ᠠᠷᠠᠳ ᠢᠷᠭᠡᠨ ᠦ ᠣᠷᠴᠢᠨ ᠲᠣᠭᠣᠷᠢᠨ ᠤ ᠡᠷᠬᠡ ᠶᠢᠨ ᠠᠰᠠᠭᠤᠳᠠᠯ ᠤᠨ ᠲᠤᠬᠠᠢ ᠠᠩᠬ᠎ᠠ ᠪᠠᠢᠴᠠᠭᠠᠯᠲᠠ
2018.09.26 ᠲᠣᠰ ᠥᠷᠲᠡᠭᠡᠨ᠎ᠦ ᠨᠠᠢᠷᠠᠭᠤᠯᠤᠭᠴᠢ

    ᠣᠷᠴᠢᠨ ᠲᠣᠭᠣᠷᠢᠨ ᠤ ᠠᠰᠠᠭᠤᠳᠠᠯ ᠡᠳᠦᠷ ᠢᠷᠡᠬᠦᠶ᠎ᠡ ᠲᠣᠪᠣᠢᠮ᠎ᠠ ᠪᠣᠯᠵᠤ ᠪᠠᠶᠢᠭ᠎ᠠ ᠥᠨᠥᠳᠥᠷ ᠂ ᠬᠥᠮᠥᠨ ᠲᠥᠷᠥᠯᠬᠢᠲᠡᠨ ᠦ ᠣᠷᠣᠰᠢᠨ ᠲᠣᠭᠲᠠᠨᠢᠬᠤ ᠣᠷᠴᠢᠨ ᠲᠣᠭᠣᠷᠢᠨ ᠤᠷᠢᠳ ᠡᠮᠦᠨ᠎ᠡ ᠭᠠᠷᠤᠭ᠎ᠠ ᠦᠭᠡᠢ ᠡᠪᠳᠡᠯᠭᠡ ᠳᠦ ᠤᠴᠠᠷᠠᠪᠠ ᠃ ᠣᠷᠴᠢᠨ ᠠᠬᠤᠢ ᠶᠢᠨ ᠪᠣᠬᠢᠷᠲᠤᠯ ᠬᠢᠭᠡᠳ ᠡᠪᠳᠡᠯᠭᠡ ᠡᠳᠦᠷ ᠢᠷᠡᠬᠦᠶ᠎ᠡ ᠬᠦᠨᠳᠦ ᠨᠣᠴᠢᠲᠠᠶ ᠪᠣᠯᠵᠤ ᠂ ᠨᠡᠢᠭᠡᠮ ᠠᠵᠤ ᠠᠬᠤᠢ ᠶᠢᠨ ᠬᠥᠭᠵᠢᠯᠲᠡ  ᠳᠦ ᠶᠡᠬᠡ ᠬᠠᠷᠰᠢ ᠰᠠᠭᠠᠳ ᠪᠣᠯᠵᠤ ᠂ ᠴᠢᠨᠠᠭᠰᠢᠯᠠᠪᠠᠯ ᠨᠡᠢᠭᠡᠮ ᠦᠨ ᠥᠷᠬᠦᠯᠵᠢᠯᠡᠨ  ᠬᠥᠭᠵᠢᠯᠲᠡ ᠬᠦᠨᠳᠦ ᠨᠣᠴᠢᠲᠠᠶ ᠠᠰᠠᠭᠤᠳᠠᠯ ᠳᠤ ᠤᠴᠠᠷᠠᠵᠤ ᠪᠠᠢᠨ᠎ᠠ ᠃ ᠡᠢᠮᠦᠷᠬᠦᠦ ᠪᠠᠢᠳᠠᠯ ᠳᠣᠣᠷ᠎ᠠ ᠂ ᠠᠷᠠᠳ ᠢᠷᠭᠡᠳ ᠣᠷᠴᠢᠨ ᠠᠬᠤᠶ ᠶᠢ ᠬᠠᠮᠠᠭᠠᠯᠠᠬᠤ ᠡᠷᠬᠡ ᠶᠢᠨ ᠤᠬᠠᠮᠰᠠᠷ ᠲᠠᠰᠤᠷᠠᠯᠲᠠ ᠦᠭᠡᠢ ᠴᠢᠩᠭᠠᠷᠠᠵᠤ ᠂ ᠣᠷᠴᠢᠨ ᠠᠬᠤᠢ ᠶᠢᠨ ᠡᠷᠬᠡ ᠨᠢ ᠳᠡᠯᠡᠬᠡᠶ ᠶᠢᠨ ᠡᠯ᠎ᠡ ᠤᠯᠤᠰ ᠠᠴᠠ ᠨᠡᠶᠢᠳᠡᠮ ᠬᠦᠨᠳᠦᠳᠬᠡᠨ ᠦᠵᠡᠵᠦ ᠪᠠᠶᠢᠭ᠎ᠠ ᠠᠰᠠᠭᠤᠳᠠᠯ ᠪᠣᠯᠤᠭᠰᠠᠨ ᠪᠠᠢᠨ᠎ᠠ ᠃ ᠠᠷᠠᠳ ᠢᠷᠭᠡᠨ ᠦ ᠣᠷᠴᠢᠨ ᠠᠬᠤᠢ ᠶᠢᠨ ᠡᠷᠬᠡ ᠶᠢ ᠳᠤᠮᠳᠠᠳᠤ ᠤᠯᠤᠰ ᠤᠨ ᠬᠠᠤᠯᠢ ᠳᠤ ᠲᠣᠭᠲᠠᠭᠠᠬᠤ ᠨᠢ ᠵᠠᠶᠢᠯᠠᠰᠢ ᠦᠭᠡᠢ ᠶᠤᠮ ᠂ ᠲᠡᠷᠡ ᠨᠢ ᠣᠷᠴᠢᠨ ᠠᠬᠤᠶ ᠶᠢ ᠬᠠᠮᠠᠭᠠᠯᠠᠬᠤ ᠳᠤ ᠳᠤᠲᠠᠭᠳᠠᠵᠤ ᠪᠣᠯᠣᠰᠢ ᠦᠭᠡᠢ ᠠᠷᠭ᠎ᠠ ᠪᠠᠷᠢᠯ ᠮᠥᠨ ᠃  

   

    ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠴᠠ ᠣᠷᠴᠢᠭᠤᠯᠪᠠ

    ᠬᠢᠲᠠᠳ ᠬᠡᠯᠡᠨ ᠦ ᠮᠠᠲ᠋ᠧᠷᠢᠶᠠᠯ ᠢᠶᠠᠷ ᠪᠠᠷᠢᠮᠵᠢᠶ᠎ᠠ ᠪᠤᠯᠭᠠᠵᠠᠢ︕

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )