ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶᠠᠨ ᠤ ᠳᠠᠷᠤᠭ᠎ᠠ ᠬᠤ ᠢ ᠹᠸᠩ ᠤᠨ ᠪᠦᠬᠦ ᠣᠷᠣᠨ ᠤ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠪᠣᠯᠪᠠᠰᠤᠷᠠᠭᠤᠯᠤᠯ ᠤᠨ ᠬᠤᠷᠠᠯ ᠤᠨ ᠲᠠᠷᠠᠭ᠎ᠠ ᠵᠣᠬᠢᠶᠠᠨ ᠪᠠᠶᠢᠭᠤᠯᠵᠤ ᠬᠤᠷᠠᠯᠳᠤᠭᠤᠯᠤᠭᠰᠠᠨ ᠪᠥᠬᠥ ᠣᠷᠣᠨ ᠤ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠳᠠᠷᠤᠭ᠎ᠠ ᠨᠠᠷ ᠤᠨ ᠲᠤᠢᠷ ᠴᠠᠭ ᠤᠨ ᠬᠤᠷᠠᠯᠳᠤᠭᠠᠨ ᠳᠡᠭᠡᠷ᠎ᠡ ᠶᠠᠷᠢᠭᠰᠠᠨ ᠶᠠᠷᠢᠶ᠎ᠠ ᠵᠢ ᠦᠳᠲᠡᠷ ᠲᠦᠷᠭᠡᠨ ᠤᠯᠠᠮᠵᠢᠯᠠᠵᠤ ᠂ ᠪᠦᠭᠦ ᠬᠤᠲᠠ ᠶᠢᠨ ᠰᠢᠭᠦᠬᠦ ᠬᠣᠷᠢᠶ᠎ᠠ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠤᠨ ᠤᠷᠤᠭᠰᠢᠲᠠᠶ ᠥᠷᠨᠢᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠦᠯᠦᠭᠡ᠂ 8 ᠰᠠᠷ᠎ᠠ ᠶᠢᠨ 26 ᠤ ᠡᠳᠦᠷ ᠦᠨ ᠦᠳᠡ ᠶᠢᠨ ᠬᠣᠶᠢᠨᠠ ᠂ ᠣᠷᠳᠣᠰ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ《ᠰᠢᠭᠦᠬᠦ ᠬᠣᠷᠢᠶᠠᠨ ᠤ ᠳᠠᠷᠤᠭ᠎ᠠ ᠬᠤ ᠢ ᠹᠸᠩ ᠤᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠬᠤ》ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠂ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠂ ᠪᠠᠶᠢᠴᠠᠭᠠᠨ ᠰᠤᠳᠤᠯᠤᠭᠴᠢ ᠂ ᠡᠯ᠎ᠡ ᠬᠣᠰᠢᠭᠤ ᠲᠣᠭᠣᠷᠢᠭ ᠤᠨ ᠰᠢᠭᠦᠬᠦ ᠬᠣᠷᠢᠶᠠᠨ ᠤ ᠬᠤᠷᠢᠶᠠᠨ ᠳᠠᠷᠤᠭ᠎ᠠ ᠨᠠᠷ ᠬᠤᠷᠠᠯ ᠳᠤ ᠣᠷᠣᠯᠴᠠᠵᠠᠶ ᠃
ᠬᠤᠷᠠᠯ ᠳᠡᠭᠡᠷ᠎ᠡ ᠂ ᠡᠯ᠎ᠡ ᠬᠣᠰᠢᠭᠤ ᠲᠣᠭᠣᠷᠢᠭ ᠤᠨ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠨᠠᠷ ᠡᠴᠡ ᠲᠤᠰ ᠬᠣᠷᠢᠶᠠᠨ ᠤ ᠠᠵᠢᠯᠲᠠᠨ ᠤ ᠣᠷᠣᠨ ᠲᠣᠭ᠎ᠠ ᠂ ᠺᠠᠳ᠋ᠷ ᠴᠠᠭᠳᠠᠭ᠎ᠠ ᠶᠢᠨ ᠲᠤᠰᠢᠶᠠᠯ ᠤᠨ ᠳᠡᠰ ᠤᠨ ᠬᠠᠷᠠᠭᠠᠯᠵᠠᠯ ᠬᠦᠷᠲᠡᠬᠦ ᠵᠢᠴᠢ ᠡᠳ᠋ ᠦᠨ ᠶᠠᠪᠤᠳᠠᠯ ᠤᠨ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠲᠠᠨᠢᠯᠴᠠᠭᠤᠯᠵᠤ ᠂ ᠲᠤᠰ ᠬᠣᠷᠢᠶᠠᠨ ᠤ ᠡᠳ᠋ ᠦᠨ ᠶᠠᠪᠤᠳᠠᠯ ᠤᠨ ᠲᠥᠰᠦᠪ ᠂ ᠥᠭᠴᠡᠭᠡ ᠂ ᠪᠡᠯᠡ ᠬᠥᠷᠥᠩᠭᠡ ᠵᠢᠴᠢ ᠲᠥᠷᠥᠯ ᠵᠦᠢᠯ ᠤᠨ ᠠᠵᠢᠯ ᠢ ᠬᠠᠷᠠᠬᠠᠨ ᠪᠡᠶᠡᠯᠡᠭᠦᠯᠦᠭᠡᠳᠦᠶ ᠪᠣᠳᠠᠲᠠᠶ ᠪᠠᠶᠢᠳᠠᠯ ᠵᠡᠷᠭᠡ ᠭᠤᠷᠪᠠᠨ ᠲᠠᠯ᠎ᠠ ᠵᠢ ᠨᠠᠷᠢᠨ ᠲᠣᠳᠣᠷᠬᠠᠶ ᠮᠡᠳᠡᠭᠦᠯᠪᠡ ᠃
ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠪᠠᠶᠢᠴᠠᠭᠠᠨ ᠰᠤᠳᠤᠯᠤᠭᠴᠢ ᠂ ᠽᠠᠩ ᠵᠢᠶᠠᠨ ᠫᠢᠩ ᠂ ᠳᠠᠷᠤᠶ ᠥᠭᠡᠷᠡᠴᠢᠯᠡᠯᠲᠡ ᠶᠢᠨ ᠵᠠᠷᠤᠳᠠᠯ ᠤᠨ ᠪᠠᠲᠤᠯᠠᠭ᠎ᠠ ᠵᠡᠷᠭᠡ ᠬᠣᠯᠪᠣᠭᠳᠠᠯ ᠪᠦᠬᠦᠢ ᠠᠭᠤᠯᠭ᠎ᠠ ᠳᠤ ᠲᠠᠶᠢᠯᠤᠮᠵᠢ ᠬᠢᠵᠦ ᠲᠣᠳᠤᠷᠬᠠᠢᠯᠠᠬᠤ ᠶᠢᠨ ᠬᠠᠮᠲᠤ ᠡᠯ᠎ᠡ ᠬᠣᠰᠢᠭᠤ ᠲᠣᠭᠣᠷᠢᠭ ᠤᠨ ᠰᠢᠭᠦᠬᠦ ᠬᠣᠷᠢᠶᠠᠨ ᠳ᠋ᠤ ᠲᠤᠰ ᠬᠣᠷᠢᠶᠠᠨ ᠤ ᠡᠳ᠋ ᠦᠨ ᠶᠠᠪᠤᠳᠠᠯ ᠤᠨ ᠠᠵᠢᠯᠳᠡᠨ ᠤ ᠲᠤᠰᠬᠠᠶ ᠮᠡᠷᠭᠡᠵᠢᠯ ᠦᠨ ᠴᠢᠨᠠᠷᠲᠠᠶ ᠵᠢ ᠦᠨᠡᠨ ᠬᠦ ᠪᠠᠲᠤᠯᠠᠵᠤ᠂ ᠲᠤᠰ ᠬᠣᠷᠢᠶᠠᠨ ᠤ ᠡᠳ᠋ ᠦᠨ ᠵᠠᠰᠠᠭ ᠤᠨ ᠲᠥᠰᠦᠪ ᠦᠨ ᠦᠨᠡᠨᠬᠦ ᠰᠠᠶᠢᠲᠤᠷ ᠬᠢᠬᠦ ᠵᠢ ᠱᠠᠭᠠᠷᠳᠠᠪᠠ᠂ ᠡᠨᠡ ᠨᠢ ᠬᠣᠶᠢᠰᠢᠳᠠ ᠶᠢᠨ ᠡᠯ᠎ᠡ ᠵᠦᠢᠯ ᠦᠨ ᠠᠵᠢᠯ ᠢ ᠪᠦᠲᠦᠮᠵᠢᠲᠡᠶ ᠥᠷᠨᠢᠭᠦᠯᠬᠦ ᠳ᠋ᠤ ᠰᠠᠭᠤᠷᠢ ᠶᠢ ᠰᠠᠢᠢᠨ ᠲᠠᠯᠪᠢᠬᠤ ᠬᠡᠷᠡᠭᠲᠡᠶ ᠭᠡᠪᠡ᠃
ᠬᠤᠲᠠ ᠶᠢᠨ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠣᠷᠣᠯᠠᠭᠴᠢ ᠬᠤᠷᠢᠶᠠᠨ ᠳᠠᠷᠤᠭ᠎ᠠ ᠯᠢ ᠬᠤᠩ ᠶᠠᠨ ᠳᠠᠷᠤᠶ ᠬᠤ ᠢ ᠹᠸᠩ ᠳᠠᠷᠤᠭ᠎ᠠ ᠶᠢᠨ ᠪᠦᠬᠦ ᠣᠷᠣᠨ ᠤ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠳᠡᠭᠡᠷ᠎ᠡ ᠬᠡᠯᠡᠭᠰᠡᠨ ᠦᠭᠡ ᠶᠢᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤ ᠢ ᠹᠸᠩ ᠬᠤᠷᠢᠶᠠᠨ ᠳᠠᠷᠤᠭ᠎ᠠ ᠵᠢᠭᠠᠵᠤ ᠭᠠᠷᠭᠠᠭᠰᠠᠨ ᠨᠢ ᠂ ᠨᠢᠭᠡ ᠳᠦ ᠥᠭᠡᠷᠡᠴᠢᠯᠡᠯᠲᠡ ᠪᠠ ᠰᠢᠭᠦᠨ ᠲᠠᠰᠤᠯᠬᠤ ᠠᠵᠢᠯ ᠤᠨ ᠬᠠᠮᠲᠤ ᠳᠤᠨᠢ ᠬᠠᠷᠠᠭᠠᠯᠵᠠᠬᠤ ᠬᠡᠷᠡᠭᠲᠡᠶ ᠃ ᠨᠢᠭᠡ ᠲᠠᠯ᠎ᠠ ᠪᠠᠷ ᠂ ᠬᠠᠤᠯᠢ ᠶᠢᠨ ᠲᠤᠰᠢᠶᠠᠯᠲᠠᠨ ᠤ ᠠᠵᠢᠯᠳᠠᠨ ᠤ ᠳᠤᠭᠲᠠᠭᠠᠯ ᠨᠤᠷᠮ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ ᠦᠨᠡᠨ ᠬᠦ ᠪᠠᠲᠤᠯᠠᠵᠤ ᠂ ᠡᠨᠡ ᠵᠢᠯ ᠦᠨ 10ᠰᠠᠷ᠎ᠠ ᠶᠢᠨ ᠰᠡᠭᠦᠯᠴᠢ ᠡᠴᠡ ᠡᠮᠦᠨ᠎ᠡ ᠪᠡᠶᠡᠯᠡᠭᠦᠯᠬᠦ ᠬᠡᠷᠡᠭᠲᠡᠶ ᠂ ᠵᠢᠩᠬᠢᠨᠢ ᠰᠢᠯᠢᠳᠡᠭ ᠬᠠᠤᠯᠢ ᠶᠢᠨ ᠲᠤᠰᠢᠶᠠᠯᠲᠠᠨ ᠰᠣᠩᠭᠣᠵᠤ ᠭᠠᠷᠭᠠᠨ ᠂ ᠬᠡᠷᠡᠭ ᠰᠢᠢᠳᠪᠥᠷᠢᠯᠡᠬᠦ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ ᠃ ᠨᠦᠬᠦᠭᠡ ᠲᠠᠯ᠎ᠠ ᠪᠠᠷ ᠂ ᠬᠠᠭᠠᠯᠭ᠎ᠠ ᠪᠠᠨ ᠲᠦᠭᠵᠢᠭᠡᠳ ᠥᠭᠡᠷᠡᠴᠢᠯᠡᠯᠲᠡ ᠬᠢᠵᠤ ᠪᠣᠯᠬᠤ ᠦᠭᠡᠢ ᠂ ᠥᠭᠡᠷᠡᠴᠢᠯᠡᠯᠲᠡ ᠶᠢᠨ ᠠᠵᠢᠯ ᠢ ᠰᠠᠢᠢᠨ ᠬᠢᠬᠦ ᠶᠢᠨ ᠬᠠᠮᠲᠤ ᠂ ᠪᠤᠰᠤᠳ ᠡᠯ᠎ᠡ ᠵᠦᠢᠯ ᠦᠨ ᠠᠵᠢᠯ ᠤᠨ ᠡᠭᠦᠷᠭᠡ ᠶᠢ ᠡᠷᠬᠡᠪᠰᠢ ᠪᠡᠶᠡᠯᠡᠭᠦᠯᠬᠦ ᠬᠡᠷᠡᠭᠲᠡᠶ ᠃ ᠡᠭᠦᠨ ᠦ ᠬᠠᠮᠲᠤ ᠂ ᠳᠤᠭᠲᠠᠭᠠᠯ ᠨᠤᠷᠮ᠎ᠠ ᠳᠤ ᠣᠷᠣᠵᠤ ᠴᠢᠳᠠᠭᠰᠠᠨ ᠦᠭᠡᠢ ᠬᠠᠤᠯᠢ ᠶᠢᠨ ᠲᠤᠰᠢᠶᠡᠯᠳᠡᠦᠠ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠰᠠᠶᠢᠲᠤᠷ ᠬᠢᠵᠦ ᠂ ᠤᠷᠤᠵᠤ ᠳᠡᠢᠯᠥᠭᠰᠡᠨ ᠦᠭᠡᠢ ᠡᠴᠡ ᠪᠤᠯᠵᠤ ᠰᠡᠳᠬᠢᠯ ᠰᠠᠨᠠᠭ᠎ᠠ ᠲᠣᠭᠲᠠᠪᠤᠷᠢ ᠦᠭᠡᠢ ᠪᠤᠯᠵᠤ ᠂ ᠰᠢᠭᠦᠬᠦ ᠪᠠ ᠭᠦᠢᠴᠡᠳᠬᠡᠬᠦ ᠠᠵᠢᠯ ᠢ ᠨᠥᠯᠥᠭᠡᠯᠡᠬᠦ ᠡᠴᠡ ᠵᠠᠢᠯᠠᠰᠬᠢᠬᠤ ᠬᠡᠷᠡᠭᠲᠠᠢ ᠃
ᠬᠣᠶᠠᠷ ᠲᠤ 《ᠭᠦᠢᠴᠡᠳᠬᠡᠬᠦ ᠵᠢᠯ 》 ᠦᠨ ᠡᠯ᠎ᠡ ᠵᠦᠢᠯ ᠦᠨ ᠠᠵᠢᠯ ᠤᠨ ᠡᠭᠦᠷᠭᠡ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠬᠤᠳᠠᠯ ᠬᠠᠭᠤᠳᠠᠮ ᠪᠠᠶᠢᠵᠤ ᠪᠣᠯᠬᠤ ᠤᠢᠭᠡᠢ ᠃ ᠡᠯ᠎ᠡ ᠬᠣᠷᠢᠶᠠᠨ ᠤ ᠤᠳᠤᠷᠢᠳᠤᠭᠴᠢ ᠵᠠᠪᠠᠯ ᠪᠡᠶ᠎ᠡ ᠪᠡᠷ ᠢᠶᠡᠨ ᠴᠢᠷᠮᠠᠶᠢᠵᠤ ᠤᠷᠤᠯᠴᠠᠬᠤ ᠬᠡᠷᠡᠭᠲᠠᠢ᠃ ᠭᠤᠷᠪᠠ ᠳᠤ ᠤᠳᠤᠷᠢᠳᠬᠤ ᠪᠠᠭ ᠪᠣᠯᠤᠨ ᠡᠨᠨᠡᠭᠡᠨ ᠦ ᠪᠠᠶᠢᠭᠤᠯᠤᠯᠲᠠ ᠶᠢ ᠰᠠᠶᠢᠲᠤᠷ ᠠᠳᠬᠤᠵᠤ ᠂ ᠡᠩᠨᠡᠭᠡᠨ ᠡᠴᠡ ᠤᠴᠢᠷ ᠭᠠᠷᠬᠤ ᠦᠭᠡᠢ ᠪᠠᠢᠬᠤ ᠶᠢ ᠪᠠᠲᠤᠯᠠᠬᠤ ᠬᠡᠷᠡᠭᠲᠠᠢ ᠃ ᠲᠦᠷᠪᠡ ᠳᠦ ᠮᠡᠳᠡᠭᠡ ᠵᠠᠩᠭᠢᠵᠢᠯᠲᠠ ᠶᠢᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢᠲᠦᠷᠭᠡᠳᠬᠡᠬᠦ ᠬᠡᠷᠡᠭᠲᠡᠶ ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠨᠢ ᠦᠨᠡᠨᠬᠦ ᠥᠭᠡᠷᠡᠴᠢᠯᠡᠯᠲᠡ ᠬᠢᠭᠰᠡᠨ ᠦ ᠳᠠᠷᠠᠭᠠᠬᠢ ᠰᠢᠭᠦᠬᠦ ᠪᠠ ᠭᠦᠢᠴᠡᠳᠬᠡᠬᠦ ᠶᠢ ᠠᠵᠢᠯ ᠳᠤ ᠦᠢᠯᠡᠴᠢᠯᠡᠬᠦ ᠬᠡᠷᠡᠭᠲᠡᠶ ᠃ᠲᠠᠪᠤ ᠳᠤ ᠪᠠᠶᠢᠴᠠᠭᠠᠬᠤ ᠪᠠᠶᠢᠭᠤᠯᠤᠯᠭ᠎ᠠ ᠶᠢᠨ ᠵᠠᠯᠭᠠᠭ᠎ᠠ ᠪᠠᠷ ᠰᠢᠭᠦᠬᠦ ᠬᠣᠷᠢᠶ᠎ᠠ ᠳ᠋ᠤ ᠰᠢᠯᠵᠢᠭᠦᠯᠦᠨ ᠦᠭᠴᠦ ᠪᠠᠢᠭ᠎ᠠ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠬᠡᠷᠡᠭ ᠢ ᠰᠢᠭᠦᠨ ᠰᠢᠶᠳᠪᠦᠷᠢᠯᠡᠬᠦ ᠠᠵᠢᠯ ᠳ᠋ᠤ ᠪᠣᠳᠠᠲᠠᠶ ᠱᠠᠭᠠᠷᠳᠠᠯᠭ᠎ᠠ ᠳᠤᠷᠠᠳᠴᠠᠶ ᠃
ᠯᠢ ᠬᠤᠩ ᠶᠠᠨ ᠳᠠᠷᠤᠭ᠎ᠠ ᠴᠢᠬᠤᠯᠠᠴᠢᠯᠠᠭᠰᠠᠨ ᠨᠢ ᠂ ᠣᠳᠣᠬᠠᠨ ᠳ᠋ᠤ ᠪᠦᠬᠦ ᠬᠣᠲᠠ ᠶᠢᠨ ᠰᠢᠭᠦᠬᠦ ᠬᠣᠷᠢᠶ᠎ᠠ ᠳᠦᠷᠪᠡᠨ ᠵᠠᠩᠭᠢᠯᠠᠭ᠎ᠠ ᠶᠢᠨ ᠠᠰᠠᠭᠤᠳᠠᠯ ᠢ ᠰᠢᠶᠳᠪᠦᠷᠢᠯᠡᠬᠦ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ ᠄ ᠨᠢᠭᠡ ᠳᠦ ᠂ ᠴᠠᠭ ᠢ ᠠᠮᠵᠢᠨ ᠬᠦᠮᠦᠨ ᠡᠳ᠋ ᠪᠣᠳᠠᠰ ᠵᠡᠷᠭᠡ ᠬᠡᠳᠦᠨ ᠵᠦᠢᠯ ᠦᠨ ᠪᠠᠶᠢᠳᠠᠯ ᠢ ᠬᠢᠨᠠᠨ ᠬᠠᠷᠠᠭᠤᠯᠵᠤ ᠂ ᠰᠠᠭᠤᠷᠢ ᠲᠣᠭ᠎ᠠ ᠶᠢ ᠲᠣᠳᠣᠷᠬᠠᠶ ᠣᠶᠢᠯᠠᠭᠠᠵᠤ ᠪᠠᠶᠢᠨ᠎ᠠ ᠃ ᠬᠣᠶᠠᠷ ᠲᠤ ᠲᠤᠬᠠᠶ ᠶᠢᠨ ᠭᠠᠵᠠᠷ ᠤᠨ ᠤᠯᠤᠰ ᠲᠥᠷᠥ ᠬᠠᠤᠯᠢ ᠴᠠᠭᠠᠵᠠ ᠶᠢᠨ ᠬᠣᠷᠢᠶ᠎ᠠ ᠂ ᠵᠣᠬᠢᠶᠠᠨ ᠪᠠᠶᠢᠭᠤᠯᠬᠤ ᠬᠡᠯᠲᠡᠰ ᠂ ᠣᠷᠣᠨ ᠲᠣᠭᠠᠨ ᠦ ᠠᠯᠪᠠᠨ ᠭᠡᠷ ᠂ ᠡᠳ᠋ ᠦᠨ ᠵᠠᠰᠠᠭ ᠂ ᠠᠵᠢᠯᠲᠠᠨ ᠤ ᠶᠠᠪᠤᠳᠠᠯ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠬᠮᠲᠤᠷᠠᠯᠴᠠᠬᠤ ᠶᠢ ᠰᠠᠶᠢᠲᠤᠷ ᠬᠢᠵᠦ ᠂ ᠢᠳᠡᠪᠬᠢᠲᠡᠶ ᠵᠣᠬᠢᠴᠠᠭᠤᠯᠤᠨ ᠂ ᠴᠠᠭ ᠲᠣᠬᠢᠶᠠᠯ ᠢ ᠠᠮᠵᠢᠨ ᠂ ᠴᠠᠭ ᠲᠤᠬᠠᠶ ᠳᠤᠨᠢ ᠺᠠᠳ᠋ᠷ ᠴᠠᠭᠳᠠᠭ᠎ᠠ ᠶᠢᠨ ᠪᠣᠳᠠᠲᠠᠶ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ ᠃ ᠭᠤᠷᠪᠠ ᠳᠤ ᠥᠷᠢ ᠥᠭᠴᠡᠭᠡ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ ᠃ ᠲᠦᠷᠪᠡ ᠳᠦ ᠵᠠᠷᠢᠮ ᠰᠢᠭᠦᠬᠦ ᠬᠣᠷᠢᠶᠠᠨ ᠤ ᠺᠠᠳ᠋ᠷ ᠴᠠᠭᠳᠠᠭ᠎ᠠ ᠶᠢᠨ ᠴᠠᠯᠢᠩ ᠦᠨ ᠬᠠᠷᠠᠭᠠᠯᠵᠠᠯ ᠢ ᠰᠣᠯᠢᠭᠠᠳᠤᠶ ᠵᠢᠴᠢ ᠨᠢᠭᠡᠨᠲᠡ ᠮᠡᠳᠡᠭᠦᠯᠡᠭᠰᠡᠨ ᠵᠦᠢᠯᠡᠰ ᠮᠥᠨ ᠯᠡ ᠬᠢᠨᠠᠨ ᠵᠦᠪᠰᠢᠶᠡᠷᠡᠭᠡᠳᠦᠢ ᠠᠰᠠᠭᠤᠳᠠᠯ ᠢ ᠴᠠᠭ ᠢ ᠠᠮᠵᠢᠨ ᠰᠢᠶᠳᠪᠦᠷᠢᠯᠡᠬᠦ ᠬᠡᠷᠡᠭᠲᠡᠶ ᠃
ᠯᠢ ᠬᠤᠩ ᠶᠠᠨ ᠳᠠᠷᠤᠭ᠎ᠠ ᠬᠠᠮᠤᠭ ᠰᠡᠭᠦᠯ ᠳᠦ ᠴᠢᠬᠤᠯᠠᠴᠢᠯᠠᠭᠰᠠᠨ ᠨᠢ ᠂ ᠪᠦᠬᠦ ᠬᠤᠳᠠ ᠶᠢᠨ ᠰᠢᠭᠦᠬᠦ ᠬᠣᠷᠢᠶ᠎ᠠ ᠡᠨᠡ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠂ ᠲᠤᠰ ᠬᠣᠷᠢᠶᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ ᠂ ᠢᠳᠡᠪᠬᠢᠲᠡᠶ ᠬᠠᠯᠠᠨ ᠰᠠᠶᠢᠵᠢᠷᠠᠭᠤᠯᠬᠤ ᠂ ᠡᠯ᠎ᠡ ᠵᠦᠢᠯ ᠦᠨ ᠠᠵᠢᠯ ᠢᠶᠠᠨ ᠢᠯᠠᠩᠭᠤᠶ᠎ᠠ ᠰᠢᠭᠦᠬᠦ ᠬᠤᠷᠢᠶᠠᠨ ᠤ ᠥᠭᠡᠷᠡᠴᠢᠯᠡᠯᠲᠡ ᠶᠢ ᠲᠣᠭᠲᠠᠭᠤᠨ ᠪᠥᠭᠡᠳ ᠤᠷᠤᠭᠰᠢᠲᠠᠶ ᠪᠠᠷ ᠲᠦᠯᠬᠢᠨ ᠠᠬᠢᠭᠤᠯᠬᠤ ᠬᠡᠷᠡᠭᠲᠠᠢ ᠭᠡᠪᠡ ᠃
ᠦᠨᠡᠯᠡᠬᠦ 0ᠦᠨᠡᠯᠡᠯᠲᠡ᠎ᠲᠠᠢ