ᠢᠷᠭᠡᠨ ᠦ ᠪᠠ ᠡᠷᠡᠭᠦᠦ ᠶᠢᠨ ᠬᠠᠤᠯᠢ ᠰᠣᠯᠪᠢᠴᠠᠭᠰᠠᠨ ᠬᠡᠷᠡᠭ ᠦᠨ ᠪᠣᠳᠠᠲᠤ ᠬᠡᠷᠡᠭ ᠲᠡᠬᠢ ᠰᠡᠵᠢᠭᠡᠯᠡᠯ ᠪᠠ ᠭᠠᠷᠬᠤ ᠵᠠᠮ
2018.12.04 ᠲᠣᠰ ᠥᠷᠲᠡᠭᠡᠨ ᠦ ᠨᠠᠢᠷᠠᠭᠤᠯᠤᠭᠴᠢ

     ᠸᠠᠩ ᠯᠢᠨ ᠴᠢᠩ ᠰᠢᠭᠦᠬᠦ ᠲᠤᠰᠢᠶᠠᠯᠲᠠᠨ ᠤ ᠬᠡᠯᠡᠭᠰᠡᠨ ᠢᠶᠡᠷ ᠂ ᠠᠷᠠᠳ ᠪᠣᠯᠤᠨ ᠡᠷᠡᠭᠦᠦ ᠰᠢᠢᠳᠭᠡᠯ ᠰᠣᠯᠪᠢᠴᠠᠬᠤ ᠠᠰᠠᠭᠤᠳᠠᠯ ᠪᠣᠯ ᠡᠷᠲᠡ ᠤᠷᠢᠳ ᠪᠥᠭᠡᠳ ᠤᠳᠠᠭᠠᠨ ᠡᠳᠦᠷ ᠵᠤᠵᠠᠭᠠᠨ ᠬᠣᠨᠣᠭ ᠦᠨ ᠶᠠᠷᠢᠶᠠᠨ ᠦ ᠰᠡᠳᠦᠪ ᠪᠤᠯᠤᠨ᠎ᠠ ᠃ ᠡᠨᠡ ᠬᠦ ᠠᠰᠠᠭᠤᠳᠠᠯ ᠢ ᠣᠯᠠᠨ ᠶᠠᠩᠵᠤ ᠪᠠᠷ ᠶᠠᠷᠢᠵᠤ ᠂ ᠰᠢᠢᠳᠪᠦᠷᠢᠯᠡᠭᠡᠳᠦᠢ ᠂ ᠤᠷᠳᠤ ᠬᠤᠭᠤᠴᠠᠭᠠᠨ ᠤ ᠬᠠᠶᠢᠨ ᠰᠦᠪᠡᠭᠴᠢᠯᠡᠯᠲᠡ ᠂ ᠮᠠᠷᠭᠤᠯᠳᠤᠭᠠᠨ ᠨᠢ ᠬᠠᠤᠯᠢ ᠲᠣᠭᠲᠠᠭᠠᠭᠴᠢᠳ ᠲᠤ ᠡᠷᠡᠰ ᠪᠠᠲᠤ ᠵᠣᠷᠢᠭ ᠣᠯᠭᠣᠭᠰᠠᠨ ᠦᠭᠡᠢ ᠃ ᠣᠨᠣᠯ  ᠦᠨ ᠡᠲᠡᠭᠡᠳ ᠦᠨ ᠬᠢᠨ《 ᠬᠦᠨᠳᠦ ᠡᠷᠡᠭᠦᠦ ᠪᠡᠷ ᠠᠷᠠᠳ ᠢ ᠬᠥᠩᠭᠡᠪᠴᠢᠯᠡᠬᠦ 》ᠬᠠᠭᠤᠴᠢᠨ ᠦᠵᠡᠯ ᠰᠠᠨᠠᠭ᠎ᠠ ᠳᠤ ᠰᠠᠭᠤᠷᠢᠯᠠᠨ ᠪᠠᠢᠭᠤᠯᠤᠭᠰᠠᠨ《 ᠤᠷᠢᠳᠠᠪᠠᠷ ᠰᠢᠢᠳᠬᠡᠵᠦ ᠰᠡᠭᠦᠯᠡᠷ ᠨᠢ ᠠᠷᠠᠳ ᠪᠣᠯᠭᠠᠬᠤ 》ᠯᠣᠭᠢᠭ ᠵᠢᠴᠢ《 ᠢᠷᠭᠡᠨ ᠦ ᠬᠡᠷᠡᠭ ᠦᠨ ᠦᠢᠯᠡ ᠠᠵᠢᠯᠯᠠᠭ᠎ᠠ ᠳᠤ ᠬᠣᠯᠪᠣᠭᠳᠠᠭᠰᠠᠨ ᠶᠠᠯ᠎ᠠ ᠨᠢ ᠬᠦᠴᠦᠨ ᠦᠭᠡᠢ 》ᠭᠡᠬᠦ ᠤᠯᠠᠮᠵᠢᠯᠠᠯᠲᠤ ᠣᠢᠯᠠᠭᠠᠭᠳᠠᠬᠤᠨ ᠢ ᠳᠠᠪᠠᠯᠭᠠᠨ ᠤ ᠦᠵᠦᠭᠦᠷ ᠲᠦ ᠲᠦᠯᠬᠢᠨ ᠣᠷᠣᠭᠤᠯᠵᠤ ᠂ ᠠᠷᠠᠳ ᠤᠨ ᠳᠡᠭᠡᠲᠥ ᠰᠢᠭᠦᠬᠦ ᠬᠣᠷᠢᠶ᠎ᠠ 2015 ᠣᠨ  ᠤ 8 ᠰᠠᠷ᠎ᠠ ᠶᠢᠨ 6 ᠤ ᠡᠳᠦᠷ ᠨᠡᠢᠲᠡᠯᠡᠭᠰᠡᠨ ᠠᠷᠠᠳ ᠤᠨ ᠬᠣᠭᠣᠷᠣᠨᠳᠣᠬᠢ ᠵᠢᠭᠡᠯᠡᠯᠭᠡ ᠶᠢᠨ ᠬᠡᠷᠡᠭ ᠦᠨ ᠬᠠᠤᠯᠢ ᠪᠠᠷᠢᠬᠤ ᠲᠠᠶᠢᠯᠪᠤᠷᠢᠯᠠᠯᠲᠠ ᠳᠤ《 ᠶᠠᠯ᠎ᠠ ᠳᠤ ᠬᠣᠯᠪᠣᠭᠳᠠᠭᠰᠠᠨ ᠢᠷᠭᠡᠨ ᠦ ᠬᠡᠷᠡᠭ ᠦᠨ ᠠᠵᠢᠯᠯᠠᠭ᠎ᠠ ᠨᠢ ᠬᠡᠯᠡᠯᠭᠡᠨ ᠦᠭᠡᠢ ᠬᠦᠴᠦᠨ ᠦᠭᠡᠢ ᠪᠢᠰᠢ 》᠂ ᠭᠡᠪᠡᠴᠦ ᠠᠷᠠᠳ ᠤᠨ ᠬᠣᠭᠣᠷᠣᠨᠳᠣᠬᠢ ᠵᠢᠭᠡᠯᠡᠯᠭᠡ ᠶᠢᠨ ᠬᠦᠷᠢᠶ᠎ᠡ ᠬᠡᠪᠴᠢᠶᠡᠨ ᠳᠦ ᠴᠦ ᠭᠡᠰᠡᠨ ᠵᠠᠷᠢᠮ ᠣᠪᠣᠷ ᠢᠶᠠᠨ ᠲᠣᠳᠣᠷᠬᠠᠶ ᠮᠡᠳᠡᠬᠦ ᠃《 ᠢᠷᠭᠡᠨ ᠦ ᠪᠠ ᠡᠷᠡᠭᠦᠦ ᠶᠢᠨ ᠬᠡᠷᠡᠭ ᠦᠨ ᠰᠤᠯᠪᠢᠴᠢᠯᠠᠯ》 ᠤᠨ ᠬᠡᠷᠡᠭ ᠦᠨ ᠵᠢᠯᠣᠭᠣᠳᠬᠤ ᠰᠠᠨᠠᠯ ᠳᠤᠲᠠᠭᠳᠠᠵᠤ ᠪᠠᠶᠢᠬᠤ ᠠᠴᠠ ᠪᠣᠯᠵᠤ ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠬᠣᠭᠣᠷᠣᠨᠳᠣᠬᠢ ᠵᠥᠷᠢᠴᠡᠯ ᠂ ᠮᠠᠷᠭᠤᠯᠳᠤᠭᠠᠨ ᠵᠣᠭᠰᠣᠭᠰᠠᠨ ᠦᠭᠡᠢ ᠃ ᠢᠷᠭᠡᠨ ᠦ ᠪᠠ ᠬᠤᠳᠠᠯᠳᠤᠭᠠᠨ ᠤ ᠬᠡᠷᠡᠭ ᠦᠨ ᠰᠢᠭᠦᠨ ᠲᠠᠰᠤᠯᠬᠤ ᠠᠵᠢᠯᠲᠠᠨ ᠂  ᠪᠣᠳᠠᠲᠤ ᠶᠠᠪᠤᠳᠠᠯ ᠤᠨ ᠲᠠᠯ᠎ᠠ ᠠᠴᠠ ᠂ ᠠᠷᠠᠳ ᠤᠨ ᠪᠠ ᠡᠷᠡᠭᠦᠦ ᠶᠢᠨ ᠰᠣᠯᠪᠢᠴᠠᠭᠰᠠᠨ ᠬᠡᠷᠡᠭ ᠦᠨ ᠦᠷᠭᠦᠯᠵᠢ ᠲᠣᠬᠢᠶᠠᠯᠳᠤᠳᠠᠭ ᠮᠠᠷᠭᠤᠯᠳᠤᠭᠠᠨ ᠤ ᠵᠠᠩᠭᠢᠯᠠᠭ᠎ᠠ ᠵᠢᠴᠢ ᠠᠷᠢᠯᠭᠠᠬᠤ ᠲᠥᠰᠦᠯ ᠢ  ᠬᠠᠶᠢᠨ ᠰᠦᠪᠡᠭᠴᠢᠯᠡᠵᠦ ᠂ ᠪᠦᠬᠦᠯᠢ ᠴᠣᠭᠴᠠ ᠶᠢᠨ ᠵᠥᠷᠢᠴᠡᠯ ᠢ ᠰᠢᠢᠳᠪᠦᠷᠢᠯᠡᠬᠦ ᠳᠦ ᠰᠡᠳᠬᠢᠴᠡ ᠬᠠᠩᠭᠠᠬᠤ ᠶᠢ ᠬᠦᠰᠡᠵᠦ ᠪᠠᠢᠨ᠎ᠠ ᠃ 
    ᠡᠷᠡᠭᠦᠦ ᠶᠢᠨ ᠬᠠᠤᠯᠢ ᠳᠤ ᠬᠣᠬᠢᠷᠠᠯ ᠤᠨ ᠲᠣᠭ᠎ᠠ ᠶᠢ ᠵᠥᠪᠬᠡᠨ ᠡᠷᠡᠭᠦᠦ ᠰᠢᠢᠳᠬᠡᠯ ᠣᠨᠣᠭᠳᠠᠭᠤᠯᠬᠤ ᠪᠠᠷᠢᠮᠵᠢᠶ᠎ᠠ ᠪᠣᠯᠭᠠᠨ᠎ᠠ ᠭᠡᠵᠦ ᠮᠠᠭᠠᠳᠯᠠᠨ ᠲᠣᠭᠲᠠᠭᠠᠭᠰᠠᠨ ᠨᠢ ᠬᠣᠬᠢᠷᠠᠯ ᠠᠮᠰᠠᠭᠴᠢ ᠳᠤ ᠣᠯᠭᠣᠭᠰᠠᠨ ᠬᠠᠤᠯᠢ ᠴᠠᠭᠠᠵᠠ ᠶᠢᠨ ᠲᠤᠰᠠᠯᠠᠮᠵᠢ ᠪᠢᠰᠢ ᠂ ᠭᠠᠭᠴᠠ ᠬᠦ ᠡᠷᠡᠭᠦᠦ ᠰᠢᠢᠳᠬᠡᠯ ᠂ ᠠᠷᠠᠳ ᠬᠠᠮᠲᠤ ᠪᠠᠷ ᠬᠥᠳᠡᠯᠦᠯᠴᠡᠪᠡᠯ ᠰᠠᠶ᠋ᠢ ᠬᠣᠬᠢᠷᠠᠯ ᠠᠮᠰᠠᠭᠴᠢ ᠳᠤ ᠬᠠᠮᠤᠭ ᠤᠨ ᠶᠡᠬᠡ ᠬᠡᠮᠵᠢᠶᠡᠨ ᠦ ᠲᠤᠰᠠᠯᠠᠮᠵᠢ ᠦᠵᠡᠭᠦᠯᠵᠦ ᠴᠢᠳᠠᠨ᠎ᠠ  ᠭᠡᠵᠡᠢ᠃ 

 

    ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠴᠠ ᠣᠷᠴᠢᠭᠤᠯᠪᠠ

    ᠬᠢᠲᠠᠳ ᠬᠡᠯᠡᠨ ᠦ ᠮᠠᠲ᠋ᠧᠷᠢᠶᠠᠯ ᠢᠶᠠᠷ ᠪᠠᠷᠢᠮᠵᠢᠶ᠎ᠠ ᠪᠤᠯᠭᠠᠵᠠᠢ︕

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )