ᠮᠠᠨ ᠤ ᠬᠤᠳᠠ ᠶᠢᠨ ᠰᠢᠭᠦᠬᠦ ᠬᠤᠷᠢᠶ᠎ᠠ  ᠠᠴᠠ ᠬᠡᠷᠡᠭ ᠦᠨ ᠲᠤᠮᠳᠠᠬᠢ ᠤᠷᠤᠰᠢᠵᠤ ᠪᠠᠢᠭ᠎ᠠ ᠠᠰᠠᠭᠤᠳᠠᠯ ᠵᠢᠴᠢ ᠰᠠᠨᠠᠭᠤᠯᠭ᠎ᠠ ᠳᠤ ᠵᠭᠠᠪᠤᠷᠢ ᠠᠪᠤᠪᠠ
2016.09.13 ᠲᠣᠰ ᠥᠷᠲᠡᠭᠡᠨ ᠦ ᠨᠠᠢᠷᠠᠭᠤᠯᠤᠭᠴᠢ

 ᠦᠪᠡᠷᠲᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠬᠡ ᠶᠢᠨ ᠰᠢᠭᠦᠬᠦ ᠬᠤᠷᠢᠶᠠᠨ ᠤ ᠬᠦᠢᠴᠡᠳᠭᠡᠬᠦ ᠲᠤᠪᠴᠢᠶᠠᠨ ᠤ ᠲᠤᠪᠴᠢᠶᠠᠨ ᠳᠠᠷᠤᠭ᠎ᠠ ᠸᠠᠩ ᠭᠤᠸᠠᠩ ᠶᠢᠨ ᠂ ᠭᠦᠢᠴᠳᠬᠡᠬᠦ ᠲᠤᠪᠴᠢᠶᠠᠨ ᠤ ᠰᠢᠭᠦᠭᠴᠢ ᠬᠦᠬᠡᠠᠭᠤᠯᠠ ᠂ ᠭᠦᠢᠴᠳᠬᠡᠬᠦ ᠬᠤᠷᠢᠶᠠᠨ ᠤ ᠬᠠᠪᠰᠤᠷᠤᠨ ᠰᠢᠭᠦᠭᠴᠢ ᠯᠢᠥ ᠢ ᠵᠢᠶᠤᠸᠠᠨ ᠂ ᠷᠸᠨ ᠰᠢᠶᠤᠤ ᠵᠢᠶᠸ ᠨᠠᠷ ᠤᠷᠳᠤᠰ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠂ ᠳ᠋ᠦᠩᠱᠧᠩ ᠲᠤᠭᠤᠷᠢᠭ ᠤᠨ ᠰᠢᠭᠦᠬᠦ ᠬᠤᠷᠢᠶ᠎ᠠ ᠵᠢᠴᠢ ᠣᠲᠤᠭ ᠬᠤᠰᠢᠭᠤᠨ ᠤ ᠰᠢᠭᠦᠬᠦ ᠬᠤᠷᠢᠶᠠᠨ ᠳᠤ ᠬᠦᠷᠴᠦ ᠂ 《 ᠬᠦᠢᠴᠳᠬᠡᠬᠦ ᠵᠢᠯ 》ᠲᠤᠰᠬᠠᠢ ᠠᠵᠢᠯ ᠤᠨ ᠶᠠᠪᠤᠭᠳᠠᠭᠤᠯᠵᠤ ᠪᠠᠢᠭ᠎ᠠ ᠪᠠᠢᠳᠠᠯ ᠳᠤ ᠳᠤᠰᠬᠠᠢ ᠬᠢᠨᠠᠨ ᠪᠠᠢᠴᠠᠭᠠᠯᠲᠠ ᠬᠢᠪᠡ ᠃

  ᠡᠨᠡ ᠤᠳᠠᠭᠠᠨ ᠤ ᠲᠤᠰᠬᠠᠢ ᠬᠢᠨᠠᠨ ᠪᠠᠢᠴᠠᠭᠠᠯᠲᠠ ᠨᠢ ᠭᠤᠤᠯᠳᠠᠭᠤ《 ᠬᠤᠶᠠᠷ ᠠᠴᠠ ᠭᠤᠷᠪᠠᠨ ᠵᠢᠯ ᠦᠨ ᠲᠤᠳᠤᠷ᠎ᠠ ᠬᠦᠢᠴᠡᠳᠭᠡᠬᠦ ᠳᠦ ᠬᠦᠴᠢᠷ ᠢ ᠦᠨᠳᠤᠰᠦᠨ ᠳᠦ ᠪᠡᠨ ᠰᠢᠢᠳᠪᠦᠷᠢᠯᠡᠵᠦ 》ᠵᠢᠴᠢ ᠪᠦᠬᠦ ᠤᠷᠤᠨ ᠤ ᠰᠢᠭᠦᠬᠦ ᠬᠤᠷᠢᠶᠠᠨ ᠤ 《 ᠭᠦᠢᠴᠡᠳᠬᠡᠬᠦ ᠵᠢᠯ 》 ᠦᠨ ᠬᠠᠭᠠᠰ ᠵᠢᠯ ᠦᠨ ᠲᠤᠰᠬᠠᠢ ᠠᠵᠢᠯ ᠤᠨ ᠲᠧᠯᠸᠢᠰ ᠤᠲᠠᠰᠤᠨ ᠤ ᠬᠤᠷᠠᠯ ᠤᠨ ᠲᠤᠤᠱᠢᠯᠠᠭᠤᠯᠲᠠ ᠶᠢᠨ ᠪᠠᠢᠳᠠᠯ ᠢ ᠳ᠋ᠦᠩᠨᠡᠵᠦ ᠂ ᠤᠳᠤ ᠪᠣᠯᠲᠠᠯᠠᠬᠢ ᠬᠡᠷᠡᠭ ᠲᠤᠰᠴᠤ ᠰᠢᠢᠳᠪᠦᠯᠡᠭᠰᠡᠨ ᠪᠠᠢᠳᠠᠯ ᠂ ᠠᠯᠪᠠᠳᠠᠯᠭ᠎ᠠ ᠶᠢᠨ ᠠᠷᠭ᠎ᠠ ᠬᠡᠮᠵᠢᠶ᠎ᠠ ᠠᠪᠤᠭᠰᠠᠨ ᠪᠠᠢᠳᠠᠯ ᠂ ᠮᠦᠩᠭᠦᠨ ᠭᠦᠢᠯᠭᠡᠭᠡᠨ  ᠳᠦ ᠬᠤᠯᠪᠤᠭᠳᠠᠭᠰᠠᠨ ᠬᠡᠷᠡᠭ ᠢ ᠰᠢᠢᠳᠪᠦᠷᠢᠯᠡᠭᠰᠡᠨ  ᠪᠠᠢᠳᠠᠯ ᠂ ᠵᠠᠬᠢᠳᠠᠯ ᠰᠤᠷᠪᠤᠯᠵᠢᠯᠭ᠎ᠠ  ᠳᠤ ᠬᠤᠯᠪᠤᠭᠳᠠᠭᠰᠠᠨ ᠬᠡᠷᠡᠭ ᠦᠨ ᠡᠶᠡᠳᠡᠭᠦᠯᠦᠭᠰᠡᠨ ᠪᠠᠢᠳᠠᠯ ᠂ ᠡᠷᠡᠭᠦᠦ ᠶᠢᠨ ᠬᠡᠷᠡᠭ ᠦᠨ ᠡᠳ᠋ ᠬᠦᠷᠦᠩᠭᠡ ᠶᠢᠨ ᠰᠢᠳᠬᠡᠯ ᠢ ᠬᠡᠷᠡᠭᠵᠢᠭᠦᠯᠦᠭᠰᠡᠨ ᠪᠠᠢᠳᠠᠯ ᠂ ᠰᠢᠢᠳᠪᠦᠷᠢᠯᠡᠭᠰᠡᠨ ᠬᠡᠷᠡᠭ ᠦᠨ ᠮᠦᠩᠬᠦ ᠶᠢ ᠲᠡᠭᠰᠢᠯᠡᠭᠰᠡᠨ ᠪᠠᠢᠳᠠᠯ ᠂ ᠰᠢᠢᠳᠪᠦᠷᠢᠯᠡᠭᠰᠡᠨ ᠬᠡᠷᠡᠭ ᠦᠨ ᠬᠢᠨᠠᠨ ᠳᠠᠩᠰᠠᠯᠠᠭᠰᠠᠨ ᠨᠦᠬᠦᠪᠦᠷᠢᠯᠡᠨ ᠳᠠᠩᠰᠠᠯᠠᠭᠰᠠᠨ ᠪᠠᠢᠳᠠᠯ ᠂ ᠪᠦᠬᠦ ᠤᠯᠤᠰ ᠤᠨ ᠰᠢᠭᠦᠬᠦ ᠬᠤᠷᠢᠶᠠᠨ ᠤ ᠬᠡᠷᠡᠭ ᠰᠢᠢᠳᠪᠦᠷᠢᠯᠡᠬᠦ ᠠᠯᠬᠤᠮ ᠳᠠᠷᠠᠭ᠎ᠠ (ᠦᠶ᠎ᠡ ) ᠶᠢᠨ ᠬᠠᠮᠢᠶᠠᠷᠤᠯᠲᠠ ᠶᠢᠨ ᠰᠢᠰᠲ᠋ᠧᠮ ᠦᠨ ᠬᠡᠷᠡᠭᠵᠢᠭᠦᠯᠦᠯᠲᠡ ᠶᠢᠨ ᠪᠠᠢᠳᠠᠯ ᠂ ᠭᠡᠷᠡᠭ ᠢ ᠲᠦᠷᠦᠯᠵᠢᠭᠦᠯᠦᠨ ᠰᠢᠢᠳᠪᠦᠷᠢᠯᠡᠭᠰᠡᠨ ᠪᠠᠢᠳᠠᠯ ᠵᠡᠷᠬᠡ ᠠᠷᠪᠠᠨ ᠲᠠᠯ᠎ᠠ ᠶᠢ ᠠᠬᠢᠭᠤᠯᠬᠤ ᠳᠤ ᠬᠠᠨᠳᠤᠭᠤᠯᠪᠠ ᠃

  ᠬᠤᠳᠠ ᠶᠢᠨ ᠲᠤᠮᠳᠠ ᠵᠡᠷᠭᠡ ᠶᠢᠨ ᠰᠢᠭᠦᠬᠦ ᠬᠤᠷᠢᠶᠠᠨ ᠤ ᠳᠡᠳ᠋ ᠳᠠᠷᠤᠭ᠎ᠠ ᠹᠠᠨ ᠶᠢᠥ ᠹᠠ ᠂ ᠳ᠋ᠦᠩᠱᠧᠩ ᠲᠤᠭᠤᠷᠢᠭ ᠤᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠺᠠᠩ ᠵᠢᠶᠠᠨ ᡁᠢ ᠂ ᠣᠲᠤᠭ ᠬᠤᠰᠢᠭᠤᠨ ᠤ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠯᠢᠥ ᠶᠥᠩ ᠵᠢᠶᠦ᠋ᠨ ᠲᠤᠰ ᠲᠤᠰ ᠬᠢᠨᠠᠨ ᠪᠠᠢᠴᠠᠭᠠᠯᠲᠠ ᠶᠢᠨ ᠲᠤᠭᠤᠢᠯᠠᠩ ᠳᠤ ᠳᠡᠭᠡᠷ᠎ᠡ ᠲᠤᠷᠠᠳᠤᠭᠰᠠᠨ ᠬᠢᠨᠠᠨ ᠪᠠᠢᠴᠠᠭᠠᠯᠲᠠ ᠶᠢᠨ ᠠᠭᠤᠯᠭ᠎ᠠ ᠳᠤ ᠨᠠᠷᠢᠯᠢᠭ ᠬᠠᠷᠢᠭᠤ ᠮᠡᠳᠡᠭᠦᠯᠲᠡ ᠬᠢᠪᠡ ᠃ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠤ ᠳᠠᠷᠠᠭ᠎ᠠ ᠂ ᠤᠷᠳᠤᠰ ᠬᠤᠳᠠ ᠶᠢᠨ ᠬᠤᠶᠠᠷ ᠱᠠᠳᠤᠨ ᠤ ᠰᠢᠭᠦᠬᠦ ᠬᠣᠷᠢᠶ᠎ᠠ  ᠪᠦᠬᠦ ᠤᠷᠤᠨ ᠤ ᠰᠢᠭᠦᠬᠦ ᠬᠤᠷᠢᠶᠠᠨ ᠤ ᠠᠵᠢᠯ ᠳᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠵᠤ ᠂ ᠤᠷᠳᠤᠰ ᠬᠤᠳᠠ ᠶᠢᠨ ᠬᠤᠶᠠᠷ ᠱᠠᠳᠤᠨ ᠤ ᠰᠢᠭᠦᠬᠦ ᠬᠤᠷᠢᠶᠠᠨ ᠤ 《 ᠭᠦᠢᠴᠡᠳᠬᠡᠬᠦ ᠵᠢᠯ 》ᠲᠤᠰᠬᠠᠢ ᠠᠵᠢᠯ ᠡᠬᠢᠯᠡᠭᠦᠯᠦᠭᠰᠡᠨ ᠡᠴᠡ ᠨᠠᠰᠢ ᠶᠠᠪᠤᠭᠳᠠᠭᠤᠯᠤᠭᠰᠠᠨ《 ᠬᠤᠷᠴᠠ ᠰᠡᠯᠡᠮ᠎ᠡ ᠠᠵᠢᠯᠯᠠᠭᠠᠨ 》᠂ ᠠᠯᠪᠠᠨ ᠠᠵᠢᠯᠲᠠᠨ  ᠤ ᠬᠤᠯᠪᠤᠭᠳᠠᠭᠰᠠᠨ ᠬᠡᠷᠡᠭ ᠢ ᠰᠢᠢᠳᠪᠦᠷᠢᠯᠡᠬᠦ ᠠᠵᠢᠯᠯᠠᠭ᠎ᠠ ᠂ ᠭᠤᠷᠪᠠᠳᠤᠭᠠᠷ ᠡᠳᠡᠭᠡᠳ ᠦᠨ ᠬᠢᠨᠠᠨ ᠰᠢᠢᠳᠪᠦᠷᠢᠯᠡᠬᠦ ᠲᠤᠰᠬᠠᠢ ᠡᠷᠦᠬᠡ ᠶᠢ ᠤᠷᠤᠭᠤᠯᠬᠤ ᠵᠡᠷᠬᠡ ᠠᠵᠢᠯ ᠢ ᠳᠡᠭᠡᠳᠦ ᠬᠡᠮᠵᠢᠶ᠎ᠠ  ᠪᠠᠷ ᠦᠨᠡᠯᠡᠪᠡ ᠃ ᠡᠭᠦᠨ ᠦ ᠬᠠᠮᠲᠤ ᠂ ᠸᠠᠩ ᠲᠤᠪᠴᠢᠶᠠᠨ ᠲᠠᠷᠤᠭ᠎ᠠ ᠠᠴᠠ ᠤᠷᠳᠤᠰ ᠬᠤᠳᠠ ᠶᠢᠨ ᠬᠤᠶᠠᠷ ᠱᠠᠳᠤᠨ ᠤ ᠰᠢᠭᠦᠬᠦ ᠬᠤᠷᠢᠶᠠᠨ ᠳᠤ《 ᠲᠠᠩᠱᠠᠨ ᠤ ᠬᠤᠷᠠᠯᠳᠤᠭᠠᠨ 》 ᠤ ᠵᠤᠷᠢᠭ ᠰᠠᠨᠠᠭ᠎ᠠ  ᠶᠢ ᠤᠨᠤᠪᠴᠢᠲᠠᠢ ᠲᠠᠮᠵᠢᠭᠤᠯᠵᠤ ᠂ ᠬᠥᠭᠵᠢᠭᠰᠡᠨ ᠭᠠᠵᠠᠷ ᠤᠨ ᠬᠡᠷᠡᠭᠵᠢᠭᠦᠯᠦᠬᠦ ᠲᠤᠭᠤᠢᠯᠠᠩ ᠤᠨ ᠲᠦᠷᠢᠮᠵᠢᠭᠤᠯᠤᠯᠲᠠ ᠂ ᠬᠡᠷᠡᠭᠵᠢᠭᠦᠯᠦᠬᠦ ᠠᠵᠢᠯᠲᠠᠨ ᠤ ᠬᠡᠪ ᠴᠢᠨᠠᠷ ᠤᠨ ᠲᠤᠰᠬᠠᠢᠵᠢᠯᠲᠠ ᠂ ᠬᠡᠷᠡᠭᠵᠢᠭᠦᠯᠬᠦ ᠲᠤᠭᠤᠢᠯᠠᠩ ᠤᠨ ᠬᠢᠨᠠᠯᠲᠠ ᠶᠢ ᠴᠢᠩᠭᠠᠳᠬᠠᠬᠤ ᠵᠡᠷᠭᠡ ᠲᠠᠯ᠎ᠠ ᠶᠢ ᠲᠠᠨᠢᠯᠴᠠᠭᠤᠯᠪᠠ ᠃ ᠦᠷ᠎ᠡ ᠪᠦᠳᠦᠮᠵᠢ ᠶᠢ ᠨᠤᠳᠠᠯᠠᠬᠤ ᠶᠢᠨ ᠬᠠᠮᠳᠤ ᠂ ᠸᠠᠩ ᠭᠤᠸᠠᠩ ᠶᠢᠨ ᠲᠤᠪᠴᠢᠶᠠᠨ ᠲᠠᠷᠤᠭ᠎ᠠ ᠪᠠᠰᠠ ᠤᠷᠳᠤᠰ ᠬᠤᠳᠠ ᠶᠢᠨ ᠰᠢᠬᠦᠬᠦ ᠬᠤᠷᠢᠶᠠᠨ ᠤ ᠲᠤᠪᠤᠢᠮ᠎ᠠ ᠠᠰᠠᠭᠤᠳᠠᠯ ᠢ ᠴᠢᠬᠤᠯᠴᠢᠯᠠᠨ ᠂ ᠲᠠᠷᠤᠭᠳᠠᠮᠠᠯ ᠬᠡᠷᠡᠭ ᠢ ᠰᠢᠢᠳᠪᠦᠷᠢᠯᠡᠬᠦ ᠂ ᠵᠠᠬᠢᠳᠠᠯ ᠰᠤᠷᠪᠤᠯᠵᠢᠯᠭ᠎ᠠ ᠶᠢᠨ ᠬᠡᠷᠡᠭ ᠢ ᠡᠶᠡᠳᠡᠭᠦᠯᠬᠦ ᠂ ᠰᠢᠢᠳᠪᠦᠷᠢᠯᠡᠬᠦ ᠲᠤᠰᠬᠠᠢ ᠡᠷᠦᠬᠡ ᠶᠢ ᠴᠡᠭᠴᠡᠯᠡᠬᠦ ᠵᠡᠷᠭᠡ ᠲᠠᠯ᠎ᠠ ᠳᠤ ᠪᠤᠳᠠᠳᠠᠢ ᠱᠭᠠᠷᠳᠠᠯᠭ᠎ᠠ ᠲᠤᠷᠳᠴᠤ ᠂ ᠡᠭᠦᠷᠭᠡ ᠶᠢᠨ ᠬᠤᠭᠤᠴᠠᠭ᠎ᠠ ᠶᠢ ᠲᠤᠭᠳᠠᠭᠠᠪᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )