ᠤᠷᠳᠤᠰ ᠤᠨ ᠰᠤᠷᠭᠠᠨ ᠬᠦᠮᠦᠵᠢᠯ ᠦᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠡᠴᠡ ᠠᠷᠠᠳ ᠤᠨ ᠰᠢᠭᠦᠬᠦ ᠬᠤᠷᠢᠶᠠᠨ ᠤ ᠬᠠᠤᠯᠢ ᠪᠠᠷᠢᠬᠤ ᠰᠠᠨᠠᠭᠤᠯᠭ᠎ᠠ ᠶᠢ ᠳᠡᠭᠡᠳᠦ ᠬᠡᠮᠵᠢᠶ᠎ᠡ ᠪᠡᠷ ᠬᠦᠨᠳᠦᠳᠬᠡᠨ ᠦᠵᠡᠵᠦ ᠪᠠᠢᠨ᠎ᠠ
《 ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠴᠠ <201612> ᠳ᠋ᠤᠭᠠᠷ ᠲᠣᠭᠠᠲᠤ ᠬᠠᠤᠯᠢ ᠴᠠᠭᠠᠵᠠ ᠶᠢᠨ ᠰᠠᠨᠠᠭᠤᠯᠭ᠎ᠠ ᠶᠢᠨ ᠪᠢᠴᠢᠭ ᠂ ᠲᠠᠨ ᠤ ᠬᠤᠲᠠ ᠶᠢᠨ ᠰᠢᠭᠦᠬᠦ ᠬᠤᠷᠢᠶᠠᠨ ᠳᠤ 25 ᠲᠦᠮᠡᠨ ᠲᠥᠭᠥᠷᠢᠭ ᠤ ᠭᠦᠢᠴᠡᠳᠬᠡᠬᠦ ᠬᠡᠷᠡᠭ ᠢ ᠰᠢᠭᠦᠬᠦ ᠬᠣᠷᠢᠶ᠎ᠠ ᠶᠠᠭ ᠰᠠᠢᠬᠠᠨ ᠭᠦᠢᠴᠡᠳᠬᠡᠵᠤ ᠪᠠᠢᠨ᠎ᠠ ᠂ ᠲᠦᠷᠭᠡᠬᠡᠨ ᠥᠭᠬᠦ ᠡᠭᠦᠷᠭᠡ ᠪᠡᠨ ᠭᠦᠢᠴᠡᠳᠬᠡᠬᠦ ᠬᠡᠷᠡᠭᠲᠡᠶ ᠃ ᠴᠢ ᠬᠡᠳᠦᠢᠪᠡᠷ ᠴᠢᠯᠠᠩ ᠤᠨ ᠬᠡᠯᠪᠡᠷᠢ ᠪᠡᠷ ᠬᠡᠰᠡᠭ ᠪᠦᠯᠦᠭ ᠦᠷᠢᠲᠦᠭᠰᠡᠨ ᠵᠤᠭᠤᠰ ᠪᠡᠨ ᠪᠤᠴᠠᠭ᠎ᠠ ᠦᠭᠭᠦᠭᠰᠡᠨ ᠪᠤᠯᠪᠠᠴᠤ ᠬᠤᠷᠲᠤᠬᠠᠨ ᠤᠨᠳᠤᠤ ᠠᠷᠭ᠎ᠠ ᠪᠤᠳᠤᠵᠤ ᠦᠯᠡᠳᠡᠵᠦ ᠪᠠᠢᠭ᠎ᠠ ᠵᠤᠭᠤᠰ ᠪᠡᠨ ᠪᠤᠴᠠᠭᠠᠬᠤ ᠬᠡᠷᠡᠭᠲᠠᠢ 》᠃
《 ᠪᠢ ᠨᠢᠭᠡᠨᠲᠡ ᠠᠪᠴᠠᠭᠠᠲᠠᠨ ᠲᠠᠶ ᠵᠥᠪᠳᠡᠯᠴᠡᠵᠦ ᠂ ᠴᠠᠯᠢᠩ ᠠᠴᠠ ᠪᠡᠨ ᠥᠷᠢᠲᠦᠭᠰᠡᠨ ᠵᠣᠭᠣᠰ ᠢᠶᠠᠨ ᠳᠥᠯᠥᠬᠦ ᠶᠤᠮ ᠪᠠᠶᠢᠨ᠎ᠠ ᠂ ᠵᠢᠱᠢᠯᠲᠡ ᠪᠡᠷ 2020ᠤᠨ ᠤ9ᠰᠠᠷ᠎ᠠ ᠳ᠋ᠤ ᠪᠦᠬᠦᠨ ᠢ ᠪᠤᠴᠠᠭᠠᠵᠤ ᠳᠠᠭᠤᠰᠬᠠᠨ᠎ᠠ ᠃ ᠡᠭᠦᠨ ᠡᠴᠡ ᠭᠠᠳᠠᠨ᠎ᠠ ᠂ ᠪᠣᠯᠤᠯᠴᠠᠭ᠎ᠠ ᠲᠠᠶ ᠯᠠ ᠶᠤᠮ ᠪᠣᠯ ᠂ ᠪᠢ ᠯᠠᠪ ᠥᠭᠡᠷ᠎ᠡ ᠠᠷᠭ᠎ᠠ ᠪᠤᠳᠤᠵᠤ ᠤᠷᠢᠳᠴᠢᠯᠠᠨ ᠥᠭᠴᠡᠭᠡ ᠪᠡᠨ ᠲᠥᠯᠦᠨ᠃》
ᠣᠶᠢᠷ᠎ᠠ ᠳᠤ ᠡᠶᠢᠮᠦ ᠶᠠᠷᠢᠯᠴᠠᠭ᠎ᠠ ᠣᠷᠳᠣᠰ ᠤᠨ ᠬᠡᠰᠡᠭ ᠰᠤᠷᠭᠠᠭᠤᠯᠢ ᠬᠢᠭᠡᠳ ᠪᠠᠭᠰᠢ ᠬᠣᠭᠣᠷᠣᠨᠳᠣ ᠪᠠᠨ ᠪᠠᠶᠢᠨ ᠪᠠᠶᠢᠨ ᠭᠠᠷᠴᠤ ᠪᠠᠶᠢᠨ᠎ᠠ ᠃
ᠦᠨᠦ ᠵᠢᠯ ᠦᠨ5ᠰᠠᠷ᠎ᠠ ᠳ᠋ᠤ ᠂ ᠤᠷᠳᠤᠰ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠴᠢᠭᠯᠡᠭᠦᠯᠦᠨ ᠂ ᠪᠦᠬᠦ ᠬᠣᠲᠠ ᠶᠢᠨ ᠰᠢᠭᠦᠬᠦ ᠬᠣᠷᠢᠶ᠎ᠠ 《ᠬᠤᠷᠴᠠ ᠰᠡᠯᠡᠮ᠎ᠡ ᠬᠦᠳᠡᠯᠭᠡᠭᠡᠨ 》 ᠢ ᠥᠷᠨᠢᠭᠦᠯᠦᠭᠰᠡᠨ ᠡᠴᠡ ᠨᠠᠰᠢ ᠂ ᠶᠡᠬᠡ ᠬᠡᠮᠵᠢᠶᠡᠨ ᠦ ᠭᠦᠢᠴᠡᠳᠬᠡᠭᠳᠡᠭᠴᠢ ᠨᠢ ᠰᠤᠷᠭᠠᠭᠤᠯᠢ ᠶᠢᠨ ᠪᠠᠭᠰᠢ ᠶᠢᠨ ᠪᠣᠳᠠᠲᠤ ᠪᠠᠶᠢᠳᠠᠯ ᠂ ᠬᠡᠷᠡᠭ ᠲᠦ ᠬᠤᠯᠪᠤᠭᠳᠠᠭᠰᠠᠨ ᠠᠵᠢᠯ ᠤᠨ ᠪᠠᠢᠷᠢ ᠲᠤ ᠪᠠᠨ ᠪᠠᠢᠭ᠎ᠠ ᠪᠠᠭᠰᠢ ᠶᠢᠨ ᠬᠡᠷᠡᠭ ᠢ ᠲᠦᠪᠯᠡᠷᠡᠭᠦᠯᠦᠨ ᠰᠢᠢᠳᠪᠥᠷᠢᠯᠡᠪᠡ᠃ ᠰᠤᠷᠭᠠᠭᠤᠯᠢ ᠶᠢᠨ ᠬᠢᠴᠢᠶᠡᠯ ᠰᠤᠷᠤᠯᠭ᠎ᠠ ᠶᠢᠨ ᠬᠡᠪ ᠦᠨ ᠡᠮᠬᠢ ᠵᠢᠷᠤᠮ ᠢ ᠬᠠᠮᠠᠭᠠᠯᠠᠬᠤ ᠶᠢᠨ ᠲᠥᠯᠥᠭᠡ ᠂ ᠳᠤᠮᠳᠠᠳᠤ ᠵᠡᠷᠭᠡ ᠶᠢᠨ ᠰᠢᠭᠦᠬᠦ ᠬᠣᠷᠢᠶᠠᠨ ᠡᠴᠡ ᠲᠦᠷ ᠡᠨᠡ ᠬᠡᠰᠡᠭ ᠪᠠᠭᠰᠢ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠦᠭᠡᠢ ᠪᠠᠢᠵᠤ ᠂ ᠬᠠᠷᠢᠨ ᠬᠤᠳᠠ ᠶᠢᠨ ᠰᠤᠷᠭᠠᠨ ᠬᠥᠮᠦᠵᠢᠯ ᠦᠨ ᠲᠣᠪᠴᠢᠶᠠᠨ ᠤ ᠭᠠᠷᠭᠠᠭᠰᠠᠨ ᠬᠠᠤᠯᠢ ᠴᠠᠭᠠᠵᠠ ᠶᠢᠨ ᠰᠠᠨᠠᠭᠤᠯᠭ᠎ᠠ ᠶᠢᠨ ᠪᠢᠴᠢᠭ ᠳᠡᠪᠰᠢᠭᠦᠯᠵᠤ᠂ ᠰᠤᠷᠭᠠᠭᠤᠯᠢ ᠶᠢᠨ ᠪᠠᠭᠰᠢ ᠳᠤ ᠬᠣᠯᠪᠣᠭᠳᠠᠭᠰᠠᠨ ᠭᠦᠢᠴᠡᠳᠬᠡᠬᠦ ᠬᠡᠷᠡᠭ ᠢ ᠬᠡᠷᠬᠢᠨ ᠰᠢᠶᠳᠪᠦᠷᠢᠯᠡᠬᠦ ᠲᠤᠬᠠᠢ ᠬᠠᠤᠯᠢ ᠴᠠᠭᠠᠵᠠ ᠶᠢᠨ ᠰᠠᠨᠠᠭᠤᠯᠭ᠎ᠠ ᠳᠤᠷᠠᠳᠤᠭᠰᠠᠨ ᠪᠠᠶᠢᠨ᠎ᠠ ᠃ ᠰᠠᠨᠠᠭᠤᠯᠭ᠎ᠠ ᠶᠢᠨ ᠠᠭᠤᠯᠭ᠎ᠠ ᠨᠢ ᠭᠣᠣᠯᠳᠠᠭᠤ ᠳᠣᠣᠷᠠᠬᠢ ᠮᠡᠲᠦ ᠬᠡᠳᠦᠨ ᠲᠠᠯ᠎ᠠ ᠪᠤᠢ ᠄ ᠨᠢᠭᠡ ᠳᠦ ᠬᠣᠲᠠ ᠶᠢᠨ ᠰᠤᠷᠭᠠᠨ ᠬᠥᠮᠦᠵᠢᠯ ᠦᠨ ᠲᠣᠪᠴᠢᠶ᠎ᠠ ᠳ᠋ᠤ ᠰᠠᠨᠠᠭᠤᠯᠭ᠎ᠠ ᠭᠠᠷᠭᠠᠨ ᠭᠦᠢᠴᠡᠳᠬᠡᠬᠦ ᠬᠡᠷᠡᠭ ᠲᠤ ᠬᠣᠯᠪᠣᠭᠳᠠᠭᠰᠠᠨ ᠪᠠᠭᠰᠢ ᠢ ᠢᠳᠡᠪᠬᠢᠲᠡᠶ ᠰᠢᠪᠠᠳᠠᠵᠤ ᠪᠠᠶᠢᠭᠠᠳ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠭᠲᠠᠭᠠᠭᠰᠠᠨ ᠥᠭᠬᠦ ᠡᠭᠦᠷᠭᠡ ᠶᠢ ᠨᠢ ᠭᠦᠢᠴᠡᠳᠬᠡᠬᠦ ᠬᠡᠷᠡᠭᠲᠡᠶ ; ᠬᠣᠶᠠᠷ ᠲᠤ ᠬᠣᠯᠪᠣᠭᠳᠠᠭᠰᠠᠨ ᠪᠠᠭᠰᠢ ᠶᠢᠨ ᠪᠠᠶᠢᠭ᠎ᠠ ᠰᠤᠷᠭᠠᠭᠤᠯᠢ ᠶᠢᠨ ᠰᠤᠷᠭᠠᠭᠤᠯᠢ ᠶᠢᠨ ᠵᠠᠬᠢᠷᠤᠯ ᠂ ᠡᠨᠡ ᠬᠡᠰᠡᠭ ᠪᠠᠭᠰᠢ ᠲᠠᠢ ᠬᠤᠭᠤᠴᠠᠭ᠎ᠠ ᠪᠣᠯᠵᠣᠨ ᠬᠡᠯᠡᠯᠴᠡᠵᠤ ᠂ ᠪᠢᠴᠢᠭ᠌ ᠦᠨ ᠬᠡᠯᠪᠡᠷᠢ ᠪᠡᠷ ᠶᠠᠷᠢᠯᠴᠠᠭᠰᠠᠨ ᠠᠭᠤᠯᠭ᠎ᠠ ᠪᠡᠨ ᠲᠡᠮᠳᠡᠭᠯᠡᠵᠤ᠂ ᠬᠦᠴᠦᠨ ᠲᠡᠶ ᠪᠣᠯᠤᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠭᠲᠠᠭᠠᠭᠰᠠᠨ ᠥᠭᠬᠦ ᠡᠭᠦᠷᠭᠡ ᠶᠢ ᠬᠤᠭᠤᠴᠠᠭ᠎ᠠ ᠲᠣᠭᠲᠠᠭᠠᠨ ᠭᠦᠢᠴᠡᠳᠬᠡᠭᠦᠯᠬᠦ ᠬᠡᠷᠡᠭᠲᠡᠶ ; ᠭᠤᠷᠪᠠ ᠳᠤ ᠪᠣᠯᠵᠣᠨ ᠶᠠᠷᠢᠯᠴᠠᠭᠰᠠᠨ ᠤ ᠳᠠᠷᠠᠭᠠᠬᠢ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠮᠥᠨ ᠡᠰᠡ ᠭᠦᠢᠴᠡᠳᠬᠡᠭᠰᠡᠨ ᠪᠠᠭᠰᠢ ᠂ ᠰᠢᠭᠦᠬᠦ ᠬᠣᠷᠢᠶ᠎ᠠ ᠲᠡᠭᠦᠨ ᠢ ᠪᠦᠬᠦ ᠤᠯᠤᠰ ᠤᠨ ᠢᠲᠡᠭᠡᠯ ᠠᠯᠳᠠᠭᠰᠠᠨ ᠭᠦᠢᠴᠡᠳᠬᠡᠭᠦᠯᠦᠭᠴᠢ ᠶᠢᠨ ᠨᠡᠷᠡᠰ ᠲᠤ ᠤᠷᠤᠭᠤᠯᠵᠤ ᠂ ᠬᠠᠤᠯᠢ ᠴᠠᠭᠠᠵᠠ ᠠᠴᠠ ᠣᠯᠭᠣᠭᠰᠠᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠨ ᠵᠣᠭᠣᠰ ᠢᠶᠠᠷ ᠲᠤᠷᠭᠠᠬᠠᠤ ᠂ ᠲᠦᠷ ᠬᠣᠷᠢᠬᠤ ᠪᠠᠷ ᠰᠢᠶᠳᠬᠡᠵᠦ ᠂ 《 ᠭᠦᠢᠴᠡᠳᠬᠡᠬᠦ ᠶᠢ ᠲᠡᠪᠴᠢᠭᠰᠡᠨ ᠶᠠᠯ᠎ᠠ 》 ᠵᠡᠷᠭᠡ ᠠᠷᠭ᠎ᠠ ᠬᠡᠮᠵᠢᠶ᠎ᠡ ᠪᠡᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠃
ᠰᠠᠨᠠᠭᠤᠯᠭ᠎ᠠ ᠶᠢᠨ ᠪᠢᠴᠢᠭ ᠣᠯᠤᠭᠰᠠᠨ ᠤ ᠳᠠᠷᠠᠭ᠎ᠠ ᠂ ᠬᠣᠲᠠ ᠶᠢᠨ ᠰᠤᠷᠭᠠᠨ ᠬᠥᠮᠦᠵᠢᠯ ᠦᠨ ᠲᠣᠪᠴᠢᠶ᠎ᠠ ᠲᠡᠷᠡ ᠳᠠᠷᠤᠶ ᠳᠤᠨᠢ ᠰᠢᠭᠦᠬᠦ ᠬᠣᠷᠢᠶᠠᠨ ᠤ ᠭᠦᠢᠴᠡᠳᠬᠡᠬᠦ ᠬᠡᠷᠡᠭ ᠲᠦ ᠬᠣᠯᠪᠣᠭᠳᠠᠭᠰᠠᠨ 24 ᠨᠡᠷᠡᠰ ᠪᠠᠭᠰᠢ ᠪᠠᠶᠢᠭ᠎ᠠ ᠰᠤᠷᠭᠠᠭᠤᠯᠢ ᠳ᠋ᠤ ᠮᠡᠳᠡᠭᠳᠡᠯ ᠭᠠᠷᠭᠠᠵᠤ ᠂ ᠲᠡᠳᠡᠭᠡᠷ ᠪᠠᠭᠰᠢ ᠲᠠᠢ ᠲᠦᠷᠭᠡᠨ ᠪᠤᠯᠵᠤᠨ ᠶᠠᠷᠢᠯᠴᠠᠵᠤ᠂ ᠪᠢᠴᠢᠮᠡᠯ ᠮᠠᠲ᠋ᠧᠷᠢᠶᠠᠯ ᠪᠣᠯᠭᠠᠬᠤ ᠬᠡᠷᠡᠭᠲᠡᠶ ᠪᠥᠭᠡᠳ ᠪᠣᠯᠵᠣᠨ ᠶᠠᠷᠢᠯᠴᠠᠭᠰᠠᠨ ᠠᠭᠤᠯᠭ᠎ᠠ ᠪᠠ ᠰᠢᠶᠳᠪᠦᠷᠢᠯᠡᠭᠰᠡᠨ ᠦᠷ᠎ᠡ ᠳ᠋ᠦᠩ ᠢᠶᠡᠨ ᠬᠠᠷᠢᠭᠤ ᠲᠤᠰᠬᠠᠬᠤ ᠬᠡᠷᠡᠭᠲᠡᠶ ᠃ ᠬᠤᠲᠠ ᠶᠢᠨ ᠰᠤᠷᠭᠠᠨ ᠬᠦᠮᠦᠵᠢᠯ ᠦᠨ ᠲᠤᠪᠴᠢᠶ᠎ᠠ 8ᠰᠠᠷ᠎ᠠ ᠶᠢᠨ ᠡᠬᠢᠨ ᠢᠶᠡᠷ ᠪᠦᠬᠦ ᠰᠤᠷᠭᠠᠭᠤᠯᠢ ᠶᠢᠨ ᠪᠢᠴᠢᠭ᠌ ᠬᠠᠷ᠎ᠠ ᠶᠢᠨ ᠬᠡᠯᠪᠡᠷᠢ ᠶᠢᠨ ᠪᠤᠯᠵᠤᠨ ᠶᠠᠷᠢᠯᠴᠠᠭᠰᠠᠨ ᠠᠭᠤᠯᠭ᠎ᠠ ᠶᠢ ᠬᠤᠷᠢᠶᠠᠩᠭᠤᠢᠯᠠᠨ ᠳ᠋ᠦᠩᠨᠡᠵᠦ ᠳᠡᠭᠡᠭᠰᠢ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶᠠᠨ ᠳᠤ ᠬᠠᠷᠢᠭᠤ ᠮᠡᠳᠡᠭᠦᠯᠪᠠ᠃ ᠣᠳᠣᠬᠠᠨ ᠳᠤ ᠂ 1 ᠨᠡᠷ᠎ᠡ ᠭᠦᠢᠴᠡᠳᠬᠡᠬᠦ ᠬᠡᠷᠡᠭ ᠲᠤ ᠬᠣᠯᠪᠣᠭᠳᠠᠭᠰᠠᠨ ᠪᠠᠭᠰᠢ ᠬᠦᠨᠳᠦ ᠡᠪᠡᠳᠴᠢᠨ ᠲᠡᠶ ᠳᠡᠭᠡᠷ᠎ᠡ ᠠᠮᠠᠷᠠᠯᠲᠠ ᠠᠪᠬᠤ ᠭᠠᠷ ᠭᠦᠢᠴᠡᠳᠬᠡᠯ ᠬᠢᠵᠦ ᠬᠣᠯᠪᠣᠭ᠎ᠠ ᠤᠯᠬᠤ ᠶᠢᠨ ᠠᠷᠭ᠎ᠠ ᠦᠭᠡᠢ ᠪᠠᠶᠢᠭᠰᠠᠨ ᠡᠴᠡ᠂ ᠪᠤᠰᠤᠳ ᠭᠦᠢᠴᠡᠳᠬᠡᠬᠦ ᠬᠡᠷᠡᠭ ᠦᠨ ᠬᠣᠯᠪᠣᠭᠳᠠᠭᠰᠠᠨ ᠪᠤᠶ ᠪᠦᠬᠦᠢ ᠪᠠᠭᠰᠢ ᠴᠥᠮ ᠴᠠᠯᠢᠩ ᠮᠥᠩᠭᠥ ᠶᠢ ᠦᠯᠦ ᠬᠥᠳᠡᠯᠭᠡᠯᠭᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠠᠯᠬᠤᠮ ᠠᠯᠬᠤᠮ ᠢᠶᠠᠷ ᠥᠷᠢᠲᠦᠭᠰᠡᠨ ᠵᠣᠭᠣᠰ ᠢ ᠨᠢ ᠲᠦᠯᠦᠭᠦᠯᠬᠦ ᠪᠤᠶᠤ ᠲᠣᠭᠲᠠᠮᠠᠯ ᠪᠤᠰᠤ ᠬᠤᠭᠤᠴᠠᠭ᠎ᠠ ᠲᠠᠶ ᠪᠠᠷ ᠲᠣᠭᠲᠠᠮᠠᠯ ᠪᠤᠰᠤ ᠲᠣᠭ᠎ᠠ ᠬᠡᠮᠵᠢᠶ᠎ᠡ ᠨᠢ ᠵᠣᠭᠣᠰ ᠢ ᠨᠢ ᠪᠤᠴᠠᠭᠠᠬᠤ ᠂ ᠡᠳ᠋ ᠬᠥᠷᠦᠩᠭᠡ ᠶᠢ ᠨᠢ ᠦᠨ᠎ᠡ ᠬᠠᠶᠠᠨ ᠬᠤᠳᠠᠯᠳᠤᠨ ᠲᠤᠯᠭᠠᠨ ᠣᠷᠣᠯᠠᠭᠤᠯᠵᠤ ᠵᠡᠷᠭᠡ ᠠᠷᠭ᠎ᠠ ᠮᠠᠶ᠋ᠢᠭ ᠪᠡᠷ ᠭᠦᠢᠴᠡᠳᠬᠡᠭᠦᠯᠬᠦ ᠪᠡᠷ ᠭᠤᠶᠤᠴᠢᠯᠠᠭᠴᠢ ᠲᠠᠢ ᠬᠡᠯᠡᠯᠴᠡᠨ ᠳᠤᠬᠢᠷᠠᠵᠤ ᠂ ᠡᠷᠲᠡᠬᠡᠨ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠭᠲᠠᠭᠠᠭᠰᠠᠨ ᠥᠭᠬᠦ ᠡᠭᠦᠷᠭᠡ ᠶᠢ ᠨᠢ ᠭᠦᠢᠴᠡᠳᠬᠡᠭᠦᠯᠬᠦ ᠬᠡᠷᠡᠭᠲᠡᠶ ᠃
ᠤᠢᠢᠷ᠎ᠠ ᠶᠢᠨ ᠵᠢᠯ ᠦᠳ ᠲᠦ ᠂ ᠣᠷᠳᠣᠰ ᠬᠤᠲᠠ ᠶᠢᠨ ᠠᠷᠠᠳ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠬᠠᠤᠯᠢ ᠴᠠᠭᠠᠵᠠ ᠶᠢᠨ ᠠᠵᠢᠯᠯᠠᠭ᠎ᠠ ᠳᠤᠮᠳᠠ ᠣᠯᠵᠤ ᠮᠡᠳᠡᠭᠰᠡᠨ ᠠᠰᠠᠭᠤᠳᠠᠯ ᠂ ᠬᠠᠤᠯᠢ ᠴᠠᠭᠠᠵᠠ ᠶᠢᠨ ᠰᠠᠨᠠᠭᠤᠯᠭ᠎ᠠ ᠶᠢᠨ ᠪᠢᠴᠢᠭ ᠦᠨ ᠬᠡᠯᠪᠡᠷᠢ ᠪᠡᠷ ᠬᠣᠯᠪᠣᠭᠳᠠᠯ ᠪᠦᠬᠦᠢ ᠨᠢᠭᠡᠴᠢ ᠳᠦ ᠰᠠᠨᠠᠯ ᠢᠶᠠᠨ ᠳᠤᠷᠠᠳᠴᠤ ᠂ ᠬᠠᠤᠯᠢ ᠴᠠᠭᠠᠵᠠ ᠶᠢᠨ ᠰᠠᠨᠠᠭᠤᠯᠭ᠎ᠠ ᠶᠢᠨ ᠰᠡᠷᠡᠮᠵᠢᠯᠡᠭᠦᠯᠬᠦ ᠬᠦᠴᠦᠨ ᠢ ᠭᠦᠢᠴᠡᠳ ᠪᠠᠳᠠᠷᠠᠭᠤᠯᠵᠤ ᠂ ᠵᠦᠪᠯᠡᠮᠵᠢ ᠪᠤᠯᠭᠠᠬᠤ ᠪᠠ ᠰᠤᠷᠲᠠᠯᠴᠢᠯᠠᠬᠤ᠂ ᠰᠤᠷᠭᠠᠨ ᠬᠥᠮᠦᠵᠢᠭᠦᠯᠬᠦ ᠦᠢᠯᠡᠳᠦᠯ ᠭᠠᠷᠭᠠᠭᠰᠠᠨ ᠪᠦᠭᠡᠳ ᠬᠠᠤᠯᠢ ᠴᠠᠭᠠᠵᠠ ᠶᠢᠨ ᠦᠷ᠎ᠡ ᠪᠦᠲᠦᠮᠵᠢ ᠪᠠ ᠨᠡᠶᠢᠭᠡᠮ ᠦᠨ ᠦᠢᠯᠡᠳᠦᠯ ᠭᠠᠷᠭᠠᠪᠠ ᠃ ᠠᠷᠠᠳ ᠤᠨ ᠰᠢᠭᠦᠬᠦ ᠬᠣᠷᠢᠶ᠎ᠠ ᠨᠡᠶᠢᠭᠡᠮ ᠦᠨ ᠵᠥᠷᠢᠴᠡᠯ ᠢ ᠠᠷᠢᠯᠭᠠᠬᠤ ᠪᠠ ᠨᠡᠶᠢᠭᠡᠮ ᠦᠨ ᠬᠠᠮᠢᠶᠠᠷᠤᠯᠲᠠ ᠳᠤ ᠤᠷᠤᠯᠴᠠᠬᠤ ᠰᠢᠨ᠎ᠡ ᠶᠢ ᠡᠭᠦᠳᠬᠦ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠵᠦ ᠂ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠵᠤ ᠂ ᠬᠠᠤᠯᠢ ᠪᠠᠷᠢᠬᠤ ᠠᠵᠢᠯ ᠤᠨ ᠤᠯᠠᠨ ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠪᠠ ᠃
ᠬᠣᠶᠢᠰᠢᠳᠠ ᠶᠢᠨ ᠠᠵᠢᠯ ᠤᠨ ᠳᠤᠮᠳᠠ ᠂ ᠣᠷᠳᠣᠰ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠰᠠᠨᠠᠭᠤᠯᠭ᠎ᠠ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ ᠂ ᠬᠠᠤᠯᠢ ᠴᠠᠭᠠᠵᠠ ᠶᠢᠨ ᠰᠠᠨᠠᠭᠤᠯᠭ᠎ᠠ ᠶᠢ ᠵᠥᠪᠬᠡᠨ 《 ᠪᠠᠭᠤᠯᠭᠠᠬᠤ 》 ᠂ 《 ᠬᠠᠷᠢᠭᠤ ᠮᠡᠳᠡᠭᠦᠯᠡᠯᠲᠠ ᠬᠤᠷᠢᠶᠠᠬᠤ》 ᠪᠢᠰᠢ ᠬᠠᠷᠢᠨ ᠨᠡᠩ ᠰᠠᠢᠨ《 ᠲᠤᠤᠱᠯᠠᠭᠤᠯᠵᠤ》᠂ ᠬᠠᠤᠯᠢ ᠴᠠᠭᠠᠵᠠ ᠶᠢᠨ ᠰᠠᠨᠠᠭᠤᠯᠭ᠎ᠠ ᠵᠢ ᠬᠣᠯᠪᠣᠭᠳᠠᠯ ᠪᠦᠬᠦᠢ ᠨᠢᠭᠡᠴᠢ ᠨᠢ ᠬᠦᠯᠢᠶᠡᠨ ᠠᠪᠴᠤ ᠂ ᠢᠳᠡᠪᠬᠢ ᠦᠢᠯᠡᠳᠦᠯ ᠢ ᠪᠠᠳᠠᠷᠠᠭᠤᠯᠵᠤ ᠂ ᠠᠷᠠᠳ ᠣᠯᠠᠨ ᠳᠤ ᠰᠢᠢᠳᠬᠡᠭᠳᠡᠭᠰᠡᠨ ᠬᠡᠷᠡᠭ ᠨᠢᠭᠡᠪᠦᠷᠢ ᠡᠴᠡ ᠲᠥᠪ ᠭᠣᠣᠯᠴᠢ ᠵᠢ ᠭᠡᠰᠡᠨ ᠮᠡᠳᠡᠷᠡᠭᠦᠯᠬᠦ ᠬᠡᠷᠡᠭᠲᠠᠢ᠃
ᠦᠨᠡᠯᠡᠬᠦ 0ᠦᠨᠡᠯᠡᠯᠲᠡ᠎ᠲᠠᠢ