ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠬᠦᠭᠦ ᠬᠣᠷᠢᠶᠠᠨ ᠤ ᠢᠷᠭᠡᠨ ᠤ ᠬᠡᠷᠡᠭ ᠢ ᠰᠢᠭᠦᠬᠦ ᠵᠢᠷᠭᠤᠳᠤᠭᠠᠷ ᠲᠢᠩᠬᠢᠮ  ᠤᠨ ᠳᠡᠳ᠋ ᠲᠢᠩᠬᠢᠮ  ᠤᠨ ᠳᠠᠷᠤᠭ᠎ᠠ ᠸᠠᠩ ᠰᠢᠤᠸᠠᠢ ᠵᠢᠶᠦ᠋ᠨ
2016.04.11 ᠲᠣᠰ ᠥᠷᠲᠡᠭᠡᠨ ᠦ ᠨᠠᠢᠷᠠᠭᠤᠯᠤᠭᠴᠢ

 

 

ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠢᠷᠭᠡᠨ ᠦ ᠬᠡᠷᠡᠭ ᠦᠨ ᠰᠢᠭᠦᠨ ᠲᠠᠰᠤᠯᠬᠤ ᠵᠢᠷᠭᠤᠳᠤᠭᠠᠷ ᠲᠢᠩᠬᠢᠮ ᠦᠨ ᠳᠡᠳ᠋ ᠳᠠᠷᠤᠭ᠎ᠠ ᠸᠠᠩ ᠰᠢᠤᠸᠠᠢ ᠵᠢᠶᠦ᠋ᠨ ᠂ ᠡᠷᠡᠭᠲᠡᠶ ᠂ ᠬᠢᠲᠠᠳ ᠦᠨᠳᠦᠰᠦᠲᠡᠨ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂  ᠰᠣᠳᠤᠯᠠᠬᠤ ᠰᠤᠷᠤᠭᠴᠢ  ᠢ ᠰᠤᠷᠤᠯᠭ᠎ᠠ ᠶᠢᠨ ᠨᠠᠮᠲᠠᠷ ᠲᠠᠢ ᠂ 2009᠎ ᠣᠨ ᠤ 3᠎ ᠰᠠᠷ᠎ᠠ ᠳᠤ ᠠᠵᠢᠯ ᠳᠤ ᠭᠠᠷᠪᠠ ᠃   ᠲᠡᠷᠡᠪᠡᠷ ᠠᠵᠢᠯ ᠤᠨ  ᠪᠠᠢᠷᠢ ᠳᠤ ᠭᠠᠷᠤᠭᠰᠠᠨ ᠨᠠᠶᠮᠠᠨ ᠵᠢᠯ ᠦᠨ ᠲᠤᠷᠰᠢ ᠂ ᠡᠯ᠎ᠡ ᠲᠦᠷᠦᠯ ᠦᠨ ᠬᠡᠷᠡᠭ ᠢ 600᠎ ᠭᠠᠷᠤᠢ ᠵᠤᠷᠪᠤᠰ ᠰᠢᠶᠳᠪᠦᠷᠢᠯᠡᠬᠦ ᠳᠡᠭᠡᠨ ᠂ ᠪᠤᠷᠤᠭᠤ ᠬᠡᠷᠡᠭ ᠂ ᠳᠡᠭᠡᠭᠰᠢ ᠰᠤᠷᠪᠤᠯᠵᠢᠯᠠᠭᠰᠠᠨ ᠬᠡᠷᠡᠭ ᠦᠭᠡᠢ ᠃ ᠲᠤᠰ ᠨᠥᠬᠥᠷ ᠪᠠᠰᠠ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ  ᠪᠠ ᠪᠠᠶᠢᠴᠠᠭᠠᠨ ᠰᠤᠳᠤᠯᠤᠯᠲᠠ ᠬᠢᠬᠦ  ᠶᠢ ᠮᠠᠰᠢ ᠴᠢᠬᠤᠯᠠᠴᠢᠯᠠᠳᠠᠭ᠃ 2013᠎ ᠣᠨ ᠳᠤ ᠂ ᠠᠷᠠᠳ ᠤᠨ ᠳᠡᠭᠡᠳᠦ  ᠳᠡᠭᠡᠲᠦ ᠵᠡᠷᠭᠡ ᠶᠢᠨ ᠰᠢᠭᠦᠬᠦ ᠬᠣᠷᠢᠶᠠᠨ ᠤ 《 ᠠᠷᠠᠳ ᠤᠨ ᠬᠣᠭᠣᠷᠣᠨᠳᠣᠬᠢ ᠵᠢᠭᠡᠯᠡᠯᠭᠡ ᠶᠢᠨ ᠲᠤᠬᠠᠶ ᠬᠠᠥᠯᠢ ᠴᠠᠭᠠᠵᠠ ᠶᠢᠨ ᠳᠦᠷᠢᠮ ᠲᠣᠭᠲᠠᠭᠠᠯ ᠪᠠ ᠬᠠᠤᠯᠢ ᠴᠠᠭᠠᠵᠠ ᠶᠢ  ᠲᠡᠭᠦᠯᠳᠡᠷᠵᠢᠭᠦᠯᠬᠦ》᠎ ᠴᠢᠬᠤᠯᠠ ᠶᠡᠬᠡ ᠬᠠᠤᠯᠢ ᠴᠠᠭᠠᠵᠠ ᠶᠢᠨ ᠪᠠᠶᠢᠴᠠᠭᠠᠨ ᠰᠤᠳᠤᠯᠬᠤ ᠰᠡᠳᠦᠪ  ᠲᠤ ᠣᠷᠤᠯᠴᠠᠵᠤ ᠂ 2015᠎ ᠣᠨ ᠪᠣᠯᠬᠤ  ᠳᠤ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ 《 ᠰᠦᠯᠵᠢᠶᠡᠨ ᠳᠡᠭᠡᠷ᠎ᠡ ᠬᠠᠤᠯᠢ  ᠬᠡᠷᠡᠭᠵᠢᠭᠢᠯᠦᠯᠲᠡ ᠶᠢᠨ ᠦᠨ᠎ᠡ ᠬᠠᠶᠠᠵᠤ ᠬᠤᠳᠠᠯᠳᠤᠬᠤ  ᠶᠢᠨ ᠵᠠᠭᠠᠭ ᠢᠯᠭᠠᠭ᠎ᠠ ᠬᠢᠭᠡᠳ ᠳᠦᠷᠢᠮ ᠲᠣᠭᠲᠠᠭᠠᠯ 》᠎ ᠭᠡᠬᠦ ᠴᠢᠬᠤᠯᠠ ᠶᠡᠬᠡ ᠪᠠᠶᠢᠴᠠᠭᠠᠨ ᠰᠤᠳᠤᠯᠬᠤ ᠰᠡᠳᠦᠪ  ᠤᠨ ᠬᠤᠷᠠᠯ ᠳᠤ ᠣᠷᠤᠯᠴᠠᠪᠠ ᠃  ᠲᠡᠷᠡ ᠤᠷᠢᠳ ᠬᠣᠵᠢᠳ ᠤᠯᠤᠰ ᠤᠨ ᠳᠡᠰ ᠤᠨ ᠰᠡᠳᠬᠦᠯ ᠳᠡᠭᠡᠷ᠎ᠡ ᠲᠤᠰᠬᠠᠶ ᠥᠭᠦᠯᠡᠯ 4᠎  ᠵᠤᠷᠪᠤᠰ ᠨᠡᠢᠲᠡᠯᠡᠵᠦ ᠂ ᠣᠯᠠᠨᠲᠠ ᠲᠤᠰ ᠬᠣᠷᠢᠶᠠᠨ ᠤ ᠲᠡᠷᠢᠭᠦᠨ ᠦ ᠠᠵᠢᠯᠲᠠᠨ ᠂ ᠰᠢᠯᠢᠳᠡᠭ ᠡᠪ ᠬᠠᠮᠲᠤ ᠨᠠᠮ ᠤᠨ ᠭᠡᠰᠢᠭᠦᠨ ᠂  ᠰᠢᠯᠢᠳᠡᠭ ᠨᠠᠮ ᠤᠨ  ᠠᠵᠢᠯᠲᠠᠨ ᠤ ᠴᠣᠯᠠ  ᠶᠢ ᠬᠦᠷᠲᠡᠪᠡ᠃ 2011᠎ ᠣᠨ ᠳᠤ ᠪᠦᠬᠦ ᠬᠣᠲᠠ ᠶᠢᠨ ᠰᠢᠭᠦᠬᠦ ᠬᠣᠷᠢᠶᠠᠨ ᠤ ᠲᠡᠷᠢᠭᠦᠨ ᠦ ᠬᠤᠪᠢ ᠬᠥᠮᠦᠨ ᠢᠶᠡᠷ ᠦᠨᠡᠯᠡᠭᠳᠡᠪᠡ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )