ᠡᠯ᠎ᠡ ᠬᠤᠰᠢᠭᠤ ᠲᠤᠭᠤᠷᠢᠭ ᠤᠨ ᠰᠢᠭᠦᠭᠦ ᠬᠣᠷᠢᠶ᠎ᠠ ᠡᠯ᠎ᠡ ᠵᠦᠢᠯ ᠦᠨ ᠠᠷᠭ᠎ᠠ ᠬᠡᠮᠵᠢᠶ᠎ᠡ ᠠᠪᠴᠤ ᠪᠦᠬᠦ ᠬᠤᠲᠠᠨ ᠤ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠶᠢᠨ ᠬᠤᠷᠠᠯᠳᠤᠭᠠᠨ ᠤ ᠵᠤᠷᠢᠭ ᠰᠠᠨᠠᠭ᠎ᠠ ᠶᠢ ᠨᠠᠢᠳᠠᠪᠤᠷᠢᠵᠢᠭᠤᠯᠤᠨ ᠲᠤᠤᠰᠢᠯᠠᠭᠤᠯᠬᠤ ᠬᠡᠷᠡᠭᠲᠡᠢ᠃
8 ᠰᠠᠷ᠎ᠠ ᠶᠢᠨ 12 ᠤᠨ ᠡᠳᠦᠷ ᠂ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠳᠤ ᠪᠦᠬᠦ ᠬᠣᠲᠠ ᠶᠢᠨ ᠰᠢᠭᠦᠬᠦ ᠬᠣᠷᠢᠶᠠᠨ ᠤ ᠳᠠᠷᠤᠭ᠎ᠠ ᠨᠠᠷ ᠤᠨ ᠰᠠᠭᠤᠳᠠᠯ ᠤᠨ ᠬᠤᠷᠠᠯ ᠬᠤᠷᠠᠯᠳᠤᠭᠤᠯᠪᠠ ᠃ ᠰᠠᠭᠤᠳᠠᠯ ᠤᠨ ᠬᠤᠷᠠᠯ ᠳᠠᠭᠤᠰᠤᠭᠰᠠᠨ ᠤ ᠳᠠᠷᠠᠭ᠎ᠠ ᠂ ᠡᠯ᠎ᠡ ᠬᠣᠰᠢᠭᠤ ᠲᠣᠭᠣᠷᠢᠭ ᠤᠨ ᠰᠢᠭᠦᠬᠦ ᠬᠣᠷᠢᠶ᠎ᠠ ᠵᠠᠯᠭᠠᠪᠠᠷ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠪᠣᠳᠠᠲᠤ ᠪᠠᠶᠢᠳᠠᠯ ᠲᠠᠶ ᠨᠢᠭᠲᠠ ᠤᠶᠠᠯᠳᠤᠭᠤᠯᠵᠤ ᠂ ᠠᠵᠢᠯ ᠤᠨ ᠰᠡᠳᠬᠢᠴᠡ ᠪᠡᠨ ᠰᠢᠯᠤᠭᠤᠳᠬᠠᠵᠤ ᠂ ᠳᠠᠷᠠᠭᠠᠴᠢ ᠶᠢᠨ ᠠᠯᠬᠤᠮ ᠤᠨ ᠡᠯ᠎ᠡ ᠵᠦᠢᠯ ᠦᠨ ᠠᠵᠢᠯ ᠢ ᠪᠠᠢᠷᠠᠯᠠᠭᠤᠯᠤᠨ ᠰᠤᠳᠤᠯᠵᠤ ᠂ ᠪᠣᠳᠠᠲᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠠᠪᠤᠪᠠ᠃
ᠨᠢᠭᠡ ᠳᠦ ᠂ ᠪᠦᠭᠦ ᠬᠤᠷᠢᠶᠠᠨ ᠤ ᠬᠡᠪᠴᠢᠶᠡᠨ ᠳᠣᠲᠣᠷ᠎ᠠ ᠂ ᠬᠤᠷᠠᠯ ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠃ ᠳ᠋ᠦᠩᠱᠧᠩ ᠲᠣᠭᠣᠷᠢᠭ ᠤᠨ ᠰᠢᠭᠦᠬᠦ ᠬᠣᠷᠢᠶ᠎ᠠ ᠂ ᠳᠠᠯᠠᠳ ᠬᠤᠰᠢᠭᠤᠨ ᠤ ᠰᠢᠭᠦᠬᠦ ᠬᠣᠷᠢᠶ᠎ᠠ ᠂ ᠵᠤᠩᠭᠠᠷ ᠬᠤᠰᠢᠭᠤᠨ ᠤ ᠰᠢᠭᠦᠬᠦ ᠬᠣᠷᠢᠶ᠎ᠠ ᠂ ᠡᠵᠡᠨ ᠬᠣᠷᠣᠭ᠎ᠠ ᠬᠣᠰᠢᠭᠤᠨ ᠤ ᠰᠢᠭᠦᠬᠦ ᠬᠣᠷᠢᠶ᠎ᠠ ᠂ ᠬᠠᠩᠭᠢᠨ ᠬᠤᠰᠢᠭᠤᠨ ᠤ ᠰᠢᠭᠦᠬᠦ ᠬᠣᠷᠢᠶ᠎ᠠ ᠂ ᠦᠦᠰᠢᠨ ᠬᠣᠰᠢᠭᠤ ᠰᠢᠭᠦᠬᠦ ᠬᠣᠷᠢᠶ᠎ᠠ ᠂ ᠤᠲᠤᠭ ᠬᠤᠰᠢᠭᠤᠨ ᠤ ᠰᠢᠭᠦᠬᠦ ᠬᠣᠷᠢᠶ᠎ᠠ ᠂ ᠤᠳᠤᠭ ᠤᠨ ᠡᠮᠦᠨᠡᠲᠦ ᠬᠤᠰᠢᠭᠤᠨ ᠤ ᠰᠢᠭᠦᠬᠦ ᠬᠣᠷᠢᠶ᠎ᠠ ᠨᠤᠭᠤᠳ ᠲᠤᠰ ᠪᠦᠷᠢ ᠲᠤᠰᠬᠠᠶ ᠰᠡᠳᠦᠪ ᠢᠶᠡᠷ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠂ ᠵᠥᠪᠯᠡᠯᠭᠡᠨ ᠦ ᠺᠠᠳ᠋ᠷ ᠴᠠᠭᠳᠠᠭ᠎ᠠ ᠶᠢᠨ ᠶᠡᠬᠡ ᠬᠤᠷᠠᠯ ᠂ ᠰᠢᠭᠦᠬᠦ ᠪᠠ ᠭᠦᠢᠴᠡᠳᠬᠡᠬᠦ ᠶᠢ ᠠᠵᠢᠯ ᠢ ᠳᠥᠯᠭᠢᠨ ᠠᠬᠢᠭᠤᠯᠬᠤ ᠬᠤᠷᠠᠯ ᠵᠡᠷᠭᠡ ᠬᠡᠯᠪᠡᠷᠢ ᠶᠢ ᠠᠪᠴᠤ ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠰᠤᠷᠤᠯᠴᠠᠵᠤ ᠂ ᠪᠦᠬᠦ ᠬᠣᠲᠠ ᠶᠢᠨ ᠰᠢᠭᠦᠬᠦ ᠬᠣᠷᠢᠶᠠᠨ ᠤ ᠳᠠᠷᠤᠭ᠎ᠠ ᠨᠠᠷ ᠤᠨ ᠰᠠᠭᠤᠳᠠᠯ ᠤᠨ ᠬᠤᠷᠠᠯ ᠤᠨ ᠵᠣᠷᠢᠭ ᠰᠠᠨᠠᠭ᠎ᠠ ᠵᠢ ᠬᠠᠮᠲᠤ ᠪᠠᠷ ᠰᠤᠳᠤᠯᠤᠨ ᠨᠠᠢᠳᠠᠪᠤᠷᠢᠵᠢᠭᠤᠯᠪᠠ᠃ ᠡᠯ᠎ᠡ ᠬᠣᠰᠢᠭᠤ ᠲᠣᠭᠣᠷᠢᠭ ᠤᠨ ᠰᠢᠭᠦᠬᠦ ᠬᠣᠷᠢᠶ᠎ᠠ ᠨᠢ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ ᠯᠢ ᠬᠤᠩ ᠶᠠᠨ ᠣᠷᠣᠯᠠᠭᠴᠢ ᠬᠤᠷᠢᠶᠠᠨ ᠳᠠᠷᠤᠭ᠎ᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠬᠤ ᠶᠢᠨ ᠬᠠᠮᠲᠤ᠂ ᠪᠠᠰᠠ ᠲᠤᠰ ᠲᠤᠰ ᠲᠠᠭᠠᠨ ᠳᠣᠣᠷ᠎ᠠ ᠬᠠᠭᠠᠰ ᠵᠢᠯ ᠦᠨ ᠰᠢᠭᠦᠬᠦ ᠪᠠ ᠭᠦᠢᠴᠡᠳᠬᠡᠬᠦ ᠶᠢ ᠬᠠᠮᠢᠶᠠᠷᠬᠤ ᠠᠵᠢᠯ ᠂ 《 ᠭᠦᠢᠴᠡᠳᠬᠡᠬᠦ ᠳᠦ ᠵᠢᠯ ᠦᠨ ᠵᠠᠭᠤᠨ ᠡᠳᠦᠷ ᠦᠨ ᠪᠡᠬᠢᠯᠡᠯᠲᠡ ᠰᠢᠪᠲᠤᠯᠬᠤ 》 ᠲᠤᠰᠬᠠᠶ ᠵᠦᠢᠯ ᠦᠨ ᠠᠵᠢᠯᠯᠠᠭ᠎ᠠ ᠂ ᠳᠠᠷᠤᠭᠳᠠᠵᠤ ᠪᠠᠶᠢᠭ᠎ᠠ ᠬᠡᠷᠡᠭ ᠦᠳ ᠢ ᠰᠢᠢᠳᠪᠦᠷᠢᠯᠡᠬᠦ ᠂ ᠰᠢᠭᠦᠨ ᠳᠠᠰᠤᠯᠠᠬᠤ ᠨᠤᠷᠮ᠎ᠠ ᠪᠠᠨ ᠳᠡᠭᠡᠭᠰᠢᠯᠡᠭᠦᠯᠬᠦ 《 ᠵᠠᠭᠤᠨ ᠡᠳᠦᠷ ᠦᠨ ᠪᠡᠬᠢᠯᠡᠯᠲᠡ ᠰᠢᠪᠲᠤᠯᠬᠤ 》 ᠠᠵᠢᠯᠯᠠᠭ᠎ᠠ ᠂ ᠬᠠᠤᠯᠢ ᠶᠢᠨ ᠲᠤᠰᠢᠶᠠᠯᠲᠠᠨ ᠤ ᠳᠤᠭᠲᠠᠭᠠᠯ ᠨᠤᠷᠮ᠎ᠠ ᠶᠢᠨ ᠠᠵᠢᠯ ᠪᠠ ᠰᠠᠬᠢᠯᠭ᠎ᠠ ᠪᠠᠲᠤ ᠣᠪᠣᠷ ᠰᠤᠷᠲᠠᠯ ᠤᠨ ᠲᠤᠰᠬᠠᠶ ᠵᠦᠢᠯ ᠦᠨ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠤᠭᠰᠠᠨ ᠪᠠᠶᠢᠨ᠎ᠠ ᠃
ᠬᠣᠶᠠᠷ ᠲᠤ᠂ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠪᠠ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠨᠡᠡᠭ ᠳᠤᠪᠤᠢᠢᠮ᠎ᠠ ᠪᠠᠶᠢᠷᠢᠨ ᠳᠤ ᠲᠠᠯᠪᠢᠬᠤ ᠬᠡᠷᠡᠭᠲᠡᠶ ᠃ ᠳ᠋ᠦᠩᠱᠧᠩ ᠲᠣᠭᠣᠷᠢᠭ ᠤᠨ ᠰᠢᠭᠦᠬᠦ ᠬᠣᠷᠢᠶ᠎ᠠ ᠡᠷᠲᠡ ᠡᠴᠡ ᠰᠡᠷᠭᠡᠢᠯᠡᠬᠦ ᠱᠠᠭᠠᠷᠳᠠᠯᠭ᠎ᠠ ᠶᠣᠰᠣᠭᠠᠷ ᠂《 ᠨᠢᠭᠡ ᠠᠵᠢᠯ ᠤᠨ ᠪᠠᠶᠢᠷᠢ ᠳ᠋ᠤ ᠬᠣᠶᠠᠷ ᠬᠠᠷᠢᠭᠤᠴᠠᠯᠭ᠎ᠠ ᠲᠠᠶ ᠪᠠᠶᠢᠯᠭᠠᠬᠤ 》ᠵᠢ ᠨᠠᠢᠳᠠᠪᠤᠷᠢᠵᠢᠭᠤᠯᠵᠤ ᠂ ᠰᠢᠭᠦᠬᠦ ᠠᠵᠢᠯ ᠤᠨ ᠬᠢᠨᠠᠯᠲᠠ ᠪᠠᠶᠢᠴᠠᠭᠠᠯᠲᠠ ᠂ ᠰᠠᠬᠢᠯᠭ᠎ᠠ ᠪᠠᠲᠤ ᠪᠠᠶᠢᠴᠠᠭᠠᠬᠤ ᠪᠠ ᠬᠠᠷᠢᠭᠤ ᠰᠤᠷᠪᠤᠯᠵᠢᠯᠠᠬᠤ ᠳᠦᠷᠢᠮ ᠢ ᠪᠠᠶᠢᠭᠤᠯᠵᠤ ᠂ ᠰᠠᠬᠢᠯᠭ᠎ᠠ ᠪᠠᠲᠤ ᠬᠢᠨᠠᠨ ᠪᠠᠶᠢᠴᠠᠭᠠᠬᠤ ᠪᠠ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠰᠠᠯᠠᠭ᠎ᠠ ᠮᠥᠴᠢᠷ ᠨᠢ ᠰᠢᠭᠦᠬᠦ ᠲᠢᠩᠬᠢᠮ ᠦᠨ ᠰᠢᠭᠦᠯᠲᠡ ᠶᠢᠨ ᠠᠵᠢᠯᠯᠠᠭ᠎ᠠ ᠂ ᠰᠠᠬᠢᠯᠭ᠎ᠠ ᠪᠠᠲᠤ ᠣᠪᠣᠷ ᠰᠤᠷᠲᠠᠯ ᠵᠡᠷᠭᠡ ᠲᠠᠯ᠎ᠠ ᠪᠠᠷ ᠬᠢᠨᠠᠨ ᠪᠠᠢᠴᠠᠭᠠᠨ ᠂ ᠰᠢᠯᠭᠠᠨ ᠦᠨᠡᠯᠡᠵᠤ᠂ ᠡᠭᠦᠨ ᠦ ᠬᠠᠮᠲᠤ ᠺᠠᠳ᠋ᠷ ᠴᠠᠭᠳᠠᠭ᠎ᠠ ᠨᠠᠷ ᠠᠵᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠬᠦ ᠵᠢ ᠦᠨᠡᠨ ᠬᠦ ᠪᠠᠲᠤᠯᠠᠵᠤ ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ ᠂ ᠠᠷᠢᠭᠤᠨ ᠴᠢᠬᠡᠴᠢ ᠪᠡᠷ ᠪᠡᠶ᠎ᠡ ᠪᠡᠨ ᠪᠠᠷᠢᠬᠤ ᠬᠡᠷᠡᠭᠲᠠᠢ᠃ ᠵᠤᠩᠭᠠᠷ ᠬᠤᠰᠢᠭᠤᠨ ᠤ ᠰᠢᠭᠦᠬᠦ ᠬᠣᠷᠢᠶ᠎ᠠ ᠰᠠᠨᠠᠭᠠᠴᠢᠯᠠᠭ᠎ᠠ ᠠᠴᠠ ᠪᠠᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠰᠢᠭᠦᠯᠲᠡ ᠶᠢᠨ ᠶᠠᠪᠤᠳᠠᠯ ᠤᠨ ᠰᠢᠪᠠᠳᠠᠨ ᠪᠠᠶᠢᠴᠠᠭᠠᠯᠲᠠ ᠶᠢ ᠴᠢᠩᠭᠠᠳᠬᠠᠵᠤ ᠂ ᠵᠠᠰᠠᠭ ᠤᠨ ᠶᠠᠪᠤᠳᠠᠯ ᠤᠨ ᠬᠢᠨᠠᠨ ᠪᠠᠶᠢᠴᠠᠭᠠᠬᠤ ᠡᠭᠦᠷᠭᠡ ᠴᠢᠳᠠᠪᠤᠷᠢ ᠪᠠᠨ ᠪᠠᠳᠠᠷᠠᠭᠤᠯᠬᠤ ᠂ ᠰᠢᠭᠦᠬᠦ ᠬᠣᠷᠢᠶ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠨ ᠂ ᠴᠠᠭᠳᠠᠭᠠᠨ ᠤ ᠡᠩᠨᠡᠭᠡ ᠶᠢ ᠴᠢᠩᠭ᠎ᠠ ᠴᠢᠭᠴᠡᠯᠡᠨ᠂ ᠰᠢᠭᠦᠮᠵᠢᠯᠡᠯ ᠪᠠ ᠥᠪᠡᠷ ᠦᠨ ᠰᠢᠭᠦᠮᠵᠢᠯᠡᠯ ᠢ ᠬᠢᠨᠠᠮᠠᠭᠠᠶ ᠬᠢᠵᠦ᠂ ᠠᠰᠠᠭᠤᠳᠠᠯ ᠢ ᠵᠣᠷᠢᠭᠲᠠᠶ ᠢᠯᠡᠷᠡᠭᠦᠯᠵᠦ ᠂ ᠠᠰᠠᠭᠤᠳᠠᠯ ᠢ ᠰᠢᠶᠳᠪᠦᠷᠢᠯᠡᠬᠦ ᠂ ᠦᠨᠡᠨ ᠬᠠᠮᠢᠶᠠᠷᠴᠤ ᠴᠢᠩᠭ᠎ᠠ ᠬᠠᠮᠢᠶᠠᠷᠠᠨ ᠂ ᠵᠤᠷᠢᠭᠲᠠᠢ ᠪᠠᠷ ᠬᠢᠨᠠᠯᠲᠠ ᠲᠠᠯᠪᠢᠨ᠂ ᠤᠷᠲᠤ ᠬᠤᠭᠤᠴᠠᠭ᠎ᠠ ᠪᠠᠷ ᠬᠢᠨᠠᠯᠲᠠ ᠲᠠᠯᠪᠢᠬᠤ ᠪᠠᠨ ᠪᠠᠷᠢᠮᠲᠠᠯᠠᠪᠠ᠃ ᠬᠠᠩᠭᠢᠨ ᠬᠤᠰᠢᠭᠤᠨ ᠤ ᠰᠢᠭᠦᠬᠦ ᠬᠣᠷᠢᠶ᠎ᠠ ᠨᠢ ᠰᠠᠬᠢᠯᠭ᠎ᠠ ᠪᠠᠲᠤ ᠣᠪᠣᠷ ᠰᠤᠷᠲᠠᠯ ᠤᠨ ᠲᠤᠰᠬᠠᠶ ᠵᠦᠢᠯ ᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ ᠪᠠᠶᠢᠷᠢᠯᠠᠭᠤᠯᠤᠯᠲᠠ ᠬᠢᠭᠰᠡᠨ ᠪᠠᠶᠢᠨ᠎ᠠ ᠂《 ᠬᠣᠶᠠᠷ ᠢ ᠰᠤᠷᠤᠯᠴᠠᠬᠤ 》ᠲᠠᠢ ᠤᠶᠠᠯᠳᠤᠭᠤᠯᠬᠤ ᠶᠢ ᠰᠠᠭᠠᠷᠳᠠᠨ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠱᠠᠭᠠᠷᠳᠠᠯᠭ᠎ᠠ ᠶᠣᠰᠣᠭᠠᠷ ᠰᠠᠬᠢᠯᠭ᠎ᠠ ᠪᠠᠲᠤ ᠣᠪᠣᠷ ᠰᠤᠷᠲᠠᠯ ᠤᠨ ᠴᠡᠭᠴᠡᠯᠡᠯᠲᠡ ᠶᠢ ᠲᠤᠰᠬᠠᠶ ᠠᠵᠢᠯᠯᠠᠭ᠎ᠠ ᠶᠢ ᠥᠷᠨᠢᠭᠦᠯᠵᠦ ᠂ ᠡᠩᠨᠡᠭᠡᠨ ᠦ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠪᠠ ᠃ ᠳᠠᠯᠠᠳ ᠬᠤᠰᠢᠭᠤᠨ ᠤ ᠰᠢᠭᠦᠬᠦ ᠬᠣᠷᠢᠶ᠎ᠠ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ ᠂ ᠬᠠᠤᠯᠢ ᠪᠠᠷᠢᠬᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ ᠂ ᠠᠷᠢᠭᠤᠨ ᠴᠢᠬᠡᠴᠢ ᠪᠡᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠪᠠᠶᠢᠨ᠎ᠠ ᠃ ᠤᠲᠤᠭ ᠬᠤᠰᠢᠭᠤᠨ ᠤ ᠰᠢᠭᠦᠬᠦ ᠬᠣᠷᠢᠶ᠎ᠠ ᠪᠦᠬᠦ ᠺᠠᠳ᠋ᠷ ᠴᠠᠭᠳᠠᠭ᠎ᠠ ᠨᠠᠷ ᠢ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠷᠢᠮᠵᠢᠶ᠎ᠠ ᠂ ᠬᠠᠤᠯᠢ ᠶᠢᠨ ᠲᠤᠰᠢᠶᠠᠯᠲᠠᠨ ᠤ ᠠᠵᠢᠯ ᠮᠡᠷᠭᠡᠵᠢᠯ ᠦᠨ ᠶᠣᠰᠣ ᠮᠣᠷᠠᠯ ᠤᠨ ᠪᠠᠷᠢᠮᠵᠢᠶ᠎ᠠ ᠶᠢ ᠴᠢᠩᠭ᠎ᠠ ᠰᠠᠬᠢᠵᠤ ᠂ ᠢᠯᠵᠠᠷᠠᠯ ᠢ ᠬᠣᠷᠢᠭᠯᠠᠵᠤ ᠬᠤᠪᠢᠷᠠᠭᠤᠯᠤᠯᠲᠠ ᠶᠢ ᠰᠡᠷᠭᠡᠶᠢᠯᠡᠬᠦ ᠬᠠᠮᠠᠭᠠᠯᠠᠯᠲᠠ ᠶᠢᠨ ᠱᠤᠭᠤᠮ ᠪᠠ ᠳᠦᠷᠢᠮ ᠳᠤᠭᠲᠠᠭᠠᠯ ᠢ ᠰᠠᠢᠲᠤᠷ ᠵᠢᠷᠤᠮᠯᠠᠨ᠂ ᠵᠥᠪ ᠣᠨᠣᠪᠴᠢᠲᠠᠶ ᠪᠡᠷ ᠰᠢᠬᠦᠬᠦ ᠡᠷᠬᠡ ᠂ ᠭᠦᠢᠴᠡᠳᠬᠡᠬᠦ ᠡᠷᠬᠡ ᠪᠡᠨ ᠬᠡᠷᠭᠵᠢᠭᠦᠯᠵᠤ ᠲᠦᠪ ᠭᠤᠤᠯᠴᠢ ᠪᠠᠷ ᠬᠠᠤᠯᠢ ᠬᠡᠷᠡᠭᠵᠢᠭᠦᠯᠬᠦ ᠶᠢ ᠪᠠᠲᠤᠯᠠᠨ᠎ᠠ᠃ ᠤᠳᠤᠭ ᠤᠨ ᠡᠮᠦᠨᠡᠲᠦ ᠬᠤᠰᠢᠭᠤᠨ ᠤ ᠰᠢᠭᠦᠬᠦ ᠬᠣᠷᠢᠶ᠎ᠠ《ᠤᠳᠤᠭ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠣᠷᠢᠶ᠎ᠠ ᠰᠠᠬᠢᠯᠭ᠎ᠠ ᠪᠠᠲᠤ ᠣᠪᠣᠷ ᠰᠤᠷᠲᠠᠯ ᠤᠨ ᠴᠡᠭᠴᠡᠯᠡᠯᠲᠡ ᠶᠢ ᠲᠤᠰᠬᠠᠶ ᠵᠦᠢᠯ ᠤᠨ ᠠᠵᠢᠯᠯᠠᠭ᠎ᠠ ᠵᠢ ᠬᠡᠷᠡᠭᠵᠢᠭᠦᠯᠬᠦ ᠲᠥᠰᠦᠯ 》ᠳᠤᠭᠲᠠᠭᠠᠨ ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠲᠣᠮᠢᠯᠠᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠢ ᠭᠦᠢᠴᠡᠳᠬᠡᠨ᠂ ᠤᠳᠤᠷᠢᠳᠬᠤ ᠪᠠᠭ ᠤᠨ ᠪᠦᠷᠢᠯᠳᠦᠬᠦᠨ ᠬᠠᠭᠠᠰ ᠵᠢᠯ ᠤᠨ ᠠᠷᠢᠭᠤᠨ ᠴᠢᠬᠡᠴᠢ ᠶᠢᠨ ᠮᠡᠳᠡᠭᠦᠯᠦᠯᠲᠡ ᠬᠢᠬᠦ ᠳᠦᠷᠢᠮ ᠢ ᠴᠢᠩᠭ᠎ᠠ ᠨᠠᠢᠳᠠᠪᠤᠷᠢᠵᠢᠭᠤᠯᠪᠠ᠃
ᠭᠤᠷᠪᠠ ᠳᠤ ᠂ ᠥᠭᠡᠷᠡᠴᠢᠯᠡᠯᠲᠡ ᠢ ᠠᠵᠠ ᠲᠣᠬᠢᠶᠠᠯ ᠪᠣᠯᠭᠠᠵᠤ ᠂ ᠰᠢᠭᠦᠬᠦ ᠪᠠ ᠭᠦᠢᠴᠡᠳᠬᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠃ ᠳ᠋ᠦᠩᠱᠧᠩ ᠲᠣᠭᠣᠷᠢᠭ ᠤᠨ ᠰᠢᠭᠦᠬᠦ ᠬᠣᠷᠢᠶᠠᠨ ᠤ ᠭᠠᠷᠭᠠᠭᠰᠠᠨ ᠬᠠᠤᠯᠢ ᠴᠠᠭᠠᠵᠠ ᠶᠢᠨ ᠥᠭᠡᠷᠡᠴᠢᠯᠡᠯᠲᠡ ᠪᠡᠷ ᠠᠵᠠ ᠲᠣᠬᠢᠶᠠᠯ ᠪᠣᠯᠭᠠᠵᠤ ᠂ ᠨᠢᠭᠡ ᠲᠠᠯ᠎ᠠ ᠪᠠᠷ ᠪᠠᠭᠠᠷᠢᠨ ᠵᠡᠭᠦᠨ ᠬᠣᠰᠢᠭᠤ ᠵᠡᠷᠭᠡ ᠭᠠᠵᠠᠷ ᠤᠨ ᠰᠢᠭᠦᠬᠦ ᠬᠣᠷᠢᠶ᠎ᠠ ᠶᠢᠨ ᠥᠭᠡᠷᠡᠴᠢᠯᠡᠯᠲᠡ ᠶᠢᠨ ᠲᠤᠷᠰᠢᠯᠭ᠎ᠠ ᠵᠢ ᠰᠤᠷᠤᠯᠴᠠᠨ ᠂ ᠬᠡᠷᠡᠭ ᠦᠨ ᠣᠨᠴᠠᠯᠢᠭ ᠪᠣᠯᠤᠨ ᠬᠥᠮᠦᠰ ᠦᠨ ᠪᠣᠳᠠᠲᠠᠶ ᠪᠠᠶᠢᠳᠠᠯ ᠢ ᠦᠨᠳᠦᠰᠦᠯᠡᠵᠦ ᠂ ᠬᠡᠷᠡᠭ ᠰᠢᠶᠳᠪᠦᠷᠢᠯᠡᠬᠦ ᠡᠬᠢ ᠪᠠᠶᠠᠯᠢᠭ ᠢ ᠵᠦᠢ ᠵᠣᠬᠢᠰᠲᠠᠶ ᠪᠠᠷ ᠲᠣᠬᠢᠷᠠᠭᠤᠯᠵᠤ ᠂ ᠲᠤᠰ ᠬᠣᠷᠢᠶᠠᠨ ᠤ ᠰᠢᠭᠦᠨ ᠲᠠᠰᠤᠯᠬᠤ ᠪᠦᠯᠬᠦᠮ ᠵᠣᠬᠢᠶᠠᠨ ᠪᠠᠶᠢᠭᠤᠯᠵᠤ ᠂ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠶ ᠲᠦᠯᠬᠢᠨ ᠠᠬᠢᠭᠤᠯᠬᠤ ᠬᠡᠷᠡᠭᠲᠡᠶ ᠃ ᠡᠭᠦᠨ ᠦ ᠬᠠᠮᠲᠤ ᠂ ᠬᠠᠤᠯᠢ ᠬᠡᠷᠡᠭᠵᠢᠭᠦᠯᠵᠦ ᠬᠡᠷᠡᠭ ᠰᠢᠶᠳᠪᠦᠷᠢᠯᠡᠬᠦ ᠲᠡᠷᠢᠭᠦᠨ ᠴᠢᠬᠤᠯᠠ ᠡᠭᠦᠷᠭᠡ ᠵᠢ ᠴᠢᠩᠭ᠎ᠠ ᠠᠳᠬᠤᠵᠤ ᠂ ᠠᠵᠢᠯ ᠤᠨ ᠪᠣᠳᠠᠲᠤ ᠪᠠᠶᠢᠳᠠᠯ ᠲᠠᠶ ᠪᠠᠨ ᠤᠶᠠᠯᠳᠤᠭᠤᠯᠤᠨ ᠂ ᠳᠠᠷᠤᠭᠳᠠᠮᠠᠯ ᠬᠡᠷᠡᠭ ᠢ ᠢᠯᠭᠠᠷᠠᠭᠤᠯᠤᠨ ᠳᠢᠭᠯᠡᠬᠦ ᠠᠵᠢᠯ ᠤᠨ ᠡᠷᠴᠢᠮ ᠢ ᠤᠯᠠᠮ ᠨᠢᠭᠡ ᠠᠯᠬᠤᠮ ᠨᠡᠮᠡᠭᠳᠡᠭᠦᠯᠵᠦ ᠂ ᠦᠷᠭᠦᠯᠵᠢᠯᠡᠨ ᠥᠨᠳᠥᠷ ᠲᠣᠭ᠎ᠠ ᠬᠡᠮᠵᠢᠶᠡᠨ ᠳᠦ ᠪᠠᠶᠢᠭᠰᠠᠭᠠᠷ ᠪᠠᠶᠢᠭ᠎ᠠ ᠬᠡᠷᠡᠭ ᠢ ᠢᠳᠡᠪᠬᠢᠲᠡᠶ ᠪᠡᠷ ᠠᠷᠭᠠᠴᠠᠵᠤ ᠂ ᠬᠡᠷᠡᠭ ᠳᠠᠭᠤᠰᠬᠠᠭᠰᠠᠨ ᠨᠣᠷᠮ᠎ᠠ ᠵᠢ ᠂ ᠦᠨᠡᠨ ᠬᠦ ᠳᠡᠭᠡᠭᠰᠢᠯᠡᠭᠦᠯᠦᠨ᠎ᠡ ᠃ ᠡᠵᠡᠨ ᠬᠣᠷᠣᠭ᠎ᠠ ᠬᠣᠰᠢᠭᠤᠨ ᠤ ᠰᠢᠭᠦᠬᠦ ᠬᠣᠷᠢᠶᠠᠨ ᠤ ᠰᠢᠭᠦᠨ ᠲᠠᠰᠤᠯᠬᠤ ᠳᠠᠷᠤᠭ᠎ᠠ ᠪᠠ ᠭᠦᠢᠴᠡᠳᠬᠡᠬᠦ ᠳᠠᠷᠤᠭ᠎ᠠ ᠬᠠᠷᠢᠭᠤᠴᠠᠬᠤ ᠲᠦᠷᠢᠮ ᠳᠤ ᠣᠷᠣᠰᠢᠵᠤ ᠪᠠᠶᠢᠭ᠎ᠠ ᠠᠰᠠᠭᠤᠳᠠᠯ ᠤᠨ ᠰᠠᠭᠤᠷᠢ ᠳᠡᠭᠡᠷ᠎ᠡ ᠢᠳᠡᠪᠬᠢᠲᠡᠶ ᠵᠤᠬᠢᠴᠠᠭᠤᠯᠤᠨ ᠂ ᠬᠣᠰᠢᠭᠤᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ ᠤ ᠳᠡᠮᠵᠢᠯᠭᠡ ᠪᠡᠷ ᠳᠠᠮᠵᠢᠵᠤ᠂ 1:1:1ᠪᠠᠷᠢᠮᠵᠢᠶ᠎ᠠ ᠶᠣᠰᠣᠭᠠᠷ ᠡᠯ᠎ᠡ ᠰᠢᠭᠦᠭᠴᠢ ᠳᠤ ᠬᠠᠤᠯᠢ ᠶᠢᠨ ᠲᠤᠰᠢᠶᠠᠯᠲᠠᠨ ᠤ ᠲᠤᠰᠠᠯᠠᠭᠴᠢ ᠪᠠ ᠪᠢᠴᠢᠭᠡᠴᠢ ᠳᠤᠬᠢᠷᠠᠭᠤᠯᠵᠤ ᠬᠡᠷᠡᠭ ᠦᠨ ᠲᠣᠭ᠎ᠠ ᠬᠡᠮᠵᠢᠶ᠎ᠡ ᠂ ᠴᠠᠭ ᠬᠤᠭᠤᠴᠠᠭᠠᠨ ᠳ᠋ᠤ ᠨᠢ ᠳᠤᠬᠢᠷᠠᠭᠤᠯᠵᠤ ᠂ ᠬᠡᠷᠡᠭ ᠰᠢᠶᠳᠪᠦᠷᠢᠯᠡᠬᠦ ᠰᠢᠭᠦᠬᠦ ᠲᠤᠰᠢᠶᠠᠯᠲᠠᠨ ᠤ ᠪᠦᠯᠬᠦᠮ ᠢᠲᠣᠬᠢᠷᠠᠭᠤᠯᠤᠨᠠ᠃ ᠡᠭᠦᠨ ᠦ ᠬᠠᠮᠲᠤ ᠡᠯ᠎ᠡ ᠰᠢᠭᠦᠨ ᠲᠠᠰᠤᠯᠬᠤ ᠳᠠᠷᠤᠭ᠎ᠠ ᠪᠠ ᠭᠦᠢᠴᠡᠳᠬᠡᠬᠦ ᠳᠠᠷᠤᠭ᠎ᠠ ᠨᠠᠷ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ ᠂ ᠥᠭᠡᠷᠡᠴᠢᠯᠡᠯᠲᠡ ᠶᠢᠨ ᠠᠵᠢᠯ ᠂ ᠳᠠᠷᠤᠭᠳᠠᠮᠠᠯ ᠬᠡᠷᠡᠭ ᠢ ᠢᠯᠭᠠᠷᠠᠭᠤᠯᠤᠨ ᠲᠢᠭᠯᠡᠬᠦ ᠠᠵᠢᠯ ᠢ ᠤᠷᠤᠭᠰᠢᠲᠠᠶ ᠪᠠᠢᠬᠤ ᠶᠢ ᠪᠠᠲᠤᠯᠠᠬᠤ ᠬᠡᠷᠡᠭᠲᠠᠢ᠃ ᠬᠠᠩᠭᠢᠨ ᠬᠣᠰᠢᠭᠤ ᠰᠢᠭᠦᠬᠦ ᠬᠣᠷᠢᠶᠠᠨ ᠳᠤ ᠪᠦᠬᠦ ᠺᠠᠳ᠋ᠷ ᠴᠠᠭᠳᠠᠭ᠎ᠠ ᠨᠠᠷ ᠢᠲᠡᠭᠡᠯ ᠵᠤᠷᠢᠭ ᠢᠶᠠᠨ ᠬᠦᠪᠴᠢᠯᠡᠨ ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠣᠰᠣᠭᠠᠷ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ ᠂ ᠥᠭᠡᠷᠡᠴᠢᠯᠡᠯᠲᠡ ᠡᠴᠡ ᠪᠣᠯᠤᠭᠰᠠᠨ ᠰᠢᠨ᠎ᠡ ᠠᠵᠠ ᠲᠣᠬᠢᠶᠠᠯ ᠢ ᠠᠳᠬᠤᠨ ᠂ ᠢᠲᠡᠭᠡᠯ ᠵᠣᠷᠢᠭ ᠢᠶᠠᠨ ᠪᠠᠲᠤᠳᠬᠠᠵᠤ ᠂ ᠡᠯ᠎ᠡ ᠵᠦᠢᠯ ᠦᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠂ ᠥᠭᠡᠷᠡᠴᠢᠯᠡᠯᠲᠡ ᠪᠠ ᠪᠣᠳᠠᠲᠠᠶ ᠠᠵᠢᠯ ᠤᠨ ᠳᠤᠮᠳᠠ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠬᠡᠷᠡᠭᠲᠡᠶ ᠂ ᠡᠭᠦᠨ ᠦ ᠬᠠᠮᠲᠤ ᠡᠯ᠎ᠡ ᠵᠦᠢᠯ ᠦᠨ ᠬᠢᠨᠠᠨ ᠰᠢᠯᠭᠠᠬᠤ ᠭᠦᠢᠴᠡᠳᠬᠡᠬᠦ ᠲᠣᠭ᠎ᠠ ᠂ ᠠᠵᠢᠯ ᠤᠨ ᠳᠤᠮᠳᠠ ᠪᠠᠨ ᠬᠡᠪ ᠴᠢᠨᠠᠷ ᠢ ᠳᠡᠭᠡᠭᠰᠢᠯᠡᠭᠦᠯᠵᠦ ᠂ ᠬᠠᠰᠢᠷ ᠪᠣᠯᠪᠠᠰᠤᠷᠠᠩᠭᠤᠶ ᠡᠩᠨᠡᠭᠡ ᠪᠤᠢ ᠪᠤᠯᠭᠠᠬᠤ ᠬᠡᠷᠡᠭᠲᠠᠢ ᠭᠡᠪᠡ ᠃ ᠳᠠᠯᠠᠳ ᠬᠤᠰᠢᠭᠤᠨ ᠤ ᠰᠢᠭᠦᠬᠦ ᠬᠣᠷᠢᠶ᠎ᠠ ᠂ ᠦᠦᠰᠢᠨ ᠬᠤᠰᠢᠭᠤᠨ ᠤ ᠰᠢᠭᠦᠬᠦ ᠬᠣᠷᠢᠶ᠎ᠠ ᠂ᠵᠤᠩᠭᠠᠷ ᠬᠤᠰᠢᠭᠤᠨ ᠤ ᠰᠢᠭᠦᠬᠦ ᠬᠣᠷᠢᠶ᠎ᠠ ᠂ ᠤᠲᠤᠭ ᠬᠤᠰᠢᠭᠤᠨ ᠰᠢᠭᠦᠬᠦ ᠬᠣᠷᠢᠶ᠎ᠠ ᠂ ᠤᠲᠤᠭ ᠤᠨ ᠡᠮᠦᠨᠡᠲᠦ ᠬᠤᠰᠢᠭᠤᠨ ᠤ ᠰᠢᠭᠦᠬᠦ ᠬᠣᠷᠢᠶᠠᠨ ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠲᠥᠯᠦᠪᠯᠡᠭᠡ ᠶᠤᠰᠤᠭᠠᠷ ᠨᠠᠷᠢᠨ ᠬᠢᠨᠠᠮᠠᠭᠠᠢ ᠬᠢᠷᠢ ᠬᠡᠮ ᠦᠨ ᠰᠢᠯᠭᠠᠯᠲᠠ ᠶᠢ ᠶᠠᠪᠤᠭᠳᠠᠭᠤᠯᠵᠤ᠂ᠳᠤᠭᠲᠠᠭᠠᠯ ᠨᠤᠷᠮ᠎ᠠ ᠶᠢᠨ ᠦᠭᠡᠷᠡᠴᠢᠯᠡᠯᠲᠠ ᠶᠢ ᠪᠠᠳᠤᠯᠠᠪᠠ᠃
ᠲᠦᠷᠪᠡ ᠳᠦ᠂ ᠪᠦᠬᠦ ᠬᠦᠴᠦ ᠪᠡᠷ ᠢᠶᠡᠨ ᠭᠦᠢᠴᠡᠳᠬᠡᠬᠦ ᠳᠦ ᠪᠡᠷᠬᠡᠲᠡᠶ ᠂ ᠳᠠᠷᠤᠭᠳᠠᠵᠤ ᠪᠠᠶᠢᠭᠰᠠᠨ ᠬᠡᠷᠡᠭ ᠢ ᠴᠡᠪᠡᠷᠯᠡᠨ ᠭᠦᠢᠴᠡᠳᠬᠡᠪᠡ ᠃ ᠳ᠋ᠦᠩᠱᠧᠩ ᠲᠣᠭᠣᠷᠢᠭ ᠤᠨ ᠰᠢᠭᠦᠬᠦ ᠬᠣᠷᠢᠶ᠎ᠠ ᠳᠠᠷᠤᠭᠳᠠᠮᠠᠯ ᠬᠡᠷᠡᠭ ᠢ ᠪᠤᠢ ᠪᠣᠯᠤᠭᠰᠠᠨ ᠦᠨᠳᠦᠰᠦ ᠰᠤᠷᠪᠤᠯᠵᠢ ᠠᠴᠠ ᠨᠢ ᠰᠤᠳᠤᠯᠵᠤ ᠰᠢᠢᠪᠦᠷᠢᠯᠡᠨ᠂ ᠭᠦᠢᠴᠡᠳᠬᠡᠬᠦ ᠵᠢᠯ 《 ᠵᠠᠭᠤᠨ ᠡᠳᠦᠷ ᠦᠨ ᠪᠡᠬᠢᠯᠡᠯᠲᠡ ᠰᠢᠪᠲᠤᠯᠬᠤ 》 ᠠᠵᠢᠯᠯᠠᠭ᠎ᠠ ᠠᠵᠠ ᠲᠣᠬᠢᠶᠠᠯ ᠪᠣᠯᠭᠠᠵᠤ ᠂ ᠭᠦᠢᠴᠡᠳᠬᠡᠬᠦ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠪᠠ ᠰᠢᠨ᠎ᠡ ᠶᠢ ᠡᠭᠦᠳᠴᠦ᠂ ᠠᠵᠢᠯᠲᠠᠨ ᠤ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠥᠪᠥᠷᠢᠯᠡᠬᠦ ᠪᠠ ᠠᠵᠢᠯ ᠤᠨ ᠦᠷ᠎ᠡ ᠪᠦᠲᠦᠭᠡᠯ ᠢ ᠨᠢ ᠬᠠᠮᠤᠭ ᠤᠨ ᠶᠡᠬᠡ ᠬᠡᠮᠵᠢᠶ᠎ᠡᠪᠡᠷ ᠭᠦᠢᠴᠡᠳᠬᠡᠬᠦ ᠳᠦ ᠪᠡᠷᠬᠡᠲᠡᠶ ᠠᠰᠠᠭᠤᠳᠠᠯ ᠢ ᠰᠢᠢᠳᠪᠦᠷᠢᠯᠡᠪᠡ ᠃ ᠦᠨᠡᠯᠡᠨ ᠵᠢᠱᠢᠬᠦ ᠂ ᠦᠨ᠎ᠡ ᠬᠠᠶᠠᠵᠤ ᠬᠤᠳᠠᠯᠳᠤᠬᠤ ᠠᠬᠢᠴᠠ ᠪᠡᠨ ᠲᠦᠷᠭᠡᠳᠬᠡᠨ᠂ ᠭᠦᠢᠴᠡᠳᠬᠡᠬᠦ ᠬᠡᠷᠡᠭ ᠤᠨ ᠡᠷᠴᠢᠮ ᠢᠶᠡᠨ ᠴᠢᠩᠭᠠᠷᠠᠭᠤᠯᠵᠤ ᠂ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ ᠃ ᠤᠲᠤᠭ ᠬᠤᠰᠢᠭᠤᠨ ᠤ ᠰᠢᠭᠦᠬᠦ ᠬᠣᠷᠢᠶ᠎ᠠ ᠬᠣᠯᠪᠣᠭᠳᠠᠯ ᠪᠦᠭᠦᠢ ᠰᠠᠯᠠᠭ᠎ᠠ ᠮᠥᠴᠢᠷ ᠲᠦ ᠤᠳᠤ ᠪᠠᠶᠢᠭ᠎ᠠ ᠳᠠᠷᠤᠭᠳᠠᠮᠠᠯ ᠬᠡᠷᠡᠭ ᠢ ᠬᠡᠷᠬᠢᠨ ᠳᠢᠭᠯᠡᠬᠦ ᠬᠡᠷᠡᠭᠲᠡᠶ ᠪᠠ ᠰᠢᠨ᠎ᠡ ᠪᠡᠷ ᠬᠦᠯᠢᠶᠡᠨ ᠠᠪᠤᠭᠰᠠᠨ ᠬᠡᠷᠡᠭ ᠢ ᠬᠡᠷᠬᠢᠨ ᠭᠦᠢᠴᠡᠳᠬᠡᠬᠦ ᠠᠵᠢᠯ ᠤᠨ ᠰᠡᠳᠬᠢᠴᠡ ᠪᠡᠨ ᠳᠤᠭᠲᠠᠭᠠᠨ᠂ ᠰᠢᠨ᠎ᠡ ᠪᠡᠷ ᠳᠠᠷᠤᠭᠳᠠᠮᠠᠯ ᠬᠡᠷᠡᠭ ᠭᠠᠷᠬᠤ ᠶᠢ ᠰᠡᠷᠭᠡᠶᠢᠯᠡᠨ ᠬᠣᠷᠢᠭᠯᠠᠨ᠎ᠠ᠃ ᠬᠡᠷᠡᠭ ᠢ ᠬᠦᠯᠢᠶᠠᠨ ᠠᠪᠬᠤ ᠪᠠ ᠰᠢᠭᠦᠵᠦ ᠳᠠᠭᠤᠰᠬᠠᠭᠰᠠᠨ ᠰᠠᠢᠢᠨ ᠣᠷᠴᠢᠯ ᠢ ᠪᠡᠶᠡᠯᠡᠭᠦᠯᠬᠦ ᠬᠡᠷᠡᠭᠲᠡᠶ ᠃ ᠡᠭᠦᠨ ᠦ ᠬᠠᠮᠲᠤ ᠭᠦᠢᠴᠡᠳᠬᠡᠬᠦ ᠬᠡᠷᠡᠭ ᠢ ᠲᠦᠷᠦᠯ ᠬᠤᠪᠢᠶᠠᠨ ᠢᠯᠭᠠᠷᠠᠭᠤᠯᠬᠤ ᠠᠵᠢᠯ ᠢ ᠰᠠᠢᠲᠤᠷ ᠬᠢᠵᠦ᠂ ︽ᠢᠷᠲᠦ ᠰᠡᠯᠡᠮ᠎ᠡ ᠪᠡᠷ ᠦᠨᠡᠭᠡ ᠠᠪᠯᠠᠬᠤ︾ᠬᠦᠳᠡᠯᠭᠡᠭᠡᠨ ᠢ ᠨᠠᠷᠢᠨ ᠬᠢᠨᠠᠮᠠᠭᠠᠶ ᠥᠷᠨᠢᠭᠦᠯᠵᠦ ᠂ ᠨᠠᠷᠢᠨ ᠪᠤᠳᠤᠯᠢᠶᠠᠨᠲᠠᠶ ᠂ ᠲᠦᠪᠡᠭ ᠪᠡᠷᠬᠡᠰᠢᠶᠡᠯᠲᠡᠶ ᠂ ᠵᠠᠰᠠᠭ ᠤᠨ ᠣᠷᠳᠣᠨ ᠳᠦ ᠬᠣᠯᠪᠣᠭᠳᠠᠭᠰᠠᠨ ᠵᠡᠷᠭᠡ ᠬᠡᠷᠡᠭ ᠢ ᠰᠢᠢᠳᠪᠦᠷᠢᠯᠡᠬᠦ ᠳᠦ ᠨᠠᠮ ᠤᠨ ᠬᠣᠷᠢᠶ᠎ᠠ ᠂ ᠤᠯᠤᠰ ᠲᠥᠷᠥ ᠬᠠᠤᠯᠢ ᠴᠠᠭᠠᠵᠠ ᠶᠢᠨ ᠬᠣᠷᠢᠶᠠᠨ ᠤ ᠳᠡᠮᠵᠢᠯᠭᠡ ᠶᠢ ᠴᠢᠷᠮᠠᠶᠢᠨ ᠤᠯᠵᠤ ᠂ ᠭᠦᠢᠴᠡᠳᠬᠡᠬᠦ ᠳᠦ ᠪᠡᠷᠬᠡᠲᠡᠶ ᠬᠡᠷᠡᠭ ᠢ ᠴᠢᠷᠮᠠᠢᠨ ᠪᠡᠶᠡᠯᠡᠭᠦᠯᠦᠨ᠎ᠡ ᠃ ᠦᠦᠰᠢᠨ ᠬᠤᠰᠢᠭᠤᠨ ᠤ ᠰᠢᠭᠦᠬᠦ ᠬᠣᠷᠢᠶ᠎ᠠ ᠪᠦᠬᠦ ᠬᠦᠴᠦ ᠪᠡᠷ ᠢᠶᠡᠨ《 ᠵᠠᠭᠤᠨ ᠡᠳᠦᠷ ᠦᠨ ᠬᠣᠣᠰ ᠪᠡᠷᠬᠡ ᠰᠡᠳᠦᠪ ᠢ ᠰᠢᠶᠳᠪᠦᠷᠢᠯᠡᠬᠦ 》 ᠪᠠ ᠭᠦᠢᠴᠡᠳᠬᠡᠬᠦ ᠵᠢᠯ ᠤᠨ ᠵᠠᠭᠤᠨ ᠡᠳᠦᠷ ᠪᠡᠬᠢᠯᠡᠯᠲᠡ ᠰᠢᠪᠲᠤᠯᠬᠤ ᠪᠠ ᠳᠠᠷᠤᠭᠳᠠᠮᠠᠯ ᠬᠡᠷᠡᠭ ᠢ ᠢᠯᠭᠠᠷᠠᠭᠤᠯᠬᠤ ᠵᠠᠭᠤᠨ ᠡᠳᠦᠷ ᠤᠨ ᠪᠡᠬᠢᠯᠡᠯᠲᠡ ᠰᠢᠪᠲᠤᠯᠬᠤ ᠬᠣᠶᠠᠷ ᠵᠦᠢᠯ ᠦᠨ ᠠᠵᠢᠯ ᠪᠦᠬᠦ ᠬᠦᠴᠦᠨ ᠢᠶᠡᠷ ᠢᠶᠡᠨ ᠰᠠᠢᠲᠤᠷ ᠠᠳᠬᠤᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠲᠥᠰᠦᠪ ᠭᠠᠷᠭᠠᠭᠰᠠᠨ ᠤ ᠳᠠᠷᠠᠭ᠎ᠠ ᠂ 《 ᠵᠠᠭᠤᠨ ᠡᠳᠦᠷ ᠦᠨ ᠬᠣᠣᠰ ᠪᠡᠷᠬᠡ ᠰᠡᠳᠦᠪ ᠢ ᠰᠢᠶᠳᠪᠦᠷᠢᠯᠡᠬᠦ 》ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ ᠰᠠᠬᠢᠯᠭ᠎ᠠ ᠪᠠᠲᠤ ᠣᠪᠣᠷ ᠰᠤᠷᠲᠠᠯ ᠤᠨ ᠴᠡᠭᠴᠡᠯᠡᠯᠲᠡ ᠶᠢᠨ ᠲᠤᠰᠬᠠᠶ ᠠᠵᠢᠯᠯᠠᠭ᠎ᠠ ᠶᠢ ᠨᠢᠭᠡᠳᠦᠯᠲᠡᠶ ᠪᠠᠶᠢᠷᠢᠯᠠᠭᠤᠯᠵᠤ ᠳᠠᠶᠢᠴᠢᠯᠠᠯᠲᠠ ᠬᠢᠪᠡ ᠃ ᠵᠤᠩᠭᠠᠷ ᠬᠤᠰᠢᠭᠤᠨ ᠤ ᠰᠢᠭᠦᠬᠦ ᠬᠣᠷᠢᠶ᠎ᠠ ᠰᠠᠬᠢᠯᠭ᠎ᠠ ᠪᠠᠲᠤ ᠣᠪᠣᠷ ᠰᠤᠷᠲᠠᠯ ᠤᠨ ᠴᠡᠭᠴᠡᠯᠡᠯᠲᠡ ᠂ ᠳᠠᠷᠤᠭᠳᠠᠵᠤ ᠪᠠᠶᠢᠭ᠎ᠠ ᠬᠡᠷᠡᠭ ᠦᠳ ᠢ ᠲᠠᠰᠤᠯᠵᠦ ᠳᠠᠭᠤᠰᠬᠠᠬᠤ ᠪᠦᠲᠦᠮᠵᠢ ᠪᠡᠨ ᠳᠡᠭᠡᠭᠰᠢᠯᠡᠭᠦᠯᠬᠦ ᠂ ᠭᠦᠢᠴᠡᠳᠬᠡᠬᠦ ᠵᠢᠯ ᠦᠨ《 ᠵᠠᠭᠤᠨ ᠡᠳᠦᠷ ᠦᠨ ᠪᠡᠬᠢᠯᠡᠯᠲᠡ ᠰᠢᠪᠲᠤᠯᠬᠤ 》 ᠲᠤᠰᠬᠠᠶ ᠠᠵᠢᠯᠯᠠᠭ᠎ᠠ ᠶᠢ ᠤᠢᠢᠷ᠎ᠠ ᠶᠢᠨ ᠬᠤᠭᠤᠴᠠᠭᠠᠨ ᠤ ᠭᠤᠷᠪᠠᠨ ᠵᠦᠢᠯ ᠦᠨ ᠭᠣᠣᠯᠳᠠᠯᠭ᠎ᠠ ᠲᠠᠶ ᠠᠵᠢᠯ ᠢᠶᠡᠷ ᠳᠤᠭᠲᠠᠭᠠᠵᠤ᠂ ᠡᠭᠦᠨ ᠦ ᠬᠠᠮᠲᠤ ᠪᠠᠰᠠ ᠬᠠᠤᠯᠢ ᠴᠠᠭᠠᠵᠠ ᠶᠢᠨ ᠥᠭᠡᠷᠡᠴᠢᠯᠡᠯᠲᠡ ᠬᠢᠭᠡᠳ ᠭᠤᠷᠪᠠᠨ ᠵᠦᠢᠯ ᠦᠨ ᠭᠣᠣᠯᠳᠠᠯᠭ᠎ᠠ ᠲᠠᠶ ᠠᠵᠢᠯ ᠢ ᠵᠡᠷᠭᠡᠪᠡᠷ ᠬᠠᠷᠢᠯᠴᠠᠨ ᠠᠬᠢᠭᠤᠯᠬᠤ ᠬᠡᠷᠡᠭᠲᠡᠶ ᠂ ᠬᠣᠶᠠᠷ ᠢ ᠪᠦᠷ ᠰᠠᠭᠠᠲᠠᠭᠠᠬᠤ ᠦᠭᠡᠢ ᠪᠠᠢᠬᠤ ᠬᠡᠷᠡᠭᠲᠠᠢ ᠬᠡᠵᠦ ᠱᠠᠭᠠᠷᠳᠠᠪᠠ᠃ ᠳᠠᠯᠠᠳ ᠬᠣᠰᠢᠭᠤᠨ ᠤ ᠰᠢᠭᠦᠬᠦ ᠬᠣᠷᠢᠶ᠎ᠠ ᠪᠦ᠋ᠬᠦ ᠬᠤᠷᠢᠶᠠᠨ ᠤ ᠬᠠᠤᠯᠢ ᠦᠨ ᠴᠠᠭᠳᠠᠭ᠎ᠠ ᠶᠢᠨ ᠭᠦᠢᠴᠡᠳᠬᠡᠬᠦ ᠠᠵᠢᠯ ᠤᠨ ᠳᠤᠮᠳᠠ ᠭᠠᠷᠤᠭᠰᠠᠨ ᠰᠢᠨ᠎ᠡ ᠪᠠᠶᠢᠳᠠᠯ ᠂ ᠰᠢᠨ᠎ᠡ ᠠᠰᠠᠭᠤᠳᠠᠯ ᠳᠤ ᠬᠠᠨᠳᠤᠵᠤ ᠂ ᠠᠵᠢᠯ ᠤᠨ ᠰᠠᠨᠠᠭᠠᠴᠢᠯᠠᠭᠠᠲᠤ ᠴᠢᠨᠠᠷ ᠂ ᠤᠷᠢᠳᠴᠢᠯᠠᠨ ᠮᠡᠳᠡᠬᠦ ᠴᠢᠨᠠᠷ ᠂ ᠪᠥᠳᠥᠮᠵᠢᠳᠥ ᠴᠢᠨᠠᠷ ᠪᠠ ᠠᠮᠢᠳᠤᠯᠢᠭ ᠴᠢᠨᠠᠷ ᠢ ᠤᠯᠠᠮ ᠨᠢᠭᠡ ᠠᠯᠬᠤᠮ ᠴᠢᠩᠭᠠᠳᠭᠠᠬᠤ ᠬᠡᠷᠡᠭᠲᠡᠶ ᠭᠡᠵᠤ ᠱᠠᠭᠠᠷᠳᠠᠪᠠ ᠃ ᠤᠳᠤᠭ ᠤᠨ ᠡᠮᠦᠨᠡᠲᠦ ᠬᠤᠰᠢᠭᠤᠨ ᠤ ᠰᠢᠭᠦᠬᠦ ᠬᠣᠷᠢᠶᠠᠨ ᠤ ᠲᠣᠭᠲᠠᠭᠠᠭᠰᠠᠨ 《 ᠤᠳᠤᠭ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠣᠷᠢᠶ᠎ᠠ ᠭᠦᠢᠴᠡᠳᠬᠡᠬᠦ ᠵᠢᠯ 《 ᠵᠠᠭᠤᠨ ᠡᠳᠦᠷ ᠦᠨ ᠪᠡᠬᠢᠯᠡᠯᠲᠡ ᠰᠢᠪᠲᠤᠯᠬᠤ 》 ᠵᠢ ᠬᠡᠷᠡᠭᠵᠢᠭᠦᠯᠬᠦ ᠲᠥᠰᠦᠯ 》 ᠪᠠ 《 ᠤᠳᠤᠭ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠣᠷᠢᠶ᠎ᠠ ᠳᠠᠷᠤᠭᠳᠠᠮᠠᠯ ᠬᠡᠷᠡᠭ ᠢ ᠢᠯᠭᠠᠷᠠᠭᠤᠯᠵᠤ᠂ ᠰᠢᠭᠦᠵᠦ ᠳᠠᠭᠤᠰᠬᠠᠭᠰᠠᠨ ᠨᠤᠷᠮ᠎ᠠ ᠪᠠᠨ ᠳᠡᠭᠡᠰᠢᠯᠡᠭᠦᠯᠬᠦ《 ᠵᠠᠭᠤᠨ ᠡᠳᠦᠷ ᠦᠨ ᠪᠡᠬᠢᠯᠡᠯᠲᠡ ᠰᠢᠪᠲᠤᠯᠬᠤ 》 ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ 》ᠵᠡᠷᠭᠡ ᠠᠵᠢᠯᠠᠯᠭ᠎ᠠ ᠳᠤ ᠲᠥᠯᠥᠪᠯᠡᠭᠡ ᠲᠡᠶ ᠂ ᠪᠤᠳᠠᠲᠤ ᠠᠵᠢᠯᠠᠯᠭ᠎ᠠ ᠲᠠᠢ᠂ ᠳ᠋ᠦᠩᠨᠡᠯᠲᠡ ᠲᠠᠢ ᠪᠤᠯᠤᠭᠰᠠᠨ ᠪᠠᠢᠨ᠎ᠠ ᠃
ᠲᠠᠪᠤ ᠳᠤ ᠂ ᠡᠩᠨᠡᠭᠡᠨ ᠦ ᠪᠠᠶᠢᠭᠤᠯᠤᠯᠲᠠ ᠶᠢ ᠴᠢᠩᠭᠠᠳᠬᠠᠵᠤ ᠂ ᠡᠯ᠎ᠡ ᠵᠦᠢᠯ ᠦᠨ ᠠᠵᠢᠯ ᠢ ᠢᠳᠡᠪᠬᠢᠲᠡᠶ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠤᠨ᠎ᠠ ᠃ ᠳ᠋ᠦᠩᠱᠧᠩ ᠲᠣᠭᠣᠷᠢᠭ ᠤᠨ ᠰᠢᠭᠦᠬᠦ ᠬᠣᠷᠢᠶ᠎ᠠ ᠲᠤᠰᠬᠠᠶ ᠰᠡᠳᠦᠪᠲᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠬᠦ ᠪᠡᠷ ᠳᠠᠮᠵᠢᠭᠤᠯᠤᠨ ᠂ ᠪᠢᠴᠢᠭ ᠬᠠᠷ᠎ᠠ ᠶᠢᠨ ᠰᠢᠯᠭᠠᠨ ᠠᠳᠠᠯᠢᠳᠬᠠᠬᠤ ᠂ ᠵᠠᠯᠠᠭᠤ ᠬᠠᠤᠯᠢ ᠶᠢᠨ ᠲᠤᠰᠢᠶᠠᠯᠲᠠᠨ ᠤ ᠶᠠᠷᠢᠶᠠᠨ ᠤ ᠲᠠᠪᠴᠠᠩ ᠂ ᠨᠡᠷ᠎ᠡ ᠬᠦᠨᠳᠦ ᠲᠡᠶ ᠬᠠᠤᠯᠢ ᠶᠢᠨ ᠲᠤᠰᠢᠶᠠᠯᠲᠠᠨ ᠬᠠᠪᠰᠤᠷᠤᠨ ᠳᠠᠭᠠᠭᠤᠯᠬᠤ ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠵᠡᠷᠭᠡ ᠤᠯᠠᠨ ᠵᠦᠢᠯ ᠦᠨ ᠬᠡᠯᠪᠡᠷᠢ ᠪᠡᠷ ᠳᠠᠮᠵᠢᠭᠤᠯᠵᠤ᠂ ᠵᠠᠯᠠᠭᠤ ᠬᠠᠤᠯᠢ ᠶᠢᠨ ᠲᠤᠰᠢᠶᠠᠯᠲᠠᠨ ᠤ ᠬᠠᠤᠯᠢ ᠪᠠᠷᠢᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ ᠃ ᠬᠠᠤᠯᠢ ᠴᠠᠭᠠᠵᠠ ᠶᠢᠨ ᠥᠭᠡᠷᠡᠴᠢᠯᠡᠯᠲᠡ ᠲᠠᠢ ᠤᠶᠠᠯᠳᠤᠭᠤᠯᠤᠨ ᠂ ᠬᠠᠤᠯᠢ ᠶᠢᠨ ᠲᠤᠰᠢᠶᠠᠯᠲᠠᠨ ᠤ ᠠᠵᠢᠯ ᠤᠨ ᠠᠮᠵᠢᠯᠲᠠ ᠶᠢ ᠱᠠᠩᠨᠠᠵᠤ ᠲᠤᠷᠭᠠᠨ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ ᠂ ᠬᠠᠤᠯᠢ ᠶᠢᠨ ᠲᠤᠰᠢᠶᠠᠯᠲᠠᠨ ᠤ ᠠᠵᠢᠯ ᠤᠨ ᠢᠳᠡᠪᠬᠢᠵᠢᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠃ ᠰᠢᠭᠦᠵᠦ ᠳᠠᠭᠤᠰᠤᠭᠠᠳᠦᠢ ᠬᠡᠷᠡᠭ ᠤᠯᠠᠨ ᠤ ᠳᠡᠭᠡᠷ᠎ᠡ ᠂ ᠰᠢᠨ᠎ᠡ ᠪᠡᠷ ᠬᠦᠯᠢᠶᠡᠨ ᠠᠪᠬᠤ ᠬᠡᠷᠡᠭ ᠦᠷᠭᠦᠯᠵᠢᠯᠡᠨ ᠨᠡᠮᠡᠭᠳᠡᠵᠦ ᠂ ᠬᠡᠷᠡᠭ ᠰᠢᠶᠳᠪᠦᠷᠢᠯᠡᠬᠦ ᠳᠠᠷᠤᠭᠠᠰᠤ ᠲᠠᠰᠤᠷᠠᠯᠳᠠ ᠦᠭᠡᠢ ᠨᠡᠮᠡᠭᠳᠡᠭᠰᠡᠨ ᠪᠠᠶᠢᠳᠠᠯ ᠳᠣᠣᠷ᠎ᠠ ᠂ ᠺᠠᠳ᠋ᠷ ᠴᠠᠭᠳᠠᠭ᠎ᠠ ᠶᠢᠨ ᠠᠵᠢᠯ ᠤᠨ ᠠᠮᠢᠳᠤᠯᠢᠭ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠪᠠ ᠲᠡᠮᠡᠴᠡᠯ ᠦᠨ ᠵᠣᠷᠢᠭ ᠢ ᠪᠠᠳᠠᠷᠠᠭᠤᠯᠵᠤ ᠂ ᠢᠳᠡᠪᠬᠢᠲᠡᠶ ᠪᠡᠷ ᠤᠷᠤᠭᠰᠢᠯᠠᠨ ᠂ ᠵᠣᠷᠢᠭᠲᠠᠶ ᠪᠠᠷ ᠲᠡᠮᠡᠴᠡᠬᠦ ᠵᠣᠷᠢᠭ ᠰᠠᠨᠠᠭ᠎ᠠ ᠪᠠᠷ ᠂ ᠰᠢᠭᠦᠬᠦ ᠪᠠ ᠭᠦᠢᠴᠡᠳᠬᠡᠬᠦ ᠶᠢ ᠦᠨᠡᠨ ᠬᠦ ᠪᠠᠲᠤᠯᠠᠵᠤ᠂ ᠪᠦᠭᠦ ᠵᠢᠯ ᠦᠨ ᠡᠯ᠎ᠡ ᠵᠦᠢᠯ ᠦᠨ ᠠᠵᠢᠯ ᠤᠨ ᠡᠭᠦᠷᠭᠡ ᠶᠢ ᠤᠷᠤᠭᠰᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠠᠢ᠃ ᠤᠲᠤᠭ ᠬᠤᠰᠢᠭᠤᠨ ᠤ ᠰᠢᠭᠦᠬᠦ ᠬᠣᠷᠢᠶ᠎ᠠ ᠠᠵᠢᠯ ᠤᠨ ᠳᠤᠮᠳᠠ ᠣᠷᠣᠰᠢᠵᠤ ᠪᠠᠶᠢᠭ᠎ᠠ ᠡᠯ᠎ᠡ ᠵᠦᠢᠯ ᠦᠨ ᠪᠡᠷᠬᠡ ᠠᠰᠠᠭᠤᠳᠠᠯ ᠳᠤ ᠬᠠᠨᠳᠤᠵᠤ᠂ ᠦᠵᠡᠯᠲᠡ ᠪᠡᠨ ᠬᠤᠪᠢᠷᠠᠭᠤᠯᠬᠤ ᠶᠢ ᠬᠦᠨᠳᠦᠳᠬᠡᠨ ᠦᠵᠡᠵᠤ᠂ ᠮᠡᠳᠡᠭᠡ ᠵᠠᠩᠭᠢᠵᠢᠯᠲᠠ ᠶᠢᠨ ᠪᠥᠳᠥᠭᠡᠨ ᠪᠠᠶᠢᠭᠤᠯᠤᠯᠲᠠ ᠵᠢᠴᠢ ᠬᠡᠷᠡᠭᠯᠡᠯᠲᠡ ᠂ ᠨᠠᠷᠢᠯᠢᠭ ᠬᠠᠮᠢᠶᠠᠷᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠵᠥᠷᠢᠶ᠎ᠡ ᠪᠠ ᠪᠠᠭᠤᠷᠠᠶ ᠲᠠᠯ᠎ᠠ ᠂ ᠡᠨᠡ ᠵᠢᠯ ᠪᠤᠢᠭᠦ ᠬᠦᠢᠴᠤ ᠪᠡᠷ ᠢᠶᠡᠨ ᠳᠠᠷᠤᠭᠳᠠᠮᠠᠯ ᠬᠡᠷᠡᠭ ᠢ ᠢᠯᠭᠠᠷᠠᠭᠤᠯᠤᠨ ᠲᠢᠭᠯᠡᠬᠦ ᠵᠢ ᠰᠠᠶᠢᠲᠤᠷ ᠠᠳᠬᠤᠵᠤ ᠂ ᠡᠩᠨᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠂ ᠬᠠᠤᠯᠢ ᠴᠠᠭᠠᠵᠠ ᠶᠢᠨ ᠥᠭᠡᠷᠡᠴᠢᠯᠡᠯᠲᠡ ᠵᠡᠷᠭᠡ ᠡᠯ᠎ᠡ ᠵᠦᠢᠯ ᠦᠨ ᠠᠵᠢᠯ ᠂ ᠰᠢᠭᠦᠬᠦ ᠬᠣᠷᠢᠶᠠᠨ ᠤ ᠠᠵᠢᠯ ᠤᠨ ᠳᠤᠮᠳᠠ ᠤᠷᠳᠤ ᠬᠤᠭᠤᠴᠠᠭ᠎ᠠ ᠪᠠᠷ ᠤᠷᠤᠰᠢᠵᠤ ᠪᠠᠶᠢᠭᠰᠠᠨ ᠭᠡᠮ ᠰᠣᠭᠣᠭ ᠢᠶᠡᠨ ᠦᠭᠡᠷᠡᠴᠢᠯᠡᠨ ᠠᠷᠢᠯᠭᠠᠵᠤ ᠂ ᠬᠦᠷᠦᠯᠴᠡᠬᠦ ᠦᠭᠡᠢ ᠲᠠᠯ᠎ᠠ ᠪᠠᠨ ᠨᠦᠬᠦᠪᠥᠷᠢᠯᠡᠨ᠂ ᠰᠢᠭᠦᠬᠦ ᠬᠣᠷᠢᠶᠠᠨ ᠤ ᠡᠯ᠎ᠡ ᠵᠦᠢᠯ ᠦᠨ ᠠᠵᠢᠯ ᠢ ᠲᠦᠯᠬᠢᠨ ᠠᠬᠢᠭᠤᠯᠬᠤ ᠵᠢ ᠳᠠᠬᠢᠨᠲᠠ ᠰᠢᠨ᠎ᠡ ᠳᠡᠭᠲᠡᠷ ᠲᠦ ᠭᠠᠷᠴᠤ ᠪᠠᠶᠢᠨ᠎ᠠ ᠃ ᠳᠠᠯᠠᠳ ᠬᠤᠰᠢᠭᠤᠨ ᠤ ᠰᠢᠭᠦᠬᠦ ᠬᠣᠷᠢᠶ᠎ᠠ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠨᠢ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠂ ᠬᠠᠷᠢᠭᠤᠴᠠᠯᠭ᠎ᠠ ᠶᠢᠨ ᠬᠤᠪᠢᠶᠠᠷᠢᠯᠠᠯ ᠢ ᠨᠠᠷᠢᠯᠢᠬᠵᠢᠭᠤᠯᠵᠤ ᠂ ᠥᠭᠡᠷᠡᠴᠢᠯᠡᠯᠲᠡ ᠶᠢᠨ ᠵᠦᠢᠯᠡᠰ ᠲᠤ ᠰᠢᠨᠵᠢᠯᠡᠬᠦ ᠤᠬᠠᠭᠠᠨᠴᠢ ᠵᠠᠳᠠᠯᠤᠯᠲᠠ ᠬᠢᠵᠦ ᠂ ᠨᠢᠭᠡᠳᠦᠯᠲᠡᠶ ᠲᠥᠯᠥᠪᠯᠡᠨ ᠨᠠᠢᠢᠳᠡ ᠳᠦᠨᠢ ᠬᠠᠷᠠᠭᠠᠯᠵᠠᠬᠤ ᠶᠢ ᠪᠠᠷᠢᠮᠲᠠᠯᠠᠨ ᠂ ᠲᠦᠷᠦᠯ ᠬᠤᠪᠢᠶᠠᠨ ᠵᠢᠯᠣᠭᠣᠳᠬᠤ ᠂ ᠺᠠᠳ᠋ᠷ ᠴᠠᠭᠳᠠᠭ᠎ᠠ ᠨᠠᠷ ᠢ ᠵᠢᠯᠣᠭᠣᠳᠤᠨ ᠥᠭᠡᠷᠡᠴᠢᠯᠡᠯᠲᠡ ᠪᠠ ᠥᠭᠡᠷᠡᠴᠢᠯᠡᠯᠲᠡ ᠶᠢᠨ ᠳᠤᠮᠳᠠᠬᠢ ᠲᠤᠰᠢᠶᠠᠯ ᠲᠣᠬᠢᠷᠠᠭᠤᠯᠬᠤ ᠂ ᠠᠵᠢᠯ ᠤᠨ ᠪᠠᠢᠷᠢ ᠳᠤᠬᠢᠷᠠᠭᠤᠯᠬᠤ ᠳᠤ ᠵᠦᠪ ᠢᠶᠡᠷ ᠬᠠᠨᠳᠤᠵᠤ᠂ ᠰᠢᠭᠦᠬᠦ ᠬᠣᠷᠢᠶᠠᠨ ᠤ ᠡᠩᠨᠡᠭᠡ ᠶᠢᠨ ᠬᠥᠮᠦᠨ ᠦ ᠰᠡᠳᠬᠢᠯ ᠯᠠᠪᠳᠠᠭᠤᠨ ᠲᠣᠭᠲᠠᠭᠤᠨ ᠂ ᠠᠵᠢᠯ ᠡᠮᠬᠢ ᠵᠢᠷᠤᠮ ᠲᠠᠶ ᠶᠠᠪᠤᠭᠳᠠᠬᠤ ᠶᠢ ᠪᠠᠲᠤᠯᠠᠪᠠ ᠃ ᠵᠡᠭᠦᠨᠭᠠᠷ ᠬᠤᠰᠢᠭᠤᠨ ᠤ ᠰᠢᠭᠦᠬᠦ ᠬᠣᠷᠢᠶᠠᠨ ᠡᠴᠡ ᠪᠦ᠋ᠬᠦ ᠭᠡᠰᠢᠭᠦᠳ ᠺᠠᠳ᠋ᠷ ᠴᠠᠭᠳᠠᠭ᠎ᠠ ᠶᠢᠨ ᠤᠯᠤᠰ ᠲᠦᠷᠦ ᠶᠢᠨ ᠤᠬᠠᠮᠰᠠᠷ ᠦᠨ ᠲᠠᠯ᠎ᠠ ᠪᠠᠷ ᠰᠢᠨ᠎ᠡ ᠳᠠᠪᠰᠢᠯᠲᠠᠲᠠᠢ ᠪᠠᠢᠵᠤ᠂ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠰᠢᠨ᠎ᠡ ᠠᠬᠢᠴᠠ ᠲᠠᠶ ᠪᠠᠶᠢᠬᠤ ᠂ ᠠᠵᠢᠯ ᠳ᠋ᠤ ᠪᠡᠨ ᠰᠢᠨ᠎ᠡ ᠬᠠᠷᠠᠯᠲᠠ ᠲᠣᠭᠲᠠᠭᠠᠬᠤ ᠂ ᠤᠶᠤᠨ ᠰᠠᠨᠠᠭᠠᠨ ᠤ ᠳᠦᠷᠰᠦ ᠪᠠᠶᠢᠳᠠᠯ ᠳᠤ ᠰᠢᠨ᠎ᠡ ᠠᠭᠤᠷ ᠠᠮᠢᠰᠬᠤᠯ ᠲᠠᠶ ᠪᠤᠢ ᠪᠤᠯᠭᠠᠬᠤ ᠂ ᠬᠠᠤᠯᠢ ᠬᠡᠷᠡᠭᠵᠢᠭᠦᠯᠵᠦ ᠬᠡᠷᠡᠭ ᠰᠢᠶᠳᠪᠦᠷᠢᠯᠡᠬᠦ ᠲᠠᠯ᠎ᠠ ᠪᠠᠷ ᠰᠢᠨ᠎ᠡ ᠠᠪᠤᠯᠭ᠎ᠠ ᠲᠠᠢ ᠪᠣᠯᠭᠠᠵᠤ ᠂ ᠬᠠᠤᠯᠢ ᠪᠠᠷᠢᠬᠤ ᠠᠵᠢᠯ ᠢ ᠤᠯᠠᠨ ᠨᠡᠶᠢᠲᠡ ᠳᠤ ᠢᠲᠡᠭᠡᠭᠦᠯᠬᠦ ᠬᠦᠴᠦᠨ ᠢ ᠪᠤᠢ ᠪᠣᠯᠭᠠᠵᠤ ᠂ ᠰᠢᠭᠦᠨ ᠲᠠᠰᠤᠯᠬᠤ ᠪᠠ ᠭᠦᠢᠴᠡᠳᠬᠡᠬᠦ ᠠᠵᠢᠯ ᠢ ᠲᠠᠰᠤᠷᠠᠯᠳᠠ ᠦᠭᠡᠢ ᠲᠦᠯᠬᠢᠨ ᠠᠬᠢᠭᠤᠯᠬᠤ ᠬᠡᠷᠡᠭᠲᠠᠢ ᠭᠡᠵᠤ ᠰᠠᠭᠠᠷᠳᠠᠪᠠ᠃
ᠦᠨᠡᠯᠡᠬᠦ 0ᠦᠨᠡᠯᠡᠯᠲᠡ ᠲᠠᠢ