ᠤᠳᠤᠭ ᠤᠨ ᠡᠮᠦᠨᠡᠲᠦ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠲᠦᠬᠦᠮ ᠲᠠᠨᠢᠴᠠᠭᠤᠯᠭ᠎ᠠ
2009.10.15 ᠲᠣᠰ ᠥᠷᠲᠡᠭᠡᠨ ᠦ ᠨᠠᠢᠷᠠᠭᠤᠯᠤᠭᠴᠢ

ᠤᠳᠤᠭ ᠤᠨ ᠡᠮᠦᠨᠡᠲᠦ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠨᠢ 1980 ᠤᠨ ᠤ 10 ᠰᠠᠷᠠᠢᠨ 1 ᠡᠳᠦᠷ ᠪᠠᠢᠭᠤᠯᠤᠭᠳᠠᠵᠤ ᠂ ᠤᠳᠤᠭ ᠤᠨ ᠡᠮᠦᠨᠡᠲᠦ ᠬᠤᠰᠢᠭᠤᠨ ᠤ ᠤᠯᠵᠠᠴᠢ ᠪᠠᠯᠭᠠᠰᠤᠨ ᠳᠤ ᠪᠠᠢᠷᠢᠰᠢᠵᠦ ᠂ ᠪᠠᠷᠠᠭᠤᠨ ᠢᠶᠠᠷ ᠨᠢᠩᠰᠢᠶᠠ ᠬᠤᠳᠤᠩ ᠦᠨᠳᠦᠰᠦᠲᠡᠨ ᠦ ᠦᠪᠡᠷᠲᠡᠭᠡᠨ ᠵᠠᠰᠠᠬᠤ ᠤᠷᠤᠨ ᠲᠠᠢ ᠬᠦᠷᠰᠢᠯᠡᠵᠦ ᠂ ᠡᠮᠦᠨ᠎ᠡ ᠪᠡᠷ ᠢᠶᠡᠨ ᠱᠠᠨᠰᠢ ᠲᠠᠢ ᠬᠢᠯᠢ ᠨᠡᠢᠯᠡᠵᠦ ᠪᠠᠢᠨ᠎ᠠ ᠃ ᠤᠳᠤᠭ ᠤᠨ ᠡᠮᠦᠨᠡᠲᠦ ᠬᠤᠰᠢᠭᠤᠨ ᠤ ᠰᠢᠬᠦᠬᠦ ᠬᠤᠷᠢᠶ᠎ᠠ ᠨᠢ 8000 ᠲᠡᠭᠰᠢ ᠲᠦᠷᠪᠡᠯᠵᠢᠨ ᠭᠠᠵᠠᠷ ᠢ ᠡᠵᠡᠯᠡᠵᠦ ᠂ ᠪᠠᠷᠢᠯᠭ᠎ᠠ ᠶᠢᠨ ᠲᠠᠯᠠᠪᠠᠢ ᠨᠢ 2387 ᠲᠡᠭᠰᠢ ᠲᠦᠷᠪᠡᠯᠵᠢᠨ ᠮᠸᠲ᠋ᠷ ᠪᠠᠢᠳᠠᠭ ᠃ ᠬᠠᠷᠢᠶ᠎ᠠ ᠤᠷᠤᠨ ᠤ ᠳᠠᠯᠠᠪᠠᠢ ᠨᠢ 12180 ᠲᠡᠭᠰᠢ ᠲᠦᠷᠪᠡᠯᠵᠢᠨ ᠺᠢᠯᠣᠮᠧᠲ᠋ᠷ ᠪᠠᠢᠵᠤ ᠂ ᠬᠦᠮᠦᠨ ᠠᠮᠠ 7.5 ᠲᠦᠮᠡ ᠪᠠᠢᠳᠠᠭ ᠃ ᠤᠳᠤᠬᠠᠨ ᠤ ᠤᠷᠤᠨ ᠳᠤᠭᠠᠨ ᠳᠤ ᠪᠠᠢᠳᠠᠭ ᠺᠠᠲᠠᠷ ᠴᠠᠭᠳᠠᠭ᠎ᠠ 78 ᠬᠦᠮᠦᠨ ᠂ ᠨᠠᠮ ᠤᠨ ᠬᠡᠰᠢᠬᠦᠨ 32 ᠬᠦᠮᠦᠨ ᠂ ᠰᠢᠭᠦᠭᠴᠢ 32 ᠨᠡᠷᠡᠰ ᠂ ᠬᠠᠤᠯᠢ  ᠶᠢᠨ ᠴᠠᠭᠳᠠᠭ᠎ᠠ 9 ᠨᠡᠷᠡᠰ ᠂ ᠬᠠᠪᠰᠤᠷᠤᠭᠴᠢ ᠰᠢᠬᠦᠨ ᠳᠠᠰᠤᠯᠤᠭᠴᠢ 7 ᠨᠡᠷᠡᠰ ᠪᠠᠢᠨ᠎ᠠ ᠃ ᠶᠡᠬᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ 73 ᠬᠦᠮᠦᠨ ᠪᠠᠢᠵᠤ ᠂ ᠳᠤᠮᠳᠠᠴᠢ ᠨᠠᠰᠤ ᠨᠢ 39 ᠨᠠᠰᠤ ᠂ ᠨᠢᠳᠦᠨ ᠳᠦ ᠪᠡᠨ ᠭᠠᠯ ᠲᠠᠢ ᠨᠢᠭᠤᠷ ᠲᠤ ᠪᠠᠨ ᠴᠤᠭ ᠲᠠᠢ ᠵᠠᠯᠠᠭᠤ ᠡᠩᠨᠡᠭᠡ ᠪᠠᠢᠳᠠᠭ ᠃ ᠤᠳᠤᠭ ᠤᠨ ᠡᠮᠦᠨᠡᠲᠦ ᠬᠤᠰᠢᠭᠤᠨ ᠤ ᠰᠢᠬᠦᠬᠦ ᠬᠤᠷᠢᠶ᠎ᠠ ᠨᠢ ᠤᠯᠤᠰ ᠲᠦᠷᠦ ᠶᠢᠨ ᠬᠡᠯᠳᠡᠰ᠂ ᠠᠯᠪᠠᠨ ᠬᠡᠷ ᠂ ᠰᠠᠬᠢᠯᠭ᠎ᠠ ᠪᠠᠳᠤ ᠪᠠᠢᠴᠠᠭᠠᠬᠤ ᠳᠠᠰᠤᠭ ᠂ ᠬᠢᠨᠠᠨ ᠬᠠᠮᠢᠶᠠᠷᠠᠬᠤ ᠠᠯᠪᠠᠨ ᠭᠡᠷ ᠂ ᠰᠤᠳᠤᠯᠬᠤ ᠳᠠᠰᠤᠭ ᠂ ᠬᠠᠤᠯᠢ ᠶᠢᠨ ᠴᠠᠭᠳᠠᠭ᠎ᠠ ᠶᠢᠨ ᠶᠡᠬᠡ ᠠᠩᠬᠢ ᠂ ᠪᠠᠢᠭᠤᠯᠭ᠎ᠠ ᠶᠢᠨ ᠶᠠᠪᠤᠳᠠᠯ ᠤᠨ ᠰᠠᠯᠠᠭ᠎ᠠ ᠂ ᠮᠡᠳᠡᠭᠡ ᠵᠠᠩᠭᠢ ᠶᠢᠨ ᠲᠦᠪ ᠵᠡᠷᠬᠡ 8 ᠶᠡᠷᠦᠩᠬᠡᠢ ᠬᠡᠯᠳᠡᠰ ᠪᠠ ᠬᠡᠷᠡᠭ ᠳᠠᠩᠰᠠᠯᠠᠬᠤ ᠲᠢᠩᠬᠢᠮ ᠂ ᠬᠡᠷᠡᠭ ᠳᠠᠩᠰᠠᠯᠠᠬᠤ ᠬᠤᠶᠠᠳᠤᠭᠠᠷ ᠲᠢᠩᠬᠢᠮ ᠂ ᠢᠷᠭᠡᠨ ᠦ ᠭᠤᠷᠪᠠᠳᠤᠭᠠᠷ ᠲᠢᠩᠬᠢᠮ ᠂ ᠡᠷᠡᠭᠦᠦ ᠶᠢᠨ ᠬᠡᠷᠡᠭ ᠦᠨ ᠰᠢᠬᠦᠨ ᠳᠠᠰᠤᠯᠠᠬᠤ ᠲᠢᠩᠬᠢᠮ ᠂ ᠢᠷᠭᠡᠨ ᠦ ᠬᠡᠷᠡᠭ ᠢ ᠰᠢᠬᠦᠨ ᠳᠠᠰᠤᠯᠠᠬᠤ ᠨᠢᠬᠡᠳᠦᠬᠡᠷ ᠲᠢᠩᠬᠢᠮ ᠂ ᠢᠷᠭᠡᠨ ᠦ ᠬᠡᠷᠡᠭ ᠢ ᠰᠢᠬᠦᠨ ᠳᠠᠰᠤᠯᠠᠬᠤ ᠬᠤᠶᠠᠳᠤᠭᠠᠷ ᠲᠢᠩᠬᠢᠮ᠂ ᠵᠠᠰᠠᠭ ᠵᠠᠬᠢᠷᠭᠠᠨ ᠤ ᠰᠢᠬᠦᠨ ᠳᠠᠰᠤᠯᠠᠬᠤ ᠲᠢᠩᠬᠢᠮ ᠂ ᠰᠢᠬᠦᠨ ᠳᠠᠰᠤᠯᠤᠯᠲᠠ ᠶᠢ ᠬᠢᠨᠠᠨ ᠪᠠᠢᠴᠠᠭᠠᠬᠤ ᠲᠢᠩᠬᠢᠮ ᠂ ᠬᠦᠢᠴᠡᠳᠬᠡᠬᠦ ᠲᠤᠪᠴᠢᠶ᠎ᠠ ᠵᠡᠷᠭᠡ 9 ᠳᠤᠬᠠᠢᠯᠠᠭᠰᠠᠨ ᠠᠵᠢᠯ ᠤᠨ ᠬᠡᠯᠳᠡᠰ ᠲᠠᠢ ᠂ ᠲᠤᠷᠤᠭᠰᠢ ᠱᠠᠩᠬᠤ ᠰᠦᠮ᠎ᠠ᠂ ᠠᠩᠰᠤ ᠂ ᠪᠤᠷᠤ ᠪᠠᠯᠭᠠᠰᠤ ᠵᠡᠷᠬᠡ 3 ᠲᠤᠮᠢᠯᠠᠭᠰᠠᠨ ᠰᠢᠬᠦᠬᠦ ᠲᠢᠩᠬᠢᠮ ᠲᠠᠢ ᠃ ᠵᠢᠯ ᠪᠦᠷᠢ ᠳᠤᠮᠳᠠᠴᠢ ᠪᠠᠷ ᠰᠢᠬᠦᠨ ᠳᠠᠰᠤᠯᠤᠯᠲᠠ ᠪᠠ ᠬᠦᠢᠴᠡᠳᠬᠡᠬᠦ ᠡᠯ᠎ᠠ ᠲᠦᠷᠦᠯ ᠦᠨ ᠬᠡᠷᠡᠭ ᠨᠢ 1600 ᠭᠠᠷᠤᠢ ᠪᠠᠢᠳᠠᠭ ᠃

ᠤᠢᠷ᠎ᠠ ᠶᠢᠨ ᠵᠢᠯ ᠳᠦ ᠂ ᠤᠳᠤᠭ ᠤᠨ ᠡᠮᠦᠨᠡᠲᠦ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠨᠢ ᠳ᠋ᠧᠩ ᠰᠢᠶᠤᠤ ᠫᠢᠩ  ᠦᠨ ᠤᠨᠤᠯ ᠪᠠ ᠭᠤᠷᠪᠠ ᠶᠢ ᠲᠦᠯᠦᠭᠡᠯᠡᠬᠦ ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ ᠂ ᠠᠷᠪᠠᠨ ᠨᠠᠢᠮᠠᠳᠤᠭᠠᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠢᠯᠠᠭᠤᠯᠤᠨ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ ᠂ ᠶᠡᠬᠡ ᠳᠠᠯ᠎ᠠ ᠳᠤ ᠦᠢᠯᠡᠴᠢᠯᠡᠬᠦ ᠪᠡᠷ ᠡᠬᠦᠷᠭᠡ ᠪᠤᠯᠭᠠᠨ ᠂ ᠲᠦᠪ ᠭᠤᠤᠯᠴᠢ ᠪᠠ ᠦᠷ᠎ᠠ ᠪᠦᠲᠦᠮᠵᠢ ᠪᠡᠷ ᠭᠤᠤᠯ ᠰᠡᠳᠦᠪ ᠪᠤᠯᠭᠠᠨ ᠂ ᠬᠠᠤᠯᠢ ᠴᠠᠭᠠᠵᠠ ᠶᠢᠨ ᠦᠬᠡᠷᠡᠴᠢᠯᠡᠯᠲᠡ ᠪᠡᠷ ᠲᠦᠯᠬᠢᠬᠦ ᠬᠦᠴᠦᠨ ᠪᠤᠯᠭᠠᠨ ᠂ ᠡᠩᠨᠡᠬᠡ ᠪᠠᠢᠭᠤᠯᠬᠤ ᠪᠠᠷ ᠰᠠᠭᠤᠷᠢ ᠪᠤᠯᠭᠠᠨ ᠂ ᠰᠢᠬᠦᠨ ᠳᠠᠰᠤᠯᠠᠬᠤ ᠡᠭᠦᠷᠬᠡ ᠳᠤᠰᠢᠶᠠᠯ ᠤᠨ ᠦᠢᠯᠡᠳᠦᠯ ᠢ ᠬᠦᠢᠴᠡᠳ ᠪᠠᠳᠠᠷᠠᠭᠤᠯᠵᠤ ᠂ ᠡᠯ᠎ᠠ ᠲᠦᠷᠦᠯ ᠦᠨ ᠡᠷᠡᠭᠦᠦ ᠶᠢᠨ ᠶᠠᠯᠠᠳᠤ ᠭᠡᠷᠡᠭ ᠢ ᠴᠢᠩᠭ᠎ᠠ ᠰᠢᠢᠳᠬᠡᠵᠦ ᠂ ᠬᠠᠤᠯᠢ ᠶᠤᠰᠤᠭᠠᠷ ᠡᠯ᠎ᠠ ᠠᠰᠢᠭ ᠳᠤᠰᠠ ᠶᠢ ᠵᠤᠬᠢᠴᠠᠭᠤᠯᠵᠤ ᠂ ᠡᠷᠬᠡᠲᠦ ᠠᠷᠠᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ ᠂ ᠰᠢᠬᠦᠨ ᠳᠠᠰᠤᠯᠤᠯᠲᠠ ᠂ ᠬᠦᠢᠴᠡᠳᠬᠡᠬᠦ ᠪᠠ ᠪᠤᠰᠤᠳ ᠠᠵᠢᠯ ᠨᠢ ᠰᠢᠨ᠎ᠠ ᠠᠬᠢᠴᠠ ᠲᠠᠢ ᠪᠤᠯᠵᠤ ᠂ ᠠᠮᠤᠷ ᠲᠦᠪᠰᠢᠨ ᠂ ᠡᠶ᠎ᠠ ᠵᠤᠬᠢᠴᠠᠯᠲᠤ ᠤᠳᠤᠭ ᠤᠨ ᠡᠮᠦᠨᠡᠲᠦ ᠬᠤᠰᠢᠭᠤ ᠶᠢ ᠪᠦᠲᠦᠬᠡᠨ ᠪᠠᠢᠭᠤᠯᠬᠤ ᠶᠢᠨ ᠲᠦᠯᠦᠬᠡ ᠂ ᠳᠤᠬᠠᠢ ᠶᠢᠨ ᠭᠠᠵᠠᠷ ᠤᠨ ᠠᠵᠤ ᠠᠬᠤᠢ ᠨᠡᠢᠬᠡᠮ ᠦᠨ ᠳᠤᠭᠳᠠᠭᠤᠨ ᠬᠦᠭᠵᠢᠯᠲᠡ ᠶᠢ ᠬᠠᠮᠠᠭᠠᠯᠠᠵᠤ ᠂ ᠬᠠᠤᠯᠢ ᠴᠠᠭᠠᠵᠠ ᠶᠢᠨ ᠬᠦᠴᠦᠲᠠᠢ ᠪᠠᠳᠤᠯᠭ᠎ᠠ ᠬᠠᠩᠭᠠᠭᠰᠠᠨ ᠪᠠᠢᠨ᠎ᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )