ᠦᠨᠳᠦᠰᠦᠨ ᠱᠠᠲᠤᠨ ᠤ ᠰᠢᠭᠦᠬᠦ ᠬᠣᠷᠢᠶᠠᠨ ᠤ ᠭᠦᠢᠴᠡᠳᠬᠡᠬᠦ ᠠᠵᠢᠯ ᠤᠨ ᠦᠢᠯᠡᠳᠦᠯᠭᠡ ᠪᠠ ᠪᠣᠳᠣᠯᠬᠢᠯᠠᠯ ᠡᠵᠡᠨ ᠬᠣᠷᠣᠭ᠎ᠠ ᠬᠣᠰᠢᠭᠤᠨ ᠤ ᠠᠷᠠᠳ ᠤᠨ ᠰᠢᠭᠦᠬᠦ ᠬᠣᠷᠢᠶ᠎ᠠ ᠪᠠᠷ ᠥᠯᠢᠭᠡᠷ ᠳᠡᠪᠲᠡᠷ ᠪᠤᠯᠭᠠᠨ᠎ᠠ
2018.12.04 ᠲᠣᠰ ᠥᠷᠲᠡᠭᠡᠨ᠎ᠦ ᠨᠠᠢᠷᠠᠭᠤᠯᠤᠭᠴᠢ

      ᠬᠠᠤᠯᠢ ᠪᠠᠷᠢᠬᠤ ᠪᠣᠯ ᠨᠡᠢᠭᠡᠮ ᠦᠨ ᠲᠥᠪ ᠭᠣᠣᠯᠴᠢ ᠰᠢᠳᠤᠷᠭᠤ ᠶᠣᠰᠣ ᠶᠢ ᠬᠠᠮᠠᠭᠠᠯᠠᠬᠤ ᠡᠴᠦᠰ ᠦᠨ ᠰᠡᠷᠭᠡᠶᠢᠯᠡᠯᠲᠡ ᠶᠢᠨ ᠱᠤᠭᠤᠮ ᠮᠥᠨ ᠂  ᠭᠦᠢᠴᠡᠳᠬᠡᠬᠦ ᠠᠵᠢᠯ ᠪᠣᠯ ᠡᠨᠡ ᠬᠦ ᠰᠡᠷᠭᠡᠶᠢᠯᠡᠯᠲᠡ ᠶᠢᠨ ᠱᠤᠭᠤᠮ ᠤᠨ ᠡᠴᠦᠰ ᠦᠨ ᠨᠢᠭᠡ ᠭᠣᠭᠴᠣᠭ᠎ᠠ ᠮᠥᠨ ᠃ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠦᠨ ᠲᠤᠷᠰᠢ ᠂ ᠠᠵᠤ ᠠᠬᠤᠶ ᠨᠡᠢᠭᠡᠮ ᠦᠨ ᠬᠥᠭᠵᠢᠯᠲᠡ ᠪᠠ ᠠᠰᠢᠭ ᠲᠤᠰᠠ ᠶᠢᠨ ᠪᠠᠶᠢᠷᠢᠰᠢᠯ ᠤᠨ ᠤᠯᠠᠨ ᠡᠰᠢᠵᠢᠭᠰᠡᠨ ᠢ ᠳᠠᠭᠠᠯᠳᠤᠨ ᠂ ᠨᠡᠢᠭᠡᠮ ᠦᠨ ᠵᠥᠷᠢᠴᠡᠯ ᠰᠢᠷᠦᠭᠦᠰᠴᠦ ᠂ ᠶᠡᠬᠡ ᠬᠡᠮᠵᠢᠶᠡᠨ ᠦ ᠵᠠᠷᠭᠤ ᠶᠢᠨ ᠬᠡᠷᠡᠭ ᠠᠷᠠᠳ ᠤᠨ ᠰᠢᠭᠦᠬᠦ ᠬᠣᠷᠢᠶᠠᠨ ᠳᠤ ᠣᠷᠣᠭᠰᠠᠨ ᠪᠥᠭᠡᠳ ᠭᠦᠢᠴᠡᠳᠬᠡᠬᠦ ᠵᠢᠷᠤᠮ ᠳᠤ ᠣᠷᠣᠵᠤ ᠂ ᠳᠠᠷᠤᠭᠳᠠᠮᠠᠯ ᠬᠡᠷᠡᠭ ᠢ ᠭᠦᠢᠴᠡᠳᠬᠡᠬᠦ ᠵᠡᠷᠭᠡ《 ᠬᠡᠷᠡᠭ ᠦᠨ ᠲᠠᠪᠴᠠᠩ  ᠢ ᠥᠨᠳᠥᠷ ᠪᠠᠷᠢᠭᠰᠠᠨ 》ᠦᠵᠡᠭᠳᠡᠯ ᠲᠤᠢᠯ ᠦᠨ ᠬᠦᠨᠳᠦ ᠨᠣᠴᠢᠲᠠᠶ ᠪᠠᠶᠢᠵᠤ ᠂ ᠵᠠᠷᠢᠮ ᠬᠦᠴᠦᠨ ᠲᠡᠶ ᠪᠣᠯᠤᠭᠰᠠᠨ ᠬᠠᠤᠯᠢ ᠴᠠᠭᠠᠵᠠ ᠶᠢᠨ  ᠪᠣᠳᠠᠲᠠᠶ ᠪᠥᠭᠡᠳ ᠪᠦᠲᠦᠮᠵᠢᠲᠡᠶ ᠬᠡᠷᠡᠭᠵᠢᠭᠦᠯᠦᠭᠳᠡᠬᠦ ᠦᠭᠡᠢ ᠪᠠᠶᠢᠵᠤ ᠂ ᠮᠠᠭᠤ ᠰᠠᠨᠠᠭ᠎ᠠ ᠲᠠᠶ ᠪᠠᠷ ᠥᠷᠢ ᠥᠭᠴᠡᠭᠡ ᠡᠴᠡ ᠵᠠᠶᠢᠯᠠᠬᠤ ᠮᠠᠭᠤ ᠨᠡᠢᠭᠡᠮ ᠦᠨ ᠬᠡᠪ ᠰᠤᠷᠲᠠᠯ ᠢ ᠠᠶᠠᠨᠳᠠᠭᠠᠨ ᠪᠣᠶ ᠪᠣᠯᠭᠠᠵᠤ ᠂ ᠬᠠᠤᠯᠢ ᠴᠠᠭᠠᠵᠠ ᠶᠢᠨ ᠲᠠᠰᠤᠯᠤᠨ ᠲᠣᠭᠲᠠᠭᠠᠯᠲᠠ ᠶᠢᠨ ᠡᠷᠬᠡ ᠰᠦᠷ ᠪᠠ ᠬᠠᠤᠯᠢ ᠴᠠᠭᠠᠵᠠ ᠶᠢᠨ ᠤᠯᠠᠨ ᠨᠡᠢᠢᠲᠡ ᠶᠢ ᠢᠲᠡᠭᠡᠭᠦᠯᠬᠦ ᠬᠦᠴᠦᠨ ᠢ ᠮᠠᠭᠤᠰᠢᠶᠠᠵᠤ ᠂ 《 ᠭᠦᠢᠴᠡᠳᠬᠡᠬᠦ ᠳᠦ ᠪᠡᠷᠬᠡᠲᠡᠶ 》ᠪᠠᠶᠢᠬᠤ ᠨᠢ ᠠᠷᠠᠳ ᠤᠨ ᠰᠢᠭᠦᠬᠦ ᠬᠣᠷᠢᠶᠠᠨ ᠤ ᠬᠠᠭᠤᠴᠢᠨ ᠪᠡᠷᠬᠡᠲᠡᠶ ᠠᠰᠠᠭᠤᠳᠠᠯ ᠪᠣᠯᠤᠭᠰᠠᠨ ᠪᠠᠢᠨ᠎ᠠ ᠃ 
    ᠨᠢᠭᠡ ᠂《 ᠭᠦᠢᠴᠡᠳᠬᠡᠬᠦ ᠳᠦ ᠬᠦᠴᠢᠷᠲᠡᠢ 》 ᠪᠠᠶᠢᠬᠤ ᠠᠰᠠᠭᠤᠳᠠᠯ ᠢ ᠰᠢᠢᠳᠪᠦᠷᠢᠯᠡᠬᠦ ᠭᠣᠣᠯ ᠠᠷᠭ᠎ᠠ ᠬᠢᠳᠡᠯ ᠵᠢᠴᠢ ᠠᠵᠢᠯ ᠤᠨ ᠬᠡᠪ ᠴᠢᠨᠠᠷ ᠦᠷ᠎ᠡ ᠪᠦᠲᠦᠮᠵᠢ ᠃ 
    ᠬᠣᠶᠠᠷ ᠂ ᠦᠨᠳᠦᠰᠦᠨ ᠱᠠᠲᠤᠨ ᠤ ᠰᠢᠭᠦᠬᠦ ᠬᠣᠷᠢᠶᠠᠨ ᠤ ᠭᠦᠢᠴᠡᠳᠬᠡᠬᠦ ᠠᠵᠢᠯ ᠳᠤ ᠣᠷᠣᠰᠢᠵᠤ  ᠪᠠᠶᠢᠭ᠎ᠠ ᠭᠣᠣᠯ ᠠᠰᠠᠭᠤᠳᠠᠯ ᠃ 
    ᠭᠤᠷᠪᠠ ᠂ ᠦᠨᠳᠦᠰᠦᠨ ᠱᠠᠲᠤᠨ ᠤ ᠰᠢᠭᠦᠬᠦ ᠬᠣᠷᠢᠶᠠᠨ ᠤ ᠭᠦᠢᠴᠡᠳᠬᠡᠬᠦ ᠳᠦ ᠪᠡᠷᠬᠡᠲᠡᠶ ᠪᠠᠶᠢᠬᠤ ᠠᠰᠠᠭᠤᠳᠠᠯ ᠢ  ᠰᠢᠢᠳᠪᠦᠷᠢᠯᠡᠬᠦ ᠰᠠᠨᠠᠯ ᠪᠠ ᠰᠠᠨᠠᠭᠤᠯᠭ᠎ᠠ ᠃ 

 

    ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠴᠠ ᠣᠷᠴᠢᠭᠤᠯᠪᠠ

    ᠬᠢᠲᠠᠳ ᠬᠡᠯᠡᠨ ᠦ ᠮᠠᠲ᠋ᠧᠷᠢᠶᠠᠯ ᠢᠶᠠᠷ ᠪᠠᠷᠢᠮᠵᠢᠶ᠎ᠠ ᠪᠤᠯᠭᠠᠵᠠᠢ︕

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )