ᠪᠦᠬᠦ ᠤᠯᠤᠰ ᠠᠴᠠ ᠰᠢᠭᠦᠬᠦ ᠬᠣᠷᠢᠶ᠎ᠠ ᠶᠢᠨ ᠨᠠᠢ᠌ᠮᠠᠳᠤᠭᠠᠷ ᠤᠳᠠᠭᠠᠨ ᠤ ᠢᠷᠭᠡᠨ ᠦ ᠪᠠ ᠬᠤᠳᠠᠯᠳᠤᠭᠠᠨ ᠤ ᠶᠠᠪᠤᠳᠠᠯ ᠤᠨ ᠰᠢᠭᠦᠨ ᠲᠠᠰᠤᠯᠬᠤ ᠠᠵᠢᠯ ᠡᠬᠢᠯᠡᠭᠰᠡᠨ ᠦ ᠳᠠᠷᠠᠭ᠎ᠠ ᠂ ᠦᠦᠰᠢᠨ ᠬᠣᠰᠢᠭᠤᠨ ᠤ ᠠᠷᠠᠳ ᠤᠨ ᠰᠢᠭᠦᠬᠦ ᠬᠣᠷᠢᠶ᠎ᠠ ᠭᠡᠷ ᠦᠨ ᠶᠠᠪᠤᠳᠠᠯ ᠤᠨ ᠰᠢᠭᠦᠨ ᠲᠠᠰᠤᠯᠬᠤ ᠠᠵᠢᠯ ᠢ ᠦᠨᠡᠨᠬᠦ ᠴᠢᠩᠭᠠᠳᠬᠠᠪᠠ ᠃ ᠢᠯᠠᠩᠭᠤᠶ᠎ᠠ 2017 ᠣᠨ ᠦ 7 ᠰᠠᠷ᠎ᠠ ᠠᠴᠠ ᠨᠠᠰᠢ ᠮᠠᠨ ᠤ ᠬᠣᠷᠢᠶ᠎ᠠ ᠬᠣᠰᠢᠭᠤ᠂ ᠨᠠᠮ ᠤᠨ ᠬᠣᠷᠢᠶ᠎ᠠ ᠪᠠ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ ᠬᠠᠤᠯᠢ ᠪᠠᠷᠢᠬᠤ ᠬᠠᠷᠢᠭᠤᠴᠠᠯᠭ᠎ᠠ ᠶᠢᠨ ᠥᠭᠡᠷᠡᠴᠢᠯᠡᠯᠲᠡ ᠶᠢ ᠪᠥᠬᠥ ᠲᠠᠯ᠎ᠠ ᠪᠠᠷ ᠨᠠᠶᠢᠳᠠᠪᠤᠷᠢᠵᠢᠭᠤᠯᠪᠠ ᠃ ᠲᠤᠰᠬᠠᠶ ᠰᠢᠭᠦᠨ ᠲᠠᠰᠤᠯᠤᠯᠲᠠ ᠶᠢ ᠴᠢᠩᠭᠠᠳᠬᠠᠵᠤ ᠂ ᠭᠡᠷ ᠪᠦᠯᠢ ᠶᠢᠨ ᠬᠡᠷᠡᠭ ᠢ ᠰᠢᠭᠦᠨ ᠲᠠᠰᠤᠯᠬᠤ ᠲᠤᠰᠬᠠᠶ ᠪᠠᠶᠢᠭᠤᠯᠤᠮᠵᠢ ᠶᠢ ᠵᠣᠬᠢᠶᠠᠨ ᠪᠠᠶᠢᠭᠤᠯᠪᠠ ᠃ ᠭᠡᠷ ᠪᠦᠯᠢ ᠶᠢᠨ ᠬᠡᠷᠡᠭ ᠢ ᠰᠢᠭᠦᠨ ᠲᠠᠰᠤᠯᠬᠤ ᠠᠷᠭ᠎ᠠ ᠮᠠᠶ᠋ᠢᠭ ᠪᠠ ᠠᠵᠢᠯ ᠤᠨ ᠲᠣᠭᠲᠠᠴᠠ ᠶᠢ ᠰᠠᠶᠢᠲᠤᠷ ᠬᠢᠬᠦ ᠶᠢᠨ ᠲᠥᠯᠥᠭᠡ ᠡᠳᠦᠶ ᠲᠡᠳᠦᠶ ᠦᠷ᠎ᠡ ᠪᠦᠲᠦᠭᠡᠯ ᠣᠯᠵᠤ ᠂ 2017 ᠣᠨ ᠦ 5 ᠰᠠᠷ᠎ᠠ ᠠᠴᠠ 2018 ᠣᠨ ᠦ 3 ᠰᠠᠷ᠎ᠠ ᠪᠣᠯᠲᠠᠯ᠎ᠠ᠂ ᠭᠡᠷ ᠪᠦᠯᠢ ᠶᠢᠨ ᠬᠡᠷᠡᠭ ᠢ ᠨᠡᠢᠲᠡ 129 ᠬᠤᠪᠢ ᠬᠦᠯᠢᠶᠡᠨ ᠠᠪᠴᠤ ᠰᠢᠢᠳᠪᠦᠷᠢᠯᠡᠵᠡᠢ ᠂ ᠨᠢᠭᠡᠨᠲᠡ 107 ᠬᠤᠪᠢ ᠰᠢᠭᠦᠨ ᠳᠠᠭᠤᠰᠬᠠᠵᠤ ᠂ 35 ᠬᠤᠪᠢ ᠶᠢ ᠡᠶᠡᠳᠡᠭᠦᠯᠦᠨ ᠂ 54 ᠬᠤᠪᠢ ᠵᠠᠭᠠᠯᠳᠤᠯᠭ᠎ᠠ ᠪᠠᠨ ᠪᠤᠴᠠᠭᠠᠵᠠᠶ ᠃ ᠲᠥᠷᠥᠯ ᠵᠦᠢᠯ ᠨᠢ ᠣᠷᠣᠭ ᠰᠠᠯᠬᠤ ᠵᠢᠭᠤᠷᠠᠯᠳᠤᠭᠠᠨ ᠢᠶᠠᠷ ᠭᠣᠣᠯ ᠪᠣᠯᠭᠠᠵᠤ ᠂ ᠬᠠᠨᠢᠯᠠᠨ ᠰᠠᠭᠤᠭᠰᠠᠨ ᠬᠠᠷᠢᠴᠠᠭᠠᠨ ᠤ ᠵᠢᠭᠤᠷᠠᠯᠳᠤᠭᠠᠨ ᠂ ᠣᠷᠣᠭ ᠰᠠᠯᠤᠭᠰᠠᠨ ᠤ ᠳᠠᠷᠠᠭᠠᠬᠢ ᠡᠳ᠋ ᠬᠥᠷᠥᠩᠭᠡ ᠶᠢᠨ ᠵᠢᠭᠤᠷᠠᠯᠳᠤᠭᠠᠨ ᠂ ᠡᠷᠭᠢᠵᠦ ᠦᠵᠡᠬᠦ ᠡᠷᠬᠡ ᠶᠢᠨ ᠵᠢᠭᠤᠷᠠᠯᠳᠤᠭᠠᠨ ᠂ ᠠᠰᠠᠷᠠᠨ ᠲᠡᠵᠢᠭᠡᠬᠦ ᠬᠠᠷᠢᠴᠠᠭ᠎ᠠ ᠪᠠ ᠤᠷᠤᠭ ᠤᠨ ᠪᠣᠯᠵᠣᠭ᠎ᠠ ᠶᠢᠨ ᠡᠳ᠋ ᠬᠥᠷᠥᠩᠭᠡ ᠶᠢᠨ ᠵᠢᠭᠤᠷᠠᠯᠳᠤᠭᠠᠨ ᠤ ᠬᠡᠷᠡᠭ ᠵᠡᠷᠭᠡ ᠪᠠᠶᠢᠳᠠᠭ ᠃
ᠲᠤᠰ ᠵᠣᠬᠢᠶᠠᠯ ᠳᠤ ᠭᠡᠷ ᠦᠨ ᠬᠡᠷᠡᠭ ᠢ ᠰᠢᠭᠦᠨ ᠲᠠᠰᠤᠯᠬᠤ ᠠᠷᠭ᠎ᠠ ᠮᠠᠶ᠋ᠢᠭ ᠪᠠ ᠲᠣᠭᠲᠠᠴᠠ ᠶᠢᠨ ᠲᠤᠬᠠᠢ ᠰᠤᠳᠤᠯᠤᠯᠲᠠ ᠬᠢᠵᠦ ᠂ ᠬᠠᠮᠲᠤ ᠶᠢᠨ ᠲᠠᠨᠢᠯᠲᠠ ᠲᠠᠶ ᠪᠣᠯᠭᠠᠬᠤ ᠪᠠᠷ ᠲᠥᠯᠥᠪᠯᠡᠵᠦ ᠪᠠᠢᠨ᠎ᠠ ᠃
ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠴᠠ ᠣᠷᠴᠢᠭᠤᠯᠪᠠ
ᠬᠢᠲᠠᠳ ᠬᠡᠯᠡᠨ ᠦ ᠮᠠᠲ᠋ᠧᠷᠢᠶᠠᠯ ᠢᠶᠠᠷ ᠪᠠᠷᠢᠮᠵᠢᠶ᠎ᠠ ᠪᠤᠯᠭᠠᠵᠠᠢ︕
ᠦᠨᠡᠯᠡᠬᠦ 0ᠦᠨᠡᠯᠡᠯᠲᠡ᠎ᠲᠠᠢ