ᠬᠠᠩᠬᠢᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠲᠦᠬᠦᠮ ᠲᠠᠨᠢᠴᠠᠭᠤᠯᠭ᠎ᠠ
2009.05.15 ᠲᠣᠰ ᠥᠷᠲᠡᠭᠡᠨ ᠦ ᠨᠠᠢᠷᠠᠭᠤᠯᠤᠭᠴᠢ

ᠬᠠᠩᠬᠢᠨ ᠬᠤᠰᠢᠭᠤᠨ ᠤ ᠰᠢᠬᠦᠬᠦ ᠬᠤᠷᠢᠶ᠎ᠠ ᠤᠳᠤᠬᠠᠨ ᠳᠤ ᠺᠠᠲᠠᠷ ᠴᠠᠭᠳᠠᠭ᠎ᠠ53 ᠬᠦᠮᠦᠨ ᠂ ᠡᠭᠦᠨ ᠦ ᠳᠤᠮᠳᠠ ᠡᠷᠡᠭᠲᠡᠢ 44 ᠬᠦᠮᠦᠨ ᠂ ᠡᠮᠡᠭᠲᠡᠢ 9 ᠬᠦᠮᠦᠨ ᠂ ᠳᠤᠮᠳᠠᠴᠢ ᠨᠠᠰᠤ ᠨᠢ 38 ᠨᠠᠰᠤ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠦᠨ 47 ᠬᠦᠮᠦᠨ ᠂ ᠺᠠᠲᠠᠷ ᠴᠠᠭᠳᠠᠭ᠎ᠠ ᠶᠢᠨ ᠪᠦᠬᠦ ᠲᠤᠭᠠᠨ ᠤ 87%  ᠶᠢ ᠡᠵᠡᠯᠡᠨ᠎ᠠ ᠃ ᠶᠡᠬᠡ ᠰᠤᠷᠭᠠᠭᠤᠯᠢ ᠶᠢᠨ ᠰᠤᠶᠤᠯ ᠤᠨ ᠬᠢᠷᠢ ᠲᠦᠪᠰᠢᠨ ᠲᠠᠢ 7 ᠬᠦᠮᠦᠨ ᠂ 13%  ᠢ ᠡᠵᠡᠯᠡᠨ᠎ᠠ ᠃ ᠳᠤᠰᠬᠠᠢ ᠮᠡᠷᠬᠡᠵᠢᠯ ᠦᠨ ᠳᠡᠭᠡᠳᠦ ᠰᠤᠷᠭᠠᠭᠤᠯᠢ ᠶᠢᠨ ᠰᠤᠶᠤᠯ ᠤᠨ ᠲᠦᠪᠰᠢᠨ ᠲᠠᠢ 43 ᠬᠦᠮᠦᠨ ᠂ 81.5%  ᠢ ᠡᠵᠡᠯᠡᠨ᠎ᠠ ᠃ ᠴᠦᠬᠡᠨ ᠲᠤᠭᠠᠲᠤ ᠦᠨᠳᠦᠰᠦᠲᠡᠨ ᠦ ᠺᠠᠲᠠᠷ 19 ᠬᠥᠮᠦᠨ ᠂ ᠺᠠᠲᠠᠷ ᠴᠠᠭᠳᠠᠭ᠎ᠠ ᠶᠢᠨ ᠪᠦᠬᠦ ᠲᠤᠭᠠᠨ ᠤ 35.2%  ᠶᠢ ᠡᠵᠡᠯᠡᠨ᠎ᠠ᠃ 12 ᠳᠤᠳᠤᠭᠠᠳᠤ ᠪᠠᠢᠭᠤᠯᠤᠮᠵᠢ ᠪᠠ 4 ᠦᠨᠳᠦᠰᠦᠨ ᠱᠠᠳᠤᠨ ᠤ ᠠᠷᠠᠳ ᠤᠨ ᠰᠢᠬᠦᠬᠦ ᠬᠤᠷᠢᠶ᠎ᠠ ᠲᠠᠢ ᠃ ᠬᠠᠩᠬᠢᠨ ᠬᠤᠰᠢᠭᠤᠨ ᠤ 1.9ᠲᠦᠮᠡᠨ ᠲᠡᠭᠰᠢ ᠲᠦᠷᠪᠡᠯᠵᠢᠨ ᠭᠠᠵᠠᠷ ᠰᠢᠷᠦᠢ ᠶᠢ ᠬᠠᠮᠢᠶᠠᠷᠴᠤ ᠂ 13 ᠲᠦᠮᠡᠨ ᠬᠦᠮᠦᠨ ᠠᠮᠠ ᠶᠢᠨ ᠡᠷᠡᠬᠦᠦ ᠶᠢᠨ ᠬᠡᠷᠡᠭ ᠂ ᠢᠷᠭᠡᠨ ᠦ ᠬᠡᠷᠡᠭ ᠂ ᠵᠠᠰᠠᠭ ᠵᠠᠬᠢᠷᠭᠠᠨ ᠤ ᠬᠡᠷᠡᠭ ᠦᠨ ᠨᠢᠬᠡᠳᠦᠬᠡᠷ ᠰᠢᠬᠦᠯᠲᠡ ᠬᠢᠬᠦ ᠮᠦᠷᠲᠡᠭᠡᠨ ᠬᠠᠷᠢᠭᠤᠴᠠᠨ ᠰᠢᠢᠳᠪᠦᠷᠢᠯᠡᠵᠦ ᠪᠠᠢᠨ᠎ᠠ ᠃

ᠤᠢᠷ᠎ᠠ ᠶᠢᠨ ᠵᠢᠯ ᠳᠦ ᠂ ᠬᠠᠩᠬᠢᠨ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠨᠢ ᠬᠠᠤᠯᠢ ᠴᠠᠭᠠᠵᠠ ᠶᠢᠨ ᠠᠵᠢᠯ ᠤᠨ ᠤᠨᠴᠠᠯᠢᠭ ᠢ ᠦᠨᠳᠦᠰᠦᠯᠦᠵᠦ ᠂ ᠤᠶᠤᠨ ᠤ ᠪᠤᠯᠪᠠᠰᠤᠨ ᠤ ᠪᠦᠲᠦᠭᠡᠨ ᠪᠠᠢᠭᠤᠯᠤᠯᠲᠠ  ᠶᠢᠨ ᠠᠵᠢᠯ ᠢ ᠰᠢᠬᠦᠨ ᠳᠠᠰᠤᠯᠤᠯᠲᠠ ᠶᠢᠨ ᠠᠵᠢᠯ ᠂ ᠠᠩᠭᠢ ᠶᠢᠨ ᠪᠦᠲᠦᠬᠡᠨ ᠪᠠᠢᠭᠤᠯᠤᠯᠲᠠ ᠪᠠ ᠡᠳ᠋ ᠪᠤᠳᠠᠰ ᠤᠨ ᠪᠡᠯᠡᠳᠬᠡᠯ ᠪᠦᠳᠦᠭᠡᠨ ᠪᠠᠢᠭᠤᠯᠤᠯᠲᠠ ᠳᠤᠮᠳᠠ ᠤᠷᠭᠠᠨᠢᠭ ᠢᠶᠠᠷ ᠤᠶᠠᠯᠳᠤᠭᠤᠯᠵᠤ ᠂ ᠭᠤᠤᠯᠳᠠᠭᠤ ᠶᠡᠬᠡ ᠳᠠᠯ᠎ᠠ ᠳᠤ ᠦᠢᠯᠡᠴᠢᠯᠡᠬᠦ ᠪᠡᠷ ᠬᠠᠷᠠᠯᠲᠠ ᠪᠤᠯᠭᠠᠨ᠂ ᠲᠦᠪ ᠭᠤᠤᠯᠴᠢ ᠪᠠ ᠦᠷ᠎ᠠ ᠪᠦᠲᠦᠮᠵᠢ ᠪᠡᠷ ᠭᠤᠤᠯ ᠰᠡᠳᠤᠪ ᠪᠤᠯᠭᠠᠨ ᠂ ᠲᠦᠪ ᠴᠢᠩᠭ᠎ᠠ ᠪᠠᠷ ᠬᠠᠤᠯᠢ ᠪᠠᠷᠢᠬᠤ ᠪᠠᠷ ᠭᠤᠤᠯ ᠪᠤᠯᠭᠠᠨ ᠂ ᠰᠢᠬᠦᠨ ᠳᠠᠰᠤᠯᠤᠯᠲᠠ ᠶᠢ ᠴᠢᠩᠭᠠᠳᠬᠠᠬᠤ ᠪᠠᠷ ᠭᠣᠣᠯᠳᠠᠯᠭ᠎ᠠ ᠪᠤᠯᠭᠠᠨ ᠂ ᠪᠦᠷᠢᠨ ᠪᠦᠲᠦᠨ ᠪᠠᠢᠭᠤᠯᠤᠯᠮᠵᠢ ᠪᠠᠷ ᠪᠠᠳᠤᠯᠭ᠎ᠠ ᠪᠤᠯᠭᠠᠨ ᠂ ᠦᠬᠡᠷᠴᠢᠯᠡᠯᠲᠡ ᠶᠢ ᠬᠦᠨᠵᠡᠭᠡᠢᠷᠡᠬᠦᠯᠬᠦ ᠪᠡᠷ ᠬᠦᠳᠡᠯᠭᠡᠬᠦ ᠬᠦᠴᠦᠨ ᠪᠤᠯᠭᠠᠨ ᠂ ᠰᠢᠬᠦᠬᠦ ᠬᠤᠷᠢᠶ᠎ᠠ ᠶᠢ ᠴᠢᠩᠭ᠎ᠠ ᠪᠠᠷᠢᠬᠤ ᠪᠠᠷ ᠦᠨᠳᠦᠰᠦ ᠪᠤᠯᠭᠠᠨ ᠂ ᠨᠠᠮ ᠤᠨ ᠤᠳᠤᠷᠢᠳᠤᠯᠭ᠎ᠠ ᠪᠠᠷ ᠪᠠᠳᠠᠯᠪᠤᠷᠢ ᠪᠤᠯᠭᠠᠨ ᠂ ᠠᠷᠠᠳ ᠲᠦᠮᠡᠨ ᠦ ᠰᠡᠳᠬᠢᠯ ᠳᠦ ᠨᠡᠢᠴᠡᠬᠦ ᠪᠡᠷ ᠪᠠᠷᠢᠮᠵᠢᠶ᠎ᠠ ᠪᠤᠯᠭᠠᠭᠰᠠᠨ ᠨᠢᠬᠡ ᠰᠢᠷᠢᠰ ᠤᠶᠤᠨ ᠤ ᠪᠤᠯᠪᠠᠰᠤᠨ ᠤ ᠪᠦᠲᠦᠭᠡᠨ ᠪᠠᠢᠭᠤᠯᠤᠯᠲᠠ ᠶᠢᠨ ᠬᠦᠳᠡᠯᠭᠡᠭᠡᠨ ᠢ ᠦᠷ᠎ᠠ ᠪᠦᠲᠦᠮᠵᠢᠲᠠᠢ ᠪᠠᠷ ᠦᠷᠨᠢᠬᠦᠯᠦᠭᠰᠡᠨ ᠪᠠᠢᠨ᠎ᠠ ᠃  ᠡᠭᠦᠨ ᠦ ᠤᠯᠠᠮ ᠠᠴᠠ ᠮᠠᠨ ᠤ ᠬᠤᠷᠢᠶᠠᠨ ᠤ ᠶᠡᠷᠦᠩᠬᠡᠢ ᠲᠦᠷᠢ ᠲᠦᠷᠬᠦ ᠨᠢ ᠦᠨᠳᠦᠰᠦᠨ ᠡᠴᠡ ᠨᠢ ᠬᠤᠪᠢᠷᠠᠯᠲᠠ ᠭᠠᠷᠤᠭᠰᠠᠨ ᠪᠠᠢᠨ᠎ᠠ ᠃ ᠺᠠᠲᠠᠷ ᠨᠠᠷ ᠤᠨ ᠤᠶᠤᠨ ᠰᠠᠨᠠᠭᠠᠨ ᠤ ᠲᠦᠷᠢ ᠪᠠᠢᠳᠠᠯ ᠪᠠ ᠠᠵᠢᠯ ᠤᠨ ᠰᠤᠷᠳᠠᠯ ᠮᠡᠳᠡᠭᠳᠡᠮ᠎ᠠ ᠬᠤᠪᠢᠷᠠᠯᠲᠠ ᠭᠠᠷᠤᠭᠰᠠᠨ ᠪᠠᠢᠵᠤ ᠂ ᠠᠵᠢᠯᠯᠠᠬᠤ ᠤᠷᠴᠢᠨ ᠳᠤᠭᠤᠷᠢᠨ ᠴᠢᠨᠠᠷ ᠤᠨ ᠬᠤᠪᠢᠷᠠᠯᠲᠠ ᠭᠠᠷᠴᠤ ᠂ 《ᠴᠡᠴᠡᠷᠯᠢᠭ ᠦᠨ ᠬᠡᠯᠪᠡᠷᠢᠲᠦ ᠪᠠᠢᠭᠤᠯᠭ᠎ᠠ》ᠱᠠᠭᠠᠷᠳᠠᠯᠭ᠎ᠠ ᠦᠨᠳᠦᠰᠦᠨ ᠳᠦ ᠪᠡᠨ ᠪᠡᠶᠡᠯᠡᠭᠳᠡᠵᠦ ᠂ ᠺᠠᠲᠠᠷ ᠨᠠᠷ ᠤᠨ ᠶᠤᠰᠤ ᠰᠤᠷᠤᠯᠴᠠᠨ ᠮᠡᠳᠡᠯᠭᠡ ᠶᠠᠷᠢᠯᠴᠠᠬᠤ ᠰᠤᠷᠳᠠᠯ ᠨᠢ ᠡᠳᠦᠷ ᠳᠤᠳᠤᠮ ᠰᠠᠢᠵᠢᠷᠠᠵᠤ ᠂ ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ ᠪᠠ ᠪᠦᠲᠦᠮᠵᠢ ᠨᠢ ᠮᠡᠳᠡᠭᠳᠡᠮ᠎ᠠ ᠳᠡᠭᠡᠭᠰᠢᠯᠡᠵᠦ ᠂ ᠠᠷᠢᠭᠤᠨ ᠴᠢᠭᠡᠴᠢ ᠂ ᠬᠠᠤᠯᠢ ᠴᠠᠭᠠᠵᠠ ᠶᠢ ᠭᠤᠤᠯᠴᠢ ᠪᠠᠷ ᠬᠡᠷᠡᠭᠵᠢᠬᠦᠯᠬᠦ ᠦᠵᠡᠯ ᠤᠬᠠᠮᠰᠠᠷ ᠤᠯᠠᠮ ᠠᠴᠠ ᠴᠢᠩᠭᠠᠷᠠᠵᠤ ᠂ ᠡᠩᠨᠡᠭᠡᠨ ᠦ ᠬᠠᠮᠳᠤᠷᠠᠯ ᠪᠠ ᠪᠠᠢᠯᠳᠤᠬᠤ ᠬᠦᠴᠦᠨ ᠳᠠᠰᠤᠷᠠᠯᠲᠠ ᠦᠬᠡᠢ ᠴᠢᠩᠭᠠᠷᠠᠭᠰᠠᠨ ᠪᠠᠢᠨ᠎ᠠ ᠃ ᠬᠡᠷᠡᠭ ᠦᠨ ᠤᠨᠤᠪᠴᠢ ᠶᠢᠨ ᠨᠤᠷᠮ᠎ᠠ ᠨᠢ ᠵᠢᠯ ᠳᠠᠷᠠᠭᠠᠯᠠᠨ 99%  ᠠᠴᠠ ᠳᠡᠭᠡᠭᠰᠢ ᠪᠠᠢᠬᠤ ᠶᠢ ᠪᠠᠷᠢᠮᠳᠠᠯᠠᠵᠤ ᠂ ᠬᠦᠢᠴᠡᠳᠬᠡᠬᠦ ᠨᠤᠷᠮ᠎ᠠ ᠨᠢ ᠵᠢᠯ ᠳᠠᠷᠠᠭᠠᠯᠠᠨ 80% ᠳᠡᠭᠡᠭᠰᠢ ᠪᠠᠢᠬᠤ ᠶᠢ ᠪᠠᠷᠢᠮᠳᠠᠯᠠᠵᠤ ᠂ ᠠᠷᠠᠳ ᠤᠨ ᠰᠡᠳᠬᠢᠯ ᠳᠦ ᠨᠡᠢᠴᠡᠭᠰᠡᠨ ᠨᠤᠷᠮ᠎ᠠ ᠨᠢ ᠵᠢᠯ ᠳᠠᠷᠠᠭᠠᠯᠠᠨ 95%  ᠠᠴᠠ ᠳᠡᠭᠡᠭᠰᠢ ᠪᠠᠢᠬᠤ ᠪᠠᠷᠢᠮᠳᠠᠯᠠᠵᠤ ᠂ ᠪᠤᠳᠠᠳᠠᠢ ᠦᠢᠯᠡᠳᠦᠯᠬᠡ ᠪᠡᠷ ᠤᠷᠤᠨ ᠤ ᠳᠡᠬᠡᠳᠦ ᠵᠡᠷᠬᠡ ᠶᠢᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠪᠠ ᠱᠢ ᠵᠢᠶᠸ ᠮᠠᠨ ᠤ ᠬᠤᠷᠢᠶ᠎ᠠ ᠰᠢᠯᠭᠠᠨ ᠪᠠᠢᠴᠠᠭᠠᠬᠤ ᠳᠤ ᠪᠠᠨ ᠪᠢᠴᠢᠭᠰᠡᠨ 《ᠬᠠᠤᠯᠢ ᠶᠢ ᠭᠤᠤᠯᠴᠢ ᠪᠠᠷ ᠬᠡᠷᠡᠭᠵᠢᠭᠦᠯᠦᠨᠰᠡᠨ》ᠬᠡᠰᠡᠨ ᠦᠰᠦᠭ ᠲᠦ ᠨᠡᠢᠴᠡᠭᠰᠡᠨ ᠪᠠᠢᠨ᠎ᠠ ᠃ 1999 ᠤᠨ ᠳᠤ ᠂ ᠮᠠᠨ ᠤ ᠬᠤᠷᠢᠶᠠᠨ ᠤ ᠳᠠᠩᠰᠠ ᠡᠪᠬᠡᠮᠡᠯ ᠦᠨ ᠬᠠᠮᠢᠶᠠᠷᠤᠯᠲᠠ ᠶᠢᠨ ᠠᠵᠢᠯ ᠨᠢ ᠦᠪᠡᠷᠲᠡᠬᠡᠨ ᠵᠠᠰᠠᠬᠤ ᠤᠷᠤᠨ ᠤ ᠪᠠᠢᠭᠤᠯᠤᠮᠵᠢ ᠶᠢᠨ ᠳᠠᠩᠰᠠ ᠡᠪᠬᠡᠮᠡᠯ ᠦᠨ ᠠᠵᠢᠯ ᠤᠨ ᠬᠠᠷᠠᠯᠲᠠ ᠶᠢᠨ ᠬᠠᠮᠢᠶᠠᠷᠤᠯᠲᠠ ᠶᠢᠨ ᠤᠨᠴᠠᠭᠠᠢ ᠳᠡᠰ ᠦᠨ ᠲᠡᠷᠢᠬᠦᠨ ᠦ ᠨᠢᠬᠡᠴᠡ ᠪᠤᠯᠵᠤ ᠳᠠᠪᠰᠢᠵᠠᠢ ᠃ 2000 ᠤᠨ ᠳᠤ ᠂ ᠮᠠᠨ ᠤ ᠬᠤᠷᠢᠶ᠎ᠠ ᠨᠢ ᠠᠢᠮᠠᠭ ᠤᠨ ᠨᠠᠮ ᠤᠨ ᠬᠤᠷᠢᠶᠠᠨ ᠤ ᠵᠠᠬᠢᠷᠭ᠎ᠠ ᠠᠴᠠ 《ᠠᠢᠮᠠᠭ ᠤᠨ ᠳᠡᠰ ᠦᠨ ᠪᠤᠯᠪᠠᠰᠤᠨ ᠨᠢᠭᠡᠴᠡ》ᠨᠡᠷ᠎ᠠ ᠬᠦᠷᠳᠡᠭᠡᠵᠦ ᠂ ᠦᠪᠡᠷᠲᠡᠭᠡᠨ ᠵᠠᠰᠠᠬᠤ ᠤᠷᠤᠨ ᠤ ᠳᠡᠭᠡᠳᠦ ᠰᠢᠬᠦᠬᠦ ᠬᠤᠷᠢᠶᠠᠨ ᠠᠴᠠ《ᠠᠷᠠᠳ ᠤᠨ ᠰᠡᠳᠬᠢᠯ ᠳᠦ ᠨᠡᠢᠴᠡᠭᠰᠡᠨ ᠰᠠᠢᠨ ᠰᠢᠬᠦᠬᠦ ᠬᠤᠷᠢᠶ᠎ᠠ》 ᠳᠦ ᠪᠠᠷᠢᠮᠵᠢᠶᠠᠨ ᠳᠤ ᠨᠡᠢᠴᠡᠭᠰᠡᠨ ᠨᠢᠭᠡᠴᠡ ᠪᠡᠷ ᠦᠨᠡᠯᠡᠭᠳᠡᠵᠦ ᠂ ᠬᠠᠮᠳᠤ ᠨᠡᠢᠲᠡ ᠶᠢᠨ ᠬᠤᠶᠠᠳᠤᠭᠠᠷ ᠳᠡᠰ ᠦᠨ ᠭᠠᠪᠢᠶ᠎ᠠ ᠳᠡᠮᠳᠡᠯᠡᠭᠳᠡᠪᠡ ᠃2001 ᠤᠨ ᠳᠤ ᠮᠠᠨ ᠤ ᠬᠤᠷᠢᠶ᠎ᠠ ᠬᠠᠮᠳᠤ ᠨᠡᠢᠲᠡ ᠶᠢᠨ ᠨᠢᠭᠡᠳᠦᠬᠡᠷ ᠳᠡᠰ ᠦᠨ ᠭᠠᠪᠢᠶ᠎ᠠ ᠳᠡᠮᠳᠡᠭᠯᠡᠭᠳᠡᠵᠦ ᠂ ᠬᠤᠰᠢᠭᠤᠨ ᠤ ᠨᠠᠮ ᠤᠨ ᠬᠤᠷᠢᠶ᠎ᠠ ᠂ ᠵᠠᠰᠠᠭ ᠤᠨ ᠤᠷᠳᠤᠨ ᠠᠴᠠ ᠵᠢᠫᠦ᠋ ᠲᠡᠷᠭᠡ ᠪᠡᠷ ᠬᠦᠬᠢᠬᠦᠯᠦᠭᠰᠡᠨ ᠪᠠᠢᠨ᠎ᠠ ᠃ 2002 ᠤᠨ ᠳᠤ ᠬᠤᠳᠠ ᠶᠢᠨ ᠨᠠᠮ ᠤᠨ ᠬᠤᠷᠢᠶ᠎ᠠ ᠂ ᠬᠤᠳᠠ ᠶᠢᠨ ᠵᠠᠰᠠᠭ ᠤᠨ ᠤᠷᠳᠤᠨ ᠠᠴᠠ 《ᠵᠢᠱᠢᠶᠡᠴᠢ ᠴᠡᠷᠢᠭ ᠪᠤᠯᠪᠠᠰᠤᠨ ᠬᠠᠮᠳᠤ ᠨᠢᠬᠡᠴᠡ》ᠪᠠ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠦᠨ 《ᠴᠢᠷᠮᠠᠢᠨ ᠪᠦᠲᠦᠬᠡᠭᠦ》ᠬᠦᠳᠡᠯᠭᠡᠭᠡᠨ ᠦ ᠲᠡᠷᠢᠬᠦᠨ ᠦ ᠬᠠᠮᠳᠤ ᠨᠢᠭᠡᠴᠡ ᠪᠡᠷ ᠦᠡᠨᠡᠯᠡᠭᠳᠡᠪᠡ ᠃ ᠮᠠᠨ ᠤ ᠬᠤᠷᠢᠶᠠᠨ ᠤ ᠨᠠᠮ ᠤᠨ ᠡᠬᠦᠷ ᠬᠤᠶᠠᠷ ᠵᠢᠯ ᠳᠠᠷᠠᠭᠠᠯᠠᠨ ᠬᠤᠰᠢᠭᠤᠨ ᠤ ᠨᠠᠮ ᠤᠨ ᠬᠤᠷᠢᠶᠠᠨ  ᠠᠴᠠ ᠰᠢᠯᠢᠳᠡᠭ ᠨᠠᠮ ᠤᠨ ᠡᠭᠦᠷ ᠦᠨᠡᠯᠡᠭᠳᠡᠵᠦ ᠂ ᠠᠢᠮᠠᠭ ᠤᠨ ᠨᠠᠮ ᠤᠨ ᠬᠤᠷᠢᠶᠠᠨ ᠠᠴᠠ ᠬᠤᠶᠠᠷ ᠵᠢᠯ ᠳᠠᠷᠠᠭᠠᠯᠠᠨ ᠪᠦᠬᠦ ᠠᠢᠮᠠᠭ ᠤᠨ ᠦᠨᠳᠦᠰᠦᠨ ᠱᠠᠳᠤᠨ ᠤ ᠵᠤᠬᠢᠶᠠᠨ ᠪᠠᠢᠭᠤᠯᠤᠯᠲᠠ ᠶᠢᠨ 《ᠨᠢᠬᠡ ᠂ ᠠᠷᠪᠠ ᠂ ᠵᠠᠭᠤ ᠂ ᠮᠢᠩᠭ᠎ᠠ》ᠪᠦᠲᠦᠭᠡᠨ ᠪᠠᠢᠭᠤᠯᠬᠤ ᠬᠦᠳᠡᠯᠭᠡᠭᠡᠨ ᠦ ᠲᠡᠷᠢᠬᠦᠨ ᠦ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠢᠭᠤᠯᠤᠯᠲᠠ ᠪᠠᠷ ᠦᠨᠡᠯᠡᠪᠡ ᠃ ᠬᠡᠳᠦᠨ ᠠᠷᠪᠠᠨ ᠬᠦᠮᠦᠨ ᠳᠤᠰᠪᠦᠷᠢ ᠳᠡᠭᠡᠳᠦ ᠵᠡᠷᠭᠡ ᠶᠢᠨ ᠰᠢᠬᠦᠬᠦ ᠬᠤᠷᠢᠶᠠᠨ ᠤ ᠡᠯ᠎ᠠ ᠳᠡᠰ ᠦᠨ ᠨᠠᠮ ᠤᠨ ᠵᠠᠰᠠᠭ ᠲᠡᠷᠢᠬᠦᠨ ᠵᠢᠱᠢᠶᠡᠴᠢ ᠬᠦᠮᠦᠨ ᠢᠶᠡᠷ ᠦᠨᠡᠯᠡᠭᠳᠡᠵᠦ ᠬᠦᠬᠢᠬᠦᠯᠦᠨ ᠱᠠᠩᠨᠠᠭᠰᠠᠨ ᠪᠠᠢᠨ᠎ᠠ ᠃

ᠳᠡᠭᠡᠷᠢᠬᠢ ᠠᠮᠵᠢᠲᠠ ᠪᠦᠲᠦᠮᠵᠢ ᠳᠦ ᠂ ᠬᠠᠩᠬᠢᠨ ᠬᠤᠰᠢᠭᠤᠨ ᠤ ᠰᠢᠬᠦᠬᠦ ᠬᠤᠷᠢᠶ᠎ᠠ ᠤᠮᠤᠭᠰᠢᠵᠤ ᠪᠠᠷᠳᠠᠮᠨᠠᠭᠰᠠᠨ ᠦᠬᠡᠢ ᠂ ᠤᠤᠯ ᠤᠨ ᠲᠦᠷᠢᠮ ᠳᠤᠭᠳᠠᠭᠠᠯ ᠢᠶᠠᠷ ᠰᠢᠬᠦᠬᠦ ᠬᠤᠷᠢᠶ᠎ᠠ ᠶᠢ ᠪᠦᠲᠦᠬᠡᠨ ᠪᠠᠢᠭᠤᠯᠬᠤ ᠶᠢ ᠳᠡᠬᠦᠯᠳᠡᠷᠵᠢᠬᠦᠯᠬᠦ ᠂ ᠦᠭᠡᠷᠡᠴᠢᠯᠡᠯᠲᠡ ᠬᠢᠵᠦ ᠰᠢᠬᠦᠬᠦ ᠬᠤᠷᠢᠶ᠎ᠠ ᠪᠠᠨ ᠬᠦᠭᠵᠢᠭᠡᠨ ᠪᠠᠳᠠᠷᠠᠭᠤᠯᠬᠤ ᠠᠮᠵᠢᠯᠲᠠ ᠶᠢᠨ ᠳᠤᠷᠰᠢᠯᠭ᠎ᠠ ᠶᠢᠨ ᠰᠠᠭᠤᠷᠢᠨ ᠳᠡᠭᠡᠷ᠎ᠠ ᠂ ᠤᠯᠠᠮ ᠤᠬᠠᠮᠰᠠᠷ ᠠᠴᠠ ᠢᠶᠠᠨ ?《ᠭᠤᠷᠪᠠ ᠶᠢ ᠲᠦᠯᠦᠬᠡᠯᠡᠬᠦ》 ᠴᠢᠬᠤᠯᠠ ᠦᠵᠡᠯ ᠰᠠᠨᠠᠭ᠎ᠠ ᠶᠢ ᠪᠤᠳᠠᠢᠵᠢᠭᠤᠯᠵᠤ ᠂ ᠴᠠᠭ ᠦᠶ᠎ᠠ ᠲᠠᠢ ᠬᠠᠮᠳᠤ ᠤᠷᠤᠭᠰᠢᠯᠠᠨ ᠂ ᠨᠢᠭᠡᠨ ᠬᠡᠪ ᠴᠢᠨᠠᠷ ᠦᠨᠳᠦᠷ ᠳᠤᠰᠬᠠᠢᠵᠢᠭᠰᠠᠨ ᠰᠢᠬᠦᠭᠴᠢ ᠶᠢᠨ ᠡᠩᠨᠡᠭᠡ ᠶᠢ ᠴᠢᠷᠮᠠᠢᠨ ᠪᠦᠲᠦᠬᠡᠨ ᠪᠠᠢᠭᠤᠯᠵᠤ ᠂ ᠳᠠᠰᠤᠷᠠᠯᠲᠠ ᠦᠬᠡᠢ ᠰᠢᠬᠦᠨ ᠳᠠᠰᠤᠯᠤᠯᠲᠠ ᠂ ᠬᠦᠢᠴᠡᠳᠬᠡᠬᠦ ᠪᠠᠢᠭᠤᠯᠤᠮᠵᠢ ᠳᠤ ᠰᠢᠨ᠎ᠠ ᠶᠢ ᠡᠭᠦᠳᠦᠨ ᠂ ᠰᠢᠬᠦᠨ ᠳᠠᠰᠤᠯᠤᠯᠲᠠ ᠶᠢᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠤᠯᠠᠮ ᠨᠢᠬᠡ ᠠᠯᠬᠤᠮ ᠳᠡᠭᠡᠭᠰᠢᠯᠡᠬᠦᠯᠵᠦ ᠂ ᠬᠠᠩᠬᠢᠨ ᠬᠤᠰᠢᠭᠤᠨ ᠤ ᠠᠵᠦ ᠠᠬᠤᠢ ᠶᠢᠨ ᠪᠦᠲᠦᠬᠡᠨ ᠪᠠᠢᠭᠤᠯᠤᠯᠲᠠ ᠪᠠ ᠡᠯ᠎ᠠ ᠲᠦᠷᠦᠯ ᠦᠨ ᠨᠡᠢᠭᠡᠮ ᠦᠨ ᠠᠵᠢᠯ ᠦᠢᠯᠡᠰ ᠦᠨ ᠪᠦᠬᠦ ᠳᠠᠯ᠎ᠠ ᠶᠢᠨ ᠬᠦᠭᠵᠢᠯᠲᠡ ᠶᠢ ᠲᠦᠯᠬᠢᠨ ᠠᠬᠢᠭᠤᠯᠬᠤ  ᠳᠤ ᠲᠤᠪᠤᠢᠮ᠎ᠠ ᠬᠤᠪᠢ ᠨᠡᠮᠡᠷᠢ ᠦᠵᠡᠬᠦᠯᠵᠦ ᠂ ᠤᠶᠤᠨ ᠰᠠᠨᠠᠭᠠᠨ ᠤ ᠪᠤᠯᠪᠠᠰᠤᠨ ᠪᠠ ᠡᠳ᠋ ᠪᠤᠳᠠᠰ ᠤᠨ ᠪᠤᠯᠪᠠᠰᠤᠨ ᠤ ᠬᠤᠤᠰ ᠠᠮᠵᠢᠯᠲᠠ ᠶᠢ ᠤᠯᠬᠤ ᠪᠠᠷ ᠴᠢᠷᠮᠠᠢᠬᠤ ᠬᠡᠷᠡᠭᠲᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )