ᠠᠵᠤ ᠠᠬᠤᠢᠯᠠᠯ ᠤᠨ ᠨᠡᠷᠡᠢᠳᠦᠯ ᠤ ᠡᠷᠬᠡ ᠵᠢ ᠬᠠᠮᠠᠭᠠᠯᠠᠬᠤ ᠲᠤᠬᠠᠢ ᠳᠥᠭᠦᠮ ᠥᠭᠦᠯᠡᠬᠦ ᠨᠢ
2012.07.13 ᠲᠣᠰ ᠥᠷᠲᠡᠭᠡᠨ ᠦ ᠨᠠᠢᠷᠠᠭᠤᠯᠤᠭᠴᠢ

xx ᠬᠣᠲᠠ ᠶᠢᠨ ᠲᠠᠢ ᠾᠸ ᠲᠤᠷᠰᠢᠯᠲᠠ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠxx ᠬᠣᠲᠠ ᠶᠢᠨ ᠾᠸ ᠲᠠᠢ ᠴᠢᠯᠠᠭᠤᠨ ᠲᠤᠰᠤᠨ ᠤ ᠪᠠᠷᠢᠯᠭ᠎ᠠ ᠶᠢᠨ ᠮᠡᠷᠭᠡᠵᠢᠯ ᠤᠨ ᠺᠣᠮᠫᠠᠨᠢ ᠶᠢᠨ ᠳᠤᠷ᠎ᠠ ᠪᠡᠷ ᠢᠶᠡᠨ ᠪᠤᠰᠤᠳ ᠤᠨ ᠠᠵᠤ ᠠᠬᠤᠢᠯᠠᠯ ᠤᠨ ᠨᠡᠷ᠎ᠡ ᠵᠢ ᠬᠡᠷᠡᠭᠯᠡᠭᠰᠡᠨ ᠵᠠᠷᠭᠤᠯᠳᠤᠭᠠᠨ ᠤ ᠲᠤᠬᠠᠢ ᠦᠨᠡᠯᠡᠯᠲᠡ

ᠵᠣᠬᠢᠶᠠᠭᠴᠢ᠄ ᠢᠷᠭᠡᠨ ᠤ ᠭᠤᠷᠪᠠᠳᠤᠭᠠᠷ ᠲᠢᠩᠬᠢᠮ     ᠪᠢᠶᠠᠨ ᠰᠢᠶᠣᠣ ᠶᠠᠨ

 

【 ᠬᠡᠷᠡᠭ ᠤᠨ ᠪᠠᠢᠳᠠᠯ】

    xx ᠬᠣᠲᠠ ᠶᠢᠨ ᠲᠠᠢ ᠾᠸ ᠲᠤᠷᠰᠢᠯᠲᠠ ᠶᠢᠨ ᠮᠡᠷᠭᠡᠵᠢᠯ ᠤ ᠬᠢᠵᠠᠭᠠᠷᠲᠤ ᠺᠣᠮᠫᠠᠨᠢ2003 ᠣᠨ ᠤ5 ᠰᠠᠷ᠎ᠠ ᠶᠢᠨ20 ᠤ ᠡᠳᠦᠷ ᠪᠠᠢᠭᠤᠯᠤᠭᠳᠠᠵᠤ᠂ ᠡᠵᠡᠩᠨᠡᠬᠦ ᠬᠡᠪᠴᠢᠶ᠎ᠡ ᠨᠢ ᠲᠣᠰᠤ ᠬᠡᠢ ᠶᠢᠨ ᠠᠭᠤᠷᠬᠠᠢ ᠶᠢᠨ ᠮᠡᠷᠭᠡᠵᠢᠯ  ᠦᠢᠯᠡᠴᠢᠯᠡᠭᠡ᠂ ᠲᠤᠷᠰᠢᠯᠲᠠ ᠶᠢᠨ ᠪᠠᠭᠠᠵᠢ ᠬᠡᠮᠵᠢᠭᠦᠷᠯᠢᠭ  ᠢ ᠦᠢᠯᠡᠳᠪᠦᠷᠢᠯᠡᠬᠦ᠂ ᠪᠣᠷᠤᠯᠠᠭᠤᠯᠬᠤ᠂ ᠬᠤᠳᠳᠤᠭ ᠥᠷᠦᠮᠳᠡᠬᠦ ᠪᠠᠷᠢᠯᠭ᠎ᠠ ᠶᠢᠨ ᠮᠡᠷᠭᠡᠵᠢᠯ  ᠤᠨ ᠦᠢᠯᠡᠴᠢᠯᠡᠭᠡ ᠵᠡᠷᠭᠡ᠃2008 ᠣᠨ ᠡᠴᠡ ᠡᠬᠢᠯᠡᠨ ᠥᠪᠦᠷ ᠮᠣᠩᠭᠤᠯ ᠤ ᠣᠷᠳᠤᠰ ᠬᠣᠲᠠ ᠶᠢᠨ ᠦᠦᠰᠢᠨ ᠬᠣᠰᠢᠭᠤᠨ ᠳᠤ ᠬᠡᠢ ᠶᠢᠨ ᠬᠤᠳᠳᠤᠭ ᠤᠨ ᠬᠤᠳᠳᠤᠭ ᠳᠣᠣᠷᠠᠬᠢ ᠤᠷᠤᠰᠭᠠᠯ ᠠᠷᠪᠢᠯᠠᠬᠤ ᠪᠠᠭᠠᠵᠢ ᠶᠢᠨ ᠰᠢᠨ᠎ᠡ ᠪᠦᠲᠦᠭᠡᠭᠳᠡᠬᠦᠨ ᠢ ᠲᠤᠷᠰᠢᠬᠤ ᠪᠣᠯᠤᠨ ᠳᠡᠯᠭᠡᠷᠡᠭᠦᠯᠬᠦ ᠠᠵᠢᠯ ᠢ ᠥᠷᠨᠢᠭᠦᠯᠵᠦ᠂ ᠲᠡᠭᠦᠨ ᠤ ᠰᠤᠳᠤᠯᠤᠨ ᠪᠦᠲᠦᠭᠡᠵᠦ ᠲᠤᠰᠭᠠᠢ ᠠᠰᠢᠭ ᠤᠨ ᠡᠷᠬᠡ ᠣᠯᠤᠭᠰᠠᠨY255-56A ᠬᠡᠯᠪᠡᠷᠢ ᠶᠢᠨ ᠬᠤᠳᠳᠤᠭ ᠳᠣᠣᠷᠠᠬᠢ ᠤᠷᠤᠰᠭᠠᠯ ᠠᠷᠪᠢᠯᠠᠬᠤ ᠪᠠᠭᠠᠵᠢ ᠨᠢ ᠴᠠᠩ ᠴᠢᠩ ᠲᠤᠰᠤᠨ ᠠᠭᠤᠷᠬᠠᠢ  ᠶᠢᠨ ᠬᠠᠷᠢᠴᠠᠭᠠᠨ ᠤ ᠡᠷᠦᠬᠡ ᠡᠴᠡ ᠨᠢᠭᠡ ᠤᠳᠠᠭ᠎ᠠ ᠳᠤ ᠬᠤᠳᠳᠤᠭ ᠨᠡᠭᠡᠭᠡᠬᠦ ᠪᠦᠲᠦᠮᠵᠢ ᠶᠢᠨ  ᠨᠤᠷᠮ᠎ᠠ ᠨᠢ ᠥᠨᠳᠦᠷ᠂ ᠲᠠᠯᠪᠢᠨ ᠣᠷᠤᠭᠤᠯᠬᠤ ᠭᠦᠨᠴᠡ ᠨᠢ ᠶᠡᠬᠡ᠂ ᠰᠢᠭᠦᠨ ᠭᠠᠷᠭᠠᠬᠤ ᠠᠵᠢᠯᠠᠯᠭ᠎ᠠ ᠨᠢ ᠠᠮᠤᠷ ᠳᠥᠪᠰᠢᠨ ᠥᠨᠳᠦᠷ ᠪᠥᠲᠦᠮᠵᠢᠲᠠᠢ ᠵᠡᠷᠭᠡ ᠦᠨᠡᠯᠡᠯᠲᠡ ᠵᠢ ᠣᠯᠵᠤ᠂ ᠡᠭᠦᠨ ᠤ ᠵᠡᠷᠭᠡᠪᠡᠷ ᠥᠷᠭᠡᠨ ᠢᠶᠡᠷ ᠳᠡᠯᠭᠡᠷᠡᠭᠦᠯᠵᠦ ᠠᠵᠤ ᠠᠬᠤᠢ ᠶᠢᠨ ᠭᠡᠷ᠎ᠡ ᠶᠢᠨ ᠬᠡᠯᠪᠡᠷᠢ ᠪᠡᠷ ᠭᠦᠢᠴᠡᠳᠬᠡᠬᠦ ᠵᠢ ᠰᠠᠨᠠᠭᠠᠴᠢᠯᠠᠪᠠ᠃2009 ᠣᠨ ᠤ9 ᠰᠠᠷ᠎ᠠ ᠶᠢᠨ10 ᠤ ᠡᠳᠦᠷ ᠡᠴᠡ2010 ᠣᠨ ᠤ12 ᠰᠠᠷ᠎ᠠ ᠶᠢᠨ16 ᠤ ᠡᠳᠦᠷ ᠪᠣᠯᠲᠠᠯ᠎ᠠ᠂xx ᠬᠤᠲᠠ ᠶᠢᠨ ᠫᠦ᠋ ᠶᠠᠩ ᠲᠠᠢ ᠾᠸ ᠲᠤᠷᠰᠢᠯᠲᠠ ᠶᠢᠨ ᠺᠣᠮᠫᠠᠨᠢ ᠡᠴᠡ ᠴᠠᠩ ᠴᠢᠩ ᠴᠢᠯᠠᠭᠤᠨ ᠲᠤᠰᠤᠨ ᠤ ᠬᠠᠷᠢᠴᠠᠭᠠᠨ ᠤ ᠡᠷᠦᠬᠡ ᠲᠠᠢ ᠤᠯᠠᠨ ᠬᠤᠪᠢ ᠬᠤᠳᠳᠤᠭ ᠤᠨ ᠳᠣᠣᠷᠠᠬᠢ ᠤᠷᠤᠰᠭᠠᠯ ᠠᠷᠪᠢᠯᠠᠬᠤ ᠳᠥᠬᠦᠭᠡᠷᠡᠮᠵᠢ ᠬᠠᠩᠭᠠᠬᠤ ᠭᠡᠷ᠎ᠡ᠂ ᠬᠤᠳᠳᠤᠭ ᠳᠣᠣᠷᠠᠬᠢ ᠤᠷᠤᠰᠭᠠᠯ ᠠᠷᠪᠢᠯᠠᠬᠤ ᠳᠥᠬᠦᠭᠡᠷᠡᠮᠵᠢ ᠵᠢ ᠰᠢᠭᠦᠨ ᠭᠠᠷᠭᠠᠬᠤ ᠦᠢᠯᠡᠴᠢᠯᠡᠭᠡ ᠶᠢᠨ ᠭᠡᠷ᠎ᠡ ᠳᠤᠭᠲᠠᠵᠤ᠂ ᠡᠦxx ᠤᠯᠠᠨ ᠲᠥᠷᠦᠯ ᠤᠨ ᠲᠥᠷᠦᠯ ᠵᠦᠢᠯ  ᠤᠨ ᠬᠠᠷᠢᠭᠤᠴᠠᠯᠭᠠᠲᠠᠨ ᠵᠢᠴᠢ ᠪᠦᠯᠭᠦᠮ ᠲᠠᠢ ᠬᠠᠷᠢᠯᠴᠠᠪᠠ᠃xx ᠬᠣᠲᠠ ᠶᠢᠨ ᠲᠠᠢ ᠾᠸ ᠴᠢᠯᠠᠭᠤᠨ ᠲᠤᠰᠤᠨ ᠤ ᠪᠠᠷᠢᠯᠭ᠎ᠠ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠢ2009 ᠣᠨ ᠤ7 ᠰᠠᠷ᠎ᠠ ᠶᠢᠨ14 ᠤ ᠡᠳᠦᠷ ᠪᠠᠢᠭᠤᠯᠤᠭᠳᠠᠵᠤ᠂ ᠡᠵᠡᠩᠨᠡᠬᠦ ᠬᠡᠪᠴᠢᠶ᠎ᠡ ᠨᠢ ᠬᠤᠳᠳᠤᠭ ᠥᠷᠦᠮᠳᠡᠬᠦ ᠲᠣᠰᠤ ᠭᠠᠷᠭᠠᠬᠤ ᠳᠥᠬᠦᠭᠡᠷᠡᠮᠵᠢ ᠵᠢ ᠪᠥᠭᠡᠮᠳᠡᠬᠦ ᠪᠤᠶᠤ ᠵᠢᠵᠢᠭᠯᠡᠨ ᠪᠣᠷᠤᠯᠠᠭᠤᠯᠬᠤ᠂ ᠴᠢᠯᠠᠭᠤᠨ ᠲᠣᠰᠤ ᠰᠢᠲᠠᠮᠠᠬᠠᠢ ᠬᠡᠢ  ᠶᠢᠨ ᠬᠤᠳᠳᠤᠭ ᠳᠣᠣᠷᠠᠬᠢ ᠠᠵᠢᠯᠠᠯᠭ᠎ᠠ᠂ ᠴᠢᠯᠠᠭᠤᠨ ᠲᠣᠰᠤ ᠥᠷᠦᠮᠳᠡᠵᠦ ᠭᠠᠷᠭᠠᠨ ᠠᠪᠬᠤ ᠪᠠᠷᠢᠯᠭ᠎ᠠ ᠶᠢᠨ ᠮᠡᠷᠭᠡᠵᠢᠯ ᠤᠨ ᠦᠢᠯᠡᠴᠢᠯᠡᠭᠡ᠂ ᠴᠢᠯᠠᠭᠤᠨ ᠲᠤᠰᠤᠨ ᠤ ᠪᠠᠷᠢᠯᠭ᠎ᠠ ᠶᠢᠨ ᠦᠢᠯᠡᠴᠢᠯᠡᠭᠡ ᠵᠡᠷᠭᠡ᠃ ᠡᠦxx ᠡᠴᠡ2010 ᠣᠨ ᠤ6 ᠰᠠᠷ᠎ᠠ ᠳᠤxx ᠬᠣᠲᠠ ᠶᠢᠨ ᠲᠠᠢ ᠾᠸ ᠲᠤᠷᠰᠢᠯᠲᠠ ᠶᠢᠨ ᠮᠡᠷᠭᠡᠵᠢᠯ  ᠤᠨ ᠬᠢᠵᠠᠭᠠᠷᠲᠤ ᠺᠣᠮᠫᠠᠨᠢ ᠲᠠᠢ ᠬᠥᠳᠡᠯᠮᠦᠷᠢ ᠶᠢᠨ ᠬᠠᠷᠢᠴᠠᠭ᠎ᠠ ᠪᠡᠨ ᠵᠤᠭᠰᠤᠭᠠᠭᠰᠠᠨᠨ ᠤ ᠳᠠᠷᠠᠭ᠎ᠠ᠂ ᠲᠠᠬᠢᠨxx ᠬᠣᠲᠠ ᠳ᠋ᠤ ᠣᠴᠢᠨ ᠲᠠᠢ ᠾᠸ ᠴᠢᠯᠠᠭᠤᠨ ᠲᠤᠰᠤᠨ ᠤ ᠪᠠᠷᠢᠯᠭ᠎ᠠ ᠶᠢᠨ ᠮᠡᠷᠭᠡᠵᠢᠯ ᠤᠨ ᠬᠢᠵᠠᠭᠠᠷᠲᠤ ᠺᠤᠮᠫᠨᠢ ᠳᠤ ᠣᠴᠢᠨ ᠲᠤᠰᠢᠶᠠᠯ ᠳᠤ ᠭᠠᠷᠪᠠ᠃2010 ᠣᠨ ᠤ6 ᠰᠠᠷ᠎ᠠ ᠦ24 ᠤ ᠡᠳᠦᠷ᠂ ᠳᠤᠮᠲᠠᠳᠤ ᠤᠯᠤᠰ ᠤᠨ ᠴᠢᠯᠠᠭᠤᠨ ᠲᠤᠰᠤᠨ ᠤ ᠴᠠᠩ ᠴᠢᠩ ᠲᠤᠰᠤᠨ ᠠᠭᠤᠷᠬᠠᠢ  ᠶᠢᠨ ᠬᠤᠪᠢᠶᠠᠷᠢ ᠺᠣᠮᠫᠠᠨᠢ ᠶᠢᠨ ᠰᠢᠲᠠᠮᠠᠬᠠᠢ ᠬᠡᠢ ᠨᠡᠭᠡᠭᠡᠨ  ᠠᠰᠢᠭᠯᠠᠬᠤ ᠭᠠᠵᠠᠷ ᠡᠴᠡxx ᠬᠣᠲᠠ ᠶᠢᠨ ᠲᠠᠢ ᠾᠸ ᠴᠢᠯᠠᠭᠤᠨ ᠲᠤᠰᠤᠨ ᠤ ᠪᠠᠷᠢᠯᠭ᠎ᠠ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠡᠢ ᠶᠢᠨ ᠬᠤᠳᠳᠤᠭ ᠤᠨ ᠳᠣᠣᠷᠠᠬᠢ ᠤᠷᠤᠰᠭᠠᠯ ᠠᠷᠪᠢᠯᠠᠬᠤ ᠲᠥᠬᠦᠭᠡᠷᠡᠮᠵᠢ ᠢ ᠭᠠᠷᠭᠠᠨ ᠠᠪᠬᠤ ᠠᠵᠢᠯ ᠤᠨ ᠮᠡᠷᠭᠡᠵᠢᠯ ᠤᠨ ᠦᠢᠯᠡᠴᠢᠯᠡᠭᠡ ᠶᠢᠨ ᠵᠥᠪᠰᠢᠶᠡᠷᠡᠯ ᠤᠨ ᠦᠨᠡᠮᠯᠡᠯ ᠭᠠᠷᠳᠠᠭᠤᠯᠵᠤ᠂ ᠲᠡᠭᠦᠨ  ᠢ ᠲᠠᠪᠤᠳᠤᠭᠠᠷ ᠬᠡᠢ ᠶᠢᠨ ᠦᠢᠯᠡᠳᠪᠦᠷᠢ  ᠳᠤ ᠬᠤᠳᠳᠤᠭ ᠤᠨ ᠳᠣᠣᠷᠠᠬᠢ ᠤᠷᠤᠰᠭᠠᠯ ᠠᠷᠪᠢᠯᠠᠬᠤ ᠳᠥᠬᠦᠭᠡᠷᠡᠮᠵᠢ ᠵᠢ ᠬᠢᠬᠦ ᠰᠢᠭᠦᠬᠦ ᠠᠵᠢᠯ ᠵᠢᠴᠢ ᠮᠡᠷᠭᠡᠵᠢᠯ ᠤᠨ ᠦᠢᠯᠡᠴᠢᠯᠡᠭᠡ ᠬᠠᠩᠭᠠᠬᠤ ᠵᠢ ᠵᠥᠪᠰᠢᠶᠡᠷᠡᠵᠦ᠂  ᠪᠦᠯᠭᠦᠮ  ᠤᠨ ᠬᠠᠷᠢᠯᠴᠠᠬᠤ ᠬᠥᠮᠦᠨ ᠤ ᠡᠦxx᠃  ᠡᠢᠮᠦ ᠡᠴᠡ2011 ᠣᠨ  ᠤ1 ᠰᠠᠷ᠎ᠠ ᠶᠢᠨ6 ᠤ ᠡᠳᠦᠷ᠂xx ᠬᠣᠲᠠ ᠶᠢᠨ ᠲᠠᠢ ᠾᠸ ᠲᠤᠷᠰᠢᠯᠲᠠ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠡᠴᠡxx ᠬᠣᠲᠠ ᠶᠢᠨ ᠲᠠᠢ ᠾᠸ ᠴᠢᠯᠠᠭᠤᠨ ᠲᠤᠰᠤᠨ ᠤ ᠪᠠᠷᠢᠯᠭ᠎ᠠ ᠶᠢᠨ ᠮᠡᠷᠭᠡᠵᠢᠯ  ᠤᠨ ᠬᠢᠵᠠᠭᠠᠷᠲᠤ ᠺᠣᠮᠫᠠᠨᠢ ᠵᠢ ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠳᠤ ᠵᠠᠭᠠᠯᠳᠤᠵᠤ᠂ ᠵᠠᠭᠠᠯᠳᠤᠭᠳᠠᠭᠴᠢ ᠶᠢᠨ ᠲᠥᠪ ᠭᠣᠣᠯᠴᠢ ᠪᠤᠰᠤ ᠥᠷᠢᠰᠦᠯᠳᠦᠬᠦ ᠬᠡᠯᠪᠡᠷᠢ ᠨᠢ ᠵᠠᠭᠠᠯᠳᠤᠭᠴᠢ ᠶᠢᠨ  ᠨᠡᠷᠡᠢᠳᠦᠯ ᠤᠨ ᠡᠷᠬᠡ ᠳᠤ ᠬᠦᠨᠳᠦ ᠨᠤᠴᠤᠲᠠᠢ ᠬᠠᠯᠳᠠᠭᠰᠠᠨ ᠪᠥᠭᠡᠳ ᠵᠠᠭᠠᠯᠳᠤᠭᠴᠢ  ᠳᠤ ᠲᠤᠢᠯ  ᠤᠨ ᠶᠡᠬᠡ ᠬᠣᠬᠢᠷᠠᠯ ᠤᠴᠠᠷᠠᠭᠤᠯᠤᠨ᠂ ᠰᠢᠭᠦᠨ ᠳᠠᠰᠤᠯᠠᠯᠲᠠ  ᠪᠡᠷ ᠳᠠᠮᠵᠢᠨ ᠵᠠᠭᠠᠯᠳᠤᠭᠳᠠᠭᠴᠢ  ᠡᠴᠡ ᠵᠠᠭᠠᠯᠳᠤᠭᠴᠢ ᠶᠢᠨ ᠨᠡᠷᠡᠢᠳᠦᠯ ᠤ ᠡᠷᠬᠡ ᠳᠤ ᠬᠠᠯᠳᠤᠬᠤ ᠠᠵᠢᠯᠠᠯᠭ᠎ᠠ ᠵᠢ  ᠨᠢ ᠳᠠᠷᠤᠢ ᠲᠦᠷᠭᠡᠨ ᠵᠣᠭᠰᠤᠭᠠᠵᠤ᠂ ᠳᠠᠭᠠᠤ ᠳ᠋ᠤ ᠨᠢ ᠵᠠᠭᠠᠯᠳᠤᠭᠴᠢ ᠳᠤ ᠠᠵᠤ ᠠᠬᠤᠢ ᠶᠢᠨ ᠬᠣᠬᠢᠷᠠᠯ101.5 ᠲᠦᠮᠡᠨ ᠲᠥᠭᠦᠷᠢᠭ ᠲᠥᠯᠦᠪᠦᠷᠢᠯᠡᠬᠦ ᠵᠢ ᠭᠤᠶᠤᠴᠢᠯᠠᠪᠠ᠃

     ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠰᠢᠭᠦᠯᠲᠡ ᠪᠡᠷ ᠳᠠᠮᠵᠢᠨ ᠦᠵᠡᠬᠦ ᠪᠡᠷ ᠂ ᠵᠠᠭᠠᠯᠳᠤᠭᠳᠠᠭᠴᠢxx ᠬᠣᠲᠠ ᠶᠢᠨ ᠲᠠᠢ ᠾᠸ ᠴᠢᠯᠠᠭᠤᠨ ᠲᠤᠰᠤᠨ ᠤ ᠪᠠᠷᠢᠯᠭ᠎ᠠ ᠶᠢᠨ ᠮᠡᠷᠭᠡᠵᠢᠯ  ᠤᠨ ᠬᠢᠵᠠᠭᠠᠷᠲᠤ ᠺᠣᠮᠫᠠᠨᠢ ᠪᠣᠯᠤᠨ ᠵᠠᠭᠠᠯᠳᠤᠭᠴᠢxx ᠬᠣᠲᠠ ᠶᠢᠨ ᠲᠠᠢ ᠾᠸ ᠲᠤᠷᠰᠢᠯᠲᠠ ᠶᠢᠨ ᠮᠡᠷᠭᠡᠵᠢᠯ ᠤ ᠬᠢᠵᠠᠭᠠᠷᠲᠤ ᠺᠣᠮᠫᠠᠨᠢ ᠶᠢᠨ ᠪᠠᠢᠭ᠎ᠠ ᠭᠠᠵᠠᠷ ᠨᠢ ᠴᠥᠮ ᠾᠨᠠᠨ ᠮᠤᠵᠢ ᠶᠢᠨxx ᠬᠣᠲᠠ ᠳ᠋ᠤ ᠪᠠᠢᠵᠤ᠂ ᠡᠵᠡᠩᠨᠡᠬᠦ ᠬᠡᠪᠴᠢᠶ᠎ᠡ ᠨᠢ ᠴᠥᠮ ᠲᠣᠰᠤ ᠬᠡᠢ ᠶᠢᠨ ᠨᠡᠭᠡᠭᠡᠨ ᠠᠰᠢᠭᠯᠠᠬᠤ ᠪᠠᠷᠢᠯᠭ᠎ᠠ ᠶᠢᠨ ᠮᠡᠷᠭᠡᠵᠢᠯ  ᠤᠨ ᠦᠢᠯᠡᠴᠢᠯᠡᠭᠡ  ᠪᠠᠢᠵᠤ᠂ ᠭᠣᠣᠯ ᠬᠠᠷᠢᠴᠠᠭᠠᠨ  ᠤ ᠡᠷᠦᠬᠡ ᠨᠢ ᠴᠥᠮ ᠴᠠᠩ ᠴᠢᠩ ᠴᠢᠯᠠᠭᠤᠨ ᠲᠤᠰᠤᠨ ᠠᠭᠤᠷᠬᠠᠢ ᠶᠢᠨ ᠱᠦᠷᠬᠡᠢ ᠣᠷᠤᠨ( ᠦᠦᠰᠢᠨ ᠬᠣᠰᠢᠭᠤ) ᠳᠤ ᠪᠠᠢᠵᠤ᠂ ᠡᠢᠮᠦ ᠡᠴᠡ ᠬᠤᠶᠠᠷ ᠡᠲᠡᠭᠡᠳ ᠨᠢ  ᠢᠵᠢᠯ ᠲᠥᠷᠦᠯ ᠤᠨ ᠠᠵᠢᠯ ᠳᠤ ᠥᠷᠢᠰᠦᠯᠳᠦᠬᠦ ᠬᠠᠷᠢᠴᠠᠭ᠎ᠠ ᠲᠠᠢ᠃ ᠵᠠᠭᠠᠯᠳᠤᠭᠴᠢ ᠶᠢᠨ ᠪᠠᠢᠭᠤᠯᠤᠭᠳᠠᠭᠰᠠᠨ ᠴᠠᠭ ᠨᠢ ᠵᠠᠭᠠᠯᠳᠤᠭᠳᠠᠭᠴᠢ ᠶᠢᠨ ᠡᠴᠡ ᠡᠮᠦᠨ᠎ᠡ ᠪᠠᠢᠵᠤ᠂ ᠵᠠᠭᠠᠯᠳᠤᠭᠴᠢ ᠶᠢᠨ《ᠲᠠᠢ ᠾᠸ》 ᠦᠰᠦᠭ  ᠤᠨ ᠡᠷᠬᠡ ᠵᠢ ᠣᠯᠵᠤ ᠬᠤᠳᠠᠯᠳᠤᠭᠠᠨ ᠳᠤ ᠬᠡᠷᠡᠭᠯᠡᠭᠰᠡᠨ ᠨᠢ ᠴᠥᠮ ᠵᠠᠭᠠᠯᠳᠤᠭᠳᠠᠭᠴᠢ ᠡᠴᠡ ᠡᠷᠲᠡ ᠪᠠᠢᠵᠤ᠂ ᠵᠠᠭᠠᠯᠳᠤᠭᠴᠢ ᠡᠴᠡ ᠤᠷᠢᠳᠠᠪᠡᠷ ᠠᠵᠤ ᠠᠬᠤᠢᠯᠠᠯ ᠤᠨ ᠨᠡᠷᠡᠢᠳᠦᠯ ᠤᠨ ᠡᠷᠬᠡ ᠵᠢ  ᠣᠯᠪᠠ᠃ ᠵᠠᠭᠠᠯᠳᠤᠭᠴᠢ ᠪᠠᠢᠭᠤᠯᠤᠭᠳᠠᠭᠰᠠᠨ ᠡᠴᠡ ᠠᠪᠤᠭᠠᠳ  ᠶᠡᠷᠦ ᠡᠴᠡ《 ᠲᠠᠢ ᠾᠸ 》 ᠪᠡᠷ ᠠᠵᠤ ᠠᠬᠤᠢᠯᠠᠯ ᠤᠨ ᠨᠡᠷ᠎ᠡ ᠪᠣᠯᠤᠨ ᠮᠡᠷᠭᠡᠵᠢᠯ ᠤᠨ ᠦᠢᠯᠡᠴᠢᠯᠡᠭᠡ ᠶᠢᠨ ᠲᠡᠮᠳᠡᠭ ᠪᠣᠯᠭᠠᠨ ᠬᠡᠷᠡᠭᠯᠡᠵᠦ᠂ ᠵᠠᠭᠠᠯᠳᠤᠭᠴᠢ ᠶᠢᠨ ᠣᠯᠤᠭᠰᠠᠨ ᠲᠤᠰᠭᠠᠢ ᠠᠰᠢᠭ ᠤᠨ ᠡᠷᠬᠡ ᠶᠢᠨ ᠬᠤᠳᠳᠤᠭ ᠳᠣᠣᠷᠠᠬᠢ ᠤᠷᠤᠰᠭᠠᠯ ᠠᠷᠪᠢᠯᠠᠬᠤ ᠳᠥᠬᠦᠭᠡᠷᠡᠮᠵᠢ ᠵᠢ ᠴᠠᠩ ᠴᠢᠩ ᠲᠤᠰᠤᠨ ᠠᠭᠤᠷᠬᠠᠢ ᠶᠢᠨ ᠱᠦᠷᠬᠡᠢ ᠣᠷᠤᠨ ᠤ ᠬᠡᠪᠴᠢᠶᠠᠨ ᠳᠤ ᠬᠡᠷᠡᠭᠯᠡᠵᠦ᠂ ᠨᠡᠯᠢᠶᠡᠳ ᠶᠡᠬᠡ ᠬᠡᠮᠵᠢᠶᠠᠨ ᠤ ᠵᠠᠬ᠎ᠠ ᠳᠡᠯᠭᠡᠭᠦᠷ ᠤᠨ ᠡᠵᠡᠯᠡᠬᠦ ᠬᠠᠷᠢᠴᠠᠯ ᠲᠠᠢ᠂ ᠮᠥᠨ ᠮᠠᠰᠢ ᠰᠠᠢᠨ ᠴᠢᠳᠠᠮᠵᠢ ᠬᠢᠭᠡᠳ ᠶᠠᠰᠤ ᠴᠢᠨᠠᠷ ᠨᠢ ᠭᠣᠣᠯ ᠬᠠᠷᠢᠴᠠᠭᠠᠨ ᠤ ᠡᠷᠦᠬᠡ ᠶᠢᠨ ᠨᠤᠲᠠᠯᠠᠯᠲᠠ ᠵᠢ ᠣᠯᠵᠤ᠂《 ᠲᠠᠢ ᠾᠸ》 ᠲᠡᠮᠳᠡᠭ ᠨᠢ ᠠᠵᠢᠯ ᠲᠥᠷᠦᠯ ᠤᠨ ᠳᠣᠲᠤᠷᠠᠬᠢ ᠬᠥᠮᠦᠰ ᠨᠡᠢᠳᠡᠮ ᠮᠡᠳᠡᠵᠦ᠂ ᠠᠵᠢᠯ ᠲᠥᠷᠦᠯ ᠤᠨ ᠳᠤᠮᠳᠠ ᠨᠡᠯᠢᠶᠠᠳ ᠶᠡᠬᠡ ᠠᠯᠳᠠᠷᠰᠢᠴᠠ ᠲᠠᠢ᠃  ᠵᠠᠭᠠᠯᠳᠤᠭᠳᠠᠭᠴᠢ ᠵᠠᠭᠠᠯᠳᠤᠭᠴᠢ ᠶᠢᠨ ᠵᠥᠪᠰᠢᠶᠡᠷᠡᠯ ᠦᠭᠡᠢ ᠪᠡᠷ᠂  ᠰᠡᠭᠦᠯᠡᠷ ᠨᠢ ᠵᠠᠭᠠᠯᠳᠤᠭᠴᠢ ᠶᠢᠨ ᠡᠷᠲᠡ ᠡᠴᠡ ᠣᠯᠠᠨ ᠳᠤ ᠮᠡᠳᠡᠷᠡᠭᠳᠡᠭᠰᠡᠨ ᠨᠡᠷ᠎ᠡ᠂ ᠵᠣᠬᠢᠬᠤ ᠬᠡᠮᠵᠢᠶᠠᠨ ᠤ ᠵᠠᠬ᠎ᠠ ᠳᠡᠯᠭᠡᠭᠦᠷ ᠤᠨ ᠠᠯᠳᠠᠷᠰᠢᠴᠠ ᠲᠠᠢ《 ᠲᠠᠢ ᠾᠸ》 ᠨᠡᠷ᠎ᠡ ᠪᠡᠷ ᠥᠪᠡᠷ ᠤᠨ ᠨᠡᠷ᠎ᠡ ᠪᠡᠨ ᠪᠣᠯᠭᠠᠵᠤ᠂ ᠵᠠᠭᠠᠯᠳᠤᠭᠴᠢ ᠲᠠᠢ ᠠᠳᠠᠯᠢ ᠠᠵᠢᠯ ᠢ ᠡᠷᠬᠢᠯᠡᠨ᠂ ᠠᠳᠠᠯᠢ ᠨᠢᠭᠡ ᠬᠣᠲᠠ ᠳᠤ᠂ ᠡᠦxx ᠤᠤᠯ ᠨᠢ ᠵᠠᠭᠠᠯᠳᠤᠭᠴᠢ ᠶᠢᠨ ᠲᠥᠷᠦᠯ ᠵᠦᠢᠯ ᠤᠨ ᠬᠠᠷᠢᠭᠤᠴᠠᠭᠴᠢ᠂ ᠪᠦᠯᠭᠦᠮ ᠤᠨ ᠬᠠᠷᠢᠴᠠᠭᠴᠢ᠂ ᠰᠡᠭᠦᠯᠡᠷ ᠨᠢ ᠵᠠᠭᠠᠯᠳᠤᠭᠳᠠᠭᠴᠢ ᠶᠢᠨ ᠪᠦᠯᠭᠦᠮ ᠤᠨ ᠬᠠᠷᠢᠴᠠᠭᠴᠢ ᠪᠣᠯᠵᠤ᠂ ᠪᠤᠰᠤᠳᠴᠢ ᠲᠠᠯ᠎ᠠ ᠡᠴᠡ ᠠᠪᠴᠦ ᠬᠡᠯᠡᠪᠡᠯ ᠬᠠᠮᠢᠶᠠᠲᠠᠢ ᠬᠠᠷᠢᠴᠠᠭᠠᠨ ᠤ ᠡᠷᠦᠬᠡ ᠳᠤ ᠡᠨᠳᠡᠭᠦᠷᠡᠬᠦ ᠪᠠᠢᠳᠠᠯ ᠡᠭᠦᠰᠴᠦ᠂ ᠵᠠᠭᠠᠯᠳᠤᠭᠳᠠᠭᠴᠢ ᠵᠢ《 ᠪᠤᠰᠤᠳ ᠤᠨ ᠪᠡᠯᠡᠨ ᠢ ᠢᠳᠡᠬᠦ》 ᠬᠤᠢᠬᠤᠷ ᠰᠠᠨᠠᠭ᠎ᠠ ᠪᠠᠢᠬᠤ ᠵᠢ ᠮᠡᠳᠡᠵᠦ ᠪᠣᠯᠤᠨ᠎ᠠ᠃ ᠵᠠᠭᠠᠯᠳᠤᠭᠳᠠᠭᠴᠢ ᠦᠨᠡᠨᠴᠢ ᠢᠲᠡᠭᠡᠮᠵᠢᠲᠠᠢ ᠪᠠᠢᠬᠤ ᠵᠠᠷᠴᠢᠮ  ᠪᠠ ᠨᠡᠢᠲᠡ ᠶᠢᠨ  ᠮᠡᠳᠡᠷᠡᠵᠦ ᠪᠠᠢᠭ᠎ᠠ ᠠᠵᠤ ᠠᠬᠤᠢᠯᠠᠯ ᠤᠨ ᠬᠡᠪ ᠴᠢᠨᠠᠷ ᠢ ᠵᠥᠷᠢᠴᠡᠵᠦ᠂ ᠵᠠᠭᠠᠯᠳᠤᠭᠴᠢ ᠶᠢᠨ ᠬᠠᠤᠯᠢ ᠶᠣᠰᠤᠨ ᠤ ᠡᠷᠬᠡ ᠠᠰᠢᠭ ᠲᠤ  ᠬᠠᠯᠳᠤᠵᠤ᠂ ᠲᠥᠪ ᠭᠣᠣᠯᠴᠢ ᠪᠡᠷ ᠥᠷᠢᠰᠦᠯᠳᠦᠬᠦ ᠵᠠᠷᠴᠢᠮ ᠢ ᠡᠪᠳᠡᠵᠦ᠂ ᠵᠠᠭᠠᠯᠳᠤᠭᠴᠢ ᠳᠤ ᠬᠡᠪ ᠤᠨ ᠪᠤᠰᠤ ᠥᠷᠢᠰᠦᠯᠳᠦᠭᠡᠨ  ᠢ ᠪᠤᠢ ᠪᠣᠯᠭᠠᠵᠤ᠂ ᠡᠷᠬᠡ ᠳᠤ ᠬᠠᠯᠳᠤᠬᠤ ᠠᠵᠢᠯᠠᠯᠭ᠎ᠠ ᠪᠡᠨ ᠵᠣᠭᠰᠤᠭᠠᠵᠤ᠂ ᠬᠣᠬᠢᠷᠠᠯ ᠢ  ᠲᠥᠯᠦᠬᠦ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠪᠡᠯ ᠵᠣᠬᠢᠨ᠎ᠠ᠃ ᠵᠠᠭᠠᠯᠳᠤᠭᠴᠢ ᠶᠢᠨ ᠡᠷᠬᠡ ᠨᠢ  ᠬᠠᠯᠳᠤᠭᠳᠠᠭᠰᠠᠨ ᠡᠴᠡ ᠪᠣᠯᠵᠤ ᠬᠣᠬᠢᠷᠠᠭᠰᠠᠨ  ᠬᠤᠬᠢᠷᠤᠯ ᠪᠠ ᠵᠠᠭᠠᠯᠳᠤᠭᠳᠠᠭᠴᠢ ᠶᠢᠨ ᠡᠷᠬᠡ ᠳᠤ ᠬᠠᠯᠳᠠᠭᠰᠠᠨ ᠡᠴᠡ ᠪᠣᠯᠵᠤ ᠣᠯᠤᠭᠰᠠᠨ ᠠᠰᠢᠭ ᠢ ᠲᠣᠳᠤᠷᠬᠠᠢ ᠮᠡᠳᠡᠵᠦ  ᠳᠡᠢᠯᠬᠦ ᠦᠭᠡᠢ ᠤᠴᠢᠷ  ᠡᠴᠡ᠂ ᠲᠤᠰ ᠬᠡᠷᠡᠭ ᠲᠤ ᠵᠥᠪᠬᠡᠨ ᠳᠤᠭᠲᠠᠭᠰᠠᠨ ᠬᠡᠮᠵᠢᠶᠠᠨ ᠤ ᠲᠥᠯᠦᠪᠦᠷᠢ ᠢ ᠬᠡᠷᠡᠭᠯᠡᠨ᠎ᠡ᠃  ᠵᠠᠭᠠᠯᠳᠤᠭᠳᠠᠭᠴᠢ ᠶᠢᠨ ᠡᠷᠬᠡ ᠳᠤ ᠬᠠᠯᠳᠠᠭᠰᠠᠨ ᠦᠢᠯᠡ ᠠᠵᠢᠯᠠᠯᠭ᠎ᠠ ᠶᠢᠨ ᠰᠢᠨᠵᠢ ᠴᠢᠨᠠᠷ᠂ ᠬᠤᠭᠤᠴᠠᠭ᠎ᠠ᠂ ᠬᠦᠷᠢᠶ᠎ᠡ ᠬᠡᠪᠴᠢᠶ᠎ᠡ᠂ ᠦᠷ᠎ᠡ ᠳ᠋ᠦᠩ᠂ ᠵᠠᠭᠠᠯᠳᠤᠭᠳᠠᠭᠴᠢ ᠶᠢᠨ ᠬᠥᠷᠦᠩᠭᠡ ᠶᠢᠨ ᠬᠡᠪᠴᠢᠶ᠎ᠡ᠂ ᠵᠠᠭᠠᠯᠳᠤᠭᠴᠢ ᠶᠢᠨ ᠠᠵᠤ ᠠᠬᠤᠢᠯᠠᠯ  ᠤᠨ ᠠᠯᠳᠠᠷᠰᠢᠯ᠂ ᠵᠠᠭᠠᠯᠳᠤᠭᠴᠢ ᠶᠢᠨ ᠡᠷᠬᠡ ᠳ᠋ᠤ ᠬᠠᠯᠳᠤᠬᠤ ᠵᠢ ᠨᠢ ᠬᠣᠷᠢᠭᠯᠠᠬᠤ ᠦᠢᠯᠡ ᠠᠵᠢᠯᠠᠯᠭ᠎ᠠ ᠳᠤ ᠣᠷᠤᠭᠤᠯᠤᠭᠰᠠᠨ ᠵᠠᠷᠤᠯᠭ᠎ᠠ ᠵᠡᠷᠭᠡ ᠵᠢ ᠨᠢ ᠶᠡᠷᠤᠩᠬᠡᠢᠯᠡᠨ ᠪᠣᠳᠤᠯᠬᠢᠯᠠᠨ᠎ᠠ᠃

      ᠣᠷᠳᠤᠰ ᠬᠣᠲᠠ ᠶᠢᠨ  ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ《 ᠪᠦᠭᠦᠳᠡ ᠨᠠᠢᠷᠠᠮᠳᠤᠬᠤ ᠳᠤᠮᠳᠠᠳᠤ ᠠᠷᠠᠳ ᠤᠯᠤᠰ ᠤᠨ ᠢᠷᠭᠡᠨ ᠤ  ᠬᠠᠤᠯᠢ ᠶᠢᠨ ᠶᠡᠷᠦᠩᠬᠡᠢ ᠳᠦᠷᠢᠮ》᠂《 ᠪᠦᠭᠦᠳᠡ ᠨᠠᠢᠷᠠᠮᠳᠤᠬᠤ ᠳᠤᠮᠳᠠᠳᠤ ᠠᠷᠠᠳ ᠤᠯᠤᠰ ᠤᠨ ᠡᠩ ᠤᠨ ᠪᠤᠰᠤ ᠪᠡᠷ ᠥᠷᠢᠰᠦᠯᠳᠦᠬᠦ ᠵᠢ ᠡᠰᠡᠷᠭᠦᠴᠡᠬᠦ ᠬᠠᠤᠯᠢ》᠂《 ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ  ᠬᠡᠪ  ᠤᠨ ᠪᠤᠰᠤ ᠦᠷᠢᠰᠦᠯᠳᠤᠭᠡᠨ ᠢ  ᠰᠢᠭᠦᠨ ᠰᠢᠢᠳᠪᠦᠷᠢᠯᠡᠬᠦ ᠲᠤᠬᠠᠢ ᠬᠡᠷᠡᠭ ᠤᠨ ᠬᠠᠤᠯᠢ ᠬᠡᠷᠡᠭᠵᠢᠭᠦᠯᠦᠯᠲᠡ ᠶᠢᠨ ᠠᠰᠠᠭᠤᠳᠠᠯ ᠤᠳ ᠤᠨ ᠲᠠᠢᠯᠪᠤᠷᠢᠯᠠᠯᠲᠠ》᠂《 ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠲᠠᠸᠠᠷ ᠤᠨ ᠲᠡᠮᠳᠡᠭ᠂ ᠠᠵᠤ ᠠᠬᠤᠢᠯᠠᠯ ᠤᠨ ᠨᠡᠷ᠎ᠡ ᠪᠣᠯᠤᠨ ᠤᠷᠢᠲᠤᠭᠰᠠᠨ ᠡᠷᠬᠡ ᠤᠨ ᠮᠠᠷᠭᠤᠯᠳᠤᠭᠠᠨ ᠤ ᠲᠤᠬᠠᠢ ᠢᠷᠭᠡᠨ ᠤ ᠬᠡᠷᠡᠭ ᠤᠨ ᠠᠰᠠᠭᠤᠳᠠᠯ ᠢ ᠰᠢᠭᠦᠨ ᠰᠢᠢᠳᠪᠦᠷᠢᠯᠡᠬᠦ ᠠᠰᠠᠭᠤᠳᠠᠯ ᠤᠳ ᠤᠨ ᠳᠤᠭᠲᠠᠭᠠᠯ》᠂《 ᠪᠦᠭᠦᠳᠡ ᠨᠠᠢᠷᠠᠮᠳᠤᠬᠤ ᠳᠤᠮᠳᠠᠳᠤ ᠠᠷᠠᠳ ᠤᠯᠤᠰ ᠤᠨ ᠢᠷᠭᠡᠨ ᠤ ᠬᠡᠷᠡᠭ ᠤᠨ ᠬᠠᠤᠯᠢ》 ᠵᠡᠷᠭᠡ ᠳᠤᠭᠲᠠᠭᠠᠯ ᠢ ᠦᠨᠳᠦᠰᠦᠯᠡᠨ ᠰᠢᠭᠦᠨ ᠳᠠᠰᠤᠯᠠᠯᠲᠠ ᠬᠢᠪᠡ᠄ ᠨᠢᠭᠡ᠂ ᠵᠠᠭᠠᠯᠳᠤᠭᠳᠠᠭᠴᠢxx ᠬᠣᠲᠠ ᠶᠢᠨ ᠲᠠᠢ ᠾᠸ ᠴᠢᠯᠠᠭᠤᠨ ᠲᠤᠰᠤᠨ ᠤ ᠪᠠᠷᠢᠯᠭ᠎ᠠ ᠶᠢᠨ ᠮᠡᠷᠭᠡᠵᠢᠯ  ᠤᠨ ᠬᠢᠵᠠᠭᠠᠷᠲᠤ ᠺᠣᠮᠫᠠᠨᠢ ᠡᠴᠡ《 ᠲᠠᠢ ᠾᠸ》 ᠨᠡᠷ᠎ᠡ ᠣᠷᠤᠭᠰᠠᠨ ᠠᠵᠤ ᠠᠬᠤᠢᠯᠠᠯ ᠤᠨ ᠡᠩ ᠤᠨ ᠪᠤᠰᠤ ᠥᠷᠢᠰᠦᠯᠳᠦᠭᠡᠨ ᠤ ᠠᠵᠢᠯᠠᠯᠭ᠎ᠠ ᠪᠡᠨ ᠳᠠᠷᠤᠢ ᠵᠣᠭᠰᠤᠬᠤ ᠬᠡᠷᠡᠭᠲᠠᠢ᠃ ᠬᠤᠶᠠᠷ᠂ ᠵᠠᠭᠠᠯᠳᠤᠭᠳᠠᠭᠴᠢxx ᠬᠣᠲᠠ ᠶᠢᠨ ᠲᠠᠢ ᠾᠸ ᠴᠢᠯᠠᠭᠤᠨ ᠲᠤᠰᠤᠨ ᠤ ᠪᠠᠷᠢᠯᠭ᠎ᠠ ᠶᠢᠨ ᠮᠡᠷᠭᠡᠵᠢᠯ  ᠤᠨ ᠬᠢᠵᠠᠭᠠᠷᠲᠤ ᠺᠣᠮᠫᠠᠨᠢ ᠡᠴᠡ ᠰᠢᠭᠦᠨ ᠳᠠᠰᠤᠯᠠᠯᠲᠠ  ᠬᠦᠴᠦᠨ ᠲᠠᠢ ᠪᠣᠯᠤᠭᠰᠠᠨ ᠡᠳᠦᠷ ᠡᠴᠡ ᠠᠷᠪᠠᠨ ᠡᠳᠦᠷ ᠤᠨ ᠳᠣᠲᠤᠷ᠎ᠠ ᠡᠩ ᠤᠨ ᠪᠤᠰᠤ ᠥᠷᠢᠰᠦᠯᠳᠦᠭᠡᠨ ᠡᠴᠡ ᠪᠣᠯᠤᠭᠰᠠᠨ ᠠᠵᠤ ᠠᠬᠤᠢ ᠶᠢᠨ ᠬᠣᠬᠢᠷᠠᠯ ᠠᠷᠪᠠᠨ ᠲᠦᠮᠡᠨ ᠲᠥᠭᠦᠷᠢᠭ( ᠵᠠᠭᠠᠯᠳᠤᠭᠴᠢ ᠶᠢᠨ ᠡᠷᠬᠡ ᠳᠤ ᠬᠠᠯᠳᠤᠬᠤ ᠵᠢ ᠬᠣᠷᠢᠭᠯᠠᠬᠤ ᠳᠤ ᠵᠠᠷᠤᠭᠰᠠᠨ ᠰᠦᠢᠳᠭᠡᠯ ᠪᠠᠭᠲᠠᠨ᠎ᠠ) ᠢ ᠵᠠᠭᠠᠯᠳᠤᠭᠴᠢxx ᠬᠣᠲᠠ ᠶᠢᠨ ᠲᠠᠢ ᠾᠸ ᠲᠤᠷᠰᠢᠯᠲᠠ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠳ᠋ᠤ ᠲᠥᠯᠦᠬᠦ ᠬᠡᠷᠡᠭᠲᠠᠢ᠃

【 ᠦᠨᠡᠯᠡᠨ ᠵᠠᠳᠠᠯᠤᠯᠲᠠ】

ᠨᠢᠭᠡ᠂ ᠠᠵᠤ ᠠᠬᠤᠢᠯᠠᠯ ᠤᠨ ᠨᠡᠷᠡᠢᠳᠦᠯ ᠤ ᠬᠠᠤᠯᠢ ᠴᠠᠭᠠᠵᠠ ᠶᠢᠨ ᠬᠠᠮᠠᠭᠠᠯᠠᠯᠲᠠ

     ᠠᠵᠤ ᠠᠬᠤᠢᠯᠠᠯ ᠤᠨ ᠨᠡᠷᠡᠢᠳᠦᠯ ᠤᠨ ᠡᠷᠬᠡ ᠶᠢᠨ ᠲᠤᠬᠠᠢ ᠵᠠᠷᠭᠤᠯᠳᠤᠭᠠᠨ ᠣᠳᠣ ᠶᠢᠨ ᠰᠢᠭᠦᠬᠦ ᠬᠣᠷᠢᠶᠠᠨ ᠤ ᠬᠦᠯᠢᠶᠡᠨ ᠠᠪᠴᠤ ᠪᠠᠢᠭ᠎ᠠ ᠬᠡᠷᠡᠭ ᠳᠤᠮᠳᠠ ᠳᠡᠮᠡᠢ ᠳᠤᠬᠢᠶᠠᠯᠳᠤᠬᠤ ᠦᠭᠡᠢ᠃ ᠠᠵᠤ ᠠᠬᠤᠢᠯᠠᠯ ᠤᠨ ᠨᠡᠷᠡᠢᠳᠦᠯ ᠨᠢ ᠨᠢᠭᠡ ᠵᠦᠢᠯ  ᠤᠨ ᠮᠡᠳᠡᠯᠭᠡ ᠶᠢᠨ ᠪᠦᠲᠦᠭᠡᠭᠳᠡᠬᠦᠨ ᠤ ᠬᠠᠤᠯᠢ ᠶᠢᠨ ᠬᠠᠮᠠᠭᠠᠯᠠᠯᠲᠠ ᠢ ᠬᠦᠯᠢᠶᠡᠳᠡᠭ ᠬᠤᠳᠠᠯᠳᠤᠭᠠᠨ ᠤ ᠴᠢᠨᠠᠷᠲᠠᠢ ᠲᠡᠮᠳᠡᠭ ᠪᠣᠯᠤᠭᠰᠠᠨ ᠤ ᠬᠤᠪᠢ ᠳᠤ᠂ ᠲᠡᠭᠦᠨ ᠤ ᠭᠣᠣᠯ ᠦᠢᠯᠡᠳᠦᠯ ᠨᠢ ᠬᠠᠩᠭᠠᠵᠤ ᠪᠠᠢᠭ᠎ᠠ ᠪᠦᠲᠦᠭᠡᠭᠳᠡᠬᠦᠨ ᠪᠣᠯᠤᠨ ᠦᠢᠯᠡᠴᠢᠯᠡᠭᠡ  ᠶᠢᠨ ᠠᠳᠠᠯᠢ ᠪᠤᠰᠤ ᠵᠠᠬ᠎ᠠ ᠳᠡᠯᠭᠡᠭᠦᠷ ᠤᠨ ᠭᠣᠣᠯ ᠴᠣᠭᠴᠠ ᠵᠢ ᠢᠯᠭᠠᠬᠤ ᠪᠣᠯᠤᠨ᠎ᠠ᠃ ᠬᠠᠤᠯᠢ ᠴᠠᠭᠠᠵᠠ ᠡᠴᠡ ᠲᠡᠭᠦᠨ ᠳᠤ ᠢᠳᠡᠪᠬᠢᠲᠠᠢ ᠬᠠᠤᠯᠢ ᠶᠢᠨ ᠬᠠᠮᠠᠭᠠᠯᠠᠯᠲᠠ ᠦᠵᠡᠭᠦᠯᠵᠦ᠂ ᠡᠭᠦᠨ ᠢᠶᠡᠷ ᠳᠠᠮᠵᠢᠭᠤᠯᠤᠨ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢᠲᠠᠢ ᠶᠠᠪᠤᠭᠳᠠᠬᠤ  ᠪᠠ ᠠᠵᠤ ᠠᠬᠤᠢᠯᠠᠯ ᠤᠨ ᠡᠷᠡᠭᠦᠯ ᠢᠶᠡᠷ ᠬᠥᠭᠵᠢᠭᠦᠯᠬᠦ ᠵᠢ ᠪᠠᠲᠤᠯᠠᠬᠤ ᠪᠤᠶᠤ ᠲᠦᠯᠬᠢᠨ ᠠᠬᠢᠭᠤᠯᠤᠨ᠎ᠠ᠃《 ᠠᠵᠤ ᠠᠬᠤᠢᠯᠠᠯ ᠤᠨ ᠨᠡᠷᠡᠢᠳᠦᠯ ᠤᠨ ᠳᠠᠩᠰᠤᠯᠠᠬᠤ ᠬᠠᠮᠢᠶᠠᠷᠤᠯᠲᠠ ᠶᠢᠨ ᠳᠤᠭᠲᠠᠭᠠᠯ》 ᠤᠨ ᠭᠤᠷᠪᠠᠳᠤᠭᠠᠷ ᠳᠤᠭᠲᠠᠭᠠᠯ ᠡᠴᠡ ᠦᠵᠡᠵᠦ ᠭᠠᠷᠬᠤ ᠨᠢ᠂ ᠠᠵᠤ ᠠᠬᠤᠢᠯᠠᠯ ᠤᠨ ᠨᠡᠷᠡᠢᠳᠦᠯ ᠨᠢ ᠠᠵᠤ ᠠᠬᠤᠢᠯᠠᠯ ᠤᠨ ᠳᠠᠩᠰᠤᠯᠠᠨ ᠲᠡᠮᠳᠡᠭᠯᠡᠬᠦ ᠦᠶᠡᠰ᠂ ᠠᠵᠤ ᠠᠬᠤᠢᠯᠠᠯ  ᠢ ᠳᠠᠩᠰᠤᠯᠠᠬᠤ ᠵᠢ ᠭᠣᠣᠯᠯᠠᠨ ᠬᠠᠮᠢᠶᠠᠷᠬᠤ ᠪᠠᠢᠭᠤᠯᠭ᠎ᠠ ᠡᠴᠡ ᠬᠢᠨᠠᠨ ᠳᠤᠭᠲᠠᠭᠠᠵᠤ᠂ ᠬᠢᠨᠠᠨ ᠳᠤᠭᠲᠠᠭᠠᠵᠤ ᠳᠠᠩᠰᠤᠯᠠᠨ ᠳᠤᠭᠲᠠᠭᠠᠭᠰᠠᠨ ᠤ ᠳᠠᠷᠠᠭ᠎ᠠ᠂ ᠳᠤᠭᠲᠠᠭᠰᠠᠨ ᠬᠡᠪᠴᠢᠶᠡᠨ ᠳᠣᠲᠤᠷ᠎ᠠ ᠲᠤᠰᠭᠠᠢ ᠬᠡᠷᠡᠭᠯᠡᠬᠦ ᠡᠷᠬᠡ ᠵᠢ ᠬᠦᠷᠲᠡᠨ᠎ᠡ᠃《 ᠬᠡᠪ ᠤᠨ  ᠪᠤᠰᠤ ᠥᠷᠢᠰᠦᠯᠳᠦᠭᠡᠨ ᠤ ᠡᠰᠡᠷᠭᠦᠴᠡᠬᠦ ᠬᠠᠤᠯᠢ》 ᠶᠢᠨ ᠲᠠᠪᠤᠳᠤᠭᠠᠷ ᠵᠤᠷᠪᠤᠰ ᠤᠨ ᠭᠤᠷᠪᠠᠳᠤᠭᠠᠷ ᠲᠥᠷᠦᠯ ᠤᠨ ᠳᠤᠭᠲᠠᠭᠠᠯ ᠢ ᠦᠨᠳᠦᠰᠦᠯᠡᠪᠡᠯ《 ᠳᠤᠷ᠎ᠠ ᠪᠡᠷ ᠢᠶᠡᠨ ᠪᠤᠰᠤᠳ ᠤᠨ ᠠᠵᠤ ᠠᠬᠤᠢᠯᠠᠯ ᠤᠨ ᠨᠡᠷ᠎ᠡ ᠡᠰᠡᠭᠦᠯ᠎ᠡ ᠣᠪᠤᠭ ᠨᠡᠷ᠎ᠡ ᠵᠢ ᠬᠡᠷᠡᠭᠯᠡᠵᠦ᠂ ᠪᠤᠰᠤᠳ ᠢ ᠪᠤᠷᠤᠭᠤ ᠪᠡᠷ  ᠬᠥᠲᠦᠯᠦᠨ ᠪᠤᠰᠤᠳ ᠤᠨ ᠲᠠᠸᠠᠷ ᠭᠡᠵᠦ ᠦᠵᠡᠭᠦᠯᠬᠦ》 ᠵᠢ ᠬᠡᠪ ᠤᠨ ᠪᠤᠰᠤ ᠥᠷᠢᠰᠦᠯᠳᠦᠭᠡᠨ ᠢᠶᠡᠷ ᠨᠤᠲᠤᠯᠠᠨ᠎ᠠ᠃ 《ᠪᠦᠭᠦᠳᠡ ᠨᠠᠢᠷᠠᠮᠳᠤᠬᠤ ᠳᠤᠮᠳᠠᠳᠤ ᠠᠷᠠᠳ ᠤᠯᠤᠰ ᠤᠨ ᠡᠩ ᠤᠨ ᠪᠤᠰᠤ ᠪᠡᠷ ᠥᠷᠢᠰᠦᠯᠳᠦᠬᠦ ᠵᠢ ᠡᠰᠡᠷᠭᠦᠴᠡᠬᠦ ᠬᠠᠤᠯᠢ》᠂《 ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠡᠩ ᠤᠨ ᠪᠤᠰᠤ ᠦᠷᠢᠰᠦᠯᠳᠤᠭᠡᠨ ᠢ  ᠰᠢᠭᠦᠨ ᠰᠢᠢᠳᠪᠦᠷᠢᠯᠡᠬᠦ ᠲᠤᠬᠠᠢ ᠬᠡᠷᠡᠭ ᠤᠨ ᠬᠠᠤᠯᠢ ᠬᠡᠷᠡᠭᠵᠢᠭᠦᠯᠦᠯᠲᠡ ᠶᠢᠨ ᠠᠰᠠᠭᠤᠳᠠᠯ ᠤᠳ ᠤᠨ ᠲᠠᠢᠯᠪᠤᠷᠢᠯᠠᠯᠲᠠ》 ᠵᠢᠷᠭᠤᠳᠤᠭᠠᠷ ᠵᠤᠷᠪᠤᠰ ᠤᠨ ᠨᠢᠭᠡᠳᠦᠭᠡᠷ ᠲᠥᠷᠦᠯ ᠤᠨ ᠳᠤᠭᠲᠠᠭᠠᠯ᠂ ᠵᠣᠬᠢᠬᠤ ᠵᠠᠬ᠎ᠠ ᠳᠡᠯᠭᠡᠭᠦᠷ ᠤᠨ ᠠᠯᠳᠠᠷᠰᠢᠯ ᠲᠠᠢ᠂ ᠤᠯᠠᠨ ᠤ ᠮᠡᠳᠡᠵᠦ ᠪᠠᠢᠭ᠎ᠠ ᠠᠵᠤ ᠠᠬᠤᠢᠯᠠᠯ ᠤᠨ ᠨᠡᠷᠡᠢᠳᠦᠯ ᠳᠣᠲᠤᠷᠠᠬᠢ  ᠬᠤᠳᠠᠯᠳᠤᠭᠠᠨ ᠤ ᠲᠡᠮᠳᠡᠭ ᠢ ᠬᠡᠪ ᠤᠨ ᠪᠤᠰᠤ ᠥᠷᠢᠰᠦᠯᠳᠦᠭᠡᠨ ᠢ ᠡᠰᠡᠷᠭᠦᠴᠡᠬᠦ ᠬᠠᠤᠯᠢ ᠶᠢᠨ ᠲᠠᠪᠤᠳᠤᠭᠠᠷ ᠵᠤᠷᠪᠤᠰ  ᠤᠨ ᠭᠤᠷᠪᠠᠳᠤᠭᠠᠷ ᠲᠥᠷᠦᠯ ᠤᠨ ᠳᠤᠭᠲᠠᠭᠠᠯ ᠳᠡᠬᠢ《 ᠠᠵᠤ ᠠᠬᠤᠢᠯᠠᠯ ᠤᠨ ᠨᠡᠷᠡᠢᠳᠦᠯ 》 ᠢᠶᠡᠷ ᠦᠵᠡᠵᠦ ᠪᠣᠯᠤᠨ᠎ᠠ᠃

    ᠬᠤᠶᠠᠷ᠂ ᠠᠵᠤ ᠠᠬᠤᠢᠯᠠᠯ ᠤᠨ ᠨᠡᠷᠡᠢᠳᠦᠯ ᠨᠢ ᠬᠡᠪ ᠤᠨ ᠪᠤᠰᠤ ᠥᠷᠢᠰᠦᠯᠳᠦᠭᠡᠨ ᠢ ᠡᠰᠡᠷᠭᠦᠴᠡᠬᠦ ᠬᠠᠤᠯᠢ ᠳᠣᠲᠤᠷᠠᠬᠢ ᠬᠠᠮᠠᠭᠠᠯᠠᠯᠲᠠ᠃

   ᠠᠵᠤ ᠠᠬᠤᠢᠯᠠᠯ ᠤᠨ ᠨᠡᠷᠡᠢᠳᠦᠯ ᠨᠢ ᠲᠠᠸᠠᠷ ᠤᠨ ᠲᠡᠮᠳᠡᠭ ᠪᠣᠯᠤᠭᠰᠠᠨ ᠤ ᠬᠤᠪᠢ ᠳᠤ᠂ ᠬᠢᠨᠠᠨ ᠳᠤᠭᠲᠠᠭᠠᠵᠤ  ᠳᠠᠩᠰᠤᠯᠠᠭᠰᠠᠨ ᠤ ᠳᠠᠷᠠᠭ᠎ᠠ᠂ ᠳᠤᠭᠲᠠᠭᠰᠠᠨ ᠬᠡᠪᠴᠢᠶᠡᠨ ᠳᠣᠲᠤᠷ᠎ᠠ ᠲᠤᠰᠭᠠᠢ ᠬᠡᠷᠡᠭᠯᠡᠬᠦ ᠡᠷᠬᠡ ᠵᠢ  ᠬᠦᠷᠲᠡᠵᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤᠮᠳᠠ ᠠᠵᠤ ᠠᠬᠤᠢᠯᠠᠯ ᠤᠨ ᠨᠡᠷᠡᠢᠳᠦᠯ ᠨᠢ ᠬᠡᠪ ᠤᠨ ᠪᠤᠰᠤ ᠥᠷᠢᠰᠦᠯᠳᠦᠭᠡᠨ ᠢ ᠡᠰᠡᠷᠭᠦᠴᠡᠬᠦ ᠬᠠᠤᠯᠢ ᠢ ᠬᠠᠮᠠᠭᠠᠯᠠᠯᠲᠠ ᠵᠢ ᠬᠦᠯᠢᠶᠡᠨ᠎ᠡ᠃ ᠠᠵᠤ ᠠᠬᠤᠢᠯᠠᠯ ᠤᠨ ᠨᠡᠷᠡᠢᠳᠦᠯ ᠤᠨ ᠬᠡᠪ ᠤᠨ ᠪᠤᠰᠤ ᠥᠷᠢᠰᠦᠯᠳᠦᠭᠡᠨ ᠤ ᠬᠠᠮᠠᠭᠠᠯᠠᠯᠲᠠ ᠳᠤᠮᠳᠠ᠂ ᠦᠨᠡᠨᠴᠢ ᠢᠲᠡᠭᠡᠮᠵᠢᠲᠠᠢ ᠪᠠᠢᠬᠤ ᠵᠠᠷᠴᠢᠮ᠂ ᠤᠷᠢᠳᠠᠪᠡᠷ ᠡᠵᠡᠮᠳᠡᠭᠰᠡᠨ ᠵᠠᠷᠴᠢᠮ ᠪᠠ ᠠᠯᠳᠠᠷᠰᠢᠯ ᠤᠨ ᠵᠠᠷᠴᠢᠮ ᠢ ᠵᠢᠷᠤᠮᠯᠠᠨ᠎ᠠ᠃ ᠶᠠᠮᠠᠷᠪᠠ ᠬᠥᠮᠦᠨ ᠭᠡᠳ ᠨᠡᠢᠲᠡ ᠶᠢᠨ ᠮᠡᠳᠡᠷᠡᠭᠰᠡᠨ ᠠᠵᠤ ᠠᠬᠤᠢᠯᠠᠯ ᠤᠨ ᠬᠡᠪ ᠴᠢᠨᠠᠷ ᠢ ᠳᠡᠷᠡᠰᠦᠯᠡᠵᠦ᠂ ᠪᠤᠰᠤᠳ ᠬᠥᠮᠦᠨ ᠤᠷᠢᠳᠠᠪᠡᠷ ᠵᠣᠬᠢᠬᠤ ᠬᠡᠮᠵᠢᠶᠠᠨ ᠤ ᠵᠠᠬ᠎ᠠ ᠳᠡᠯᠭᠡᠭᠦᠷ ᠤᠨ ᠠᠯᠳᠠᠷᠰᠢᠯ ᠲᠠᠢ ᠪᠣᠯᠤᠭᠰᠠᠨ ᠠᠵᠤ ᠠᠬᠤᠢᠯᠠᠯ ᠤᠨ ᠨᠡᠷᠡᠢᠳᠦᠯ ᠡᠰᠡᠭᠦᠯ᠎ᠡ ᠬᠤᠳᠠᠯᠳᠤᠭᠠᠨ ᠤ ᠲᠡᠮᠳᠡᠭ ᠢ ᠥᠪᠡᠷ ᠤᠨ ᠢᠶᠡᠨ ᠠᠵᠤ ᠠᠬᠤᠢᠯᠠᠯ ᠤᠨ ᠨᠡᠷᠡᠢᠳᠦᠯ ᠪᠤᠶᠤ ᠬᠤᠳᠠᠯᠳᠤᠭᠠᠨ ᠤ ᠲᠡᠮᠳᠡᠭ ᠪᠣᠯᠭᠠᠨ ᠳᠠᠩᠰᠤᠯᠠᠨ ᠬᠡᠷᠡᠭᠯᠡᠵᠦ ᠪᠣᠯᠬᠤ ᠦᠭᠡᠢ᠃

     ᠲᠤᠰ ᠬᠡᠷᠡᠭ ᠳᠣᠲᠤᠷᠠᠬᠢ ᠵᠠᠭᠠᠯᠳᠤᠭᠳᠠᠭᠴᠢ ᠶᠢᠨ ᠬᠡᠷᠡᠭᠯᠡᠭᠰᠡᠨ《  ᠲᠠᠢ ᠾᠸ》 ᠬᠤᠳᠠᠯᠳᠤᠭᠠᠨ ᠤ ᠲᠡᠮᠳᠡᠭ ᠨᠢ《ᠳᠤᠷ᠎ᠠ ᠪᠡᠷ ᠢᠶᠡᠨ ᠪᠤᠰᠤᠳ ᠤᠨ ᠠᠵᠤ ᠠᠬᠤᠢᠯᠠᠯ ᠤᠨ ᠨᠡᠷ᠎ᠡ ᠡᠰᠡᠭᠦᠯ᠎ᠡ ᠣᠪᠤᠭ ᠨᠡᠷ᠎ᠡ ᠵᠢ ᠬᠡᠷᠡᠭᠯᠡᠵᠦ᠂ ᠪᠤᠰᠤᠳ ᠢ ᠪᠤᠷᠤᠭᠤ ᠪᠡᠷ  ᠬᠥᠲᠦᠯᠦᠨ ᠪᠤᠰᠤᠳ ᠤᠨ ᠲᠠᠸᠠᠷ ᠭᠡᠵᠦ ᠦᠵᠡᠭᠦᠯᠬᠦ》 ᠬᠡᠪ ᠤᠨ ᠪᠤᠰᠤ ᠥᠷᠢᠰᠦᠯᠳᠦᠭᠡᠨ ᠤ ᠦᠢᠯᠡ ᠠᠵᠢᠯᠠᠯᠭ᠎ᠠ ᠮᠥᠨ ᠡᠰᠡᠬᠦ ᠵᠢ ᠮᠠᠭᠠᠳᠯᠠᠬᠤ ᠳᠤ ᠳᠣᠣᠷᠠᠬᠢ ᠲᠠᠪᠤᠨ ᠲᠠᠯ᠎ᠠ ᠵᠢ ᠰᠢᠭᠦᠨ ᠪᠠᠢᠴᠠᠭᠠᠬᠤ ᠬᠡᠷᠡᠭᠲᠠᠢ᠄

( ᠨᠢᠭᠡ) ᠵᠠᠭᠠᠯᠳᠤᠭᠴᠢ《 ᠲᠠᠢ ᠾᠸ》 ᠬᠤᠳᠠᠯᠳᠤᠭᠭᠠᠨ ᠤ ᠲᠡᠮᠳᠡᠭ ᠢ ᠤᠷᠢᠳᠠᠪᠡᠷ ᠬᠡᠷᠡᠭᠯᠡᠭᠰᠡᠨ ᠡᠰᠡᠬᠦ᠃

      ᠵᠠᠭᠠᠯᠳᠤᠭᠴᠢ2003 ᠣᠨ ᠤ5 ᠰᠠᠷ᠎ᠠ ᠶᠢᠨ20 ᠤ ᠡᠳᠦᠷ ᠪᠠᠢᠭᠤᠯᠤᠭᠳᠠᠵᠤ᠂ ᠨᠢᠭᠡᠨᠲᠡ《 ᠲᠠᠢ ᠾᠸ》 ᠬᠤᠳᠠᠯᠳᠤᠭᠠᠨ ᠤ ᠲᠡᠮᠳᠡᠭ ᠢ ᠠᠵᠤ ᠠᠬᠤᠢᠯᠠᠯ ᠤᠨ ᠨᠡᠷᠡᠢᠳᠦᠯ ᠪᠣᠯᠭᠠᠨ ᠳᠠᠩᠰᠤᠯᠠᠵᠤ᠂ ᠮᠠᠨ ᠤ ᠤᠯᠤᠰ ᠤᠨ《 ᠠᠵᠤ ᠠᠬᠤᠢᠯᠠᠯ ᠤᠨ ᠨᠡᠷᠡᠢᠳᠦᠯ  ᠤᠨ ᠳᠠᠩᠰᠤᠯᠠᠯᠲᠠ ᠶᠢᠨ ᠬᠠᠮᠢᠶᠠᠷᠤᠯᠲᠠ ᠶᠢᠨ ᠬᠠᠤᠯᠢ》 ᠤᠨ ᠬᠠᠮᠢᠶᠠᠲᠠᠢ ᠳᠤᠭᠲᠠᠭᠠᠯ ᠢ ᠦᠨᠳᠦᠰᠦᠯᠡᠪᠡᠯ᠂ ᠵᠠᠭᠠᠯᠳᠤᠭᠴᠢ ᠶᠢᠨ ᠠᠵᠤ ᠠᠬᠤᠢᠯᠠᠯ ᠪᠠᠢᠭᠤᠯᠤᠭᠳᠠᠭᠰᠠᠨ ᠡᠳᠦᠷ ᠡᠴᠡ ᠨᠡᠷᠡᠢᠳᠦᠯ ᠤᠨ ᠡᠷᠬᠡ ᠲᠠᠢ᠃ ᠳᠠᠩᠰᠤᠯᠠᠨ ᠪᠠᠢᠭᠤᠯᠤᠭᠰᠠᠨ ᠤ ᠳᠠᠷᠠᠭ᠎ᠠ᠂ ᠵᠠᠭᠠᠯᠳᠤᠭᠴᠢ《 ᠲᠠᠢ ᠾᠸ》 ᠭᠡᠬᠦ ᠲᠠᠸᠠᠷ ᠤᠨ ᠲᠡᠮᠳᠡᠭ  ᠢᠶᠡᠷ ᠴᠢᠯᠠᠭᠤᠨ ᠲᠣᠰᠤ ᠰᠢᠲᠠᠮᠠᠬᠠᠢ ᠬᠡᠢ  ᠶᠢᠨ ᠬᠤᠳᠳᠤᠭ ᠳᠣᠣᠷᠠᠬᠢ  ᠤᠷᠤᠰᠭᠠᠯ ᠠᠷᠪᠢᠯᠠᠬᠤ ᠲᠥᠬᠦᠭᠡᠷᠡᠮᠵᠢ ᠶᠢᠨ ᠦᠢᠯᠡᠴᠢᠯᠡᠭᠡ ᠬᠢᠵᠦ᠂2008 ᠣᠨ ᠡᠴᠡ ᠡᠬᠢᠯᠡᠨ ᠴᠠᠩ ᠴᠢᠩ ᠲᠤᠰᠤᠨ ᠠᠭᠤᠷᠬᠠᠢ ᠢᠶᠡᠨ ᠱᠦᠷᠬᠡᠢ ᠣᠷᠤᠨ ᠳᠤ ᠬᠡᠢ ᠶᠢᠨ ᠬᠤᠳᠳᠤᠭ ᠤᠨ ᠬᠤᠳᠳᠤᠭ  ᠳᠣᠣᠷᠠᠬᠢ ᠤᠷᠤᠰᠭᠠᠯ ᠠᠷᠪᠢᠯᠠᠬᠤ ᠳᠥᠬᠦᠭᠡᠷᠡᠮᠵᠢ ᠶᠢᠨ ᠰᠢᠨ᠎ᠡ ᠪᠦᠲᠦᠭᠡᠭᠳᠡᠬᠦᠨ ᠢ ᠲᠤᠷᠰᠢᠬᠤ ᠪᠠ ᠳᠡᠯᠭᠡᠷᠡᠭᠦᠯᠦᠯᠲᠡ ᠬᠢᠵᠦ᠂ ᠮᠥᠨ ᠤᠯᠠᠨ ᠬᠠᠷᠢᠴᠠᠭᠠᠨ ᠤ ᠡᠷᠦᠬᠡ ᠲᠠᠢ ᠮᠡᠷᠭᠡᠵᠢᠯ  ᠤᠨ ᠦᠢᠯᠡᠴᠢᠯᠡᠭᠡ  ᠶᠢᠨ ᠭᠡᠷ᠎ᠡ ᠳᠤᠭᠲᠠᠪᠠ᠃ ᠬᠠᠷᠢᠨ ᠵᠠᠭᠠᠯᠳᠤᠭᠳᠠᠭᠴᠢ2009 ᠣᠨ ᠤ7 ᠰᠠᠷ᠎ᠠ ᠶᠢᠨ14 ᠤ ᠡᠳᠦᠷ ᠪᠠᠢᠭᠤᠯᠤᠭᠳᠠᠵᠤ᠂2010 ᠣᠨ ᠤ6 ᠰᠠᠷ᠎ᠠ ᠶᠢᠨ24 ᠤ ᠡᠳᠦᠷ ᠴᠠᠩ ᠴᠢᠩ ᠲᠤᠰᠤᠨ ᠠᠭᠤᠷᠬᠠᠢ ᠶᠢᠨ ᠱᠦᠷᠬᠡᠢ ᠣᠷᠤᠨ ᠤ ᠬᠡᠰᠡᠭ ᠪᠥᠯᠦᠭ ᠬᠠᠷᠢᠴᠠᠭᠠᠨ ᠤ ᠡᠷᠦᠬᠡ ᠲᠠᠢ ᠮᠡᠷᠭᠡᠵᠢᠯ ᠤ ᠦᠢᠯᠡᠴᠢᠯᠡᠭᠡ ᠶᠢᠨ ᠬᠠᠷᠢᠴᠠᠭ᠎ᠠ ᠪᠠᠢᠭᠤᠯᠪᠠ᠃ ᠡᠭᠦᠨ ᠡᠴᠡ ᠦᠵᠡᠵᠦ ᠭᠠᠷᠬᠤ ᠨᠢ ᠵᠠᠭᠠᠯᠳᠤᠭᠴᠢ ᠡᠴᠡ《 ᠲᠠᠢ ᠾᠸ》 ᠭᠡᠬᠦ ᠬᠤᠳᠠᠯᠳᠤᠭᠠᠨ ᠤ ᠲᠡᠮᠳᠡᠭ ᠤᠨ ᠡᠷᠬᠡ ᠵᠢ ᠣᠯᠵᠤ ᠬᠤᠳᠠᠯᠳᠤᠭᠠᠨ ᠳᠤ ᠬᠡᠷᠡᠭᠯᠡᠭᠰᠡᠨ ᠴᠠᠭ ᠬᠤᠭᠤᠴᠠᠭ᠎ᠠ ᠵᠢᠴᠢ ᠴᠠᠩ ᠴᠢᠩ ᠲᠤᠰᠤᠨ ᠠᠭᠤᠷᠬᠠᠢ ᠶᠢᠨ ᠱᠦᠷᠬᠡᠢ ᠣᠷᠤᠨ ᠳᠤ ᠠᠵᠤ ᠠᠬᠤᠢ ᠶᠢᠨ ᠦᠢᠯᠡᠴᠢᠯᠡᠭᠡ ᠬᠢᠭᠰᠡᠨ ᠴᠠᠭ ᠬᠤᠭᠤᠴᠠᠭ᠎ᠠ ᠨᠢ ᠴᠥᠮ ᠵᠠᠭᠠᠯᠳᠤᠭᠳᠠᠭᠴᠢ ᠡᠴᠡ ᠡᠷᠲᠡ ᠪᠠᠢᠵᠤ᠂ ᠵᠠᠭᠠᠯᠳᠤᠭᠴᠢ ᠡᠴᠡ ᠤᠷᠢᠳᠠᠪᠡᠷ ᠠᠵᠤ ᠠᠤᠢᠯᠠᠯ ᠤᠨ ᠨᠡᠷᠡᠢᠳᠦᠯ  ᠤᠨ ᠡᠷᠬᠡ ᠵᠢ ᠣᠯᠪᠠ᠃

( ᠬᠤᠶᠠᠷ) ᠵᠠᠭᠠᠯᠳᠤᠭᠴᠢ ᠶᠢᠨ《 ᠲᠠᠢ ᠾᠸ》 ᠬᠤᠳᠠᠯᠳᠤᠭᠠᠨ ᠤ ᠲᠡᠮᠳᠡᠭ ᠨᠡᠯᠢᠶᠡᠳ ᠥᠨᠳᠦᠷ ᠬᠡᠮᠵᠢᠶᠠᠨ ᠤ ᠠᠯᠳᠠᠷᠰᠢᠴᠠ ᠲᠠᠢ ᠡᠰᠡᠬᠦ᠃

      ᠵᠠᠭᠠᠯᠳᠤᠭᠴᠢ ᠪᠠᠢᠭᠤᠯᠤᠭᠳᠠᠭᠰᠠᠨ ᠡᠴᠡ ᠠᠪᠤᠭᠠᠳ《 ᠲᠠᠢ ᠾᠸ》 ᠪᠡᠷ ᠠᠵᠤ ᠠᠬᠤᠢᠯᠠᠯ ᠤᠨ ᠬᠤᠳᠠᠯᠳᠤᠭᠠᠨ ᠤ ᠲᠡᠮᠳᠡᠭ ᠪᠠ ᠮᠡᠷᠭᠡᠵᠢᠯ ᠤᠨ ᠦᠢᠯᠡᠴᠢᠯᠡᠭᠡ ᠶᠢᠨ ᠲᠡᠮᠳᠡᠭ ᠪᠣᠯᠭᠠᠨ ᠬᠡᠷᠡᠭᠯᠡᠵᠦ᠂ ᠵᠠᠭᠠᠯᠳᠤᠭᠴᠢ ᠶᠢᠨ ᠲᠤᠰᠭᠠᠢ ᠠᠰᠢᠭ ᠤᠨ ᠡᠷᠬᠡ ᠣᠯᠤᠭᠰᠠᠨ ᠬᠤᠳᠳᠤᠭ ᠳᠣᠣᠷᠠᠬᠢ ᠤᠷᠤᠰᠭᠠᠯ ᠠᠷᠪᠢᠯᠠᠬᠤ ᠳᠥᠬᠦᠭᠡᠷᠡᠮᠵᠢ ᠨᠢ ᠴᠠᠩ ᠴᠢᠩ ᠲᠤᠰᠤᠨ ᠠᠭᠤᠷᠬᠠᠢ ᠶᠢᠨ ᠱᠦᠷᠬᠡᠢ ᠣᠷᠤᠨ ᠳᠤ ᠥᠷᠭᠡᠨ ᠢᠶᠡᠷ ᠬᠡᠷᠡᠭᠯᠡᠭᠳᠡᠵᠦ᠂ ᠨᠡᠯᠢᠶᠡᠳ ᠥᠨᠳᠦᠷ ᠵᠠᠬ᠎ᠠ ᠳᠡᠯᠭᠡᠭᠦᠷ ᠤᠨ ᠡᠵᠡᠯᠡᠬᠦ ᠬᠠᠷᠢᠴᠠᠯ ᠲᠠᠢ ᠪᠠᠢᠵᠤ᠂ ᠮᠥᠨ ᠮᠠᠰᠢ ᠴᠢᠳᠠᠮᠵᠢ ᠪᠠ ᠴᠢᠨᠠᠷ ᠴᠢᠨᠰᠠᠭ᠎ᠠ ᠪᠡᠷ  ᠢᠶᠡᠨ ᠭᠣᠣᠯᠳᠠᠯᠭ᠎ᠠ ᠲᠠᠢ ᠬᠠᠷᠢᠴᠠᠭᠠᠨ ᠤ ᠡᠷᠦᠬᠡ ᠶᠢᠨ ᠨᠤᠲᠠᠯᠠᠯᠲᠠ ᠵᠢ ᠣᠯᠵᠤ᠂  ᠡᠭᠦᠨ ᠡᠴᠡ ᠵᠠᠭᠠᠯᠳᠤᠭᠳᠠᠭᠴᠢ ᠶᠢᠨ ᠺᠣᠮᠫᠠᠨᠢ  ᠪᠠᠢᠭᠤᠯᠤᠭᠳᠠᠬᠤ ᠦᠶᠡᠰ《 ᠲᠠᠢ ᠾᠸ》 ᠬᠤᠳᠠᠯᠳᠤᠭᠠᠨ ᠤ ᠲᠡᠮᠳᠡᠭ ᠨᠢ ᠠᠵᠢᠯ ᠲᠥᠷᠦᠯ ᠤᠨ ᠳᠣᠲᠤᠷᠠᠬᠢ ᠬᠥᠮᠦᠰ ᠨᠡᠢᠳᠡᠮ ᠮᠡᠳᠡᠵᠦ᠂ ᠠᠵᠢᠯ ᠲᠥᠷᠦᠯ ᠤᠨ ᠳᠤᠮᠳᠠ ᠨᠡᠯᠢᠶᠡᠳ ᠠᠯᠳᠠᠷᠰᠢᠴᠠ ᠲᠠᠢ ᠪᠣᠯᠤᠭᠰᠠᠨ ᠢ ᠮᠡᠳᠡᠵᠦ ᠪᠣᠯᠤᠨ᠎ᠠ᠃

( ᠭᠤᠷᠪᠠ) ᠵᠠᠬ᠎ᠠ ᠳᠡᠯᠭᠡᠭᠦᠷ ᠤᠨ  ᠬᠤᠳᠭᠤᠯᠳᠤᠯ ᠡᠭᠦᠰᠭᠡᠭᠰᠡᠨ ᠡᠰᠡᠬᠦ᠃

 ᠎    ᠵᠠᠭᠠᠯᠳᠤᠭᠴᠢ᠂ ᠵᠠᠭᠠᠯᠳᠤᠭᠳᠠᠭᠴᠢ  ᠺᠣᠮᠫᠠᠨᠢ ᠶᠢᠨ ᠪᠠᠢᠭ᠎ᠠ ᠭᠠᠵᠠᠷ ᠨᠢ ᠴᠥᠮ ᠨᠢ ᠾᠸᠨᠠᠨ ᠮᠤᠵᠢ ᠶᠢᠨxx ᠬᠣᠲᠠ ᠶᠢᠨ ᠪᠠᠢᠵᠤ᠂ ᠡᠵᠡᠩᠨᠡᠬᠦ ᠬᠡᠪᠴᠢᠶ᠎ᠡ ᠨᠢ ᠴᠥᠮ ᠲᠣᠰᠤ ᠬᠡᠢ ᠶᠢᠨ ᠠᠭᠤᠷᠬᠠᠢ ᠶᠢᠨ ᠥᠷᠦᠮᠳᠡᠵᠦ ᠭᠠᠷᠭᠠᠨ ᠠᠪᠬᠤ ᠪᠠᠷᠢᠯᠭ᠎ᠠ ᠶᠢᠨ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠭᠣᠣᠯ ᠬᠠᠷᠢᠴᠠᠭᠠᠨ ᠤ ᠡᠷᠦᠬᠡ ᠨᠢ ᠴᠥᠮ ᠴᠠᠩ ᠴᠢᠩ ᠲᠤᠰᠤᠨ ᠠᠭᠤᠷᠬᠠᠢ ᠶᠢᠨ ᠱᠦᠷᠬᠡᠢ ᠣᠷᠤᠨ ᠳᠤ ᠪᠠᠢᠵᠤ᠂ ᠡᠦxx ᠤᠤᠯ ᠨᠢ ᠵᠠᠭᠠᠯᠳᠤᠭᠴᠢ ᠶᠢᠨ ᠲᠥᠷᠦᠯ ᠤᠨ ᠵᠦᠢᠯ  ᠤᠨ ᠬᠠᠷᠢᠭᠤᠴᠠᠬᠤ ᠬᠥᠮᠦᠨ᠂ ᠪᠦᠯᠭᠦᠮ ᠤᠨ ᠬᠠᠷᠢᠯᠴᠠᠬᠤ ᠬᠥᠮᠦᠨ ᠪᠠᠢᠵᠤ᠂ ᠰᠡᠭᠦᠯᠡᠷ ᠨᠢ ᠵᠠᠭᠠᠯᠳᠤᠭᠳᠠᠭᠴᠢ ᠶᠢᠨ ᠪᠦᠯᠭᠦᠮ ᠤᠨ ᠬᠠᠷᠢᠯᠴᠠᠬᠤ ᠬᠥᠮᠦᠨ ᠪᠣᠯᠵᠤ᠂ ᠪᠤᠰᠤᠳᠴᠢ ᠲᠠᠯ᠎ᠠ ᠡᠴᠡ ᠠᠪᠴᠤ ᠦᠵᠡᠪᠡᠯ ᠬᠠᠮᠢᠶᠠᠲᠠᠢ ᠬᠠᠷᠢᠴᠠᠭᠠᠨ ᠤ ᠡᠷᠦᠬᠡ  ᠶᠢᠨ  ᠣᠢᠯᠭᠠᠯᠲᠠ ᠵᠢ ᠬᠤᠳᠭᠤᠯᠳᠤᠭᠤᠯᠤᠨ᠂ ᠵᠠᠭᠠᠯᠳᠤᠭᠳᠠᠭᠴᠢ ᠡᠴᠡ《 ᠲᠠᠢ ᠾᠸ》 ᠬᠤᠳᠠᠯᠳᠤᠭᠠᠨ ᠤ ᠲᠡᠮᠳᠡᠭ  ᠲᠠᠢ ᠠᠵᠤ ᠠᠬᠤᠢᠯᠠᠯ  ᠤᠨ ᠨᠡᠷᠡᠢᠳᠦᠯ ᠢ ᠬᠡᠷᠡᠭᠯᠡᠨ ᠵᠠᠬ᠎ᠠ ᠳᠡᠯᠭᠡᠭᠦᠷ ᠤᠨ ᠬᠤᠳᠭᠤᠯᠳᠤᠯ ᠡᠭᠦᠰᠭᠡᠭᠰᠡᠨ ᠢ ᠮᠠᠭᠠᠳᠯᠠᠨ ᠳᠤᠭᠲᠠᠭᠠᠵᠤ ᠪᠣᠯᠤᠨ᠎ᠠ᠃

(ᠳᠥᠷᠪᠡ) ᠵᠠᠭᠠᠯᠳᠤᠭᠳᠠᠭᠴᠢ ᠡᠴᠡ ᠪᠡᠶᠡᠴᠢ ᠲᠠᠯ᠎ᠠ ᠶᠢᠨ ᠮᠠᠭᠤ ᠰᠠᠨᠠᠭ᠎ᠠ ᠪᠠᠢᠬᠤ ᠡᠰᠡᠬᠦ᠃

     ᠳᠠᠩᠰᠠᠯᠠᠭᠰᠠᠨᠭᠠᠵᠠᠷ ᠨᠢ ᠴᠥᠮ ᠾᠸᠨᠠᠨ ᠮᠤᠵᠢ ᠶᠢᠨxx ᠬᠣᠲᠠ ᠶᠢᠨ ᠪᠠᠢᠵᠤ᠂ ᠠᠳᠠᠯᠢ ᠲᠥᠷᠦᠯ  ᠤᠨ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠵᠠᠭᠠᠯᠳᠤᠭᠳᠠᠭᠴᠢ ᠡᠴᠡ ᠠᠵᠤ ᠠᠬᠤᠢᠯᠠᠯ ᠤᠨ ᠨᠡᠷᠡᠢᠳᠦᠯ ᠢ ᠭᠤᠶᠤᠴᠢᠯᠠᠨ ᠳᠠᠩᠰᠤᠯᠠᠬᠤ ᠦᠶᠡᠰ᠂ ᠵᠠᠭᠠᠯᠳᠤᠭᠴᠢ ᠶᠢᠨ ᠤᠷᠢᠳᠠᠪᠡᠷ ᠳᠠᠩᠰᠤᠯᠠᠵᠤ᠂《 ᠲᠠᠢ ᠾᠸ》 ᠭᠡᠬᠦ ᠬᠤᠳᠠᠯᠳᠤᠭᠠᠨ ᠤ ᠲᠡᠮᠳᠡᠭ ᠢ ᠮᠡᠳᠡᠬᠦ ᠶᠣᠰᠣᠲᠠᠢ ᠪᠠᠢᠵᠤ᠂ ᠵᠠᠭᠠᠯᠳᠤᠭᠳᠠᠭᠴᠢ ᠡᠴᠡ ᠵᠠᠭᠠᠯᠳᠤᠭᠴᠢ ᠶᠢᠨ ᠵᠥᠪᠰᠢᠶᠡᠷᠡᠯ ᠦᠭᠡᠢ ᠪᠡᠷ᠂ ᠰᠡᠭᠦᠯᠡᠷ ᠨᠢ ᠵᠠᠭᠠᠯᠳᠤᠭᠴᠢ ᠶᠢᠨ ᠡᠷᠲᠡ ᠡᠴᠡ ᠬᠠᠮᠢᠶᠠᠲᠠᠢ ᠤᠯᠠᠨ ᠨᠡᠢᠲᠡ ᠳᠤ ᠲᠠᠨᠢᠭᠳᠠᠵᠤ᠂ ᠵᠣᠬᠢᠬᠤ  ᠵᠠᠬ᠎ᠠ ᠳᠡᠯᠭᠡᠭᠦᠷ ᠤᠨ ᠠᠯᠳᠠᠷᠰᠢᠯ ᠲᠠᠢ ᠪᠣᠯᠤᠭᠰᠠᠨ《 ᠲᠠᠢ ᠾᠸ》 ᠬᠤᠳᠠᠯᠳᠤᠭᠠᠨ ᠤ ᠲᠡᠮᠳᠡᠭ ᠢᠶᠡᠷ ᠥᠪᠡᠷ ᠤᠨ ᠢᠶᠡᠨ ᠬᠤᠳᠠᠯᠳᠤᠭᠠᠨ ᠤ ᠲᠡᠮᠳᠡᠭ ᠪᠣᠯᠭᠠᠵᠤ᠂ ᠠᠳᠠᠯᠢ  ᠨᠢᠭᠡ ᠣᠷᠤᠨ ᠬᠡᠪᠴᠢᠶᠡᠨ ᠳᠤ ᠠᠳᠠᠯᠢ ᠲᠥᠷᠦᠯ ᠤᠨ ᠮᠡᠷᠭᠡᠵᠢᠯ ᠤᠨ ᠦᠢᠯᠡᠴᠢᠯᠡᠭᠡ  ᠬᠠᠩᠭᠠᠵᠤ᠂ ᠵᠠᠭᠠᠯᠳᠤᠭᠳᠠᠭᠴᠢ ᠡᠴᠡ《 ᠪᠡᠯᠡᠨ ᠪᠤᠳᠠᠭ᠎ᠠ ᠢᠳᠡᠬᠦ》 ᠭᠡᠬᠦ ᠪᠡᠶᠡᠴᠢ ᠲᠠᠯ᠎ᠠ ᠶᠢᠨ ᠮᠠᠭᠤ ᠰᠠᠭ᠎ᠠ ᠪᠠᠢᠬᠤ ᠵᠢ ᠮᠠᠭᠠᠳᠯᠠᠨ ᠳᠤᠭᠲᠠᠭᠠᠵᠤ ᠪᠣᠯᠤᠨ᠎ᠠ᠃

 ( ᠲᠠᠪᠤ) ᠵᠠᠭᠠᠯᠳᠤᠭᠳᠠᠭᠴᠢ ᠥᠪᠡᠷ ᠤᠨ ᠳᠤᠷ᠎ᠠ ᠪᠡᠷ ᠢᠶᠡᠨ ᠬᠡᠷᠡᠭᠯᠡᠭᠰᠡᠨ ᠡᠰᠡᠬᠦ᠃

  《 ᠳᠤᠷ᠎ᠠ ᠪᠡᠷ  ᠢᠶᠡᠨ ᠬᠡᠷᠡᠭᠯᠡᠬᠦ》 ᠨᠢ ᠳᠣᠣᠷᠠᠬᠢ ᠮᠡᠲᠦ ᠬᠡᠳᠦᠨ ᠵᠦᠢᠯ ᠤᠨ ᠪᠠᠢᠳᠠᠯ ᠪᠠᠢᠳᠠᠭ᠄ ᠨᠢᠭᠡᠳᠦᠭᠡᠷ ᠵᠦᠢᠯ᠂ ᠪᠤᠰᠤᠳ ᠤᠨ ᠠᠵᠤ ᠠᠬᠤᠢᠯᠠᠯ ᠤᠨ ᠨᠡᠷᠡᠢᠳᠦᠯ ᠢ ᠬᠤᠭᠤᠷᠮᠠᠭᠯᠠᠨ ᠬᠡᠡᠭᠯᠡᠬᠦ ᠪᠤᠶᠤ ᠬᠡᠷᠡᠭᠯᠡᠬᠦ᠂ ᠪᠤᠰᠤᠳ ᠤᠨ ᠠᠵᠤ ᠠᠬᠤᠢᠯᠠᠯ ᠤᠨ ᠨᠡᠷᠡᠢᠳᠦᠯ ᠢ ᠬᠠᠭᠤᠷᠮᠠᠭᠯᠠᠵᠤ ᠥᠪᠡᠷ ᠤᠨ ᠠᠵᠤ ᠠᠬᠤᠢᠯᠠᠯ ᠳᠤ ᠪᠡᠨ ᠬᠠᠤᠯᠢ ᠪᠤᠰᠤ ᠠᠰᠢᠭ ᠬᠣᠨᠵᠢᠪᠤᠷᠢ ᠤᠯᠬᠤ ᠬᠠᠭᠤᠷᠮᠠᠭ ᠠᠵᠢᠯᠠᠯᠭ᠎ᠠ᠃ ᠬᠣᠶᠠᠳᠤᠭᠠᠷ ᠵᠦᠢᠯ᠂ ᠵᠥᠪᠰᠢᠶᠡᠷᠡᠯ  ᠦᠭᠡᠢ ᠪᠡᠷ ᠪᠤᠰᠤᠳ ᠤᠨ ᠠᠵᠤ ᠠᠬᠤᠢᠯᠠᠯ ᠤᠨ ᠨᠡᠷᠡᠯᠳᠦᠯ ᠳᠣᠲᠤᠷᠠᠬᠢ ᠬᠤᠳᠠᠯᠳᠤᠭᠠᠨ ᠤ ᠲᠡᠮᠳᠡᠭ ᠲᠠᠢ ᠠᠳᠠᠯᠢ ᠪᠤᠶᠤ ᠠᠳᠠᠯᠢᠪᠲᠤᠷ ᠦᠰᠦᠭ ᠪᠢᠴᠢᠭ᠌ ᠢᠶᠡᠷ ᠲᠠᠸᠠᠷ ᠤᠨ ᠲᠡᠮᠳᠡᠭ ᠳᠠᠩᠰᠤᠯᠠᠵᠤ᠂ ᠬᠠᠮᠢᠶᠠᠲᠠᠢ ᠤᠯᠠᠨ ᠲᠦᠮᠡᠨ  ᠳᠤ ᠠᠵᠤ ᠠᠬᠤᠢᠯᠠᠯ ᠤᠨ ᠥᠮᠴᠢᠯᠡᠭᠴᠢ ᠪᠣᠯᠤᠨ ᠲᠠᠸᠠᠷ ᠤᠨ ᠲᠠᠩᠰᠤᠯᠠᠭᠰᠠᠨ ᠬᠥᠮᠦᠨ ᠢ ᠪᠤᠷᠤᠭᠤ ᠲᠠᠨᠢᠭᠤᠯᠬᠤ ᠪᠤᠶᠤ ᠪᠤᠷᠤᠭᠤ ᠣᠢᠯᠭᠠᠯᠲᠠ ᠥᠭᠬᠦ᠃ ᠭᠤᠷᠪᠠᠳᠤᠭᠠᠷ ᠵᠦᠢᠯ᠂ ᠡᠷᠬᠡ ᠲᠠᠢ ᠬᠥᠮᠦᠨ ᠤ ᠵᠥᠪᠢᠰᠶᠡᠷᠡᠯ ᠦᠭᠡᠢ ᠪᠡᠷ ᠠᠳᠠᠯᠢ ᠪᠤᠶᠤ ᠠᠳᠠᠯᠢᠪᠲᠤᠷ ᠠᠵᠤ ᠠᠬᠤᠢᠯᠠᠯ ᠤᠨ ᠨᠡᠷᠡᠢᠳᠦᠯ ᠢ ᠥᠪᠡᠷ ᠤᠨ ᠢᠶᠡᠨ ᠠᠵᠤ ᠠᠬᠤᠢᠯᠠᠯ ᠤᠨ ᠨᠡᠷᠡᠢᠳᠦᠯ ᠪᠣᠯᠭᠠᠨ ᠳᠠᠩᠰᠤᠯᠠᠨ ᠬᠡᠷᠡᠭᠯᠡᠬᠦ ᠠᠵᠢᠯᠠᠯᠭ᠎ᠠ᠂ ᠪᠤᠰᠤᠳᠴᠢ ᠲᠠᠯ᠎ᠠ ᠡᠴᠡ ᠬᠠᠷᠠᠮᠵᠢ ᠦᠭᠡᠢ ᠪᠡᠷ ᠪᠤᠰᠤᠳ ᠤᠨ ᠠᠵᠤ ᠠᠬᠤᠢᠯᠠᠯ ᠤᠨ ᠨᠡᠷ᠎ᠡ ᠬᠦᠨᠳᠦ ᠵᠢ ᠠᠰᠢᠭᠯᠠᠪᠠ᠃ ᠲᠤᠰ ᠬᠡᠷᠡᠭ ᠨᠢ ᠭᠤᠷᠪᠠᠳᠤᠭᠠᠷ ᠵᠦᠢᠯ ᠳᠤ ᠬᠠᠷᠢᠶᠠᠯᠠᠭᠳᠠᠪᠠᠯ  ᠵᠣᠬᠢᠵᠤ᠂ ᠵᠠᠭᠠᠯᠳᠤᠭᠳᠠᠭᠴᠢ ᠠᠵᠤ ᠠᠬᠤᠢᠯᠠᠯ  ᠤᠨ ᠨᠡᠷᠡᠢᠳᠦᠯ ᠨᠢ ᠠᠵᠤ ᠦᠢᠯᠡᠳᠪᠦᠷᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠡᠴᠡ ᠬᠠᠤᠯᠢ ᠶᠣᠰᠣᠭᠠᠷ ᠪᠦᠷᠢᠳᠭᠡᠨ  ᠳᠠᠩᠰᠤᠯᠠᠭᠤᠯᠵᠤ᠂ ᠬᠡᠳᠦᠢᠪᠡᠷ ᠣᠳᠣᠬᠠᠨ ᠳᠤ《  ᠬᠡᠪ ᠤᠨ ᠪᠤᠰᠤ ᠥᠷᠢᠰᠦᠯᠳᠦᠭᠡᠨ ᠢ ᠡᠰᠡᠷᠭᠦᠴᠡᠬᠦ ᠬᠠᠤᠯᠢ》 ᠤᠨ ᠲᠠᠪᠤᠳᠤᠭᠠᠷ ᠵᠤᠷᠪᠤᠰ ᠤᠨ ᠭᠤᠷᠪᠠᠳᠤᠭᠠᠷ ᠲᠥᠷᠦᠯ ᠳᠤ《 ᠳᠤᠷ᠎ᠠ ᠪᠡᠷ  ᠢᠶᠡᠨ ᠬᠡᠷᠡᠭᠯᠡᠬᠦ》 ᠲᠤᠬᠠᠢ ᠬᠠᠤᠯᠢ ᠴᠠᠭᠠᠵᠠ ᠶᠢᠨ ᠲᠠᠢᠯᠤᠮᠵᠢ ᠦᠭᠡᠢ ᠴᠦ᠂ ᠠᠵᠤ ᠠᠬᠤᠢᠯᠠᠯ ᠡᠴᠡ ᠠᠵᠤ ᠦᠢᠯᠡᠳᠪᠦᠷᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢ ᠡᠴᠡ ᠳᠠᠩᠰᠤᠯᠠᠭᠰᠠᠨ ᠢᠶᠡᠷ ᠰᠢᠯᠲᠠᠭ ᠪᠣᠯᠭᠠᠨ ᠡᠰᠡᠷᠭᠦᠴᠡᠯᠳᠦᠵᠦ ᠪᠣᠯᠬᠤ ᠦᠭᠡᠢ᠃ ᠬᠡᠳᠦᠢᠪᠡᠷ ᠠᠵᠤ ᠠᠬᠤᠢᠯᠠᠯ ᠤᠨ ᠨᠡᠷᠡᠢᠳᠦᠯ ᠤᠨ ᠬᠠᠮᠢᠶᠠᠷᠤᠯᠲᠠ ᠨᠢ ᠠᠵᠤ ᠦᠢᠯᠡᠳᠪᠦᠷᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠷᠬᠡ ᠶᠢᠨ ᠬᠡᠪᠴᠢᠶᠠᠨ ᠳᠣᠲᠤᠷ᠎ᠠ ᠪᠠᠢᠭ᠎ᠠ ᠪᠣᠯᠪᠠᠴᠤ ᠠᠵᠤ ᠠᠬᠤᠢᠯᠠᠯ ᠤᠨ ᠨᠡᠷᠡᠢᠳᠦᠯ  ᠢ ᠬᠡᠷᠡᠭᠯᠡᠨ ᠪᠤᠰᠤᠳ ᠤᠨ ᠬᠠᠤᠯᠢ ᠶᠣᠰᠤᠨ ᠤ ᠢᠷᠭᠡᠨ ᠤ ᠬᠡᠷᠡᠭ ᠤᠨ ᠡᠷᠬᠡ ᠳᠤ ᠬᠠᠯᠳᠤᠵᠤ᠂ ᠬᠡᠪ ᠤᠨ ᠪᠤᠰᠤ ᠥᠷᠢᠰᠦᠯᠳᠦᠬᠦ ᠦᠢᠯᠡ ᠠᠵᠢᠯᠯᠠᠭ᠎ᠠ ᠨᠢ ᠠᠷᠠᠳ ᠤᠨ ᠰᠢᠭᠦᠬᠦ ᠬᠣᠷᠢᠶᠠᠨ ᠤ ᠡᠷᠬᠡ ᠶᠢᠨ ᠬᠡᠪᠴᠢᠶᠠᠨ ᠳᠤ ᠬᠠᠷᠢᠶᠠᠯᠠᠭᠳᠠᠵᠤ᠂ ᠰᠢᠭᠦᠬᠦ ᠬᠣᠷᠢᠶᠠᠨ ᠡᠴᠡ ᠢᠷᠭᠡᠨ ᠤ ᠬᠡᠷᠡᠭ ᠤᠨ ᠬᠠᠷᠢᠭᠤᠴᠠᠯᠭ᠎ᠠ ᠶᠢᠨ ᠬᠡᠯᠪᠡᠷᠢ ᠪᠡᠷ ᠬᠠᠷᠠᠭᠠᠯᠵᠠᠭᠰᠠᠨ ᠬᠡᠪ ᠤᠨ ᠪᠤᠰᠤ ᠥᠷᠢᠰᠦᠯᠳᠦᠭᠡᠨ  ᠳᠤ ᠰᠢᠢᠳᠭᠡᠯ ᠭᠠᠷᠭᠠᠬᠤ ᠡᠷᠬᠡ ᠲᠠᠢ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )