ᠦᠤᠰᠢᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠲᠦᠬᠦᠮ ᠲᠠᠨᠢᠴᠠᠭᠤᠯᠭ᠎ᠠ 
2012.07.30 ᠲᠣᠰ ᠥᠷᠲᠡᠭᠡᠨ ᠦ ᠨᠠᠢᠷᠠᠭᠤᠯᠤᠭᠴᠢ

ᠨᠢᠭᠡ ᠂ ᠬᠤᠰᠢᠭᠤᠨ ᠤ ᠦᠨᠳᠦᠰᠦᠨ ᠪᠠᠢᠳᠠᠯ ᠪᠠ ᠰᠢᠬᠦᠬᠦ ᠬᠤᠷᠢᠶᠠᠨ ᠤ ᠲᠤᠢᠮᠤ ᠪᠠᠢᠳᠠᠯ

ᠮᠠᠨ ᠤ ᠬᠤᠰᠢᠭᠤ ᠨᠢ ᠤᠷᠳᠤᠰ ᠬᠤᠳᠠ ᠶᠢᠨ ᠡᠮᠦᠨ᠎ᠠ ᠪᠠᠢᠷᠢᠯᠠᠵᠤ ᠂ ᠪᠦᠬᠦ ᠬᠤᠰᠢᠭᠤᠨ ᠤ ᠶᠡᠷᠦᠩᠬᠡᠢ ᠳᠠᠯᠠᠪᠠᠢ 11645 ᠲᠡᠭᠰᠢ ᠲᠦᠷᠪᠡᠯᠵᠢᠨ ᠺᠢᠯᠣᠮᠧᠲ᠋ᠷ ᠂ ᠬᠠᠷᠢᠶ᠎ᠠ ᠪᠦᠬᠦᠢ 6 ᠰᠤᠮᠤ ᠪᠠᠯᠭᠠᠰᠤ ᠲᠠᠢ ᠂ ᠡᠷᠦᠬᠡ ᠠᠮᠠ  ᠶᠢᠨ ᠳᠠᠩᠰᠠᠲᠤ ᠬᠦᠮᠦᠨ ᠠᠮᠠ 10ᠲᠦᠮᠡ ᠂ ᠭᠠᠳᠠᠷ ᠤᠷᠤᠨ ᠠᠴᠠ ᠢᠷᠡᠭᠰᠡᠨ ᠬᠦᠮᠦᠨ ᠠᠮᠠ 5ᠲᠦᠮᠡ᠂ ᠡᠭᠦᠨ ᠦ ᠳᠤᠮᠳᠠ ᠮᠤᠩᠭᠤᠯ ᠦᠨᠳᠦᠰᠦᠲᠡᠨ 3 ᠲᠦᠮᠡ ᠪᠠᠢᠨ᠎ᠠ ᠃ ᠣᠢᠷ᠎ᠠ ᠶᠢᠨ ᠵᠢᠯ ᠳᠦ ᠂ ᠮᠠᠨ ᠤ ᠬᠤᠰᠢᠭᠤ ᠨᠢ《ᠬᠦᠮᠦᠨ ᠢᠶᠡᠷ ᠦᠨᠳᠦᠰᠦ ᠪᠤᠯᠭᠠᠨ᠂ ᠪᠤᠬᠢᠷᠳᠤᠯ ᠦᠬᠡᠢ ᠦᠤᠰᠢᠨ ᠬᠤᠰᠢᠭᠤ ᠶᠢ ᠪᠦᠲᠦᠭᠡᠨ ᠪᠠᠢᠭᠤᠯᠬᠤ》ᠬᠡᠬᠦ ᠬᠦᠭᠵᠢᠯᠲᠡ ᠶᠢᠨ ᠤᠨᠤᠯ ᠤᠨ ᠵᠢᠯᠤᠭᠤᠳᠤᠯᠭ᠎ᠠ ᠳᠤᠤᠷ᠎ᠠ ᠂ ᠰᠢᠳᠠᠮᠠᠬᠠᠢ ᠬᠡᠢ ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠦᠪᠯᠡᠷᠡᠯ ᠦᠨ ᠬᠦᠲᠦᠯᠦᠯ ᠳᠤᠤᠷ᠎ᠠ ᠂ ᠠᠵᠤ ᠠᠬᠤᠢ ᠨᠡᠢᠭᠡᠮ ᠦᠨ ᠡᠯ᠎ᠠ ᠲᠦᠷᠦᠯ ᠦᠨ ᠠᠵᠢᠯ ᠦᠢᠯᠡᠰ ᠮᠠᠰᠢ ᠲᠦᠷᠬᠡᠨ ᠬᠦᠭᠵᠢᠵᠦ ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠮᠡᠳᠡᠭᠳᠡᠮ᠎ᠠ ᠳᠡᠭᠡᠭᠰᠢᠯᠡᠵᠦ ᠂ 2010 ᠤᠨ ᠳᠤ ᠪᠦᠬᠦ ᠬᠤᠰᠢᠭᠤᠨ ᠤ ᠭᠠᠵᠠᠷ ᠤᠷᠤᠨ ᠤ ᠦᠢᠯᠡᠳᠪᠦᠷᠢᠯᠡᠯ ᠦᠨ ᠶᠡᠷᠦᠩᠬᠡᠢ ᠦᠷᠳᠡᠭ ᠨᠢ 189.5 ᠳ᠋ᠦᠩᠰᠢᠭᠤᠷ ᠲᠦᠭᠦᠷᠢᠭ ᠢ ᠳᠠᠪᠠᠵᠤ ᠂ ᠡᠳ᠋ ᠦᠨ ᠵᠠᠰᠠᠭ ᠤᠨ ᠤᠷᠤᠯᠭ᠎ᠠ ᠨᠢ 23.14 ᠳ᠋ᠦᠩᠰᠢᠭᠤᠷ ᠲᠦᠬᠦᠷᠢᠭ ᠢ ᠳᠠᠪᠠᠵᠤ ᠂ ᠠᠵᠤ ᠠᠬᠤᠢ ᠶᠢᠨ ᠶᠡᠷᠦᠩᠬᠡᠢ ᠬᠡᠮᠵᠢᠶ᠎ᠠ ᠪᠦᠬᠦ ᠤᠷᠤᠨ ᠤ 101 ᠬᠤᠰᠢᠭᠤ ᠰᠢᠶᠠᠨ ᠤ ᠡᠮᠦᠨ᠎ᠠ 30  ᠳᠤ ᠪᠠᠢᠳᠠᠭ ᠃ ᠮᠠᠨ ᠤ ᠬᠤᠰᠢᠭᠤᠨ ᠤ ᠠᠵᠤ ᠠᠬᠤᠢ ᠪᠠ ᠡᠬᠢ ᠪᠠᠶᠠᠯᠢᠭ ᠤᠨ ᠳᠠᠪᠠᠭᠤᠯᠢᠭ ᠢ 《ᠢᠮᠠᠭ᠎ᠠ ᠨᠡᠭᠦᠷᠡᠰᠦ ᠰᠢᠷᠤᠢ ᠬᠡᠢ》(羊煤土气)ᠭᠡᠵᠦ ᠲᠦᠷᠰᠦᠯᠢᠭ ᠬᠤᠷᠢᠶᠠᠩᠭᠤᠢᠯᠠᠳᠠᠭ ᠂ 《ᠢᠮᠠᠭ᠎ᠠ》ᠪᠢᠳᠡ ᠤᠬᠢ ᠰᠢᠯᠢᠳᠡᠭ ᠤᠷᠳᠤᠰ ᠨᠠᠷᠢᠨ ᠨᠤᠤᠰᠤᠲᠤ ᠢᠮᠠᠭ᠎ᠠ ᠲᠠᠢ ᠂ ᠤᠷᠳᠤᠰ ᠨᠠᠷᠢᠨ ᠨᠤᠤᠰᠤᠲᠤ ᠢᠮᠠᠭ᠎ᠠ ᠪᠤᠢᠵᠢᠭᠤᠯᠬᠤ ᠰᠠᠭᠤᠷᠢᠨ ᠭᠠᠵᠠᠷ ᠮᠦᠨ ᠂ 《ᠨᠡᠭᠦᠷᠡᠰᠦ》ᠪᠢᠳᠡ ᠬᠠᠳᠠᠭᠠᠯᠠᠭᠳᠠᠴᠠ ᠡᠯᠪᠡᠭ ᠂ ᠴᠢᠨᠠᠷ ᠰᠠᠢᠨ ᠂ ᠨᠡᠬᠡᠬᠡᠨ ᠠᠰᠢᠭᠯᠠᠵᠤ ᠪᠤᠯᠬᠤ ᠶᠡᠬᠡ ᠬᠡᠮᠵᠢᠶᠡᠨ ᠤᠬᠢ ᠰᠠᠢᠨ ᠨᠡᠭᠦᠷᠡᠰᠦᠨ ᠠᠭᠤᠷᠬᠠᠢ ᠪᠠᠢᠵᠤ ᠂ ᠲᠦᠰᠦᠪᠯᠡᠭᠰᠡᠨ ᠬᠠᠳᠠᠭᠠᠯᠠᠭᠳᠠᠴᠠ 300 ᠳ᠋ᠦᠩᠰᠢᠭᠤᠷ ᠲᠤᠨ ᠪᠠᠢᠨ᠎ᠠ ᠃ 《ᠰᠢᠷᠤᠢ》ᠪᠢᠳᠡ ᠳᠡᠯᠡᠬᠡᠢ ᠶᠢᠨ ᠤᠨᠴᠠ ᠳᠤᠮᠤ ᠬᠡᠪᠴᠢᠶᠡᠨ ᠦ ᠠᠨᠠᠯᠼᠢᠮ ᠬᠦᠳᠡᠷ ᠦᠨ ᠬᠡᠪᠳᠡᠰᠢ ᠲᠠᠢ ᠂ ᠲᠦᠰᠦᠪᠯᠡᠭᠰᠡᠨ ᠬᠠᠳᠠᠭᠠᠯᠠᠭᠳᠠᠴᠠ 2 ᠳ᠋ᠦᠩᠰᠢᠭᠤᠷ ᠲᠤᠨ ᠠᠴᠠ ᠳᠡᠭᠡᠭᠰᠢ ᠪᠠᠢᠵᠤ ᠂ ᠡᠨᠡᠬᠦ ᠢᠯᠡᠷᠡᠭᠦᠯᠦᠯᠲᠡ ᠨᠢ ᠮᠠᠨ ᠤ ᠤᠯᠤᠰ ᠤᠨ ᠠᠭᠤᠷᠬᠠᠢ ᠶᠢᠨ ᠲᠦᠷᠦᠯ ᠵᠦᠢᠯ  ᠦᠨ ᠳᠤᠳᠠᠭᠤ ᠪᠠᠢᠳᠠᠯ ᠢ ᠨᠦᠬᠦᠪᠦᠷᠢᠯᠡᠭᠰᠡᠨ ᠪᠠᠢᠨ᠎ᠠ ᠃ 《ᠬᠡᠢ》ᠪᠢᠳᠡ ᠪᠦᠬᠦ ᠤᠯᠤᠰ ᠤᠨ ᠬᠠᠮᠤᠭ ᠶᠡᠬᠡ ᠰᠢᠳᠡᠭᠴᠢ— ᠱᠦᠷᠬᠡᠢ ᠰᠢᠳᠠᠮᠠᠬᠠᠢ ᠬᠡᠢ ᠶᠢᠨ ᠰᠠᠪᠠ ᠲᠠᠢ ᠂ ᠨᠢᠬᠡᠨᠲᠡ ᠳᠤᠳᠤᠯᠤᠭᠰᠠᠨ ᠬᠠᠳᠠᠭᠠᠯᠠᠭᠳᠠᠴᠠ 9000 ᠳ᠋ᠦᠩᠰᠢᠭᠤᠷ ᠢᠯᠡᠭᠦᠦ ᠪᠤᠰᠤᠭ᠎ᠠ ᠲᠦᠷᠪᠡᠯᠵᠢᠨ ᠮᠧᠲ᠋ᠷ ᠂ ᠪᠦᠬᠦ ᠤᠯᠤᠰ ᠤᠨ ᠲᠡᠷᠢᠬᠦᠨ ᠳᠦ ᠤᠷᠤᠨ᠎ᠠ ᠂ ᠡᠢᠮᠦ ᠡᠴᠡ ᠮᠠᠨ ᠤ ᠬᠤᠰᠢᠭᠤ ᠨᠢ《ᠬᠡᠢ ᠶᠢᠨ ᠰᠠᠪᠠ ᠳᠡᠭᠡᠷ᠎ᠠ ᠬᠦᠪᠦᠵᠦ ᠪᠠᠢᠭ᠎ᠠ ᠡᠷᠳᠡᠨᠢ ᠶᠢᠨ ᠭᠠᠵᠠᠷ》ᠬᠡᠰᠡᠨ ᠨᠡᠷ᠎ᠠ ᠲᠠᠢ ᠶᠤᠮ ᠃

ᠮᠠᠨ ᠤ ᠬᠤᠷᠢᠶ᠎ᠠ ᠤᠳᠤ ᠬᠠᠷᠢᠶ᠎ᠠ ᠪᠦᠬᠦᠢ ᠲᠢᠩᠬᠢᠮ ᠠᠯᠪᠠᠨ ᠭᠡᠷ 13 ᠪᠠᠢᠵᠤ ᠂ ᠲᠤᠮᠢᠯᠠᠭᠰᠠᠨ ᠦᠨᠳᠦᠰᠦᠨ ᠱᠠᠳᠤᠨ ᠤ ᠠᠷᠠᠳ ᠤᠨ ᠰᠢᠬᠦᠬᠦ ᠲᠢᠩᠬᠢᠮ 4 ᠪᠠᠢᠵᠤ ᠂ ᠨᠡᠢᠲᠡ 92 ᠨᠡᠷᠡᠰ ᠺᠠᠲᠠᠷ ᠴᠠᠭᠳᠠᠭ᠎ᠠ ᠲᠠᠢ ᠂ ᠡᠭᠦᠨ ᠦ ᠳᠤᠮᠳᠠ ᠰᠢᠬᠦᠨ ᠳᠠᠰᠤᠯᠤᠭᠴᠢ 33 ᠨᠡᠷᠡᠰ ᠂ ᠬᠠᠪᠰᠤᠷᠤᠨ ᠰᠢᠭᠦᠭᠴᠢ 5 ᠨᠡᠷᠡᠰ ᠂ ᠰᠢᠭᠦᠭᠴᠢ ᠶᠢᠨ ᠬᠠᠪᠰᠤᠷᠤᠭᠴᠢ 7ᠨᠡᠷᠡᠰ ᠂ ᠳᠡᠮᠳᠡᠭᠯᠡᠭᠴᠢ 22 ᠨᠡᠷᠡᠰ ᠂ ᠳᠤᠰᠠᠬᠠᠢ ᠳᠤᠰᠢᠶᠠᠯ ᠲᠠᠢ ᠺᠠᠲᠠᠷ ᠴᠠᠭᠳᠠᠭ᠎ᠠ 8 ᠨᠡᠷᠡᠰ ᠂ ᠵᠠᠰᠠᠭ ᠵᠠᠬᠢᠷᠭᠠᠨ ᠤ ᠬᠡᠰᠢᠬᠦᠨ 7 ᠨᠡᠷᠡᠰ ᠂ ᠡᠳ᠋ ᠦᠨ ᠵᠠᠰᠠᠭ ᠠᠷᠤ ᠦᠢᠯᠡᠴᠢᠯᠡᠭᠡᠨ ᠦ ᠬᠡᠰᠢᠬᠦᠨ 10 ᠨᠡᠷᠡᠰ ᠂ ᠺᠠᠳᠠᠷ ᠴᠠᠭᠳᠠᠭᠠᠨ ᠤ ᠳᠤᠮᠳᠠ ᠳᠤᠰᠬᠠᠢ ᠮᠡᠷᠬᠡᠵᠢᠯ ᠦᠨ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠠᠴᠠ ᠳᠡᠭᠡᠭᠰᠢ ᠪᠠᠢᠬᠤ ᠨᠢ 98.3%  ᠶᠢ ᠡᠵᠡᠯᠡᠵᠦ ᠂ ᠶᠡᠬᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠠᠴᠠ ᠳᠡᠭᠡᠭᠰᠢ ᠪᠠᠢᠬᠤ ᠨᠢ 85.1%  ᠶᠢ ᠡᠵᠡᠯᠡᠨ᠎ᠠ ᠃ ᠳᠡᠳ᠋ ᠭᠠᠵᠠᠷ ᠤᠨ ᠳᠡᠰ ᠦᠨ ᠳᠠᠷᠤᠭ᠎ᠠ  ᠠᠴᠠ ᠳᠡᠭᠡᠭᠰᠢ ᠺᠠᠲᠠᠷ ᠨᠢ 37%  ᠶᠢ ᠡᠵᠡᠯᠡᠨ᠎ᠠ ᠃

ᠬᠤᠶᠠᠷ ᠂ ᠬᠦᠴᠢᠷ ᠪᠡᠷᠬᠡ ᠡᠴᠡ ᠠᠶᠤᠬᠤ ᠦᠬᠡᠢ ᠂ ᠴᠢᠷᠮᠠᠢᠨ ᠳᠡᠮᠡᠴᠡᠵᠦ ᠂ ᠬᠦᠭᠡᠭᠡᠵᠦ ᠭᠦᠢᠴᠡᠬᠦ ᠪᠠ ᠳᠠᠪᠠᠵᠤ ᠭᠠᠷᠬᠤ ᠶᠢ ᠪᠡᠶᠡᠯᠡᠬᠦᠯᠬᠦ

2007 ᠤᠨ ᠳᠤ ᠮᠠᠨ ᠤ ᠬᠤᠷᠢᠶ᠎ᠠ ᠨᠢ ᠪᠦᠬᠦ ᠬᠤᠳᠠ ᠶᠢᠨ ᠰᠢᠬᠦᠬᠦ ᠬᠤᠷᠢᠶᠠᠨ ᠤ ᠰᠢᠯᠭᠠᠨ ᠪᠠᠢᠴᠠᠭᠠᠯᠲᠠ ᠳᠤ ᠬᠠᠮᠤᠭ ᠡᠴᠦᠰ ᠦᠨ ᠨᠡᠷ᠎ᠠ ᠳᠤ ᠪᠠᠢᠵᠤ ᠂ ᠡᠯ᠎ᠠ ᠳᠠᠯ᠎ᠠ ᠶᠢᠨ ᠳᠠᠷᠤᠭᠠᠰᠤ ᠳᠤ ᠳᠤᠯᠭᠠᠷᠠᠵᠤ ᠂ 2008 ᠤᠨ ᠳᠤ ᠮᠠᠨ  ᠤ ᠬᠤᠷᠢᠶ᠎ᠠ ᠰᠢᠨ᠎ᠠ ᠨᠢᠬᠡᠨ ᠬᠤᠭᠤᠴᠠᠭᠠᠨ ᠤ ᠤᠳᠤᠷᠢᠳᠬᠤ ᠪᠠᠭ ᠳᠤᠰᠢᠶᠠᠯ ᠳᠤ ᠭᠠᠷᠤᠭᠰᠠᠨ ᠤ ᠳᠠᠷᠠᠭ᠎ᠠ ᠂ ᠬᠦᠨᠵᠡᠬᠡᠢ ᠰᠤᠳᠤᠯᠤᠨ ᠂ ᠨᠠᠷᠢᠨ ᠶᠡᠷᠦᠩᠬᠡᠢᠯᠡᠨ ᠳ᠋ᠦᠩᠨᠡᠵᠦ ᠂ ᠳᠠᠷᠤᠯᠲᠠ ᠦᠭᠭᠦᠨ ᠤᠷᠤᠭᠰᠢᠯᠠᠵᠤ ᠂ ᠭᠤᠷᠪᠠᠨ ᠵᠢᠯ ᠦᠨ ᠬᠤᠭᠤᠴᠠᠭᠠᠨ ᠳᠤ ᠳᠠᠭᠤᠨ ᠠᠪᠬᠤ ᠂ ᠪᠦᠬᠦ ᠬᠤᠳᠠ ᠶᠢᠨ ᠰᠢᠬᠦᠬᠦ ᠬᠤᠷᠢᠶᠠᠨ ᠤ ᠲᠡᠷᠢᠬᠦᠨ ᠡᠩᠨᠡᠭᠡᠨ ᠳᠦ ᠤᠷᠤᠬᠤ ᠬᠠᠷᠠᠯᠲᠠ ᠶᠢ ᠳᠤᠷᠠᠳᠤᠨ ᠭᠠᠷᠭᠠᠵᠠᠢ ᠃ ᠭᠤᠷᠪᠠᠨ ᠵᠢᠯ ᠦᠨ ᠳᠤᠳᠤᠷ᠎ᠠ ᠂ ᠪᠢᠳᠡ ᠰᠠᠢᠨ ᠠᠴᠠ ᠰᠤᠷᠤᠯᠴᠠᠬᠤ ᠂ ᠬᠤᠷᠳᠤᠨ ᠲᠠᠢ ᠠᠳᠠᠯᠢᠳᠬᠠᠵᠤ ᠂ ᠦᠨᠳᠦᠷ ᠲᠠᠢ ᠠᠳᠠᠯᠢᠳᠬᠠᠬᠤ  ᠶᠢ ᠡᠭᠦᠷᠢᠳᠡ ᠪᠠᠷᠢᠮᠳᠠᠯᠠᠵᠤ ᠂ 《ᠰᠢᠬᠦᠬᠦ ᠬᠤᠷᠢᠶ᠎ᠠ ᠶᠢ ᠴᠢᠩᠭ᠎ᠠ ᠵᠠᠰᠠᠬᠤ ᠂ ᠦᠨᠡᠨᠴᠢ ᠢᠳᠡᠬᠡᠯ ᠢᠶᠡᠷ ᠰᠢᠬᠦᠬᠦ ᠬᠤᠷᠢᠶᠠᠨ ᠤ ᠵᠤᠭᠰᠤᠴᠠ ᠪᠤᠯᠭᠠᠵᠤ ᠂ ᠪᠤᠯᠪᠠᠰᠤᠨ ᠢᠶᠠᠷ ᠰᠢᠬᠦᠬᠦ ᠬᠤᠷᠢᠶ᠎ᠠ ᠪᠠᠢᠭᠤᠯᠵᠤ ᠂ ᠴᠢᠳᠠᠪᠤᠷᠢᠲᠠᠨ ᠢᠶᠠᠷ ᠰᠢᠬᠦᠬᠦ ᠬᠤᠷᠢᠶ᠎ᠠ ᠶᠢ ᠪᠠᠳᠠᠷᠠᠭᠤᠯᠵᠤ ᠂ ᠰᠢᠨᠵᠢᠯᠡᠬᠦ ᠮᠡᠷᠬᠡᠵᠢᠯ ᠢᠶᠡᠷ ᠰᠢᠬᠦᠬᠦ ᠬᠤᠷᠢᠶ᠎ᠠ ᠶᠢ ᠬᠦᠴᠦᠷᠬᠡᠭᠵᠢᠯᠡᠬᠦᠯᠬᠦ 》ᠬᠦᠭᠵᠢᠯᠲᠡ ᠶᠢᠨ ᠦᠵᠡᠯ ᠰᠠᠨᠨᠠᠭᠠᠨ ᠤ ᠵᠢᠯᠤᠭᠤᠳᠤᠯᠭ᠎ᠠ ᠲᠤᠤᠷ᠎ᠠ ᠂ ᠡᠯ᠎ᠠ ᠲᠦᠷᠦᠯ ᠦᠨ ᠠᠵᠢᠯ ᠳᠤᠭᠳᠠᠭᠤᠨ ᠢᠶᠠᠷ ᠳᠡᠭᠡᠭᠰᠢᠯᠡᠵᠦ ᠂ ᠳᠠᠭᠤᠵᠤ ᠠᠪᠬᠤ ᠬᠠᠷᠠᠯᠲᠠ ᠶᠢ ᠠᠮᠵᠢᠯᠲᠠᠢ ᠪᠠᠷ ᠪᠡᠶᠡᠯᠡᠬᠦᠯᠵᠦ ᠂ 2009 ᠤᠨ ᠳᠤ ᠮᠠᠨ ᠤ ᠰᠢᠬᠦᠬᠦ ᠬᠤᠷᠢᠶ᠎ᠠ ᠶᠡᠷᠦᠩᠬᠡᠢᠯᠡᠨ ᠰᠢᠯᠭᠠᠨ ᠦᠨᠡᠯᠡᠯᠲᠡ ᠳᠦ ᠪᠦᠬᠦ ᠬᠤᠳᠠ ᠶᠢᠨ ᠲᠡᠷᠢᠬᠦᠨ ᠳᠦ ᠤᠷᠤᠵᠤ ᠂ 2010 ᠤᠨ ᠳᠤ ᠳᠠᠩᠰᠠ ᠡᠪᠬᠡᠮᠡᠯ ᠦᠨ ᠴᠢᠨᠠᠷ ᠤᠨ ᠪᠦᠷᠢᠳᠬᠡᠯ ᠳᠦ ᠪᠦᠬᠦ ᠬᠤᠳᠠ ᠶᠢᠨ ᠲᠡᠷᠢᠬᠦᠨ ᠳᠦ ᠳᠠᠬᠢᠨᠳᠠ ᠤᠷᠤᠭᠰᠠᠨ ᠪᠠᠢᠨ᠎ᠠ ᠂ ᠦᠷ᠎ᠠ ᠪᠦᠲᠦᠮᠵᠢ ᠤᠯᠤᠭᠰᠠᠨ ᠨᠢ ᠮᠠᠨ ᠤ ᠴᠢᠷᠮᠠᠢᠯᠠᠭ᠎ᠠ  ᠶᠢ ᠮᠡᠳᠡᠷᠡᠭᠰᠡᠨ ᠪᠠ ᠬᠦᠬᠢᠬᠦᠯᠦᠯ ᠪᠤᠯᠤᠨ᠎ᠠ ᠂ ᠨᠡᠢᠬᠡᠮ ᠦᠨ ᠢᠳᠡᠬᠡᠬᠦᠯᠬᠦ ᠬᠦᠴᠦᠨ ᠪᠤᠯᠤᠨ ᠰᠠᠨᠠᠭᠠᠨ ᠳᠤ ᠨᠡᠢᠴᠡᠭᠰᠡᠨ ᠬᠡᠮᠵᠢᠶᠡᠨ ᠦ ᠳᠡᠭᠡᠭᠰᠢᠯᠡᠯᠲᠡ ᠨᠢ ᠨᠡᠩ ᠴᠦ ᠪᠢᠳᠡᠨ ᠳᠦ ᠦᠭᠭᠦᠭᠰᠡᠨ ᠶᠡᠬᠡ ᠤᠷᠠᠮᠰᠢᠯᠠᠭᠤᠯ ᠪᠤᠯᠤᠨ ᠵᠤᠷᠢᠭᠵᠢᠭᠤᠯᠤᠯ ᠪᠤᠯᠤᠨ᠎ᠠ ᠃ ᠮᠠᠨ ᠤ ᠬᠤᠷᠢᠶ᠎ᠠ ᠤᠢᠷ᠎ᠠ ᠶᠢᠨ ᠵᠢᠯ  ᠳᠦ ᠮᠠᠨ ᠤ ᠬᠤᠷᠢᠶᠠᠨ ᠤ ᠤᠯᠤᠭᠰᠠᠨ ᠠᠮᠵᠢᠯᠲᠠ ᠶᠢ ᠳᠤᠤᠷᠠᠬᠢ ᠳᠤᠯᠤᠭᠠᠨ ᠵᠦᠢᠯ ᠪᠤᠯᠭᠠᠵᠤ ᠬᠤᠷᠢᠶᠠᠩᠭᠤᠢᠯᠠᠨ᠎ᠠ ᠄

ᠨᠢᠬᠡ ᠨᠢ ᠰᠢᠬᠦᠨ ᠳᠠᠰᠤᠯᠤᠯᠲᠠ ᠶᠢᠨ ᠠᠵᠢᠯ ᠢᠶᠠᠨ ᠨᠠᠷᠢᠨ ᠨᠢᠭᠲᠠ ᠬᠢᠬᠦ ᠃ 2010 ᠤᠨ ᠳᠤ ᠂ ᠮᠠᠨ ᠤ ᠬᠤᠷᠢᠶ᠎ᠠ ᠡᠯ᠎ᠠ ᠲᠦᠷᠦᠯ ᠦᠨ ᠬᠡᠷᠡᠭ ᠨᠡᠢᠲᠡ 2194 ᠬᠦᠯᠢᠶᠡᠨ ᠠᠪᠴᠤ ᠂ ᠬᠡᠷᠡᠭ ᠦᠨ ᠳᠤᠭ᠎ᠠ ᠨᠢ 2007 ᠤᠨ ᠤ ᠠᠳᠠᠯᠢ ᠬᠤᠭᠤᠴᠠᠭᠠᠨ ᠠᠴᠠ 43.4%  ᠪᠠᠷ ᠳᠡᠭᠡᠭᠰᠢᠯᠡᠵᠦ ᠂ ᠬᠡᠷᠡᠭ ᠤᠯᠠᠨ ᠬᠦᠮᠦᠨ ᠪᠠᠭ᠎ᠠ ᠬᠦᠨᠳᠦ ᠳᠠᠷᠤᠭᠠᠰᠤ ᠶᠢᠨ ᠳᠤᠤᠷ᠎ᠠ ᠂ ᠦᠷᠭᠡᠨ ᠤᠯᠠᠨ ᠺᠠᠲᠠᠷ ᠴᠠᠭᠳᠠᠭ᠎ᠠ ᠴᠠᠭ ᠡᠬᠡᠯᠵᠢ ᠨᠡᠮᠡᠨ ᠠᠵᠢᠯᠯᠠᠵᠤ ᠂ ᠭᠤᠤᠯ ᠪᠤᠯᠬᠤ ᠰᠢᠬᠦᠨ ᠳᠠᠰᠤᠯᠤᠯᠲᠠ ᠶᠢᠨ ᠬᠦᠢᠴᠡᠳᠬᠡᠯ ᠳᠤᠭ᠎ᠠ ᠶᠡᠬᠡᠪᠡᠷ ᠳᠡᠭᠡᠭᠰᠢᠯᠡᠪᠡ᠃ 2010 ᠤᠨ ᠳᠤ ᠂ ᠮᠠᠨ ᠤ ᠬᠤᠷᠢᠶᠠᠨ ᠤ ᠶᠡᠷᠦᠩᠬᠡᠢ ᠬᠡᠷᠡᠭ ᠰᠢᠢᠳᠪᠦᠷᠢᠯᠡᠬᠦ ᠨᠤᠷᠮ᠎ᠠ 99.08  ᠳᠤ ᠬᠦᠷᠴᠦ ᠂ 2007 ᠤᠨ ᠤ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ 9.8 ᠵᠠᠭᠤᠨ ᠤ ᠨᠢᠬᠡᠴᠢ ᠳᠡᠭᠡᠭᠰᠢᠯᠡᠵᠦ ᠂ ᠡᠭᠦᠨ ᠦ ᠳᠤᠮᠳᠠ ᠡᠷᠡᠭᠦᠦ ᠶᠢᠨ ᠬᠡᠷᠡᠭ ᠂ ᠵᠠᠰᠠᠭ ᠵᠠᠬᠢᠷᠭᠠᠨ ᠤ ᠬᠡᠷᠡᠭ ᠦᠨ ᠰᠢᠢᠳᠪᠦᠷᠢᠯᠡᠯᠲᠡ《ᠬᠤᠤᠰ ᠵᠠᠭᠤ》 ᠶᠢ ᠪᠡᠶᠡᠯᠡᠬᠦᠯᠵᠦ ᠂ ᠠᠳᠠᠯᠢ ᠬᠤᠭᠤᠴᠠᠭᠠᠨ ᠠᠴᠠ ᠳᠤᠰᠪᠤᠷᠢ 14.1ᠪᠠ26.7 ᠵᠠᠭᠤᠨ ᠤ ᠨᠢᠬᠡᠴᠢ ᠳᠡᠭᠡᠭᠰᠢᠯᠡᠪᠡ ᠃ ᠢᠷᠭᠡᠨ ᠦ ᠬᠡᠷᠡᠭ ᠦᠨ ᠬᠡᠷᠡᠭ ᠰᠢᠢᠳᠪᠦᠷᠢᠯᠡᠯᠲᠡ ᠶᠢᠨ ᠨᠤᠷᠮ᠎ᠠ 99.4% ᠪᠠᠢᠵᠤ ᠂ ᠠᠳᠠᠯᠢ ᠬᠤᠭᠤᠴᠠᠭᠠᠨ ᠠᠴᠠ 4.2 ᠵᠠᠭᠤᠨ ᠤ ᠨᠢᠬᠡᠴᠢ ᠳᠡᠭᠡᠭᠰᠢᠯᠡᠪᠡ ᠃ ᠢᠷᠬᠡᠨ ᠦ ᠬᠡᠷᠡᠭ ᠦᠨ ᠡᠶᠡᠳᠡᠬᠦᠯᠬᠦ ᠵᠠᠷᠭᠤ ᠪᠠᠨ ᠪᠤᠴᠠᠭᠠᠬᠤ ᠨᠤᠷᠮ᠎ᠠ 80.6% ᠪᠠᠢᠵᠤ ᠂ ᠠᠳᠠᠯᠢ ᠬᠤᠭᠤᠴᠠᠭᠠᠨ ᠠᠴᠠ 9.6 ᠵᠠᠭᠤᠨ ᠤ ᠨᠢᠭᠡᠴᠢ ᠳᠡᠭᠡᠭᠰᠢᠯᠡᠪᠡ ᠃ ᠬᠡᠷᠡᠭ ᠬᠦᠢᠴᠡᠳᠬᠡᠬᠦ ᠶᠢᠨ ᠬᠦᠢᠴᠡᠳᠬᠡᠬᠦ ᠰᠢᠢᠳᠪᠦᠷᠢᠯᠡᠬᠦ ᠨᠤᠷᠮ᠎ᠠ 98.32% ᠪᠠᠢᠵᠤ ᠂ ᠠᠳᠠᠯᠢ ᠬᠤᠭᠤᠴᠠᠭᠠᠨ ᠠᠴᠠ 12.8 ᠵᠠᠭᠤᠨ ᠤ ᠨᠢᠬᠡᠴᠢ ᠳᠡᠭᠡᠭᠰᠢᠯᠡᠵᠠᠢ ᠃ ᠬᠦᠢᠴᠡᠳᠬᠡᠵᠦ ᠳᠠᠭᠤᠰᠭᠠᠰᠠᠨ ᠨᠤᠷᠮ᠎ᠠ 103% ᠪᠠᠢᠵᠤ ᠂ ᠠᠳᠠᠯᠢ ᠬᠤᠭᠤᠴᠠᠭᠠᠨ ᠠᠴᠠ 40.6 ᠵᠠᠭᠤᠨ ᠤ ᠨᠢᠬᠡᠴᠢ ᠳᠡᠭᠡᠰᠢᠯᠡᠭᠰᠡᠨ ᠪᠠᠢᠨ᠎ᠠ ᠃ ᠳᠠᠰᠤᠯᠤᠨ ᠳᠤᠭᠳᠠᠭᠠᠯᠲᠠ ᠶᠢᠨ ᠭᠤᠮᠤᠳᠠᠯ ᠲᠤᠭᠤᠴᠢᠯᠲᠠ ᠶᠢᠨ ᠵᠠᠷᠭᠤ ᠶᠢᠨ ᠨᠤᠷᠮ᠎ᠠ 94.72% ᠪᠠᠢᠵᠤ ᠂ ᠠᠳᠠᠯᠢ ᠬᠤᠭᠤᠴᠠᠭᠠᠨ ᠠᠴᠠ 10.2 ᠵᠠᠭᠤᠨ ᠤ ᠨᠢᠬᠡᠴᠢ ᠳᠡᠭᠡᠭᠰᠢᠯᠡᠭᠰᠡᠨ ᠪᠠᠢᠨ᠎ᠠ ᠃ ᠳᠡᠭᠡᠭᠰᠢ ᠵᠠᠭᠠᠯᠳᠤᠨ ᠳᠠᠬᠢᠨ ᠪᠤᠴᠠᠭᠠᠵᠤ ᠰᠢᠬᠦᠬᠦ ᠨᠤᠷᠮ᠎ᠠ 1.5 % ᠪᠠᠢᠵᠤ ᠂ ᠠᠳᠠᠯᠢ ᠬᠤᠭᠤᠴᠠᠭᠠᠨ ᠠᠴᠠ 1.5 ᠵᠠᠭᠤᠨ ᠤ ᠨᠢᠬᠡᠴᠢ ᠪᠠᠭᠠᠰᠤᠭᠰᠠᠨ ᠪᠠᠢᠨ᠎ᠠ ᠃ ᠵᠠᠭᠠᠯᠳᠤᠯᠭ᠎ᠠ ᠶᠢᠨ ᠰᠢᠬᠦᠨ ᠳᠠᠰᠤᠯᠤᠯᠲᠠ ᠦᠬᠡᠷᠡᠴᠢᠯᠡᠬᠦ ᠨᠤᠷᠮ᠎ᠠ ᠨᠢ 0.3 ᠪᠠᠢᠵᠤ ᠂ ᠠᠳᠠᠯᠢ ᠬᠤᠭᠤᠴᠠᠭᠠᠨ ᠠᠴᠠ 4 ᠵᠠᠭᠤᠨ ᠤ ᠨᠢᠭᠡᠴᠢ ᠪᠠᠭᠠᠰᠤᠭᠰᠠᠨ ᠪᠠᠢᠨ᠎ᠠ ᠃ ᠪᠤᠰᠤᠳ ᠪᠦᠷᠢᠳᠬᠡᠯ ᠲᠤᠭ᠎ᠠ ᠨᠢ ᠴᠤ ᠳᠤᠮᠳᠠ ᠵᠡᠷᠬᠡ ᠶᠢᠨ ᠰᠢᠬᠦᠬᠦ ᠬᠤᠷᠢᠶᠠᠨ ᠰᠢᠯᠭᠠᠨ ᠪᠠᠢᠴᠠᠭᠠᠬᠤ ᠪᠦᠷᠢᠳᠬᠡᠯ ᠡᠴᠡ ᠦᠨᠳᠦᠷ ᠪᠠᠢᠳᠠᠭ ᠃

ᠬᠤᠶᠠᠷ ᠲᠤ ᠪᠤᠯ ᠡᠩᠨᠡᠭᠡᠨ ᠦ ᠬᠡᠪ ᠴᠢᠨᠠᠷ ᠯᠠᠪᠳᠠᠭᠤᠨ ᠢᠶᠠᠷ ᠳᠡᠭᠡᠭᠰᠢᠯᠡᠵᠦ ᠪᠠᠢᠨ᠎ᠠ ᠃ ᠰᠤᠷᠤᠯᠴᠠᠯᠭ᠎ᠠ ᠶᠢᠨ ᠴᠢᠨᠠᠷ ᠲᠠᠢ ᠰᠢᠬᠦᠬᠦ ᠬᠤᠷᠢᠶ᠎ᠠ ᠪᠠᠢᠭᠤᠯᠬᠤ  ᠪᠠᠷ ᠳᠠᠮᠵᠢᠵᠤ ᠂ ᠲᠦᠷᠪᠡᠨ ᠵᠦᠢᠯ ᠦᠨ ᠰᠤᠷᠤᠯᠴᠠᠯᠭ᠎ᠠ ᠶᠢᠨ ᠭᠤᠤᠯᠳᠠᠯᠭ᠎ᠠ ᠶᠢ ᠲᠤᠳᠤᠷᠬᠠᠢ ᠳᠤᠭᠳᠠᠭᠠᠬᠤ ᠪᠠᠷ ᠳᠠᠮᠵᠢᠵᠤ ᠂ ᠨᠠᠢ᠍ᠮᠠᠨ ᠶᠡᠬᠡ ᠰᠤᠷᠤᠯᠴᠠᠬᠤ ᠳᠠᠪᠴᠠᠩ ᠭᠠᠷᠭᠠᠵᠤ ᠂ ᠲᠦᠷᠪᠡᠨ ᠬᠤᠪᠢᠷᠠᠯᠲᠠ ᠶᠢ ᠠᠬᠢᠭᠤᠯᠵᠤ ᠂ 《ᠵᠠᠯᠠᠵᠤ ᠠᠪᠴᠢᠷᠠᠬᠤ ᠪᠤᠯᠤᠨ ᠭᠠᠷᠴᠤ ᠶᠠᠪᠤᠬᠤ》ᠲᠠᠢ ᠤᠶᠠᠯᠳᠠᠭᠤᠯᠤᠨ ᠪᠤᠯᠪᠠᠰᠤᠷᠠᠭᠤᠯᠬᠤ ᠬᠡᠯᠪᠡᠷᠢ ᠪᠡᠷ ᠳᠠᠮᠵᠢᠵᠤ ᠂ ᠺᠠᠲᠠᠷ ᠴᠠᠭᠳᠠᠭ᠎ᠠ ᠶᠢᠨ ᠬᠡᠪ ᠴᠢᠨᠠᠷ ᠯᠠᠪᠳᠠᠭᠤᠨ ᠢᠶᠠᠷ ᠳᠡᠭᠡᠭᠰᠢᠯᠡᠭᠰᠡᠨ ᠪᠠᠢᠨ᠎ᠠ ᠃ 2007 ᠤᠨ ᠳᠤ ᠪᠦᠬᠦ ᠬᠤᠷᠢᠶ᠎ᠠ ᠨᠢᠭᠡ ᠰᠤᠳᠤᠯᠠᠬᠤ ᠰᠤᠷᠤᠭᠴᠢ ᠴᠤ ᠪᠠᠢᠬᠤ ᠦᠬᠡᠢ ᠂ ᠤᠳᠤ ᠬᠠᠷᠢᠨ ᠭᠤᠷᠪᠠᠨ ᠨᠡᠷᠡᠰ ᠪᠠᠢᠬᠤ ᠪᠤᠯᠭᠰᠠᠨ ᠪᠠᠢᠨ᠎ᠠ ᠃ 2007 ᠤᠨ ᠳᠤ ᠵᠦᠪᠬᠡᠨ 3 ᠺᠠᠲᠠᠷ ᠴᠠᠭᠳᠠᠭ᠎ᠠ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢ ᠦᠩᠭᠡᠷᠡᠵᠦ ᠂ ᠤᠳᠤ ᠬᠠᠷᠢᠨ ᠰᠢᠯᠭᠠᠯᠲᠠ ᠦᠩᠭᠡᠷᠡᠭᠰᠡᠨ ᠨᠢ 25 ᠨᠡᠷᠡᠰ ᠪᠤᠯᠤᠭᠰᠠᠨ ᠪᠠᠢᠨ᠎ᠠ ᠃ ᠭᠤᠷᠪᠠᠨ ᠵᠢᠯ ᠦᠨ ᠬᠤᠭᠤᠴᠠᠭᠠᠨ ᠳᠤ ᠂ ᠪᠦᠬᠦ ᠬᠤᠷᠢᠶᠠᠨ ᠤ ᠬᠠᠮᠳᠤ ᠨᠡᠢᠲᠡ ᠪᠠ ᠬᠤᠪᠢ ᠬᠦᠮᠦᠨ ᠨᠡᠢᠲᠡ ᠤᠯᠤᠰ ᠤᠨ ᠳᠡᠰ ᠦᠨ ᠢᠷᠠᠭᠤ ᠠᠯᠳᠠᠷ 3 ᠲᠦᠷᠦᠯ᠂ ᠮᠤᠵᠢ ᠶᠢᠨ ᠳᠡᠰ ᠦᠨ ᠢᠷᠠᠭᠤ ᠠᠯᠳᠠᠷ 4 ᠲᠦᠷᠦᠯ ᠂ ᠬᠤᠳᠠ ᠶᠢᠨ ᠳᠡᠰ ᠦᠨ ᠢᠷᠠᠭᠤ ᠠᠯᠳᠠᠷ 13 ᠲᠦᠷᠦᠯ᠂ ᠬᠤᠰᠢᠭᠤᠨ ᠳᠡᠰ ᠦᠨ ᠢᠷᠠᠭᠤ ᠠᠯᠳᠠᠷ 30 ᠲᠦᠷᠦᠯ ᠃ ᠡᠩᠨᠡᠬᠡᠨ ᠦ ᠬᠡᠪ ᠴᠢᠨᠠᠷ ᠤᠨ ᠳᠡᠭᠡᠭᠡᠰᠢᠯᠡᠲᠡ ᠪᠠᠢᠬᠤ ᠠᠴᠠ ᠰᠢᠬᠦᠬᠦ ᠬᠤᠷᠢᠶᠠᠨ ᠤ 《ᠤᠬᠢ ᠰᠢᠯᠢᠳᠡᠭ ᠰᠢᠬᠦᠨ ᠳᠠᠰᠤᠯᠤᠯᠲᠠ ᠶᠢᠨ ᠢᠨᠵᠧᠨᠧᠷᠢᠩ》ᠰᠠᠶᠢ ᠤᠷᠤᠭᠰᠢᠲᠠᠢ ᠶᠠᠪᠤᠭᠳᠠᠵᠤ ᠳᠡᠢᠯᠦᠨ᠎ᠠ ᠃

ᠭᠤᠷᠪᠠ ᠪᠤᠯ ᠦᠬᠡᠷᠡᠴᠢᠯᠡᠯᠲᠡ ᠬᠢᠵᠦ ᠰᠢᠨ᠎ᠠ ᠶᠢ ᠡᠭᠦᠳᠴᠦ ᠦᠷᠬᠦᠯᠵᠢᠯᠡᠨ ᠳᠠᠪᠰᠢᠭᠰᠠᠨ ᠪᠠᠢᠨ᠎ᠠ ᠃ ᠭᠤᠷᠪᠠᠨ ᠵᠢᠯ ᠦᠨ ᠬᠤᠭᠤᠴᠠᠭᠠᠨ ᠳᠤ ᠂ ᠮᠠᠨ ᠤ ᠬᠤᠷᠢᠶ᠎ᠠ ᠡᠮᠦᠨ᠎ᠠ ᠬᠤᠢᠨ᠎ᠠ ᠬᠡᠷᠡᠭ ᠪᠤᠯᠭᠠᠨ ᠳᠠᠩᠰᠠᠯᠠᠬᠤ ᠦᠬᠡᠷᠡᠴᠢᠯᠡᠯᠲᠡ ᠂ ᠰᠢᠬᠦᠨ ᠳᠠᠰᠤᠯᠠᠬᠤ ᠺᠤᠮᠢᠰ ᠤᠨ ᠦᠬᠡᠷᠡᠴᠢᠯᠡᠯᠲᠡ ᠂ ᠬᠦᠢᠴᠡᠳᠬᠡᠬᠦ ᠶᠢᠨ ᠦᠬᠡᠷᠡᠴᠢᠯᠡᠯᠲᠡ ᠂ ᠬᠡᠷᠡᠭ ᠦᠨ ᠪᠠᠢᠴᠠᠭᠠᠬᠤ ᠠᠵᠢᠯ ᠤᠨ ᠦᠬᠡᠷᠡᠴᠢᠯᠡᠯᠲᠡ ᠂ ᠮᠣᠩᠭᠤᠯ ᠬᠡᠯᠡᠨ ᠦ ᠰᠢᠬᠦᠨ ᠳᠠᠰᠤᠯᠠᠬᠤ ᠲᠦᠷᠢᠮ ᠦᠨ ᠦᠬᠡᠷᠡᠴᠢᠯᠡᠯᠲᠡ ᠂ ᠬᠢᠨᠠᠨ ᠰᠢᠯᠭᠠᠬᠤ ᠬᠠᠮᠢᠶᠠᠷᠤᠯᠲᠠ ᠶᠢᠨ ᠠᠷᠭ᠎ᠠ ᠦᠬᠡᠷᠡᠴᠢᠯᠡᠯᠲᠡ ᠵᠡᠷᠬᠡ ᠵᠢᠷᠭᠤᠭᠠᠨ ᠦᠬᠡᠷᠡᠴᠢᠯᠡᠯᠲᠡ ᠶᠢ ᠶᠠᠪᠤᠭᠳᠠᠭᠤᠯᠵᠤ ᠂ ᠨᠢᠬᠡᠳᠦᠯᠲᠠᠢ ᠬᠡᠷᠡᠭ ᠳᠠᠩᠰᠠᠯᠠᠬᠤ ᠂ ᠰᠢᠬᠦᠬᠦ ᠬᠤᠷᠢᠶᠠᠨ ᠤ ᠠᠵᠢᠯ ᠤᠨ ᠬᠤᠷᠠᠯ ᠬᠡᠷᠡᠭ ᠢ ᠰᠤᠳᠤᠯᠠᠵᠤ᠂ ᠬᠡᠷᠡᠭ ᠢ ᠦᠪᠡᠷᠲᠡᠭᠡᠨ ᠬᠦᠢᠴᠡᠳᠬᠡᠬᠦ ᠂ 《ᠲᠠᠪᠤ ᠪᠠᠢᠴᠠᠭᠠᠵᠤ ᠲᠠᠪᠤ ᠬᠠᠯᠠᠬᠤ》ᠦᠨᠡᠯᠡᠨ ᠰᠢᠯᠠᠭᠠᠬᠤ ᠠᠷᠭ᠎ᠠ ᠶᠢ ᠬᠡᠷᠡᠭᠵᠢᠬᠦᠯᠬᠦ ᠂ ᠢᠷᠬᠡᠨ ᠦ ᠭᠤᠷᠪᠠᠳᠤᠭᠠᠷ ᠲᠢᠩᠬᠢᠮ ᠮᠤᠩᠭᠤᠯ ᠬᠡᠷᠡᠭ ᠢ ᠳᠤᠰᠠᠬᠠᠢ ᠬᠠᠮᠢᠶᠠᠷᠬᠤ ᠂ ᠬᠦᠨᠳᠦ ᠱᠠᠩᠨᠠᠵᠤ ᠴᠢᠩᠭ᠎ᠠ ᠶᠠᠯᠠᠳᠠᠬᠤ ᠵᠡᠷᠬᠡ ᠨᠢᠬᠡ ᠪᠦᠯᠦᠭ ᠦᠷ᠎ᠠ ᠪᠦᠲᠦᠮᠵᠢ ᠲᠠᠢ ᠬᠠᠮᠢᠶᠠᠷᠤᠯᠲᠠ ᠶᠢ ᠬᠡᠯᠪᠡᠷᠢ ᠶᠢ ᠪᠠᠢᠭᠤᠯᠵᠤ ᠂ ᠤᠨᠴᠠᠭᠠᠢᠯᠠᠨ ᠢᠷᠬᠡᠨ ᠦ ᠭᠤᠷᠪᠠᠳᠤᠭᠠᠷ ᠲᠢᠩᠬᠢᠮ ᠨᠢ ᠳᠤᠰᠬᠠᠢ ᠮᠤᠩᠭᠤᠯ ᠬᠡᠯᠡᠨ ᠦ ᠰᠢᠬᠦᠬᠦ ᠲᠢᠩᠬᠢᠮ ᠪᠤᠯᠤᠭᠰᠠᠨ ᠨᠢ ᠪᠦᠬᠦ ᠤᠯᠤᠰ ᠤᠨ ᠦᠨᠳᠦᠰᠦᠨ ᠱᠠᠳᠤᠨ ᠤ ᠰᠢᠬᠦᠬᠦ ᠬᠤᠷᠢᠶᠠᠨ ᠳᠤᠮᠳᠠ ᠨᠢᠬᠡᠳᠦᠬᠡᠷ ᠮᠦᠷᠲᠡᠭᠡᠨ ᠴᠤᠷ ᠤᠨ ᠭᠠᠭᠴᠠ ᠮᠦᠨ ᠂ ᠡᠨᠡᠬᠦ ᠡᠮᠬᠢᠯᠡᠨ ᠨᠡᠢᠯᠡᠬᠦᠯᠬᠦ ᠬᠥᠭᠵᠢᠯᠲᠡ  ᠶᠢᠨ ᠰᠡᠳᠬᠢᠴᠡ ᠨᠢ ᠪᠦᠬᠦ ᠤᠯᠤᠰ ᠤᠨ ᠰᠢᠭᠦᠬᠦ ᠬᠣᠷᠢᠶᠠᠨ ᠤ ᠰᠢᠰᠲ᠋ᠧᠮ ᠦᠨ ᠴᠥᠭᠡᠨ ᠲᠣᠭᠠᠲᠤ ᠦᠨᠳᠦᠰᠦᠲᠡᠨ ᠦ ᠰᠢᠬᠦᠭᠴᠢ ᠳᠤᠲᠠᠭᠳᠠᠵᠤ ᠪᠠᠶᠢᠬᠤ ᠠᠰᠠᠭᠤᠳᠠᠯ ᠢ ᠰᠢᠶᠳᠪᠦᠷᠢᠯᠡᠬᠦ ᠨᠢᠭᠡᠨ ᠦᠨᠡᠨ ᠬᠦ ᠶᠠᠪᠤᠭᠳᠠᠵᠤ ᠴᠢᠳᠠᠬᠤᠶᠢᠴᠠ ᠬᠥᠭᠵᠢᠭᠦᠯᠬᠦ ᠵᠠᠮ ᠢ ᠬᠠᠶᠢᠨ ᠰᠦᠪᠡᠭᠴᠢᠯᠡᠭᠰᠡᠨ ᠪᠠᠶᠢᠨ᠎ᠠ᠃ ᠢᠷᠭᠡᠨ ᠦ ᠬᠡᠷᠡᠭ ᠦᠨ ᠭᠤᠷᠪᠠᠳᠤᠭᠠᠷ ᠰᠢᠭᠦᠬᠦ ᠲᠢᠩᠬᠢᠮ ᠦᠨ ᠵᠢᠯ ᠦᠨ ᠳᠤᠮᠳᠠᠴᠢ ᠮᠣᠩᠭᠣᠯ ᠵᠠᠷᠭᠤ ᠶᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠭᠰᠡᠨ ᠨᠢ ᠪᠠᠷᠤᠭ 400 ᠪᠠᠢᠵᠤ ᠂ ᠰᠢᠭᠦᠵᠦ ᠳᠠᠭᠤᠰᠬᠠᠭᠰᠠᠨ ᠨᠤᠷᠮ᠎ᠠ ᠨᠢ 100 % ᠪᠣᠯᠤᠨ᠎ᠠ ᠂ ᠬᠡᠷᠡᠭ ᠢ ᠰᠢᠯᠵᠢᠭᠦᠯᠦᠨ ᠪᠤᠴᠠᠭᠠᠬᠤ ᠨᠣᠷᠮ᠎ᠠ ᠨᠢ 93 % ᠂ ᠶᠡᠬᠡ ᠬᠡᠮᠵᠢᠶᠡᠨ ᠦ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠰᠢᠢᠳᠪᠦᠷᠢᠯᠡᠵᠦ ᠂ ᠮᠠᠨ ᠤ ᠬᠣᠷᠢᠶᠠᠨ ᠳᠤ ᠰᠢᠭᠦᠨ ᠲᠠᠰᠤᠯᠬᠤ ᠳᠠᠷᠤᠯᠲᠠ ᠴᠤ ᠪᠠᠭᠠᠰᠤᠭᠰᠠᠨ ᠪᠠᠶᠢᠨ᠎ᠠ ᠃

ᠲᠦᠷᠪᠡ ᠪᠤᠯ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢ ᠰᠠᠢᠲᠤᠷ ᠬᠢᠵᠦ ᠠᠮᠵᠢᠯᠲᠠ ᠤᠯᠤᠭᠰᠠᠨ ᠪᠠᠢᠨ᠎ᠠ ᠃ ᠰᠢᠬᠦᠬᠦ ᠬᠤᠷᠢᠶ᠎ᠠ ᠨᠢ ᠦᠪᠡᠷ ᠦᠨ ᠤᠨᠴᠠᠯᠢᠭ ᠲᠠᠢ ᠰᠤᠶᠤᠯ ᠤᠨ ᠠᠭᠤᠯᠤᠭᠳᠠᠭᠤᠨ ᠲᠠᠢ ᠶᠤᠮ᠂ ᠰᠤᠶᠤᠯ ᠤᠨ ᠪᠦᠲᠦᠬᠡᠨ ᠪᠠᠢᠭᠤᠯᠤᠯᠲᠠ ᠶᠢ ᠴᠢᠩᠭᠠᠳᠬᠠᠵᠤ ᠪᠠᠢᠬᠤ ᠪᠤᠯ ᠲᠠᠷᠤᠢ ᠡᠩᠨᠡᠭᠡᠨ ᠦ ᠪᠦᠲᠦᠬᠡᠨ ᠪᠠᠢᠭᠤᠯᠤᠯᠲᠠ ᠶᠢ ᠴᠢᠩᠭᠠᠳᠬᠠᠵᠤ ᠪᠠᠢᠬᠤ ᠮᠦᠨ ᠂ ᠡᠭᠦᠨ ᠦ ᠲᠦᠯᠦᠬᠡ ᠂ ᠮᠠᠨ ᠤ ᠬᠤᠷᠢᠶ᠎ᠠ ᠨᠢ ᠵᠢᠯ ᠪᠦᠷᠢ ᠶᠢᠨ 9 ᠰᠠᠷ᠎ᠠ ᠶᠢ ᠰᠤᠶᠤᠯ ᠤᠨ ᠰᠠᠷ᠎ᠠ ᠪᠠᠷ ᠳᠤᠭᠳᠠᠭᠠᠵᠤ ᠂ ᠠᠵᠢᠯ ᠤᠨ ᠪᠠᠢᠷᠢ ᠶᠢᠨ ᠮᠡᠷᠬᠡᠵᠢᠯ ᠦᠨ ᠮᠦᠷᠦᠢᠴᠡᠭᠡᠨ ᠪᠠ ᠰᠤᠶᠤᠯ ᠤᠨ ᠮᠦᠷᠦᠢᠴᠡᠭᠡᠨ ᠢ ᠲᠦᠪᠯᠡᠷᠡᠭᠦᠯᠦᠨ ᠦᠷᠨᠢᠬᠦᠯᠳᠡᠭ ᠂ ᠤᠳᠤᠬᠠᠨ ᠳᠤ ᠨᠢᠭᠡᠨᠲᠡ ᠭᠤᠷᠪᠠᠨ ᠬᠤᠭᠤᠴᠠᠭ᠎ᠠ ᠶᠠᠪᠤᠭᠳᠠᠭᠤᠯᠤᠭᠰᠠᠨ ᠪᠠᠢᠨ᠎ᠠ ᠃ ᠮᠠᠨ ᠤ ᠬᠤᠷᠢᠶᠠᠨ ᠤ ᠰᠢᠬᠦᠬᠦ ᠲᠢᠩᠬᠢᠮ ᠂ ᠠᠯᠪᠠᠨ ᠬᠡᠷ ᠦᠨ ᠴᠢᠮᠡᠭᠯᠡᠯ ᠵᠡᠷᠬᠡ ᠳᠠᠯ᠎ᠠ ᠨᠢ ᠪᠦᠷ《ᠲᠦᠪ ᠭᠤᠤᠯᠴᠢ᠂ ᠦᠨᠳᠦᠷ ᠪᠦᠲᠦᠮᠵᠢᠲᠠᠢ ᠂ ᠠᠷᠠᠳ ᠲᠤ ᠲᠦᠬᠦᠮ ᠂ ᠠᠷᠢᠭᠤᠨ ᠴᠢᠬᠡᠴᠢ》ᠭᠡᠰᠡᠨ ᠰᠢᠬᠦᠬᠦ ᠬᠤᠷᠢᠶᠠᠨ ᠤ ᠰᠤᠶᠤᠯ ᠤᠨ ᠠᠭᠤᠯᠠᠭᠳᠠᠭᠤᠨ ᠢ ᠢᠯᠡᠷᠡᠭᠦᠵᠦ ᠂ ᠬᠦᠨ ᠵᠤᠵᠠᠭᠠᠨ ᠰᠤᠶᠤᠯ ᠤᠨ ᠤᠷᠴᠢᠨ ᠲᠤᠭᠤᠷᠢᠨ ᠢ ᠪᠤᠢ ᠪᠤᠯᠭᠠᠭᠰᠠᠨ ᠪᠠᠢᠨ᠎ᠠ ᠃ ᠭᠤᠷᠪᠠᠨ ᠵᠢᠯ ᠦᠨ ᠬᠤᠭᠤᠴᠠᠭᠠᠨ ᠳᠤ ᠂ ᠮᠠᠨ ᠢ ᠬᠤᠷᠢᠶ᠎ᠠ ᠡᠯ᠎ᠠ ᠬᠤᠰᠢᠭᠤᠨ ᠤ ᠡᠯ᠎ᠠ ᠲᠦᠷᠦᠯ ᠦᠨ ᠰᠤᠶᠤᠯ ᠤᠨ ᠬᠦᠳᠡᠯᠭᠡᠭᠡᠨ ᠳᠦ ᠢᠳᠡᠪᠬᠢᠲᠠᠢ ᠤᠷᠤᠯᠴᠠᠵᠤ ᠂ ᠡᠮᠦᠨ᠎ᠠ ᠬᠤᠢᠨ᠎ᠠ 8 ᠲᠦᠷᠦᠯ ᠦᠨ ᠢᠷᠠᠭᠤ ᠠᠯᠳᠠᠷ ᠤᠯᠵᠤ ᠂ ᠡᠮᠦᠨ᠎ᠠ ᠬᠤᠢᠨ᠎ᠠ ᠬᠤᠳᠠ ᠶᠢᠨ ᠳᠡᠰ ᠡᠴᠡ ᠳᠡᠭᠡᠭᠰᠢ ᠰᠤᠨᠢᠨ ᠰᠡᠳᠬᠦᠯ ᠂ ᠷᠠᠳᠢᠣ᠋ ᠳᠡᠭᠡᠷ᠎ᠠ ᠨᠡᠢᠲᠡᠯᠡᠵᠦ ᠂ ᠮᠡᠳᠡᠭᠡᠯᠡᠭᠰᠡᠨ ᠡᠬᠡ ᠪᠢᠴᠢᠭ ᠵᠤᠬᠢᠶᠠᠯ 600 ᠭᠠᠷᠤᠢ ᠪᠠᠢᠳᠠᠭ ᠃

ᠳᠠᠪᠤ ᠪᠤᠯ ᠬᠡᠪ ᠰᠤᠷᠳᠠᠯ ᠴᠣ᠋ ᠰᠢᠨ᠎ᠠ ᠲᠦᠷᠰᠦ ᠪᠠᠢᠳᠠᠯ ᠲᠠᠢ ᠪᠤᠯᠪᠠ ᠃ ᠤᠢᠷ᠎ᠠ ᠶᠢᠨ ᠵᠢᠯ ᠳᠦ ᠂ ᠮᠠᠨ ᠤ ᠬᠤᠷᠢᠶ᠎ᠠ《ᠤᠯᠠᠨ ᠲᠦᠮᠡᠨ ᠦ ᠰᠠᠨᠠᠭᠠᠨ ᠳᠤ ᠨᠡᠢᠴᠡᠬᠦ》 ᠪᠡᠷ ᠡᠯ᠎ᠠ ᠲᠦᠷᠦᠯ ᠦᠨ ᠠᠵᠢᠯ ᠢ ᠰᠢᠯᠭᠠᠨ ᠬᠡᠮᠵᠢᠬᠦ ᠬᠠᠮᠤᠭ ᠦᠨᠳᠦᠷ ᠪᠠᠷᠢᠮᠵᠢᠶ᠎ᠠ ᠪᠤᠯᠭᠠᠬᠤ ᠶᠢ ᠪᠠᠷᠢᠮᠳᠠᠯᠠᠭᠰᠠᠭᠠᠷ ᠢᠷᠡᠵᠡᠢ ᠂ ᠤᠯᠠᠨ ᠲᠦᠮᠡᠨ ᠦ ᠰᠠᠨᠠᠭᠠᠨ ᠳᠤ ᠨᠡᠢᠴᠡᠬᠦ ᠭᠡᠰᠡᠭ ᠡᠴᠡ ᠡᠬᠢᠯᠡᠨ ᠦᠬᠡᠷᠡᠴᠢᠡᠯᠯᠲᠡ ᠬᠢᠵᠦ ᠂ ᠤᠯᠠᠨ ᠲᠦᠮᠡᠨ ᠵᠠᠷᠭᠤ ᠬᠢᠬᠦ ᠳᠦ ᠲᠦᠬᠦᠮ ᠪᠤᠯᠭᠠᠬᠤ ᠵᠢᠵᠢᠭ ᠤᠴᠢᠷ ᠠᠴᠠ ᠡᠬᠢᠯᠡᠨ ᠬᠢᠵᠦ ᠂ ᠬᠠᠤᠯᠢ ᠴᠠᠭᠠᠵᠠ ᠶᠢᠨ ᠢᠳᠡᠬᠡᠬᠦᠯᠬᠦ ᠬᠦᠴᠦᠨ ᠢ ᠳᠡᠭᠡᠭᠰᠢᠯᠡᠬᠦᠯᠦᠨ ᠂ 《ᠦᠨᠳᠦᠷ ᠪᠦᠲᠦᠮᠵᠢᠲᠠᠢ ᠂ ᠪᠤᠯᠪᠠᠰᠤᠨ ᠂ ᠠᠷᠠᠳ ᠲᠤ ᠠᠰᠢᠭᠲᠠᠢ ᠂ ᠠᠷᠠᠳ ᠲᠤ ᠲᠦᠬᠦᠮ ᠂ ᠠᠷᠠᠳ ᠢ ᠬᠠᠮᠠᠭᠠᠯᠠᠬᠤ》ᠰᠢᠨ᠎ᠠ ᠲᠦᠷᠢ ᠲᠦᠷᠬᠦ ᠶᠢ ᠪᠤᠢ ᠪᠤᠯᠭᠠᠭᠰᠠᠨ ᠪᠠᠢᠨ᠎ᠠ ᠃ ᠳᠤᠬᠠᠢ ᠶᠢᠨ ᠬᠦᠮᠦᠨ ᠦ ᠳᠤᠰᠬᠠᠭᠰᠠᠨ ᠲᠤᠪᠤᠢᠮ᠎ᠠ ᠠᠰᠠᠭᠤᠳᠠᠯ ᠳᠤ ᠴᠠᠭ ᠳᠤᠬᠠᠢ ᠳᠤ ᠨᠢ ᠪᠠᠢᠴᠠᠭᠠᠵᠤ ᠂ ᠴᠤᠬᠤᠢᠯᠲᠠ ᠶᠢᠨ ᠴᠢᠨᠠᠷᠲᠠᠢ ᠂ ᠬᠡᠯᠪᠡᠢᠯᠲᠡ ᠶᠢᠨ ᠴᠢᠨᠠᠷ ᠲᠠᠢ ᠠᠰᠠᠭᠤᠳᠠᠯ ᠢ ᠡᠷᠲᠡ ᠪᠠᠷᠢᠵᠤ ᠪᠠᠭ᠎ᠠ ᠪᠠᠢᠬᠤ ᠳᠤ ᠨᠢ ᠪᠠᠷᠢᠵᠤ ᠂ ᠨᠠᠮ ᠤᠨ ᠡᠩᠨᠡᠭᠡ ᠂ ᠺᠠᠲᠠᠷ ᠴᠠᠭᠳᠠᠭᠠᠨ ᠤ ᠡᠩᠨᠡᠭᠡᠨ ᠦ ᠠᠷᠢᠭᠤᠨ ᠴᠡᠪᠡᠷ ᠪᠠᠢᠬᠤ ᠪᠠᠳᠤᠯᠠᠪᠠ ᠃ ᠮᠠᠨ ᠤ ᠬᠤᠷᠢᠶ᠎ᠠ ᠵᠢᠯ ᠪᠦᠷᠢ 《ᠬᠡᠪ ᠴᠢᠨᠠᠷ ᠤᠨ ᠪᠦᠲᠦᠬᠡᠨ ᠪᠠᠢᠭᠤᠯᠤᠯᠲᠠ ᠶᠢᠨ ᠠᠷᠠᠳᠴᠢᠯᠠᠯ ᠤᠨ ᠰᠢᠯᠭᠠᠨ ᠦᠨᠡᠯᠡᠬᠦ ᠶᠡᠬᠡ ᠬᠤᠷᠠᠯ》 ᠢ ᠬᠤᠷᠠᠯᠳᠠᠭᠤᠯᠵᠤ ᠂ ᠲᠤᠩ ᠰᠠᠢᠨ ᠰᠡᠷᠡᠮᠵᠢᠯᠡᠬᠦᠯᠬᠦ ᠬᠦᠮᠦᠵᠢᠯ ᠦᠨ ᠦᠷ᠎ᠠ ᠪᠦᠲᠦᠮᠵᠢ ᠤᠯᠤᠭᠰᠠᠨ ᠪᠠᠢᠨ᠎ᠠ ᠃ 《ᠦᠢᠯᠡᠴᠢᠯᠡᠬᠡ ᠶᠠᠷᠢᠬᠤ ᠂ ᠠᠷᠢᠭᠤᠨ ᠴᠢᠬᠡᠴᠢ ᠶᠠᠷᠢᠬᠤ ᠂ ᠦᠷ᠎ᠠ ᠪᠦᠲᠦᠮᠵᠢ ᠶᠠᠷᠢᠬᠤ》ᠭᠡᠰᠡᠨ《ᠭᠤᠷᠪᠠᠨ ᠶᠠᠷᠢᠬᠤ》ᠬᠦᠳᠡᠯᠭᠡᠭᠡᠨ᠂ 《ᠤᠳᠤᠨ ᠳᠡᠰ ᠦᠨ ᠰᠢᠯᠢᠳᠡᠭ ᠪᠤᠯᠬᠤ ᠪᠠᠷ ᠳᠡᠮᠡᠴᠡᠬᠦ》ᠬᠦᠳᠡᠯᠭᠡᠭᠡᠨ᠂ 《ᠠᠷᠪᠠᠨ ᠰᠢᠯᠢᠳᠡᠭ  ᠶᠢ ᠳᠡᠮᠡᠴᠡᠬᠦ》ᠬᠦᠳᠡᠯᠭᠡᠭᠡᠨ ᠢ ᠳᠤᠷᠠᠳᠤᠨ ᠨᠠᠷᠢᠨ ᠬᠢᠨᠠᠮᠠᠭᠠᠢ ᠦᠷᠨᠢᠬᠦᠯᠵᠦ ᠂ 《ᠳᠠᠪᠤᠨ ᠴᠡᠬᠡᠷ》 ᠦᠨ ᠬᠠᠮᠢᠶ᠎ᠠ ᠪᠦᠬᠦᠢ ᠲᠦᠷᠢᠮ ᠢ ᠨᠠᠷᠢᠨ ᠬᠢᠨᠠᠮᠠᠭᠠᠢ ᠲᠤᠤᠱᠢᠯᠠᠭᠤᠯᠵᠤ ᠂ ᠰᠢᠯᠭᠠᠨ ᠦᠨᠡᠯᠡᠬᠦ ᠬᠦᠬᠢᠬᠦᠯᠦᠯ ᠦᠨ ᠠᠬᠢᠭᠤᠯᠤᠯ ᠳᠤᠤᠷ᠎ᠠ ᠂ ᠺᠠᠲᠠᠷ ᠴᠠᠭᠳᠠᠭᠠᠨ ᠤ ᠬᠡᠪ ᠰᠤᠷᠳᠠᠯ ᠪᠠᠢᠳᠠᠯ ᠲᠦᠷᠬᠦ ᠮᠡᠳᠡᠭᠳᠡᠮ᠎ᠠ ᠳᠡᠭᠡᠭᠰᠢᠯᠡᠭᠰᠡᠨ ᠪᠠᠢᠨ᠎ᠠ ᠃

ᠵᠢᠷᠭᠤᠭ᠎ᠠ ᠪᠤᠯ ᠪᠤᠳᠠᠰ ᠲᠦᠬᠦᠬᠡᠷᠦᠮᠵᠢ ᠶᠡᠬᠡᠪᠡᠷ ᠰᠠᠢᠵᠢᠷᠠᠭᠰᠠᠨ ᠪᠠᠢᠨ᠎ᠠ ᠃ 《ᠲᠦᠬᠡᠭᠦᠷᠦᠮᠵᠢ ᠪᠤᠯ ᠳᠠᠷᠤᠢ ᠪᠠᠳᠤᠯᠭ᠎ᠠ ᠂ ᠲᠦᠬᠦᠬᠡᠷᠦᠮᠵᠢ ᠪᠤᠯ ᠳᠠᠷᠤᠢ ᠳᠡᠭᠡᠭᠰᠢᠯᠡᠯᠲᠡ ᠮᠦᠨ》᠃ ᠤᠢᠷ᠎ᠠ ᠶᠢᠨ ᠭᠤᠷᠪᠠᠨ ᠵᠢᠯ ᠳᠦ ᠂ ᠵᠠᠷᠤᠯᠭ᠎ᠠ ᠠᠷᠪᠢᠯᠠᠬᠤ ᠂ ᠳᠡᠮᠵᠢᠯᠭᠡ ᠳᠠᠳᠠᠬᠤ ᠪᠠᠷ ᠳᠠᠮᠵᠢᠵᠤ ᠂ ᠮᠠᠨ ᠤ ᠬᠤᠷᠢᠶ᠎ᠠ ᠡᠮᠦᠨ᠎ᠠ ᠬᠤᠢᠨ᠎ᠠ 9 ᠴᠠᠭᠳᠠᠭᠠᠨ ᠤ ᠶᠠᠪᠤᠳᠠᠯ ᠳᠤ ᠬᠡᠷᠡᠭᠯᠡᠬᠦ ᠲᠡᠷᠬᠡ ᠰᠤᠯᠢᠵᠤ ᠂ ᠦᠤᠰᠢᠨ ᠵᠤᠤ ᠶᠢᠨ ᠰᠢᠬᠦᠬᠦ ᠲᠢᠩᠬᠢᠮ ᠂ ᠳᠤᠭ ᠤᠨ ᠰᠢᠬᠦᠬᠦ ᠲᠢᠩᠬᠢᠮ ᠢ ᠰᠢᠨ᠎ᠠ ᠪᠠᠷ ᠪᠠᠢᠭᠤᠯᠵᠤ ᠂ ᠬᠦᠢᠴᠡᠳᠬᠡᠬᠦ ᠲᠤᠪᠴᠢᠶ᠎ᠠ ᠂ ᠬᠠᠤᠯᠢ ᠶᠢᠨ ᠴᠠᠭᠳᠠᠭᠠᠨ ᠠᠩᠬᠢ ᠶᠢᠨ ᠠᠯᠪᠠᠨ ᠭᠡᠷ ᠢ ᠦᠬᠡᠷᠡᠴᠢᠯᠡᠨ ᠪᠠᠢᠭᠤᠯᠵᠤ ᠂ ᠳ᠋ᠢᠭᠢᠲ᠋ᠠᠯ ᠰᠢᠬᠦᠬᠦ ᠲᠢᠩᠬᠢᠮ ᠂ ᠤᠯᠠᠨ ᠬᠡᠷᠡᠭᠴᠡᠭᠡᠲᠦ ᠬᠤᠷᠠᠯ ᠤᠨ ᠬᠡᠷ  ᠢ ᠪᠠᠢᠭᠤᠯᠵᠤ ᠂ ᠵᠠᠷᠭᠤᠯᠳᠤᠬᠤ ᠲᠢᠩᠬᠢᠮ ᠢ ᠴᠢᠮᠡᠭᠯᠡᠨ ᠵᠠᠰᠠᠵᠤ ᠂ ᠺᠣᠮᠫᠢᠦ᠋ᠲ᠋ᠧᠷ ᠂ ᠳᠠᠷᠤᠮᠯᠠᠬᠤ ᠮᠠᠰᠢᠨ ᠂ ᠬᠤᠷᠳᠤᠨ ᠰᠢᠩᠬᠡᠬᠡᠬᠦ ᠮᠠᠰᠢᠨ ᠂ ᠳᠡᠪᠳᠡᠷᠯᠡᠬᠦ ᠮᠠᠰᠢᠨ ᠵᠡᠷᠬᠡ ᠵᠠᠷᠭᠤ ᠶᠢᠨ ᠲᠦᠬᠦᠬᠡᠷᠦᠮᠵᠢ ᠪᠤᠯᠤᠨ ᠢᠵᠢ ᠪᠦᠷᠢᠨ ᠴᠠᠭᠳᠠᠭᠠᠨ ᠤ ᠵᠡᠪᠰᠡᠭ ᠲᠤᠨᠤᠭᠯᠠᠯ  ᠨᠡᠮᠡᠵᠦ ᠂ ᠤᠢᠷ᠎ᠠ ᠳᠤ ᠰᠢᠬᠦᠨ ᠳᠠᠰᠤᠯᠠᠬᠤ ᠲᠢᠩᠬᠢᠮ ᠢ ᠦᠷᠭᠡᠳᠬᠡᠨ ᠵᠠᠰᠠᠬᠤ ᠪᠠᠷ ᠪᠤᠯᠵᠤ ᠂ ᠲᠡᠷᠢᠬᠦᠨ ᠦ ᠲᠤᠨᠤᠭ ᠲᠦᠬᠦᠬᠡᠷᠦᠮᠵᠢ ᠶᠢᠨ ᠪᠦᠲᠦᠬᠡᠨ ᠪᠠᠢᠭᠤᠯᠤᠯᠲᠠ ᠪᠠᠷ ᠲᠡᠷᠢᠬᠦᠨ ᠦ ᠰᠢᠬᠦᠨ ᠳᠠᠰᠤᠯᠤᠯᠲᠠ ᠶᠢᠨ ᠬᠦᠭᠵᠢᠯᠲᠡ  ᠶᠢ ᠪᠠᠲᠤᠯᠠᠨ᠎ᠠ ᠃

ᠲᠤᠯᠤᠭ᠎ᠠ ᠪᠤᠯ ᠦᠢᠯᠡᠴᠢᠯᠡᠬᠡ ᠨᠢ ᠶᠡᠬᠡᠪᠡᠷ ᠮᠠᠭᠳᠠᠭᠳᠠᠭᠰᠠᠨ ᠪᠠᠢᠨ᠎ᠠ ᠃ ᠤᠢᠷ᠎ᠠ ᠶᠢᠨ ᠵᠢᠯ ᠳᠦ ᠂ ᠮᠠᠨ ᠤ ᠬᠤᠷᠢᠶ᠎ᠠ ᠨᠠᠮ ᠤᠨ ᠠᠵᠢᠯ ᠦᠢᠯᠡᠰ ᠡᠷᠬᠢᠮᠯᠡᠬᠦ ᠂ ᠠᠷᠠᠳ ᠤᠨ ᠠᠰᠢᠭ ᠳᠤᠰᠠ ᠶᠢ ᠡᠷᠬᠢᠮᠯᠡᠬᠦ ᠂ ᠦᠨᠳᠦᠰᠦᠨ ᠬᠠᠤᠯᠢ ᠶᠢ ᠡᠷᠬᠢᠮᠯᠡᠬᠦ  ᠶᠢ ᠪᠠᠷᠢᠮᠳᠠᠯᠠᠵᠤ ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ  ᠶᠢ ᠲᠤᠤᠱᠢᠯᠠᠭᠤᠯᠤᠨ ᠂ ᠤᠬᠠᠮᠰᠠᠷ ᠠᠴᠠ ᠪᠠᠨ ᠪᠦᠬᠦ ᠬᠤᠰᠢᠭᠤᠨ ᠤ ᠬᠦᠭᠵᠢᠯᠲᠡ ᠳᠦ ᠦᠢᠯᠡᠴᠢᠯᠡᠵᠦ ᠂ ᠬᠠᠤᠯᠢ ᠪᠠᠷᠢᠬᠤ ᠮᠧᠬᠠᠨᠢᠭ ᠪᠠᠢᠬᠤ ᠂ ᠬᠡᠷᠡᠭ ᠳᠠᠩᠰᠠᠯᠠᠬᠤ ᠬᠡᠷᠡᠭ ᠰᠢᠢᠳᠪᠦᠷᠢᠯᠡᠬᠦ ᠨᠢ ᠬᠠᠤᠯᠢ ᠴᠠᠭᠠᠵᠠ ᠶᠢᠨ ᠬᠡᠯᠪᠡᠢᠯᠲᠡ ᠪᠠᠢᠬᠤ ᠶᠢ ᠢᠯᠠᠨ ᠳᠠᠪᠠᠵᠤ ᠂ ᠶᠠᠳᠠᠭᠤ ᠤᠷᠤᠨ ᠰᠠᠭᠤᠴᠠᠳᠤ ᠤᠷᠤᠨ ᠳᠤ ᠦᠬᠡᠷᠡᠴᠢᠯᠡᠯᠲᠡ ᠬᠢᠬᠦ ᠂ ᠢᠨᠵᠧᠨᠧᠷᠢᠩ ᠦᠨ ᠪᠦᠲᠦᠭᠡᠨ ᠪᠠᠢᠭᠤᠯᠤᠯᠲᠠ ᠵᠡᠷᠬᠡ ᠳᠠᠯ᠎ᠠ ᠨᠢ ᠬᠤᠰᠢᠭᠤᠨ ᠤ ᠨᠠᠮ ᠤᠨ ᠬᠤᠷᠢᠶ᠎ᠠ ᠂ ᠵᠠᠰᠠᠭ ᠤᠨ ᠤᠷᠳᠤᠨ  ᠢ ᠪᠦᠬᠦ ᠬᠦᠴᠦᠨ ᠢᠶᠡᠷ ᠳᠡᠮᠵᠢᠵᠦ ᠂ ᠮᠠᠨ ᠤ ᠬᠤᠰᠢᠭᠤᠨ ᠤ 《ᠳ᠋ᠧᠪᠠᠵᠠᠨ ᠳᠠᠯ᠎ᠠ ᠨᠤᠳᠤᠭ ᠂ ᠪᠤᠬᠢᠷᠳᠠᠯ ᠦᠬᠡᠢ ᠦᠤᠰᠢᠨ》 ᠢ ᠪᠠᠢᠭᠤᠯᠬᠤ ᠳᠤ ᠲᠤᠩ ᠶᠡᠬᠡ ᠪᠠᠳᠤᠯᠭ᠎ᠠ ᠶᠢᠨ ᠦᠢᠯᠡᠳᠦᠯ ᠦᠵᠡᠬᠦᠯᠦᠭᠰᠡᠨ ᠪᠠᠢᠨ᠎ᠠ ᠃

ᠥᠩᠭᠡᠷᠡᠭᠰᠡᠨ ᠢ ᠡᠷᠬᠢᠴᠡᠭᠦᠯᠵᠦ ᠦᠵᠡᠪᠡᠯ ᠂ ᠪᠢᠳᠡ ᠠᠮᠵᠢᠯᠲᠠ ᠤᠯᠤᠯᠲᠠ ᠤᠯᠠᠨ᠃ ᠢᠷᠡᠭᠡᠳᠦᠢ  ᠶᠢ ᠪᠠᠷᠠᠯᠠᠵᠤ ᠂ ᠪᠢᠳᠡ ᠳᠡᠮᠡᠴᠡᠬᠦ ᠰᠡᠳᠬᠢᠯ ᠤᠷᠬᠢᠯᠤᠮ᠎ᠠ ᠃ ᠪᠢᠳᠡ ᠨᠠᠮ ᠤᠨ ᠠᠷᠪᠠᠨ ᠳᠤᠯᠤᠳᠤᠭᠠᠷ ᠶᠡᠬᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠪᠠᠷ ᠵᠤᠷᠢᠭ ᠰᠢᠭᠤᠳᠴᠤ ᠂ ᠳᠡᠭᠡᠳᠦ ᠱᠠᠳᠤᠨ ᠤ ᠤᠳᠤᠷᠢᠳᠤᠯᠭ᠎ᠠ ᠂ ᠬᠢᠨᠠᠯᠲᠠ ᠂ ᠳᠡᠮᠵᠢᠯᠭᠡ ᠳᠤᠤᠷ᠎ᠠ ᠂ 《ᠲᠦᠪ ᠭᠤᠤᠯᠴᠢ ᠪᠤᠯᠤᠨ ᠦᠷ᠎ᠠ ᠪᠦᠲᠦᠮᠵᠢ》ᠬᠡᠬᠦ ᠵᠠᠭᠤᠨ ᠤ ᠭᠤᠤᠯ ᠰᠡᠳᠦᠪ ᠢ ᠪᠤᠳᠠᠢᠵᠢᠭᠤᠯᠵᠤ ᠂ ᠴᠠᠭ ᠦᠶ᠎ᠠ ᠲᠠᠢ ᠬᠠᠮᠳᠤ ᠤᠷᠤᠭᠰᠢᠯᠠᠵᠤ ᠂ ᠰᠢᠨ᠎ᠠ ᠶᠢ ᠡᠭᠦᠳᠦᠨ ᠂ ᠴᠠᠭ ᠦᠶ᠎ᠠ ᠳᠤ ᠤᠰᠤᠯᠳᠠᠬᠤ ᠦᠬᠡᠢ ᠂ ᠠᠷᠠᠳ ᠲᠦᠮᠡᠨ ᠳᠦ ᠤᠰᠤᠯᠳᠠᠬᠤ ᠦᠬᠡᠢ ᠂ ᠡᠭᠦᠷᠬᠡ ᠳᠤᠰᠢᠶᠠᠯ ᠳᠤ ᠪᠠᠨ ᠤᠰᠤᠯᠳᠠᠬᠤ ᠦᠬᠡᠢ ᠰᠢᠨ᠎ᠠ ᠬᠠᠭᠤᠳᠠᠰᠤ ᠶᠢ ᠪᠢᠴᠢᠭᠯᠡᠨ᠎ᠠ ᠃

ᠬᠦᠰᠡᠬᠦ ᠨᠢ ᠲᠠ ᠨᠠᠷ ᠪᠢᠳᠡᠨ ᠲᠠᠢ ᠴᠠᠭ ᠢᠮᠠᠭᠳᠠ ᠬᠠᠷᠢᠯᠴᠠᠵᠤ ᠂ ᠳᠠᠬᠢᠨᠳᠠ ᠦᠤᠰᠢᠨ ᠬᠤᠰᠢᠭᠤᠨ ᠤ ᠰᠢᠬᠦᠬᠦ ᠬᠤᠷᠢᠶᠠᠨ ᠤ ᠰᠦᠯᠵᠢᠶ᠎ᠠ ᠳᠤ ᠬᠠᠨᠳᠤᠬᠤ ᠶᠢ ᠤᠭᠳᠠᠵᠤ ᠪᠠᠢᠨ᠎ᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )