ᠢᠷᠭᠡᠨ ᠦ ᠬᠠᠤᠯᠢ ᠶᠢᠨ ᠪᠢᠴᠢᠭ᠌ ᠨᠢ ᠡᠷᠬᠡᠪᠰᠢ ᠳᠤᠮᠳᠠᠳᠤ ᠤᠯᠤᠰ ᠤᠨ ᠪᠠᠢᠳᠠᠯ ᠢᠶᠠᠷ ᠰᠠᠭᠤᠷᠢ ᠪᠤᠯᠭᠠᠬᠤ ᠬᠡᠷᠡᠭᠲᠡᠢ(ᠯᠠᠪᠯᠠᠯᠲᠠ ᠪᠤᠯᠭᠠᠬᠤ ᠵᠠᠰᠠᠭ ᠂ ᠢᠷᠭᠡᠨ ᠦ ᠬᠠᠤᠯᠢ ᠶᠢᠨ ᠪᠢᠴᠢᠭ᠌ ᠦᠨ ᠨᠠᠢᠷᠠᠭᠤᠯᠤ
2016.05.11 ᠲᠣᠰ ᠥᠷᠲᠡᠭᠡᠨ ᠦ ᠨᠠᠢᠷᠠᠭᠤᠯᠤᠭᠴᠢ

ᠢᠷᠭᠡᠨ ᠦ ᠬᠠᠤᠯᠢ ᠶᠢᠨ ᠪᠢᠴᠢᠭ᠌ ᠨᠢ ᠡᠷᠬᠡᠪᠰᠢ ᠳᠤᠮᠳᠠᠳᠤ ᠤᠯᠤᠰ ᠤᠨ ᠪᠠᠢᠳᠠᠯ ᠢᠶᠠᠷ ᠰᠠᠭᠤᠷᠢ ᠪᠤᠯᠭᠠᠬᠤ ᠬᠡᠷᠡᠭᠲᠡᠢ(ᠯᠠᠪᠯᠠᠯᠲᠠ ᠪᠤᠯᠭᠠᠬᠤ ᠵᠠᠰᠠᠭ ᠂ ᠢᠷᠭᠡᠨ ᠦ ᠬᠠᠤᠯᠢ ᠶᠢᠨ ᠪᠢᠴᠢᠭ᠌ ᠦᠨ ᠨᠠᠢᠷᠠᠭᠤᠯᠤᠯ (ᠳᠡᠭᠡᠳᠦ ))

   ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠨᠠᠮ ᠤᠨ ᠤᠳᠤᠷᠢᠳᠤᠬᠤ ᠲᠤᠭᠤᠢᠯᠠᠩ ᠤᠨ ᠱᠦᠵᠢ ᠂ ᠤᠷᠤᠯᠠᠭᠴᠢ ᠬᠤᠷᠢᠶᠠᠨ ᠳᠠᠷᠤᠭ᠎ᠠ ᠯᠢ ᠬᠤᠩ ᠶᠠᠨ ᠬᠤᠷᠠᠯ ᠳᠡᠭᠡᠷ᠎ᠠ ᠴᠢᠬᠤᠯᠠ ᠶᠠᠷᠢᠶ᠎ᠠ ᠲᠠᠯᠪᠢᠪᠠ ᠂ ᠪᠦᠬᠦ ᠬᠤᠳᠠ ᠶᠢᠨ ᠬᠤᠶᠠᠷ ᠱᠠᠲᠤᠨ ᠤ ᠰᠢᠭᠦᠬᠦ ᠬᠤᠷᠢᠶᠠᠨ ᠤ ᠡᠨᠡ ᠵᠢᠯ ᠦᠨ ᠡᠮᠦᠨ᠎ᠠ ᠬᠠᠭᠠᠰ ᠵᠢᠯ ᠦᠨ ᠠᠵᠢᠯ ᠤᠨ ᠠᠮᠵᠢᠯᠲᠠ ᠶᠢ ᠬᠦᠢᠴᠡᠳ ᠨᠤᠳᠠᠯᠠᠭᠰᠠᠨ ᠪᠠᠢᠨ᠎ᠠ ᠃

  ᠯᠢ ᠬᠤᠩ ᠶᠠᠨ ᠳᠠᠷᠤᠭ᠎ᠠ ᠶᠢᠨ ᠵᠢᠭᠠᠵᠤ ᠭᠠᠷᠭᠠᠭᠰᠠᠨ ᠨᠢ ᠂ ᠡᠨᠡ ᠵᠢᠯ ᠡᠴᠡ ᠨᠠᠰᠢ ᠂ ᠪᠢᠳᠡ ᠡᠯ᠎ᠠ ᠳᠠᠷᠤᠭᠳᠠᠮᠠᠯ ᠬᠡᠷᠡᠭ ᠦᠨ ᠰᠢᠢᠳᠪᠦᠷᠢᠯᠡᠬᠦ ᠶᠢ ᠲᠤᠳᠤᠷᠬᠠᠢ ᠤᠢᠯᠭᠠᠭᠰᠠᠨ ᠢᠶᠠᠷ ᠪᠠᠷᠠᠬᠤ ᠦᠬᠡᠢ 3 ᠰᠠᠷ᠎ᠠ ᠶᠢᠨ ᠲᠤᠳᠤᠷ᠎ᠠ 19000 ᠭᠠᠷᠤᠢ ᠬᠡᠷᠡᠭ ᠢ ᠰᠢᠢᠳᠪᠦᠷᠢᠯᠡᠵᠦ ᠂ ᠡᠨᠡ ᠨᠢ ᠪᠦᠬᠦ ᠬᠤᠳᠠ ᠶᠢᠨ ᠬᠤᠶᠠᠷ ᠱᠠᠲᠤᠨ ᠤ ᠰᠢᠬᠦᠬᠦ ᠬᠤᠷᠢᠶᠠᠨ ᠤ ᠺᠠᠲᠠᠷ ᠴᠠᠭᠳᠠᠭ᠎ᠠ ᠨᠠᠷ ᠤᠨ ᠡᠳᠦᠷ ᠰᠦᠨᠢ ᠦᠬᠡᠢ ᠰᠢᠷᠭᠠᠭᠤ ᠬᠠᠳᠠᠭᠤᠵᠢᠯᠲᠠᠢ ᠴᠢᠷᠮᠠᠢᠨ ᠠᠵᠢᠯᠠᠭᠰᠠᠨ ᠲᠠᠢ ᠬᠤᠯᠪᠤᠭ᠎ᠠ ᠲᠠᠢ ᠶᠤᠮ ᠃

  ᠯᠢ ᠬᠤᠩ ᠶᠠᠨ ᠳᠠᠷᠤᠭ᠎ᠠ ᠶᠢᠨ ᠵᠢᠭᠠᠵᠤ ᠭᠠᠷᠭᠠᠭᠰᠠᠨ ᠨᠢ᠂ ᠳᠡᠭᠡᠷ᠎ᠡ ᠬᠠᠭᠠᠰ ᠵᠢᠯ ᠂ ᠪᠢᠳᠡ ᠦᠯᠡᠮᠵᠢ ᠤᠯᠠᠨ ᠠᠵᠢᠯ ᠬᠢᠭᠰᠡᠨ ᠪᠠᠢᠨ᠎ᠠ ᠂ ᠭᠡᠪᠡᠴᠦ ᠠᠵᠢᠯ ᠤᠨ ᠲᠤᠮᠳᠠ ᠪᠠᠰᠠ ᠮᠠᠰᠢ ᠤᠯᠠᠨ ᠠᠰᠠᠭᠤᠳᠠᠯ ᠤᠷᠤᠰᠢᠵᠤ ᠪᠠᠢᠨ᠎ᠠ ᠄ ᠨᠢᠭᠡ ᠳᠦ ᠨᠢᠭᠡᠳᠦᠭᠡᠷ ᠹᠷᠣᠨᠲ ᠤᠨ ᠬᠡᠷᠡᠭ ᠰᠢᠭᠦᠭᠴᠢ ᠶᠢᠨ ᠶᠠᠭᠠᠷᠠᠤ ᠰᠡᠯᠡᠬᠦᠦ ᠲᠡᠭᠰᠢ ᠦᠬᠡᠢ ᠪᠠᠢᠨ᠎ᠠ ᠃ ᠪᠦᠬᠦ ᠬᠤᠳᠠ ᠶᠢᠨ ᠰᠢᠬᠦᠬᠦ ᠬᠤᠷᠢᠶᠠᠨ ᠤ ᠵᠠᠷᠭᠤ ᠶᠢᠨ ᠬᠡᠷᠡᠭ ᠢᠶᠡᠷ ᠵᠢᠱᠢᠶᠡᠯᠡᠪᠡᠯ ᠂ ᠬᠦᠮᠦᠨ ᠪᠦᠷᠢ ᠶᠢᠨ ᠰᠢᠭᠦᠨ ᠳᠠᠰᠤᠯᠤᠯᠲᠠ ᠶᠢᠨ ᠳᠤᠮᠳᠠᠴᠢ ᠲᠤᠭ᠎ᠠ ᠬᠠᠮᠤᠭ ᠦᠨᠳᠦᠷ ᠨᠢ ᠦᠦᠰᠢᠨ ᠬᠤᠰᠢᠭᠤᠨ ᠤ ᠰᠢᠬᠦᠬᠦ ᠬᠤᠷᠢᠶ᠎ᠠ ᠂ᠰᠢᠬᠦᠨ ᠳᠠᠰᠤᠯᠤᠭᠰᠠᠨ ᠬᠡᠷᠡᠭ ᠨᠢ 80 ᠭᠠᠷᠤᠢ ᠪᠠᠢᠵᠤ ᠂ ᠬᠡᠪᠡᠴᠦ ᠰᠢᠭᠦᠨ ᠳᠠᠰᠤᠯᠤᠯᠲᠠ ᠶᠢᠨ ᠲᠤᠭ᠎ᠠ ᠬᠠᠮᠤᠭ ᠲᠤᠤᠷ᠎ᠠ ᠬᠤᠰᠢᠭᠤ ᠲᠤᠭᠤᠷᠢᠭ ᠤᠨ ᠰᠢᠬᠦᠬᠦ ᠬᠤᠷᠢᠶᠠᠨ ᠤ ᠲᠤᠮᠳᠠᠴᠢ ᠲᠤᠭ᠎ᠠ ᠨᠢ ᠵᠦᠪᠬᠡᠨ 40ᠭᠠᠷᠤᠢ ᠪᠠᠢᠵᠤ ᠂ ᠰᠢᠭᠦᠭᠴᠢ ᠶᠢᠨ ᠬᠦᠮᠦᠨ ᠪᠦᠷᠢ ᠶᠢᠨ ᠰᠢᠬᠦᠨ ᠲᠠᠰᠤᠯᠤᠯᠲᠠ ᠶᠢᠨ ᠲᠤᠮᠳᠠᠴᠢ ᠲᠤᠭᠠᠨ ᠤ ᠵᠦᠷᠢᠶ᠎ᠠ ᠮᠠᠰᠢ ᠶᠡᠬᠡ ᠪᠠᠢᠨ᠎ᠠ ᠃ ᠡᠨᠡ ᠨᠢ ᠵᠠᠷᠢᠮ ᠺᠠᠲᠠᠷ ᠴᠠᠭᠳᠠᠭ᠎ᠠ ᠶᠢᠨ ᠠᠵᠢᠯ ᠨᠢ ᠮᠠᠰᠢ ᠵᠦᠳᠡᠷᠡᠯ ᠲᠠᠢ ᠪᠠᠢᠵᠤ ᠂ᠭᠡᠪᠡᠴᠦ ᠵᠠᠷᠢᠮ ᠺᠠᠲᠠᠷ ᠴᠠᠭᠳᠠᠭ᠎ᠠ ᠶᠢᠨ ᠠᠵᠢᠯ ᠨᠢ ᠬᠠᠷᠠᠬᠠᠨ ᠬᠦᠢᠴᠡᠳ ᠪᠤᠰᠤ ᠪᠠᠢᠵᠤ ᠂ᠶᠠᠭᠠᠷᠠᠤ ᠰᠡᠯᠡᠬᠦᠦ ᠵᠢᠭᠳᠡ ᠪᠤᠰᠤ ᠠᠰᠠᠭᠤᠳᠠᠯ ᠤᠷᠤᠰᠢᠵᠤ ᠪᠠᠢᠬᠤ ᠶᠢ ᠢᠯᠡᠳᠬᠡᠵᠦ ᠪᠠᠢᠨ᠎ᠠ ᠃ ᠬᠤᠶᠠᠷ ᠲᠤ ᠂ ᠮᠠᠨ ᠤ ᠬᠤᠳᠠ ᠶᠢᠨ ᠰᠢᠬᠦᠬᠦ ᠬᠤᠷᠢᠶᠠᠨ ᠤ ᠬᠡᠷᠡᠭ ᠦᠨ ᠰᠠᠭᠤᠷᠢ ᠲᠤᠭ᠎ᠠ ᠶᠡᠬᠡ ᠪᠠᠢᠨ᠎ᠠ ᠂ᠡᠢᠮᠦ ᠡᠴᠡ ᠬᠡᠷᠡᠭ ᠰᠢᠢᠳᠪᠦᠷᠢᠯᠡᠬᠦ ᠳᠠᠷᠤᠭᠠᠰᠤ ᠮᠦᠨ ᠬᠦ ᠬᠦᠴᠢᠷᠲᠡᠢ ᠪᠠᠢᠨ᠎ᠠ ᠃ ᠭᠤᠷᠪᠠ ᠳᠤ ᠂ ᠴᠦᠭᠡᠨ ᠲᠤᠭᠠᠨ ᠤ ᠺᠠᠲᠠᠷ ᠴᠠᠭᠳᠠᠭ᠎ᠠ ᠶᠢᠨ ᠰᠠᠬᠢᠯᠭ᠎ᠠ ᠪᠠᠲᠤ ᠤᠪᠤᠷ ᠰᠤᠷᠳᠠᠯ ᠰᠤᠯᠠ ᠵᠠᠳᠠᠭᠠᠢ ᠂ ᠰᠠᠬᠢᠯᠭ᠎ᠠ ᠪᠠᠲᠤ ᠵᠦᠷᠢᠴᠡᠵᠦ ᠪᠠᠢᠬᠤ ᠪᠠᠢᠳᠠᠯ ᠵᠦᠩᠳᠡᠭᠡᠨ ᠤᠷᠤᠰᠢᠵᠤ ᠪᠠᠢᠨ᠎ᠠ ᠃ ᠳᠡᠭᠡᠷ᠎ᠡ ᠬᠠᠭᠠᠰ ᠵᠢᠯ ᠪᠦᠬᠦ ᠬᠤᠳᠠ ᠶᠢᠨ ᠬᠤᠶᠠᠷ ᠱᠠᠲᠤᠨ ᠤ ᠰᠢᠬᠦᠬᠦ ᠬᠤᠷᠢᠶ᠎ᠠ ᠨᠡᠢᠲᠡ ᠶᠢᠨ 10 ᠬᠦᠮᠦᠨ ᠢ ᠳᠤᠩᠭᠤᠳᠤᠨ ᠰᠢᠭᠦᠮᠵᠢᠯᠡᠬᠦ ᠂ ᠶᠡᠬᠡ ᠤᠰᠤᠯ ᠳᠡᠮᠳᠡᠭᠡᠯᠡᠬᠦ ᠵᠡᠷᠬᠡ ᠰᠢᠳᠬᠡᠯ ᠦᠭᠭᠦᠭᠰᠡᠨ ᠪᠠᠢᠨ᠎ᠠ ᠃ ᠡᠨᠡ ᠨᠢ ᠮᠠᠨ ᠤ ᠺᠠᠲᠠᠷ ᠴᠠᠭᠳᠠᠭ᠎ᠠ ᠨᠠᠷ ᠦᠪᠡᠷ ᠦᠨ ᠪᠡᠶ᠎ᠠ ᠪᠠᠨ ᠨᠠᠮ ᠤᠨ ᠲᠦᠷᠢᠮ ᠲᠤᠭᠳᠠᠭᠠᠯ ᠢᠶᠠᠷ ᠴᠢᠩᠭ᠎ᠠ ᠱᠠᠭᠠᠷᠳᠠᠭᠰᠠᠨ ᠦᠬᠡᠢ ᠶᠢ ᠢᠯᠡᠳᠬᠡᠵᠦ ᠪᠠᠢᠨ᠎ᠠ ᠃ ᠶᠠᠭ ᠡᠢᠮᠦ ᠤᠴᠢᠷ ᠠᠴᠠ ᠪᠢᠳᠡ ᠪᠦᠬᠦ ᠬᠤᠳᠠ ᠶᠢᠨ ᠰᠢᠬᠦᠬᠦ ᠬᠤᠷᠢᠶᠠᠨ ᠠᠴᠠ 《 ᠰᠠᠬᠢᠯᠭ᠎ᠠ ᠪᠠᠲᠤ ᠤᠪᠤᠷ ᠰᠤᠷᠳᠠᠯ ᠤᠨ ᠴᠡᠭᠴᠡᠯᠡᠯᠲᠡ》 ᠶᠢᠨ ᠲᠤᠰᠬᠠᠢ ᠠᠵᠢᠯᠯᠠᠭ᠎ᠠ ᠦᠷᠨᠢᠬᠦᠯᠬᠦ ᠪᠡᠷ ᠲᠤᠭᠳᠠᠵᠤ ᠂ ᠵᠢᠵᠢᠭ᠌ ᠢ ᠪᠠᠷᠢᠬᠤ ᠡᠷᠲᠡ ᠪᠠᠷᠢᠬᠤ ᠦᠯᠦᠭᠡᠢ ᠳᠦ ᠨᠢ ᠪᠠᠷᠢᠬᠤ ᠱᠠᠭᠠᠷᠳᠠᠯᠭ᠎ᠠ ᠶᠢ ᠦᠨᠳᠦᠰᠦᠯᠡᠵᠦ ᠂ 《ᠨᠢᠬᠡ ᠠᠵᠢᠯ ᠤᠨ ᠪᠠᠢᠷᠢ ᠬᠤᠶᠠᠷ ᠬᠠᠷᠢᠭᠤᠴᠠᠯᠭ᠎ᠠ ᠲᠠᠢ 》ᠪᠠᠢᠬᠤ ᠶᠢ ᠨᠠᠢᠳᠠᠪᠤᠷᠢᠵᠢᠭᠤᠯᠵᠤ᠂ ᠺᠠᠳᠠᠷ ᠴᠠᠭᠳᠠᠭ᠎ᠠ ᠨᠠᠷ ᠠᠵᠢᠯ ᠡᠭᠦᠷᠬᠡ ᠪᠡᠨ ᠰᠠᠢᠲᠤᠷ ᠪᠡᠶᠡᠯᠡᠬᠦᠯᠬᠦ ᠶᠢᠨ ᠬᠠᠮᠲᠤ ᠰᠠᠬᠢᠯᠭ᠎ᠠ ᠪᠠᠲᠤ ᠶᠢ ᠰᠠᠬᠢᠵᠤ ᠂ 《ᠬᠤᠶᠠᠷ ᠲᠠᠯ᠎ᠠ ᠶᠢ ᠠᠳᠬᠤᠵᠤ ᠂ᠬᠤᠶᠠᠷ ᠲᠠᠯ᠎ᠠ ᠶᠢ ᠴᠢᠩᠭ᠎ᠠ ᠠᠳᠬᠤᠬᠤ》 ᠶᠢ ᠪᠠᠷᠢᠮᠳᠠᠯᠠᠵᠤ ᠂ ᠰᠠᠬᠢᠯᠭ᠎ᠠ ᠪᠠᠲᠤ ᠶᠢ ᠰᠠᠬᠢᠬᠤ ᠂ ᠶᠤᠰᠤ ᠲᠦᠷᠢᠮ ᠢ ᠡᠷᠬᠢᠮᠯᠡᠬᠦ ᠪᠡᠷ《ᠨᠢᠭᠡᠳᠦᠭᠡᠷ ᠡᠭᠦᠷᠬᠡ》ᠠᠵᠢᠯᠯᠠᠭ᠎ᠠ ᠶᠢ ᠰᠠᠢᠲᠤᠷ ᠨᠠᠢᠳᠠᠪᠤᠵᠢᠭᠤᠯᠬᠤ ᠬᠡᠷᠡᠭᠲᠡᠢ ᠃ ᠲᠦᠷᠪᠡ ᠳᠦ ᠂ ᠰᠢᠢᠳᠪᠦᠷᠢᠯᠡᠬᠦ ᠳᠦ ᠬᠦᠴᠢᠷ ᠠᠰᠠᠭᠤᠳᠠᠯ ᠢ ᠬᠢᠨᠠᠮᠠᠭᠠᠢ ᠲᠤᠩᠭᠠᠨ ᠪᠤᠳᠤᠬᠤ ᠬᠡᠷᠡᠭᠲᠡᠢ ᠃ ᠤᠳᠤᠪᠡᠷ ᠢᠶᠡᠨ ᠡᠬᠢᠯᠡᠬᠦᠯᠬᠦ ᠭᠡᠵᠦ ᠪᠠᠢᠭ᠎ᠠ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠂ ᠬᠡᠷᠡᠭ ᠰᠢᠭᠦᠨ ᠳᠠᠰᠤᠯᠤᠯᠲᠠ ᠶᠢᠨ ᠨᠤᠷᠮ᠎ᠠ ᠶᠢ ᠳᠡᠭᠡᠭᠰᠢᠯᠡᠬᠦᠯᠬᠦ 《ᠵᠠᠭᠤᠨ ᠡᠳᠦᠷ ᠦᠨ ᠰᠢᠪᠲᠤᠯᠤᠯᠲᠠ》 ᠶᠢᠨ ᠠᠵᠢᠯᠯᠠᠭ᠎ᠠ ᠶᠢ ᠬᠤᠶᠠᠷ ᠱᠠᠳᠤᠨ ᠤ ᠰᠢᠬᠦᠬᠦ ᠬᠤᠷᠢᠶ᠎ᠠ ᠳᠡᠭᠡᠳᠦ ᠬᠡᠮᠵᠢᠶ᠎ᠠ ᠪᠠᠷ ᠴᠢᠬᠤᠯᠴᠢᠯᠠᠨ ᠦᠵᠡᠵᠦ ᠂ ᠰᠢᠢᠳᠪᠦᠷᠢᠯᠡᠬᠦ ᠬᠡᠷᠡᠭᠲᠡᠢ ᠳᠠᠷᠤᠭᠳᠠᠮᠠᠯ ᠬᠡᠷᠡᠭ ᠠᠷᠪᠢᠨ ᠪᠠᠢᠬᠤ ᠰᠢᠯᠳᠠᠭᠠᠨ ᠢ ᠬᠢᠨᠠᠮᠠᠭᠠᠢ ᠲᠤᠩᠭᠠᠨ ᠪᠤᠳᠤᠵᠤ ᠪᠠᠢᠨ᠎ᠠ ᠃ ᠬᠡᠷᠡᠭ ᠨᠢ ᠪᠤᠷᠤᠭᠠᠨ ᠤ ᠳᠠᠷᠠᠭᠠᠬᠢ ᠰᠦᠶ᠎ᠠ ᠮᠡᠳᠦ ᠠᠷᠪᠢᠳᠠᠵᠤ ᠪᠠᠢᠬᠤ ᠪᠤᠰᠤᠳᠴᠢ ᠰᠢᠯᠳᠠᠭᠠᠨ ᠠᠴᠠ ᠭᠠᠳᠠᠨ᠎ᠠ ᠂ ᠪᠠᠰᠠ ᠬᠦᠮᠦᠨ ᠦ ᠬᠦᠴᠦᠨ ᠦ ᠡᠬᠢ ᠪᠠᠶᠠᠯᠢᠭ ᠤᠨ ᠲᠤᠬᠢᠷᠠᠭᠤᠯᠤᠯᠲᠠ ᠵᠤᠬᠢᠰ ᠦᠬᠡᠢ ᠪᠡᠶᠡᠴᠢ ᠰᠢᠯᠳᠠᠭᠠᠨ ᠪᠠᠢᠵᠤ ᠪᠣᠯᠤᠨ᠎ᠠ ᠃ ᠲᠠᠪᠤ ᠳᠤ ᠂ ᠬᠡᠰᠡᠭ ᠪᠦᠯᠦᠭ ᠬᠤᠰᠢᠭᠤ ᠲᠤᠭᠤᠷᠢᠭ  ᠤᠨ ᠰᠢᠬᠦᠬᠦ ᠬᠤᠷᠢᠶ᠎ᠠ ᠠᠵᠢᠯ ᠤᠨ ᠤᠪᠤᠷ ᠬᠢᠨᠠᠮᠠᠭᠠᠢ ᠦᠭᠡᠢ ᠬᠦᠨᠳᠦ ᠠᠰᠠᠭᠤᠳᠠᠯ ᠤᠷᠤᠰᠢᠵᠤ ᠪᠠᠢᠨ᠎ᠠ ᠃ ᠵᠢᠱᠢᠶᠡᠯᠡᠪᠡᠯ ᠵᠠᠷᠢᠮ ᠬᠤᠰᠢᠭᠤ ᠲᠤᠭᠤᠷᠢᠭ ᠤᠨ ᠰᠢᠬᠦᠬᠦ ᠬᠤᠷᠢᠶ᠎ᠠ ᠤᠳᠤᠬᠠᠨ ᠤ ᠬᠠᠤᠯᠢ ᠶᠢᠨ ᠰᠢᠰᠲ᠋ᠧᠮ ᠦᠨ ᠦᠭᠡᠷᠡᠴᠢᠯᠡᠯᠲᠡ ᠶᠢᠨ ᠠᠵᠢᠯ ᠤᠨ ᠰᠤᠳᠤᠯᠤᠯᠲᠠ ᠭᠦᠨᠵᠡᠭᠡᠢ ᠦᠬᠡᠢ ᠂ ᠲᠡᠭᠦᠨ ᠦ ᠴᠢᠬᠤᠯᠠ ᠴᠢᠨᠠᠷ ᠤᠨ ᠲᠤᠬᠠᠢ ᠲᠠᠨᠢᠯᠲᠠ ᠬᠦᠷᠦᠯᠴᠡᠬᠦ ᠦᠬᠡᠢ ᠂ ᠬᠠᠮᠢᠶ᠎ᠠ ᠪᠦᠬᠦᠢ ᠬᠠᠤᠯᠢ ᠶᠢᠨ ᠰᠢᠰᠲ᠋ᠧᠮ ᠦᠨ  ᠦᠭᠡᠷᠡᠴᠢᠯᠡᠯᠲᠡ ᠶᠢᠨ ᠲᠦᠰᠦᠯ ᠢ ᠨᠠᠷᠢᠨ ᠬᠢᠨᠠᠮᠠᠭᠠᠢ ᠭᠦᠨ ᠵᠠᠳᠠᠯᠤᠨ ᠰᠤᠳᠤᠯᠤᠭᠰᠠᠨ ᠦᠭᠡᠢ ᠃

ᠤᠳᠤᠬᠠᠨ ᠤ ᠠᠵᠢᠯ ᠳᠤ ᠬᠠᠨᠳᠤᠭᠤᠯᠤᠨ ᠂ ᠯᠢ ᠬᠤᠩ ᠶᠠᠨ ᠳᠠᠷᠤᠭ᠎ᠠ ᠭᠤᠷᠪᠠᠨ ᠰᠠᠨᠠᠭᠤᠯᠭ᠎ᠠ ᠲᠤᠷᠠᠳᠤᠪᠠ ᠄ ᠨᠢᠭᠡ ᠳᠦ ᠠᠵᠢᠯ ᠤᠨ ᠳᠤᠮᠳᠠ ᠠᠴᠠ ᠠᠰᠠᠭᠤᠳᠠᠯ ᠢ ᠤᠯᠵᠤ ᠠᠪᠬᠤ ᠮᠦᠷᠲᠡᠭᠡᠨ ᠠᠰᠠᠭᠤᠳᠠᠯ ᠤᠨ ᠭᠤᠤᠯᠳᠠᠯᠭ᠎ᠠ ᠶᠢ ᠪᠠᠷᠢᠬᠤ ᠬᠡᠷᠡᠭᠲᠡᠢ ᠃ ᠪᠢᠳᠡᠨ ᠦ ᠠᠵᠢᠯ ᠨᠢ ᠠᠮᠵᠢᠯᠲᠠ ᠤᠯᠬᠤ ᠶᠢᠨ ᠬᠠᠮᠳᠤ ᠯᠠᠪᠲᠠᠢ ᠠᠰᠠᠭᠤᠳᠠᠯ ᠤᠷᠤᠰᠢᠵᠤ ᠪᠠᠢᠳᠠᠭ ᠂ ᠡᠳᠡᠭᠡᠷ ᠠᠰᠠᠭᠤᠳᠠᠯ  ᠶᠢᠨ ᠭᠤᠤᠯᠳᠠᠯᠭ᠎ᠠ ᠶᠢ ᠪᠠᠷᠢᠵᠤ ᠂ ᠢᠳᠡᠪᠬᠢᠲᠠᠢ ᠪᠠᠷ ᠰᠢᠢᠳᠪᠦᠷᠢᠯᠡᠬᠦ ᠠᠷᠭ᠎ᠠ ᠬᠡᠮᠵᠢᠶ᠎ᠠ ᠶᠢ ᠡᠷᠢᠵᠦ ᠂ ᠠᠰᠠᠭᠤᠳᠠᠯ ᠰᠢᠢᠳᠪᠦᠷᠢᠯᠡᠬᠦ ᠲᠤᠯᠭᠠᠮ᠎ᠠ ᠴᠢᠨᠠᠷ ᠢ ᠴᠢᠩᠭᠠᠬᠠᠬᠤ ᠬᠡᠷᠡᠭᠲᠡᠢ ᠃ ᠬᠤᠶᠠᠷ ᠲᠤ ᠠᠵᠢᠯ ᠬᠢᠬᠦ ᠮᠦᠷᠲᠡᠭᠡᠨ ᠪᠤᠳᠠᠲᠠᠢ ᠬᠢᠬᠦ ᠬᠡᠷᠡᠭᠲᠡᠢ ᠃ ᠠᠵᠢᠯ ᠬᠢᠬᠦ ᠮᠦᠷᠲᠡᠭᠡᠨ ᠬᠠᠷᠢᠭᠤᠴᠠᠯᠭ᠎ᠠ ᠶᠢ ᠡᠷᠭᠡᠪᠰᠢ ᠡᠭᠦᠷᠭᠡᠯᠡᠬᠦ ᠬᠡᠷᠡᠭᠲᠡᠢ ᠂ ᠭᠡᠳᠦᠢ ᠶᠡᠬᠡ ᠬᠠᠷᠢᠭᠤᠴᠠᠯᠭ᠎ᠠ ᠲᠠᠢ ᠪᠤᠯ ᠬᠡᠳᠦᠢ ᠶᠡᠬᠡ ᠠᠵᠢᠯ ᠬᠢᠵᠦ ᠲᠡᠢᠯᠦᠨ᠎ᠠ ᠃ ᠠᠵᠢᠯ ᠤᠨ ᠲᠤᠮᠳᠠ ᠠᠰᠠᠭᠤᠳᠠᠯ ᠭᠠᠷᠬᠤ ᠨᠢ ᠠᠶᠤᠮᠰᠢᠭ ᠲᠠᠢ ᠪᠢᠰᠢ ᠂ ᠬᠠᠷᠢᠨ ᠠᠰᠠᠭᠤᠳᠠᠯ ᠢ ᠤᠯᠵᠤ ᠪᠠᠷᠢᠬᠤ ᠦᠭᠡᠢ ᠂ ᠠᠰᠠᠭᠤᠳᠠᠯ  ᠢ ᠮᠡᠳᠡᠭᠰᠡᠨ ᠦ ᠳᠠᠷᠠᠭ᠎ᠠ ᠵᠠᠯᠠᠷᠠᠭᠤᠯᠬᠤ ᠦᠭᠡᠢ ᠂ᠰᠢᠢᠳᠪᠦᠷᠢᠯᠡᠬᠦ ᠦᠬᠡᠢ ᠨᠢ ᠬᠠᠮᠤᠭ ᠠᠶᠤᠮᠰᠢᠭᠲᠠᠢ ᠶᠤᠮ ᠃ ᠭᠤᠷᠪᠡ ᠳᠦ ᠠᠵᠢᠯ ᠬᠢᠬᠦ ᠳᠦ ᠪᠡᠨ ᠪᠦᠲᠦᠮᠵᠢ ᠭᠠᠷᠭᠠᠬᠤ ᠬᠡᠷᠡᠭᠲᠡᠢ᠃ ᠦᠷᠬᠡᠨ ᠤᠯᠠᠨ ᠺᠠᠲᠠᠷ ᠴᠠᠭᠳᠠᠭ᠎ᠠ ᠨᠠᠷ ᠤᠨ ᠦᠷᠬᠦᠯᠵᠢᠯᠡᠨ ᠪᠠᠢᠯᠳᠤᠬᠤ ᠵᠤᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ ᠂ ᠰᠢᠳᠦ ᠵᠠᠭᠤᠨ ᠬᠦᠴᠢᠷᠳᠡᠯ ᠲᠠᠢ ᠴᠠᠭ ᠦᠶ᠎ᠠ ᠳᠡᠰᠴᠦ ᠭᠠᠷᠬᠤ ᠬᠡᠷᠡᠭᠲᠡᠢ ᠃ᠤᠳᠤᠬᠠᠨ ᠤ ᠠᠵᠢᠯ ᠬᠡᠮᠵᠢᠶ᠎ᠠ ᠶᠡᠬᠡ ᠪᠤᠯᠪᠠᠴᠤ ᠪᠢᠳᠡ ᠪᠠᠯᠢᠭᠳᠠᠵᠤ ᠂ᠰᠡᠳᠬᠢᠯ ᠰᠠᠨᠠᠭ᠎ᠠ ᠰᠢᠨᠲᠠᠷᠠᠵᠤ ᠪᠤᠯᠬᠤ ᠦᠭᠡᠢ᠂ ᠠᠵᠢᠯ ᠤᠨ ᠳᠤᠮᠳᠠ ᠲᠤᠯᠭᠠᠷᠠᠭᠰᠠᠨ  ᠬᠦᠴᠢᠷᠳᠡᠯ ᠪᠠ ᠠᠰᠠᠭᠤᠳᠠᠯ ᠢ ᠠᠷᠭ᠎ᠠ ᠪᠦᠬᠦᠨ ᠢ ᠰᠦᠪᠡᠭᠴᠢᠯᠡᠨ ᠨᠢᠭᠡ ᠨᠢᠭᠡ  ᠪᠡᠷ ᠰᠢᠳᠪᠦᠷᠢᠯᠡᠵᠦ ᠂ ᠨᠢᠭᠡᠨᠲᠡ ᠲᠤᠭᠳᠠᠭᠠᠭᠰᠠᠨ ᠡᠭᠦᠷᠬᠡ  ᠶᠢᠨ ᠱᠠᠭᠠᠷᠳᠠᠯᠭ᠎ᠠ ᠶᠤᠰᠤᠭᠠᠷ ᠠᠵᠢᠯ ᠪᠦᠷᠢ ᠪᠡᠨ ᠪᠤᠳᠠᠳᠠᠦ ᠪᠤᠯᠭᠠᠬᠤ ᠬᠡᠷᠡᠭᠲᠡᠢ ᠃

   ᠯᠢ ᠬᠤᠩ ᠶᠠᠨ ᠴᠢᠩᠭᠠᠳᠬᠠᠭᠰᠠᠨ ᠨᠢ ᠂ ᠤᠳᠤᠬᠠᠨ ᠤ ᠠᠵᠢᠯ ᠤᠨ ᠳᠠᠷᠤᠭᠠᠰᠤ ᠲᠤᠩ ᠶᠡᠬᠡ ᠪᠠᠢᠳᠠᠯ ᠤᠨ ᠲᠤᠤᠷ᠎ᠠ ᠂ ᠬᠤᠶᠠᠷ ᠱᠠᠳᠤᠨ ᠤ ᠰᠢᠬᠦᠬᠦ ᠬᠤᠷᠢᠶᠠᠨ ᠤ ᠪᠦᠬᠦ ᠺᠠᠲᠠᠷ ᠴᠠᠭᠳᠠᠭ᠎ᠠ ᠨᠠᠷ ᠤᠷᠮ᠎ᠠ ᠵᠤᠷᠢᠭ ᠢᠶᠠᠨ ᠬᠦᠪᠴᠢᠯᠡᠵᠦ ᠂ ᠬᠦᠴᠢᠷ ᠪᠡᠷᠬᠡᠰᠢᠶᠡᠯ ᠢ ᠢᠯᠠᠨ ᠳᠠᠪᠠᠬᠤ ᠢᠳᠡᠭᠡᠯ ᠵᠤᠷᠢᠭ ᠲᠠᠢ ᠪᠠᠢᠵᠤ ᠂ ᠤᠤᠯ ᠤᠨ ᠠᠯᠭᠤᠷ ᠠᠭᠠᠵᠢᠮ ᠠᠵᠢᠯᠯᠠᠬᠤ ᠬᠡᠯᠪᠡᠷᠢ ᠮᠠᠶᠢᠭ ᠢᠶᠠᠨ ᠦᠭᠡᠷᠡᠴᠢᠯᠡᠵᠦ ᠂ ᠪᠠᠢᠭᠤᠯᠤᠯᠭ᠎ᠠ ᠠᠴᠠ ᠦᠭᠭᠦᠭᠰᠡᠨ ᠡᠭᠦᠷᠬᠡ ᠪᠦᠷᠢ ᠶᠢ ᠨᠠᠷᠢᠨ ᠬᠢᠨᠠᠮᠠᠭᠠᠢ ᠪᠡᠶᠡᠯᠡᠭᠦᠯᠬᠦ ᠬᠡᠷᠡᠭᠲᠡᠢ ᠃

   ᠬᠤᠷᠠᠯ ᠲᠡᠭᠡᠷ᠎ᠠ ᠂ᠽᠠᠩ ᠲᠢᠶᠠᠨ ᠮᠢᠩ ᠰᠤᠳᠤᠯᠤᠨ ᠪᠠᠢᠴᠠᠭᠠᠭᠴᠢ ᠳ᠋ᠦᠩᠨᠡᠯᠲᠡ ᠬᠢᠪᠡ᠂ ᠪᠦᠬᠦ ᠬᠤᠳᠠ ᠶᠢᠨ ᠰᠢᠬᠦᠬᠦ ᠬᠤᠷᠢᠶ᠎ᠠ ᠲᠤᠰ ᠤᠳᠠᠭᠠᠨ ᠤ ᠬᠤᠷᠠᠯ ᠤᠨ ᠵᠤᠷᠢᠭ ᠰᠠᠨᠠᠭ᠎ᠠ ᠶᠢ ᠰᠠᠢᠲᠤᠷ ᠲᠤᠤᠱᠢᠯᠠᠭᠤᠯᠬᠤ ᠶᠢ ᠱᠠᠭᠠᠷᠳᠠᠵᠤ ᠂ ᠲᠤᠷᠰᠢᠯᠭ᠎ᠠ ᠪᠠᠨ ᠳ᠋ᠦᠩᠨᠡᠬᠦ ᠮᠦᠷᠲᠡᠭᠡᠨ ᠠᠵᠢᠯ ᠤᠨ ᠵᠦᠷᠢᠶ᠎ᠠ ᠶᠢ ᠮᠡᠳᠡᠷᠡᠵᠦ ᠂ ᠢᠳᠡᠪᠬᠢᠲᠡᠢ  ᠪᠠᠷ ᠦᠭᠡᠳᠡᠯᠡᠨ ᠲᠠᠪᠰᠢᠬᠤ ᠵᠤᠷᠢᠭ ᠰᠠᠨᠠᠭ᠎ᠠ ᠲᠠᠢ ᠪᠠᠢᠵᠤ ᠂ ᠢᠳᠡᠪᠬᠢᠲᠡᠢ ᠪᠡᠷ ᠡᠯ᠎ᠠ ᠠᠵᠢᠯ  ᠢ ᠲᠦᠯᠬᠢᠨ ᠠᠬᠢᠭᠤᠯᠵᠤ ᠂ ᠬᠠᠤᠯᠢ ᠶᠢᠨ ᠰᠢᠰᠲ᠋ᠧᠮ ᠦᠨ ᠦᠭᠡᠷᠡᠴᠢᠯᠡᠯᠲᠡ ᠵᠡᠷᠬᠡ ᠴᠢᠬᠤᠯᠠ ᠠᠵᠢᠯ ᠢ ᠲᠦᠯᠬᠢᠨ ᠠᠬᠢᠭᠤᠯᠬᠤ ᠬᠡᠷᠡᠭᠲᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )