ᠰᠤᠷᠭᠠᠭᠤᠯᠢ ᠶᠢᠨ ᠬᠦᠷᠢᠶᠡᠨ ᠳᠤ ᠬᠣᠬᠢᠷᠠᠯ ᠣᠯᠵᠤ᠂ ᠰᠢᠭᠦᠬᠦ ᠲᠢᠩᠬᠢᠮ ᠳᠤ ᠰᠢᠢᠳᠪᠦᠷᠢᠯᠡᠭᠳᠡᠪᠡ
2009.05.22 ᠲᠣᠰ ᠥᠷᠲᠡᠭᠡᠨ ᠦ ᠨᠠᠢᠷᠠᠭᠤᠯᠤᠭᠴᠢ

ᠴᠢᠬᠤᠯᠠ ᠴᠡᠭ ᠤᠨ ᠰᠠᠨᠠᠭᠤᠯᠭ᠎ᠠ᠄ ᠡᠨᠡ ᠪᠣᠯ ᠨᠢᠭᠡᠨ ᠨᠡᠢᠲᠡᠯᠢᠭ ᠴᠢᠨᠠᠷᠲᠠᠢ ᠰᠤᠷᠭᠠᠭᠤᠯᠢ ᠶᠢᠨ ᠬᠦᠷᠢᠶᠡᠨ ᠤ ᠭᠡᠮᠲᠦᠭᠡᠭᠰᠡᠨ ᠬᠡᠷᠡᠭ ᠪᠣᠯᠤᠨ᠎ᠠ᠂  ᠲᠤᠰ ᠬᠡᠷᠡᠭ ᠬᠠᠤᠯᠢ ᠶᠢᠨ ᠠᠵᠢᠯᠲᠠᠨ ᠤ ᠬᠢᠨᠠᠮᠠᠭᠠᠢ ᠡᠶᠡᠳᠡᠭᠦᠯᠭᠡ ᠪᠡᠷ ᠳᠠᠮᠵᠢᠵᠤ᠂ ᠬᠠᠮᠤᠭ ᠰᠡᠭᠦᠯ ᠳᠤ ᠨᠢ ᠡᠯ᠎ᠡ ᠡᠲᠡᠭᠡᠳ ᠤᠨ ᠲᠤᠬᠠᠢ ᠶᠢᠨ ᠬᠥᠮᠦᠨ ᠨᠢᠭᠡᠳᠦᠯᠲᠠᠢ ᠰᠠᠨᠠᠯ ᠳᠤᠭᠲᠠᠵᠤ᠂ ᠣᠳᠣ ᠪᠣᠯᠲᠠᠯ᠎ᠠ ᠡᠯ᠎ᠡ ᠡᠲᠡᠭᠡᠳ  ᠤᠨ ᠲᠤᠬᠠᠢ ᠶᠢᠨ ᠬᠥᠮᠦᠨ ᠨᠢ ᠥᠪᠡᠷ ᠤᠨ ᠬᠠᠷᠢᠭᠤᠴᠠᠯᠭ᠎ᠠ ᠪᠡᠨ ᠨᠢᠭᠡᠨᠲᠡ ᠪᠡᠶᠡᠯᠡᠭᠦᠯᠪᠡ᠃

     ᠬᠡᠷᠡᠭ ᠤᠨ ᠬᠡᠯᠬᠢᠶᠡᠰᠦ

     ᠨᠢᠭᠡ᠂ ᠬᠡᠷᠡᠭ ᠤᠨ ᠪᠠᠢᠳᠠᠯ

     ᠵᠠᠭᠠᠯᠳᠤᠭᠴᠢ ᠵᠸᠥ ᠣᠪᠤᠭᠲᠤ᠂ ᠬᠠᠩᠭᠢᠨ ᠬᠣᠰᠢᠭᠤᠨ ᠤ ᠪᠠᠯᠭᠤᠨ᠎ᠠ ᠠᠩᠬ᠎ᠠ ᠳᠡᠰ ᠤᠨ ᠲᠠᠷᠢᠶᠠᠯᠠᠩ ᠤᠨ ᠠᠵᠢᠯ ᠮᠡᠷᠭᠡᠵᠢᠯ  ᠤᠨ ᠳᠤᠮᠳᠠᠳᠤ ᠰᠤᠷᠭᠠᠭᠤᠯᠢ ᠶᠢᠨ ᠰᠤᠷᠤᠭᠴᠢ᠃

    ᠵᠠᠭᠠᠯᠳᠤᠭᠳᠠᠭᠴᠢ ᠬᠠᠩᠭᠢᠨ ᠬᠣᠰᠢᠭᠤᠨ ᠤ ᠪᠠᠯᠭᠤᠨ᠎ᠠ ᠠᠩᠬ᠎ᠠ ᠳᠡᠰ ᠤᠨ ᠲᠠᠷᠢᠶᠠᠯᠠᠩ ᠤᠨ ᠠᠵᠢᠯ ᠮᠡᠷᠭᠡᠵᠢᠯ ᠤᠨ ᠰᠤᠷᠭᠠᠭᠤᠯᠢ᠃

ᠵᠠᠭᠠᠯᠳᠤᠭᠳᠠᠭᠴᠢ ᠱᠤᠤ ᠣᠪᠤᠭᠲᠤ᠂ ᠬᠠᠩᠭᠢᠨ ᠬᠣᠰᠢᠭᠤᠨ ᠤ ᠪᠠᠯᠭᠤᠨ᠎ᠠ ᠠᠩᠬ᠎ᠠ ᠳᠡᠰ ᠤᠨ ᠲᠠᠷᠢᠶᠠᠯᠠᠩ ᠤᠨ ᠠᠵᠢᠯ ᠮᠡᠷᠭᠡᠵᠢᠯ ᠤᠨ ᠳᠤᠮᠳᠠᠲᠤ ᠰᠤᠷᠭᠠᠭᠤᠯᠢ ᠶᠢᠨ ᠰᠤᠷᠤᠭᠴᠢ᠃

 ᠲᠤᠰ ᠬᠣᠷᠢᠶ᠎ᠠ2008 ᠣᠨ ᠤᠨ4 ᠰᠠᠷ᠎ᠠ ᠶᠢᠨ18 ᠤ ᠡᠳᠦᠷ ᠵᠠᠭᠠᠯᠳᠤᠭᠴᠢ ᠵᠸᠦ ᠣᠪᠤᠭᠲᠤ  ᠡᠴᠡ ᠵᠠᠭᠠᠯᠳᠤᠭᠳᠠᠭᠴᠢ ᠪᠠᠯᠭᠤᠨ᠎ᠠ ᠠᠩᠬ᠎ᠠ ᠳᠡᠰ ᠤᠨ ᠲᠠᠷᠢᠶᠠᠯᠠᠩ ᠤᠨ ᠠᠵᠢᠯ ᠮᠡᠷᠭᠡᠵᠢᠯ ᠤᠨ ᠰᠤᠷᠭᠠᠭᠤᠯᠢ᠂ ᠱᠤᠤ ᠣᠪᠤᠭᠲᠤ ᠶᠢᠨ ᠬᠥᠮᠦᠨ ᠤ ᠪᠠᠶ᠎ᠡ ᠵᠢ ᠰᠢᠷᠬᠠᠲᠤᠭᠤᠯᠤᠭᠰᠠᠨ ᠬᠡᠷᠡᠭ ᠢ ᠬᠦᠯᠢᠶᠡᠨ ᠰᠢᠢᠳᠪᠦᠷᠢᠯᠡᠪᠡ᠃ ᠵᠠᠭᠠᠯᠳᠤᠭᠴᠢ ᠡᠴᠡ ᠵᠠᠭᠠᠯᠳᠤᠭᠳᠠᠭᠴᠢ ᠱᠤᠤ ᠣᠪᠤᠭᠲᠤ ᠰᠤᠷᠭᠠᠭᠤᠯᠢ ᠳᠤ ᠲᠡᠭᠦᠨ ᠢ ᠰᠢᠷᠬᠠᠲᠤᠭᠤᠯᠵᠤ᠂ ᠵᠠᠭᠠᠯᠳᠤᠭᠳᠠᠭᠴᠢ ᠬᠠᠩᠭᠢᠨ ᠬᠣᠰᠢᠭᠤᠨ ᠤ ᠪᠠᠯᠭᠤᠨ᠎ᠠ ᠠᠩᠬ᠎ᠠ ᠵᠡᠷᠭᠡ ᠶᠢᠨ ᠲᠠᠷᠢᠶᠠᠯᠠᠩ ᠤᠨ ᠮᠡᠷᠭᠡᠵᠢᠯ ᠤᠨ ᠳᠤᠮᠳᠠᠳᠤ ᠰᠤᠷᠭᠠᠭᠤᠯᠢ ᠪᠣᠯᠤᠨ ᠱᠤᠤ ᠣᠪᠤᠭᠲᠤ ᠬᠠᠮᠲᠤᠪᠠᠷ ᠲᠡᠭᠦᠨ ᠤ ᠡᠮᠨᠡᠯᠭᠡ ᠶᠢᠨ ᠰᠦᠢᠳᠭᠡᠯ᠂ ᠰᠤᠪᠢᠯᠠᠯᠲᠠ ᠶᠢᠨ ᠰᠦᠢᠳᠭᠡᠯ᠂ ᠡᠮᠨᠡᠯᠭᠡ ᠳᠤ ᠰᠠᠭᠤᠵᠤ ᠢᠳᠡᠵᠦ ᠤᠤᠭᠤᠭᠰᠠᠨ ᠨᠥᠬᠦᠪᠦᠷᠢ᠂ ᠰᠢᠮ᠎ᠡ ᠲᠡᠵᠢᠭᠡᠯ ᠤᠨ ᠰᠦᠢᠳᠭᠡᠯ ᠵᠢᠴᠢ ᠵᠡᠮᠳᠡᠭ ᠪᠣᠯᠤᠭᠰᠠᠨ ᠲᠥᠯᠦᠪᠦᠷᠢ ᠮᠥᠩᠭᠦ᠂ ᠣᠶᠤᠨ ᠰᠠᠨᠠᠭᠠᠨ ᠤ ᠲᠤᠬᠢᠨᠠᠭᠤᠯᠤᠯ  ᠤᠨ ᠮᠥᠩᠭᠦᠨ᠂ ᠬᠢᠨᠠᠨ ᠳᠤᠭᠲᠠᠭᠠᠭᠰᠠᠨ ᠰᠦᠢᠳᠭᠡᠯ᠂ ᠵᠠᠮ  ᠤᠨ ᠰᠦᠢᠳᠭᠡᠯ᠂ ᠬᠠᠭᠤᠯᠪᠤᠷᠢ ᠶᠢᠨ ᠰᠦᠢᠳᠭᠡᠯ ᠨᠡᠢᠲᠡ65728.7 ᠲᠥᠭᠦᠷᠢᠭ ᠲᠥᠯᠦᠬᠦ ᠵᠢ ᠱᠠᠭᠠᠷᠳᠠᠪᠠ᠃

 ᠬᠤᠶᠠᠷ᠂ ᠰᠢᠭᠦᠨ ᠲᠣᠭᠲᠠᠭᠠᠯᠲᠠ

      ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ《  ᠳᠥᠭᠦᠮ ᠶᠠᠪᠤᠴᠠ ᠪᠡᠷ ᠢᠷᠭᠡᠨ ᠤ ᠬᠡᠷᠡᠭ ᠢ ᠰᠢᠭᠦᠨ ᠰᠢᠢᠳᠪᠦᠷᠢᠯᠡᠬᠦ ᠲᠤᠬᠠᠢ ᠬᠡᠳᠦᠨ ᠳᠤᠭᠲᠠᠭᠠᠯ》 ᠤᠨ ᠠᠷᠪᠠᠨ ᠳᠥᠷᠪᠡᠳᠦᠭᠡᠷ ᠵᠤᠷᠪᠤᠰ ᠤᠨ ᠳᠤᠭᠲᠠᠭᠠᠯ ᠢ  ᠦᠨᠳᠦᠰᠦᠯᠡᠨ᠂ ᠲᠤᠰ ᠬᠡᠷᠡᠭ ᠨᠢ ᠲᠤᠰ ᠬᠣᠷᠢᠶᠠᠨ ᠤ ᠡᠶᠡᠳᠡᠭᠦᠯᠭᠡ ᠪᠡᠷ ᠳᠠᠮᠵᠢᠨ᠂ ᠬᠤᠶᠠᠷ ᠡᠲᠡᠭᠡᠳ ᠤᠨ ᠲᠤᠬᠠᠢ ᠶᠢᠨ ᠬᠥᠮᠦᠨ ᠨᠢ ᠥᠪᠡᠷ ᠤᠨ ᠳᠤᠷ᠎ᠠ ᠡᠴᠡ ᠪᠡᠨ  ᠳᠣᠣᠷᠠᠬᠢ ᠮᠡᠲᠦ ᠭᠡᠷ᠎ᠡ ᠵᠢ ᠳᠤᠭᠲᠠᠪᠠ᠄

     ᠨᠢᠭᠡ᠂ ᠵᠠᠭᠠᠯᠳᠤᠭᠴᠢ ᠵᠸᠦ ᠣᠪᠤᠭᠲᠤ ᠶᠢᠨ ᠵᠠᠰᠠᠯᠲᠠ ᠶᠢᠨ ᠬᠤᠭᠤᠴᠠᠭᠠᠨ ᠳᠡᠬᠢ ᠡᠮᠨᠡᠯᠭᠡ ᠶᠢᠨ ᠰᠦᠢᠳᠭᠡᠯ᠂ ᠰᠤᠪᠢᠯᠠᠯᠲᠠ ᠶᠢᠨ ᠰᠦᠢᠳᠭᠡᠯ᠂ ᠡᠮᠨᠡᠯᠭᠡ ᠳᠤ ᠰᠠᠭᠤᠵᠤ ᠢᠳᠡᠵᠦ ᠤᠤᠭᠤᠭᠰᠠᠨ ᠨᠥᠬᠦᠪᠦᠷᠢ᠂ ᠰᠢᠮ᠎ᠡ ᠲᠡᠵᠢᠭᠡᠯ ᠤᠨ ᠰᠦᠢᠳᠭᠡᠯ ᠵᠢᠴᠢ ᠵᠡᠮᠳᠡᠭ ᠪᠣᠯᠤᠭᠰᠠᠨ ᠲᠥᠯᠦᠪᠦᠷᠢ ᠮᠥᠩᠭᠦ᠂ ᠣᠶᠤᠨ ᠰᠠᠨᠠᠭᠠᠨ ᠤ ᠲᠤᠬᠢᠨᠠᠭᠤᠯᠤᠯ  ᠤᠨ ᠮᠥᠩᠭᠦᠨ᠂ ᠬᠢᠨᠠᠨ ᠳᠤᠭᠲᠠᠭᠠᠭᠰᠠᠨ ᠰᠦᠢᠳᠭᠡᠯ᠂ ᠵᠠᠮ  ᠤᠨ ᠰᠦᠢᠳᠭᠡᠯ᠂ ᠬᠠᠭᠤᠯᠪᠤᠷᠢ ᠶᠢᠨ ᠰᠦᠢᠳᠭᠡᠯ ᠨᠡᠢᠲᠡ65728.7 ᠲᠥᠭᠦᠷᠢᠭ  ᠡᠴᠡ ᠵᠠᠭᠠᠯᠳᠤᠭᠳᠠᠭᠴᠢ ᠱᠤᠤ ᠣᠪᠤᠭᠲᠤ ᠡᠴᠡ25000 ᠲᠥᠭᠦᠷᠢᠭ ᠢ ᠡᠭᠦᠷᠭᠡᠯᠡᠨ᠎ᠡ᠂ ᠵᠠᠭᠠᠯᠳᠤᠭᠳᠠᠭᠴᠢ ᠬᠠᠩᠬᠢᠨ ᠬᠣᠰᠢᠭᠤᠨ ᠤ ᠪᠠᠯᠭᠤᠨ᠎ᠠ ᠠᠩᠬ᠎ᠠ ᠲᠡᠰ ᠤᠨ ᠲᠡᠷᠢᠶᠠᠯᠠᠩ ᠤᠨ ᠠᠵᠢᠯ ᠮᠡᠷᠭᠡᠵᠢᠯ  ᠤᠨ ᠳᠤᠮᠳᠠᠲᠤ ᠰᠤᠷᠭᠠᠭᠤᠯᠢ ᠡᠴᠡ10000 ᠲᠥᠭᠦᠷᠢᠭ  ᠢ ᠡᠭᠦᠷᠭᠡᠯᠡᠵᠦ᠂ ᠵᠠᠭᠠᠯᠳᠤᠭᠴᠢ ᠥᠪᠡᠷ ᠢᠶᠡᠨ30728.7 ᠲᠥᠭᠦᠷᠢᠭ ᠢ ᠡᠭᠦᠷᠭᠡᠯᠡᠨ᠎ᠡ( ᠬᠤᠶᠠᠷ ᠵᠠᠭᠠᠯᠳᠤᠭᠳᠠᠭᠴᠢ  ᠡᠴᠡ ᠵᠠᠭᠠᠯᠳᠤᠭᠴᠢ ᠶᠢᠨ ᠡᠮᠨᠡᠯᠭᠡ ᠳᠤ ᠪᠠᠢᠬᠤ ᠬᠤᠭᠤᠴᠠᠭᠠᠨ ᠳᠤ ᠨᠢᠭᠡᠨᠲᠡ ᠳᠤᠰᠢᠶᠠᠭᠰᠠᠨ ᠰᠦᠢᠳᠭᠡᠯ ᠡᠴᠡ ᠭᠠᠳᠠᠨ᠎ᠠ)᠃

     ᠬᠤᠶᠠᠷ᠂ ᠳᠡᠭᠡᠷ᠎ᠡ ᠳᠤᠷᠠᠳᠤᠭᠰᠠᠨ ᠲᠥᠷᠦᠯ  ᠳᠤ ᠵᠠᠭᠠᠯᠳᠤᠭᠳᠠᠭᠴᠢ ᠱᠤᠤ ᠣᠪᠤᠭᠲᠤ  ᠡᠴᠡ2008 ᠣᠨ ᠤ6 ᠰᠠᠷ᠎ᠠ ᠶᠢᠨ1  ᠡᠴᠡ ᠡᠮᠦᠨ᠎ᠡ10000 ᠲᠥᠭᠦᠷᠢᠭ ᠲᠤᠰᠢᠶᠠᠵᠤ᠂2008 ᠣᠨ ᠤ10 ᠰᠠᠷ᠎ᠠ ᠶᠢᠨ1 ᠡᠴᠡ ᠡᠮᠦᠨ᠎ᠡ10000 ᠲᠤᠰᠢᠶᠠᠵᠤ᠂ ᠦᠯᠡᠳᠡᠭᠰᠡᠨ5000 ᠲᠥᠭᠦᠷᠢᠭ ᠢ ᠨᠢ2009 ᠣᠨ ᠤ ᠨᠢᠭᠡ ᠰᠠᠷ᠎ᠠ ᠶᠢᠨ30 ᠡᠴᠡ ᠡᠮᠦᠨ᠎ᠡ ᠨᠢᠭᠡ ᠤᠳᠠᠭ᠎ᠠ ᠳᠤ ᠲᠤᠰᠢᠶᠠᠨ᠎ᠠ᠃ ᠵᠠᠭᠠᠯᠳᠤᠭᠳᠠᠭᠴᠢ ᠬᠠᠩᠬᠢᠨ ᠬᠣᠰᠢᠭᠤᠨ ᠤ ᠠᠩᠬ᠎ᠠ ᠳᠡᠰ ᠤᠨ ᠲᠠᠷᠢᠶᠠᠯᠠᠩ ᠤᠨ ᠮᠡᠷᠭᠡᠵᠢᠯ  ᠤᠨ ᠳᠤᠮᠲᠠᠳᠤ ᠰᠤᠷᠭᠠᠭᠤᠯᠢ  ᠡᠴᠡ2008 ᠣᠨ ᠤ6 ᠰᠠᠷ᠎ᠠ ᠶᠢᠨ1 ᠡᠴᠡ ᠠᠮᠦᠨ᠎ᠡ5000 ᠲᠥᠭᠦᠷᠢᠭ ᠲᠤᠰᠢᠶᠠᠵᠤ᠂ ᠦᠯᠡᠳᠡᠭᠰᠡᠨ5000 ᠲᠥᠭᠦᠷᠢᠭ ᠢ ᠨᠢ2008 ᠣᠨ ᠤ9 ᠰᠠᠷ᠎ᠠ ᠶᠢᠨ1 ᠡᠴᠡ ᠡᠮᠦᠨ᠎ᠡ ᠨᠢᠭᠡ ᠤᠳᠠᠭ᠎ᠠ ᠳᠤ ᠲᠤᠰᠢᠶᠠᠨ᠎ᠠ᠃

     ᠭᠤᠷᠪᠠ᠂ ᠵᠠᠭᠠᠯᠳᠤᠭᠴᠢ᠂ ᠵᠠᠭᠠᠯᠳᠤᠭᠳᠠᠭᠴᠢ ᠶᠢᠨ ᠲᠤᠰ ᠤᠳᠠᠭᠠᠨ ᠤ ᠡᠶᠡᠳᠡᠭᠦᠯᠭᠡ ᠳᠤ ᠵᠠᠭᠠᠯᠳᠤᠭᠴᠢ ᠶᠢᠨ ᠪᠠᠶᠠᠨᠨᠠᠭᠤᠷ ᠬᠣᠲᠠ  ᠶᠢᠨ ᠳ᠋ᠸᠩᠺᠥᠦ ᠰᠢᠶᠠᠨ ᠤ ᠡᠮᠨᠡᠯᠭᠡ ᠶᠢᠨ ᠬᠣᠷᠢᠶ᠎ᠠ ᠪᠠ ᠪᠠᠶᠠᠨᠨᠠᠭᠤᠷ ᠬᠣᠲᠠ ᠶᠢᠨ ᠡᠮᠨᠡᠯᠭᠡ ᠶᠢᠨ ᠬᠣᠷᠢᠶᠠᠨ ᠡ ᠳᠤ ᠡᠮᠦᠨ᠎ᠡ ᠲᠤᠰᠢᠶᠠᠭᠰᠠᠨ ᠡᠮᠨᠡᠯᠭᠡ ᠶᠢᠨ ᠰᠦᠢᠳᠭᠡᠯ ᠵᠢᠴᠢ ᠪᠤᠰᠤᠳ ᠰᠦᠢᠳᠭᠡᠯ ᠢ ᠪᠦᠬᠦᠨ ᠢ ᠪᠣᠳᠤᠪᠠ᠃

      ᠳᠥᠷᠪᠡ᠂ ᠬᠡᠷᠡᠭ ᠢ ᠬᠦᠯᠢᠶᠡᠨ ᠰᠢᠢᠳᠪᠦᠷᠢᠯᠡᠭᠰᠡᠨ ᠰᠦᠢᠳᠭᠡᠯ720 ᠲᠥᠭᠦᠷᠢᠭ ᠢ ᠵᠠᠭᠠᠯᠳᠤᠭᠳᠠᠭᠴᠢ ᠱᠤᠤ ᠸᠸᠨ ᠵᠢᠶᠧ504 ᠲᠥᠭᠦᠷᠢᠭ ᠡᠭᠬᠦᠷᠭᠡᠯᠡᠵᠦ᠂ ᠵᠠᠭᠠᠯᠳᠤᠭᠳᠠᠭᠴᠢ ᠪᠠᠯᠭᠤᠨ᠎ᠠ ᠠᠩᠬ᠎ᠠ ᠲᠡᠰ ᠤᠨ  ᠲᠠᠷᠢᠶᠠᠯᠠᠩ ᠤᠨ ᠮᠡᠷᠭᠡᠵᠢᠯ  ᠤᠨ ᠳᠤᠮᠳᠠᠳᠤ ᠰᠤᠷᠭᠠᠭᠤᠯᠢ ᠡᠴᠡ216 ᠲᠥᠭᠦᠷᠢᠭ ᠢ ᠡᠭᠦᠷᠭᠡᠯᠡᠨ᠎ᠡ᠃

      ᠭᠤᠷᠪᠠ᠂ ᠦᠨᠡᠯᠡᠨ ᠵᠠᠳᠠᠯᠤᠯᠲᠠ

      ᠲᠤᠰ ᠬᠡᠷᠡᠭ ᠨᠢ ᠨᠡᠢᠲᠡᠯᠢᠭ ᠴᠢᠨᠠᠷᠲᠠᠢ ᠰᠤᠷᠭᠠᠭᠤᠯᠢ ᠶᠢᠨ ᠬᠦᠷᠢᠶᠡᠨ ᠤ ᠭᠡᠮᠲᠦᠭᠡᠭᠰᠡᠨ ᠬᠡᠷᠡᠭ᠂ ᠲᠤᠬᠠᠢ ᠶᠢᠨ ᠬᠥᠮᠦᠨ  ᠤ ᠳᠣᠲᠤᠷ᠎ᠠ ᠬᠤᠶᠠᠷ ᠡᠲᠡᠭᠡᠳ ᠨᠢ ᠨᠠᠰᠤᠨ ᠳ᠋ᠤ ᠬᠦᠷᠦᠭᠡᠳᠦᠢ ᠰᠤᠷᠭᠠᠭᠤᠯᠢ ᠳᠤ ᠪᠠᠢᠭ᠎ᠠ ᠰᠤᠷᠤᠭᠴᠢᠳ ᠪᠠᠢᠵᠤ᠂ ᠨᠥᠬᠦᠭᠡ ᠨᠢᠭᠡ ᠡᠲᠡᠭᠡᠳ ᠨᠢ ᠰᠤᠷᠤᠭᠴᠢ ᠵᠢ ᠬᠠᠮᠠᠶᠠᠷᠴᠤ ᠪᠠᠢᠭ᠎ᠠ ᠰᠤᠷᠭᠠᠭᠤᠯᠢ᠂ ᠬᠡᠷᠪᠡ ᠵᠣᠬᠢᠰᠲᠠᠢ ᠪᠡᠷ ᠰᠢᠢᠳᠪᠦᠷᠢᠯᠡᠬᠦ ᠦᠭᠡᠢ ᠪᠣᠯ ᠡᠷᠡᠭᠦᠯ ᠪᠤᠰᠤ ᠨᠡᠢᠭᠡᠮ  ᠤᠨ ᠦᠷ᠎ᠡ ᠳ᠋ᠦᠩ ᠠᠪᠴᠢᠷᠠᠵᠤ᠂ ᠵᠥᠷᠢᠴᠡᠯ ᠢ ᠰᠢᠷᠥᠭᠦᠰᠡᠭᠦᠯᠵᠦ᠂ ᠰᠤᠷᠤᠭᠴᠢ ᠶᠢᠨ ᠪᠡᠶ᠎ᠡ ᠰᠡᠳᠭᠢᠴᠡ ᠶᠢᠨ ᠡᠷᠡᠭᠦᠯ ᠮᠡᠨᠳᠦ ᠪᠠ ᠪᠠᠢᠵᠢᠯᠲᠠ ᠳ᠋ᠤ ᠠᠰᠢᠭ ᠦᠭᠡᠢ ᠪᠠᠢᠵᠤ᠂ ᠰᠤᠷᠭᠠᠭᠤᠯᠢ ᠶᠢᠨ ᠬᠣᠢᠰᠢᠳᠠ ᠶᠢᠨ ᠬᠠᠮᠢᠶᠠᠷᠤᠯᠲᠠ ᠳᠤ ᠪᠠᠰᠠ ᠡᠷᠡᠭᠦᠯ ᠪᠤᠰᠤ ᠨᠥᠯᠦᠭᠡ ᠠᠪᠴᠢᠷᠠᠬᠤ ᠪᠣᠯᠤᠨ᠎ᠠ᠃ ᠡᠢᠮᠦ ᠡᠴᠡ ᠲᠤᠰ ᠬᠡᠷᠡᠭ ᠢ ᠰᠢᠢᠳᠪᠦᠷᠢᠯᠡᠬᠦ ᠶᠠᠪᠤᠴᠠ ᠳᠤᠮᠳᠠ᠂ ᠰᠢᠭᠦᠬᠦ ᠠᠵᠢᠯᠲᠠᠨ ᠡᠴᠡ ᠴᠢᠳᠠᠬᠤ ᠶᠢᠨ ᠳᠣᠲᠤᠷ᠎ᠠ ᠡᠶᠡᠳᠡᠭᠦᠯᠭᠡ ᠪᠡᠷ ᠰᠢᠢᠳᠪᠦᠷᠢᠯᠡᠬᠦ ᠵᠢ ᠪᠠᠷᠢᠮᠲᠠᠯᠠᠵᠤ᠂ ᠮᠥᠨ ᠡᠯ᠎ᠡ  ᠡᠲᠡᠭᠡᠳ ᠤᠨ ᠲᠤᠬᠠᠢ ᠶᠢᠨ  ᠬᠥᠮᠦᠨ ᠤ ᠡᠷᠬᠡ ᠠᠰᠢᠭ ᠢ ᠲᠡᠩᠴᠡᠭᠦᠷᠢᠭᠦᠯᠵᠦ᠂ ᠡᠶᠡᠳᠡᠭᠦᠯᠭᠡ ᠳᠤ ᠬᠠᠷᠢᠴᠠᠩᠭᠤᠢ ᠠᠰᠢᠭᠲᠠᠢ ᠣᠷᠴᠢᠨ ᠨᠥᠬᠦᠴᠡᠯ ᠢ ᠬᠠᠩᠭᠠᠵᠤ᠂ ᠵᠡᠷᠭᠡ  ᠪᠡᠷ ᠤᠯᠠᠨ ᠵᠦᠢᠯ  ᠤᠨ ᠡᠶᠡᠳᠡᠭᠦᠯᠭᠡ ᠶᠢᠨ ᠠᠷᠭ᠎ᠠ ᠪᠠᠷᠢᠯ ᠢ ᠬᠠᠩᠭᠠᠵᠤ ᠬᠤᠶᠠᠷ ᠡᠲᠡᠭᠡᠳ ᠤᠨ ᠲᠤᠬᠠᠢ ᠶᠢᠨ ᠬᠥᠮᠦᠨ ᠢᠶᠡᠷ ᠰᠣᠩᠭᠤᠯᠲᠠ ᠬᠢᠯᠭᠡᠪᠡ᠃ ᠲᠤᠰ ᠬᠡᠷᠡᠭ ᠤᠨ ᠬᠦᠴᠢᠷᠲᠠᠢ ᠲᠠᠯ᠎ᠠ ᠨᠢ ᠬᠠᠷᠢᠭᠤᠴᠠᠯᠭ᠎ᠠ ᠵᠢ ᠬᠤᠪᠢᠶᠠᠷᠢᠯᠠᠬᠤ ᠳᠤ ᠪᠠᠢᠵᠤ᠂ ᠬᠡᠨ ᠨᠢ ᠬᠡᠳᠦᠢ ᠬᠡᠮᠵᠢᠶᠠᠨ ᠤ ᠬᠠᠷᠢᠭᠤᠴᠠᠯᠭ᠎ᠠ ᠡᠭᠦᠷᠭᠡᠯᠡᠬᠦ ᠨᠢ ᠡᠯ᠎ᠡ ᠡᠲᠡᠭᠡᠳ ᠤᠨ ᠲᠤᠬᠠᠢ ᠶᠢᠨ ᠬᠥᠮᠦᠨ ᠤ ᠭᠣᠣᠯ ᠮᠠᠷᠭᠤᠯᠳᠤᠬᠤ ᠴᠢᠭ ᠪᠠᠢᠵᠤ᠂ ᠤᠯᠠᠨ ᠤᠳᠠᠭᠠᠨ ᠤ ᠬᠡᠯᠡᠯᠴᠡᠭᠡᠷ ᠪᠠ ᠵᠥᠪᠳᠡᠯᠬᠡ ᠪᠡᠷ  ᠳᠠᠮᠵᠢᠵᠦ᠂ ᠡᠯ᠎ᠡ ᠡᠲᠡᠭᠡᠳ ᠤᠨ ᠲᠤᠬᠠᠢ ᠶᠢᠨ ᠬᠥᠮᠦᠨ  ᠨᠢ ᠰᠠᠨᠠᠯ ᠨᠢᠭᠡᠲᠦᠵᠦ᠂ ᠣᠳᠣ ᠪᠣᠯᠲᠠᠯ᠎ᠠ ᠡᠯ᠎ᠡ ᠡᠲᠡᠭᠡᠳ ᠤᠨ ᠲᠤᠬᠠᠢ ᠶᠢᠨ ᠬᠥᠮᠦᠨ ᠨᠢ ᠥᠪᠡᠷ ᠤᠨ ᠬᠠᠷᠢᠭᠤᠴᠠᠯᠭ᠎ᠠ ᠪᠡᠨ ᠨᠢᠭᠡᠨᠲᠡ ᠭᠦᠢᠴᠡᠳᠭᠡᠭᠰᠡᠨ ᠪᠠᠢᠨ᠎ᠠ᠃ ᠲᠤᠰ ᠬᠡᠷᠡᠭ ᠤᠨ ᠰᠢᠢᠳᠪᠦᠷᠢᠯᠡᠭᠰᠡᠨ ᠦᠷ᠎ᠡ ᠳ᠋ᠦᠩ ᠪᠠ ᠤᠷᠤᠭᠰᠢᠲᠠᠢ ᠬᠦᠢᠴᠡᠳᠬᠡᠭᠰᠡᠨ ᠨᠢ ᠮᠠᠰᠢ ᠰᠠᠢᠨ ᠨᠡᠢᠭᠡᠮ  ᠤᠨ ᠨᠥᠯᠦᠭᠡ ᠵᠢ ᠣᠯᠤᠭᠰᠠᠨ ᠪᠠᠢᠨ᠎ᠠ᠃

    

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )