠪᠠ᠃

     ᠬᠠᠤᠯᠢ ᠴᠠᠭᠠᠵᠠ ᠶᠢᠨ ᠳᠤᠭᠲᠠᠭᠠᠯ ᠢ ᠦᠨᠳᠦᠰᠦᠯᠡᠪᠡᠯ᠂ ᠤᠯᠠᠨ ᠨᠡᠢᠲᠡ ᠶᠢᠨ ᠲᠠᠯᠠᠪᠤᠷ ᠤᠨ ᠬᠠᠮᠢᠶᠠᠷᠤᠭᠴᠢ ᠨᠢ ᠳᠠᠮ ᠢᠶᠡᠷ ᠡᠷᠬᠡ  ᠳᠤ ᠬᠠᠯᠳᠠᠭᠰᠠᠨ ᠳᠤ ᠲᠣᠭᠠᠴᠠᠵᠤ᠂ ᠲᠥᠯᠦᠪᠦᠷᠢᠯᠡᠬᠦ ᠬᠠᠷᠢᠭᠤᠴᠠᠯᠭ᠎ᠠ ᠳᠤ ᠤᠳ ᠣᠰᠤᠯ ᠤᠨ ᠬᠠᠷᠢᠭᠤᠴᠠᠯᠭ᠎ᠠ ᠡᠭᠦᠷᠭᠡᠯᠡᠨ᠎ᠡ᠂ ᠳᠠᠷᠤᠢ ᠵᠠᠭᠠᠯᠳᠤᠭᠳᠠᠭᠴᠢ ᠲᠡᠭᠦᠨ ᠤ ᠣᠰᠤᠯ ᠤᠨ ᠢᠶᠡᠨ ᠬᠡᠮᠵᠢᠶ᠎ᠡ ᠪᠡᠷ ᠬᠠᠷᠠᠭᠠᠯᠵᠠᠭᠰᠠᠨ ᠬᠠᠷᠢᠭᠤᠴᠠᠯᠭ᠎ᠠ ᠡᠭᠦᠷᠭᠡᠯᠡᠨ᠎ᠡ᠃  ᠣᠰᠤᠯ ᠤᠨ ᠬᠠᠷᠢᠯᠴᠠᠨ ᠦᠭᠡᠢᠰᠭᠡᠬᠦ ᠵᠠᠷᠴᠢᠮ ᠢ ᠦᠨᠳᠦᠰᠦᠯᠡᠨ᠂ ᠬᠣᠬᠢᠷᠠᠯ ᠠᠮᠰᠠᠭᠴᠢ ᠡᠴᠡ ᠬᠣᠬᠢᠷᠠᠯ ᠡᠭᠦᠰᠬᠦ ᠳᠤ ᠣᠰᠤᠯ  ᠲᠠᠢ ᠦᠶᠡᠰ᠂ ᠲᠥᠯᠦᠪᠦᠷᠢᠯᠡᠬᠦ ᠡᠭᠦᠷᠭᠡ ᠲᠠᠢ ᠬᠥᠮᠦᠨ ᠤ ᠬᠣᠬᠢᠷᠠᠯ ᠢ ᠲᠥᠯᠦᠬᠦ ᠬᠠᠷᠢᠭᠤᠴᠠᠯᠭ᠎ᠠ ᠵᠢ ᠨᠢ ᠬᠥᠩᠭᠡᠷᠡᠭᠦᠯᠬᠦ ᠪᠤᠶᠤ ᠬᠡᠯᠲᠦᠷᠢᠭᠦᠯᠵᠦ ᠪᠣᠯᠤᠨ᠎ᠠ᠃ ᠡᠭᠦᠨ ᠤ ᠵᠡᠷᠭᠡᠪᠡᠷ᠂ ᠵᠠᠭᠠᠯᠳᠤᠭᠴᠢ ᠵᠥᠪᠬᠡᠨ ᠣᠢᠴᠢᠭᠰᠠᠨ ᠡᠴᠡ ᠪᠣᠯᠵᠤ ᠵᠠᠰᠤ ᠨᠢ ᠪᠡᠷᠲᠡᠵᠦ ᠮᠥᠨ ᠬᠠᠮᠤᠭ ᠰᠡᠭᠦᠯ ᠳᠤ ᠨᠢ ᠳᠣᠯᠤᠳᠤᠭᠠᠷ ᠳᠡᠰ ᠤᠨ ᠵᠡᠮᠳᠡᠭ  ᠪᠣᠯᠵᠤ᠂ ᠡᠢᠮᠦᠷᠬᠦ ᠬᠦᠨᠳᠦ ᠨᠤᠴᠤᠲᠠᠢ ᠦᠷ᠎ᠡ ᠳ᠋ᠦᠩ ᠨᠢ ᠵᠠᠭᠠᠯᠳᠤᠭᠴᠢ ᠶᠢᠨ ᠪᠡᠶ᠎ᠡ ᠶᠢᠨ ᠪᠠᠢᠳᠠᠯ ᠪᠠ ᠨᠠᠰᠤ ᠵᠢᠯ ᠲᠠᠢ ᠲᠤᠩ ᠶᠡᠬᠡ ᠬᠠᠷᠢᠴᠠᠭ᠎ᠠ ᠲᠠᠢ ᠪᠠᠢᠵᠤ᠂ ᠶᠠᠭ ᠵᠠᠭᠠᠯᠳᠤᠭᠴᠢ ᠶᠢᠨ ᠪᠡᠶ᠎ᠡ ᠶᠢᠨ ᠪᠠᠢᠳᠠᠯ ᠨᠢ ᠬᠣᠬᠢᠷᠠᠯ  ᠤᠨ ᠦᠷ᠎ᠡ ᠳ᠋ᠦᠩ ᠢ ᠬᠦᠨᠳᠦᠷᠡᠭᠦᠯᠦᠭᠰᠡᠨ ᠪᠠᠢᠵᠤ᠂ ᠡᠨᠡᠬᠦ ᠬᠣᠬᠢᠷᠠᠯ ᠤᠨ ᠦᠷ᠎ᠡ ᠳ᠋ᠦᠩ ᠨᠢ ᠡᠩ ᠤᠨ ᠪᠠᠢᠳᠠᠯ ᠳᠣᠣᠷᠠᠬᠢ ᠨᠢᠭᠡ ᠬᠠᠮᠢᠶᠠᠷᠤᠭᠴᠢ ᠶᠢᠨ ᠠᠶᠤᠯ  ᠲᠦᠭᠰᠢᠭᠦᠷᠢ ᠶᠢᠨ ᠵᠢᠱᠢᠯᠲᠡ ᠡᠴᠡ ᠬᠡᠲᠦᠷᠴᠦ᠂ ᠠᠰᠢᠭ ᠤᠯᠬᠤ ᠪᠣᠯᠤᠨ ᠠᠶᠤᠯ ᠲᠦᠭᠰᠢᠭᠦᠷᠢ ᠶᠢᠨ ᠪᠠᠢᠳᠠᠯ ᠠᠳᠠᠯᠢ ᠪᠠᠢᠬᠤ ᠵᠠᠷᠴᠢᠮ ᠢ ᠦᠨᠳᠦᠰᠦᠯᠡᠨ ᠵᠠᠭᠠᠯᠳᠤᠭᠳᠠᠭᠴᠢ ᠶᠢᠨ ᠬᠠᠷᠢᠭᠤᠴᠠᠯᠭ᠎ᠠ ᠶᠢᠨ ᠬᠡᠪᠴᠢᠶᠡᠨ ᠳᠣᠲᠤᠷ᠎ᠠ᠂ ᠵᠠᠭᠠᠯᠳᠤᠭᠳᠠᠭᠴᠢ ᠶᠢᠨ ᠬᠠᠷᠢᠭᠤᠴᠠᠯᠭ᠎ᠠ ᠡᠭᠦᠷᠭᠡᠯᠡᠬᠦ ᠬᠠᠷᠢᠴᠠᠯ ᠢ ᠵᠣᠬᠢᠰᠲᠠᠢ ᠪᠠᠭᠠᠰᠭᠠᠨ᠎ᠠ᠃ ᠬᠠᠮᠤᠭ ᠰᠡᠭᠦᠯ ᠳᠤ ᠨᠢ᠂ ᠵᠠᠭᠠᠯᠳᠤᠭᠳᠠᠭᠴᠢ ᠡᠴᠡ ᠵᠠᠭᠠᠯᠳᠤᠭᠴᠢ ᠳᠤ ᠠᠵᠤ ᠠᠬᠤᠢ ᠶᠢᠨ ᠬᠣᠬᠢᠷᠠᠯ8 ᠲᠦᠮᠡᠨ ᠲᠥᠭᠦᠷᠢᠭ ᠲᠥᠯᠦᠪᠥᠷᠢᠯᠡᠪᠡ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )