ᠭᠠᠵᠠᠷ ᠰᠢᠷᠣᠶ ᠶᠢᠨ ᠵᠠᠰᠠᠭ ᠵᠠᠬᠢᠷᠭᠠᠨ ᠤ ᠡᠷᠬᠡ ᠶᠢ ᠨᠤᠲᠠᠯᠠᠨ ᠲᠣᠭᠲᠠᠭᠠᠬᠤ ᠵᠢᠭᠤᠷᠠᠯᠳᠤᠭᠠᠨ ᠢ ᠲᠡᠭᠦᠯᠳᠡᠷᠵᠢᠭᠦᠯᠬᠦ
2018.03.06 ᠲᠣᠰ ᠥᠷᠲᠡᠭᠡᠨ ᠦ ᠨᠠᠢᠷᠠᠭᠤᠯᠤᠭᠴᠢ

    ᠭᠠᠵᠠᠷ ᠰᠢᠷᠣᠶ ᠪᠣᠯ ᠲᠠᠷᠢᠶᠠᠴᠢᠳ ᠤᠨ ᠴᠢᠬᠤᠯᠠ ᠦᠢᠯᠡᠳᠪᠦᠷᠢᠯᠡᠯ ᠪᠠ ᠠᠮᠢᠳᠤᠷᠠᠯ ᠤᠨ ᠬᠡᠷᠡᠭᠰᠡᠯ ᠮᠥᠨ ᠂ ᠭᠡᠲᠡᠯ᠎ᠡ ᠬᠥᠳᠡᠭᠡ ᠲᠣᠰᠬᠣᠨ ᠤ ᠬᠡᠰᠡᠭ ᠲᠠᠷᠢᠶᠠᠴᠢᠳ ᠲᠤ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠨᠢ ᠲᠣᠳᠣᠷᠬᠠᠶ ᠦᠭᠡᠢ ᠪᠠᠶᠢᠬᠤ ᠠᠰᠠᠭᠤᠳᠠᠯ ᠭᠠᠷᠤᠭᠰᠠᠨ ᠠᠴᠠ ᠨᠡᠢᠭᠡᠮ ᠦᠨ ᠶᠡᠬᠡ ᠬᠡᠮᠵᠢᠶᠡᠨ ᠦ ᠵᠥᠷᠢᠴᠡᠯ ᠢ ᠡᠭᠦᠰᠭᠡᠭᠰᠡᠨ ᠪᠠᠢᠨ᠎ᠠ ᠃ ᠭᠠᠵᠠᠷ ᠰᠢᠷᠣᠶ ᠳᠤ ᠬᠣᠯᠪᠣᠭᠳᠠᠭᠰᠠᠨ ᠬᠡᠷᠡᠭ ᠦᠨ ᠬᠠᠤᠯᠢ ᠴᠠᠭᠠᠵᠠ ᠶᠢᠨ ᠬᠠᠷᠢᠴᠠᠭ᠎ᠠ ᠪᠤᠳᠤᠯᠢᠶᠠᠨᠲᠠᠶ ᠂ ᠬᠡᠷᠡᠭ ᠦᠨ ᠪᠠᠢᠳᠠᠯ ᠪᠤᠳᠤᠯᠢᠶᠠᠨᠲᠠᠶ ᠂ ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ ᠂ ᠲᠡᠤᠬᠡ ᠠᠴᠠ ᠥᠯᠳᠡᠭᠡᠭᠳᠡᠵᠥ ᠢᠷᠡᠭᠰᠡᠨ ᠠᠰᠠᠭᠤᠳᠠᠯ ᠣᠯᠠᠨ ᠪᠠᠶᠢᠳᠠᠭ ᠃ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠤᠨ ᠵᠢᠭᠤᠷᠠᠯᠳᠤᠭᠠᠨ ᠪᠣᠯ ᠠᠷᠠᠳ ᠤᠨ ᠰᠢᠭᠦᠬᠦ ᠬᠣᠷᠢᠶᠠᠨ ᠤ ᠵᠠᠰᠠᠭ ᠵᠠᠬᠢᠷᠭ᠎ᠠ ᠂ ᠢᠷᠭᠡᠨ ᠦ ᠬᠡᠷᠡᠭ ᠢ ᠰᠢᠭᠦᠬᠦ ᠳᠤᠮᠳᠠᠬᠢ ᠪᠡᠷᠬᠡ ᠠᠰᠠᠭᠤᠳᠠᠯ ᠮᠥᠨ ᠃ ᠲᠤᠰ ᠵᠣᠬᠢᠶᠠᠯ ᠳᠤ ᠬᠠᠤᠯᠢ ᠴᠠᠭᠠᠵᠠ ᠪᠠ ᠨᠡᠢᠭᠡᠮ ᠦᠨ ᠪᠦᠬᠦ ᠲᠠᠯ᠎ᠠ ᠶᠢᠨ ᠵᠠᠰᠠᠯᠲᠠ ᠶᠢᠨ ᠬᠠᠷᠠᠭᠠᠰᠤ ᠨᠢ ᠵᠠᠰᠠᠭ ᠵᠠᠬᠢᠷᠭᠠᠨ ᠤ ᠡᠷᠬᠡ ᠶᠢ ᠨᠤᠲᠠᠯᠠᠨ ᠲᠣᠭᠲᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ ᠂ ᠬᠠᠤᠯᠢ ᠲᠣᠭᠲᠠᠭᠠᠯᠲᠠ ᠶᠢ ᠴᠢᠩᠭᠠᠳᠬᠠᠬᠤ ᠂ ᠵᠠᠰᠠᠭ ᠤᠨ ᠤᠷᠳᠥᠨ ᠤ ᠪᠠᠶᠢᠭᠤᠯᠭ᠎ᠠ ᠶᠢᠨ ᠥᠪᠡᠷ ᠦᠨ ᠴᠢᠳᠠᠪᠤᠷᠢ  ᠪᠡᠨ ᠳᠡᠭᠡᠭᠰᠢᠯᠡᠭᠦᠯᠬᠦ ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠶᠠᠰᠤ ᠴᠢᠨᠠᠷ  ᠢ ᠳᠡᠭᠡᠭᠰᠢᠯᠡᠭᠦᠯᠬᠦ ᠪᠡᠷ ᠳᠠᠮᠵᠢᠭᠤᠯᠤᠨ᠂ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠤᠨ ᠵᠢᠭᠤᠷᠠᠯᠳᠤᠭᠠᠨ ᠤᠯᠠᠨ ᠭᠠᠷᠳᠠᠭ ᠨᠡᠢᠭᠡᠮ ᠦᠨ ᠪᠤᠷᠤᠩᠬᠤᠶ ᠭᠡᠮ ᠢ ᠰᠢᠢᠳᠪᠦᠷᠢᠯᠡᠬᠦ ᠶᠢ ᠠᠬᠢᠭᠤᠯᠤᠭᠰᠠᠨ ᠪᠠᠢᠨ᠎ᠠ ᠃   

    ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠴᠠ ᠣᠷᠴᠢᠭᠤᠯᠪᠠ

    ᠬᠢᠲᠠᠳ ᠬᠡᠯᠡᠨ ᠦ ᠮᠠᠲ᠋ᠧᠷᠢᠶᠠᠯ ᠢᠶᠠᠷ ᠪᠠᠷᠢᠮᠵᠢᠶ᠎ᠠ ᠪᠤᠯᠭᠠᠵᠠᠢ︕

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )