ᠳᠤᠮᠳᠠ ᠵᠡᠷᠭᠡ ᠶᠢᠨ ᠰᠢᠭᠦᠬᠦ ᠬᠤᠷᠢᠶᠠᠨ ᠠᠴᠠ ᠪᠦᠬᠦ ᠬᠤᠲᠠ ᠵᠢᠨ ᠰᠢᠭᠦᠬᠦ ᠬᠣᠷᠢᠶ᠎ᠠ ᠰᠠᠬᠢᠯᠭ᠎ᠠ ᠪᠠᠲᠤ ᠤᠪᠤᠷ ᠰᠤᠷᠲᠠᠯ ᠤᠨ ᠴᠡᠭᠴᠡᠯᠡᠯᠲᠡ ᠲᠤᠰᠭᠠᠢ ᠠᠵᠢᠯᠯᠠᠭ᠎ᠠ ᠦᠷᠨᠢᠭᠦᠯᠪᠡ
2016.08.26 ᠲᠣᠰ ᠥᠷᠲᠡᠭᠡᠨ᠎ᠦ ᠨᠠᠢᠷᠠᠭᠤᠯᠤᠭᠴᠢ

ᠪᠦᠬᠦ ᠬᠣᠲᠠ ᠶᠢᠨ ᠰᠢᠭᠦᠬᠦ ᠬᠣᠷᠢᠶᠠᠨ ᠤ ᠡᠩᠨᠡᠭᠡᠨ ᠦ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠲᠤᠪᠤᠢᠢᠮ᠎ᠠ ᠠᠰᠠᠭᠤᠳᠠᠯ  ᠶᠢ ᠦᠨᠡᠨ ᠬᠦ ᠰᠢᠢᠳᠪᠥᠷᠢᠯᠡᠵᠤ ᠂ ᠠᠷᠠᠳ ᠤᠨ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠡᠷᠬᠡ ᠰᠦᠷ ᠪᠠ ᠬᠠᠤᠯᠢ ᠪᠠᠷᠢᠬᠤ ᠠᠵᠢᠯ ᠤᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠪᠦᠲᠦᠮᠵᠢᠲᠡᠶ ᠬᠠᠮᠠᠭᠠᠯᠠᠬᠤ ᠶᠢᠨ ᠲᠥᠯᠦᠭᠡ᠂ ᠣᠶᠢᠷ᠎ᠠ ᠳᠤ ᠂ ᠬᠤᠲᠠ ᠶᠢᠨ ᠲᠤᠮᠳᠠ ᠵᠡᠷᠭᠡ  ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠠᠷᠤᠮᠠᠯᠯᠠᠨ ᠲᠠᠷᠬᠠᠭᠠᠭᠰᠠᠨ 《 ᠪᠦᠬᠦ ᠬᠣᠲᠠ  ᠶᠢᠨ ᠰᠢᠭᠦᠬᠦ ᠬᠣᠷᠢᠶᠠᠨ ᠳᠤ ᠰᠠᠬᠢᠯᠭ᠎ᠠ ᠪᠠᠲᠤ ᠣᠪᠣᠷ ᠰᠤᠷᠲᠠᠯ ᠤᠨ ᠴᠡᠭᠴᠡᠯᠡᠯᠲᠡ  ᠶᠢᠨ ᠲᠤᠰᠬᠠᠶ ᠵᠦᠢᠯ  ᠤᠨ ᠠᠵᠢᠯᠯᠠᠭ᠎ᠠ ᠥᠷᠨᠢᠭᠦᠯᠬᠦ ᠲᠣᠭᠲᠠᠭᠠᠯ 》 ᠂  8ᠰᠠᠷ᠎ᠠ ᠶᠢᠨ15 ᠤ ᠡᠳᠦᠷ -12ᠰᠠᠷ᠎ᠠ ᠶᠢᠨ15 ᠤ ᠡᠳᠦᠷ ᠪᠣᠯᠲᠠᠯ᠎ᠠ ᠪᠦᠭᠦ ᠬᠤᠲᠠ ᠶᠢᠨ ᠰᠢᠭᠦᠬᠦ ᠬᠣᠷᠢᠶ᠎ᠠ ᠠᠴᠠ ᠳᠥᠷᠪᠡᠨ ᠰᠠᠷ᠎ᠠ ᠶᠢᠨ ᠰᠠᠬᠢᠯᠭ᠎ᠠ ᠪᠠᠲᠤ ᠣᠪᠣᠷ ᠰᠤᠷᠲᠠᠯ ᠤᠨ ᠴᠡᠭᠴᠡᠯᠡᠯᠲᠡ ᠶᠢ ᠲᠤᠰᠬᠠᠶ ᠵᠦᠢᠯ  ᠤᠨ ᠠᠵᠢᠯᠯᠠᠭ᠎ᠠ ᠦᠷᠨᠢᠭᠦᠯᠪᠡ ᠃

  ᠡᠨᠡ ᠤᠳᠠᠭᠠᠨ ᠤ ᠰᠠᠬᠢᠯᠭ᠎ᠠ ᠪᠠᠲᠤ ᠣᠪᠣᠷ ᠰᠤᠷᠲᠠᠯ ᠤᠨ ᠴᠡᠭᠴᠡᠯᠡᠯᠲᠡ ᠶᠢ ᠲᠤᠰᠬᠠᠶ ᠵᠦᠢᠯ  ᠤᠨ ᠠᠵᠢᠯᠯᠠᠭ᠎ᠠ ᠭᠣᠣᠯᠳᠠᠭᠤ ᠴᠡᠭᠴᠡᠯᠡᠨ ᠰᠠᠶᠢᠵᠢᠷᠠᠭᠤᠯᠬᠤ ᠠᠷᠪᠠᠨ ᠵᠦᠢᠯ ᠦᠨ ᠭᠣᠣᠯ ᠠᠭᠤᠯᠭ᠎ᠠ ᠲᠠᠢ ᠃ ᠨᠢᠭᠡ ᠳᠦ ᠰᠢᠭᠦᠬᠦ ᠬᠣᠷᠢᠶᠠᠨ ᠤ 《 ᠤᠳᠤᠷᠢᠳᠤᠭᠴᠢ》 ᠶᠢᠨ  ᠤᠯᠤᠰ ᠲᠦᠷᠦ ᠶᠢᠨ ᠰᠠᠬᠢᠯᠭ᠎ᠠ ᠪᠠᠲᠤ ᠶᠢ ᠴᠡᠭᠴᠡᠯᠡᠨ ᠥᠭᠡᠷᠡᠴᠢᠯᠡᠵᠦ ᠂ ᠤᠯᠤᠰ ᠲᠥᠷᠥ ᠶᠢᠨ ᠲᠠᠨᠢᠯᠲᠠ ᠪᠠᠷ ᠳᠤᠲᠠᠮᠠᠭ ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠳᠦᠷᠢᠮ  ᠢ   ᠵᠥᠷᠢᠴᠡᠵᠦ ᠂ ᠤᠯᠤᠰ ᠲᠦᠷᠦ ᠶᠢᠨ ᠤᠬᠠᠮᠰᠠᠷ ᠂ ᠶᠡᠬᠡ ᠲᠠᠯ᠎ᠠ ᠶᠢᠨ ᠤᠬᠠᠮᠰᠠᠷ ᠂ ᠭᠣᠣᠯᠯᠠᠬᠤ ᠦᠵᠡᠯ ᠤᠬᠠᠮᠰᠠᠷ ᠪᠠ ᠲᠡᠷᠢᠭᠦᠨ ᠦ ᠬᠢ ᠲᠡᠶ ᠵᠡᠷᠭᠡᠴᠡᠬᠦ ᠪᠡᠷ ᠴᠢᠷᠮᠠᠶᠢᠳᠠᠭ ᠦᠵᠡᠯ ᠤᠬᠠᠮᠰᠠᠷ ᠥᠨᠳᠥᠷ ᠪᠤᠰᠤ ᠠᠰᠠᠭᠤᠳᠠᠯ ᠢ ᠥᠭᠡᠷᠡᠴᠢᠯᠡᠨ᠎ᠡ ; ᠬᠣᠶᠠᠷ ᠨᠢ ᠰᠢᠭᠦᠬᠦ ᠬᠣᠷᠢᠶᠠᠨ ᠤ ᠤᠳᠤᠷᠢᠳᠬᠤ ᠪᠠᠭ ᠂ ᠢᠯᠠᠩᠭᠤᠶ᠎ᠠ 《ᠤᠳᠤᠷᠢᠳᠤᠭᠴᠢ》  ᠶᠢᠨ ᠣᠷᠣᠰᠢᠵᠤ ᠪᠠᠶᠢᠭ᠎ᠠ ᠲᠥᠪ ᠬᠣᠷᠢᠶᠠᠨ ᠤ 《 ᠨᠠᠶᠮᠠᠨ ᠵᠦᠢᠯ ᠦᠨ ᠲᠣᠭᠲᠠᠭᠠᠯ 》ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ 28 ᠵᠦᠢᠯ ᠦᠨ ᠲᠣᠭᠲᠠᠭᠠᠯ ᠢ ᠪᠠ ᠬᠤᠲᠠ ᠶᠢᠨ ᠨᠠᠮ ᠤᠨ ᠬᠣᠷᠢᠶ᠎ᠠ 21 ᠵᠤᠷᠪᠤᠰ ᠪᠣᠳᠠᠲᠠᠶ ᠲᠣᠭᠲᠠᠭᠠᠯ  ᠢ ᠵᠦᠷᠢᠴᠡᠵᠤ  ᠪᠠᠢᠭ᠎ᠠᠲᠤᠬᠠᠶ ᠠᠰᠠᠭᠤᠳᠠᠯ  ᠢ ᠴᠡᠭᠴᠡᠯᠡᠨ᠎ᠡ; ᠭᠤᠷᠪᠠ ᠳᠤ ᠂ ᠠᠵᠢᠯ   ᠤᠨ ᠰᠠᠬᠢᠯᠭ᠎ᠠ ᠪᠠᠲᠤ ᠰᠤᠯᠠ ᠨᠠᠵᠠᠭᠠᠶ ᠂ ᠰᠢᠭᠦᠨ ᠲᠠᠰᠤᠯᠬᠤ ᠰᠠᠬᠢᠯᠭ᠎ᠠ ᠪᠠᠲᠤ ᠰᠤᠯᠠ᠂ ᠴᠢᠩᠭ᠎ᠠ ᠰᠠᠬᠢᠯᠭ᠎ᠠ ᠪᠠᠲᠤ ᠦᠭᠡᠢ ᠂ ᠲᠦᠷᠢᠮ ᠢ ᠨᠡᠷ᠎ᠡ ᠶᠢᠨ ᠲᠡᠳᠦᠶ ᠪᠣᠯᠭᠠᠵᠤ ᠂ ᠬᠢᠨᠠᠯᠲᠠ ᠲᠠᠯᠪᠢᠬᠤ ᠠᠵᠢᠯ ᠭᠦᠢᠴᠡᠳ ᠪᠤᠰᠤ ᠠᠰᠠᠭᠤᠳᠠᠯ  ᠢ ᠴᠡᠭᠴᠡᠯᠡᠨ ᠥᠭᠡᠷᠡᠴᠢᠯᠡᠬᠦ ; ᠲᠦᠷᠪᠡ ᠳᠦ ᠠᠵᠢᠯ ᠤᠨ ᠳᠤᠮᠳᠠ ᠡᠰᠡ ᠬᠢᠭᠰᠡᠨ ᠤᠢᠢᠯᠠ ᠠᠵᠢᠯᠯᠠᠭ᠎ᠠ ᠂ ᠠᠵᠢᠯᠯᠠᠭ᠎ᠠ ᠨᠢ ᠤᠳᠠᠭᠠᠨ ᠪᠠᠶᠢᠬᠤ ᠂ ᠳᠤᠷ᠎ᠠ ᠪᠠᠷ ᠦᠢᠯᠡᠳᠬᠦ ᠂ ᠤᠴᠢᠷ ᠶᠠᠪᠤᠳᠠᠯ ᠲᠣᠬᠢᠶᠠᠯᠳᠤᠪᠠᠯ ᠬᠠᠷᠢᠯᠴᠠᠨ ᠲᠦᠯᠬᠢᠯᠴᠡᠬᠦ ᠂ ᠪᠡᠷᠬᠡᠲᠠᠢ ᠠᠰᠠᠭᠤᠳᠠᠯ ᠠᠴᠠ ᠤᠬᠤᠷᠢᠬᠤ ᠂ ᠠᠰᠠᠭᠤᠳᠠᠯ ᠲᠤᠯᠭᠠᠷᠠᠪᠠᠯ ᠲᠦᠯᠬᠢᠬᠦ ᠂ ᠵᠥᠷᠢᠴᠡᠯ ᠡᠴᠡ ᠵᠠᠢᠯᠠᠵᠤ ᠪᠤᠯᠬᠠᠢᠯᠠᠬᠤ ᠵᠡᠷᠭᠡ ᠠᠰᠠᠭᠤᠳᠠᠯ ᠢ ᠴᠡᠭᠴᠡᠯᠡᠨ ᠥᠭᠡᠷᠡᠴᠢᠯᠡᠨ᠎ᠡ ; ᠲᠠᠪᠤ ᠨᠢ ᠦᠢᠯᠡᠴᠢᠯᠡᠭᠡᠨ ᠦ ᠤᠬᠠᠮᠰᠠᠷ ᠨᠢ ᠴᠢᠩᠭ᠎ᠠ ᠪᠢᠰᠢ ᠂ ᠠᠵᠢᠯ ᠤᠨ ᠣᠪᠣᠷ ᠠᠨᠠᠶ ᠂ ᠲᠤᠬᠠᠶ ᠶᠢᠨ ᠬᠥᠮᠦᠨ ᠬᠦᠯᠢᠶᠡᠨ ᠠᠪᠬᠤ ᠤᠪᠤᠷ ᠮᠠᠭᠤ ᠂ ᠣᠶᠢᠰᠢᠶᠠᠬᠤ ᠤᠢᠭᠡᠢ ᠂ ᠣᠮᠣᠷᠬᠠᠭ ᠳᠡᠭᠡᠷᠡᠩᠭᠦᠶ ᠂ ᠡᠭᠦᠳᠡ ᠪᠡᠷ ᠨᠢ ᠣᠷᠣᠬᠤ ᠳᠤ ᠬᠦᠴᠢᠷ ᠂ ᠬᠡᠯᠡᠬᠦ ᠶᠢ ᠨᠢ ᠰᠣᠨᠣᠰᠬᠤ ᠳᠤ ᠪᠡᠷᠬᠡ ᠂ ᠠᠵᠢᠯ ᠪᠦᠲᠦᠭᠡᠬᠦ ᠳᠦ ᠬᠦᠴᠢᠷ ᠠᠰᠠᠭᠤᠳᠠᠯ  ᠢ ᠴᠡᠭᠴᠡᠯᠡᠵᠦ ᠥᠭᠡᠷᠡᠴᠢᠯᠡᠨ᠎ᠡ ; ᠵᠢᠷᠭᠤᠭ᠎ᠠ ᠨᠢ ᠂ 《 ᠭᠤᠷᠪᠠᠨ ᠵᠦᠢᠯ ᠦᠨ ᠠᠯᠪᠠᠨ ᠤ ᠵᠠᠷᠤᠳᠠᠯ 》  ᠤᠨ ᠬᠡᠷᠡᠭᠯᠡᠭᠡᠨ ᠦ ᠰᠠᠬᠢᠯᠭ᠎ᠠ ᠪᠠᠲᠤ ᠶᠢ ᠵᠥᠷᠢᠴᠡᠵᠦ ᠂ ᠳᠤᠷ᠎ᠠ ᠪᠠᠷ ᠢᠶᠠᠨ ᠱᠠᠩᠨᠠᠯ ᠭᠠᠷᠭᠠᠬᠤ᠂ ᠠᠯᠪᠠᠨ ᠤ ᠵᠣᠭᠣᠰ ᠢᠶᠠᠷ ᠵᠤᠭᠠᠴᠠᠬᠤ ᠂ ᠲᠣᠭᠲᠠᠭᠠᠯ ᠠᠴᠠ ᠵᠥᠷᠢᠴᠡᠨ ᠠᠯᠪᠠᠨ ᠬᠡᠷᠡᠭ ᠦᠨ ᠲᠡᠷᠭᠡ ᠬᠡᠷᠡᠭᠯᠡᠬᠦ ᠠᠰᠠᠭᠤᠳᠠᠯ ᠵᠡᠷᠭᠡ ᠶᠢ ᠴᠡᠭᠴᠡᠯᠡᠵᠦ ᠥᠭᠡᠷᠡᠴᠢᠯᠡᠨ᠎ᠡ ᠎; ᠳᠣᠯᠣᠳᠤᠭᠠᠷ ᠨᠢ ᠴᠡᠭᠴᠡᠯᠡᠵᠦ ᠥᠭᠡᠷᠡᠴᠢᠯᠡᠨ᠎ᠡ ᠂ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ  ᠢ ᠳᠠᠷᠤᠭᠠᠳ ᠪᠠᠶᠢᠴᠠᠭᠠᠬᠤ ᠦᠭᠡᠶ ᠂ ᠤᠳᠠᠭᠠᠰᠢᠷᠠᠭᠤᠯᠤᠭᠰᠠᠨ ᠬᠡᠷᠡᠭ ᠢ ᠮᠡᠳᠡᠭᠦᠯᠬᠦ ᠦᠭᠡᠢ ᠠᠰᠠᠭᠤᠳᠠᠯ  ᠢ ᠴᠡᠭᠴᠡᠯᠡᠵᠦ ᠥᠭᠡᠷᠡᠴᠢᠯᠡᠨ᠎ᠡ ᠎; ᠨᠠᠶᠮᠠᠨ ᠨᠢ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ ᠂ ᠡᠷᠬᠡ ᠪᠡᠨ ᠠᠰᠢᠭᠯᠠᠨ ᠠᠮᠢ ᠪᠠᠨ ᠪᠣᠷᠳᠣᠬᠤ ᠂ ᠨᠠᠶᠢᠷ ᠲᠠᠯ᠎ᠠ ᠪᠠᠷ ᠬᠡᠷᠡᠭ ᠰᠢᠶᠳᠪᠦᠷᠢᠯᠡᠬᠦ ᠂ ᠵᠣᠭᠣᠰ ᠮᠥᠩᠭᠥ ᠪᠡᠷ ᠬᠡᠷᠡᠭ ᠰᠢᠶᠳᠪᠦᠷᠢᠯᠡᠵᠦ ᠪᠠᠶᠢᠭ᠎ᠠ ᠠᠰᠠᠭᠤᠳᠠᠯ  ᠢ ᠴᠡᠭᠴᠡᠯᠡᠵᠦ ᠥᠭᠡᠷᠡᠴᠢᠯᠡᠨ᠎ᠡ ; ᠶᠢᠰᠦ ᠨᠢ 《 ᠲᠠᠪᠤ ᠶᠢ ᠴᠢᠩᠭ᠎ᠠ ᠴᠠᠭᠠᠵᠠᠯᠠᠬᠤ 》 ᠲᠣᠭᠲᠠᠭᠠᠯ ᠢ ᠵᠥᠷᠢᠴᠡᠵᠦ ᠂ ᠰᠢᠭᠦᠨ ᠲᠠᠰᠤᠯᠬᠤ ᠂ ᠭᠦᠢᠴᠡᠳᠬᠡᠬᠦ ᠠᠵᠢᠯ ᠤᠨ ᠳᠤᠮᠳᠠ ᠶᠠᠩᠵᠤ ᠪᠦᠷᠢ ᠶᠢᠨ ᠰᠠᠶᠢᠬᠠᠨ ᠨᠡᠷ᠎ᠡ ᠪᠡᠷ ᠂ ᠬᠠᠷᠰᠢ ᠰᠠᠭᠠᠳ ᠭᠠᠷᠭᠠᠬᠤ ᠂ ᠢᠳᠡᠬᠦ ᠠᠪᠬᠤ ᠭᠠᠴᠢᠬᠤ ᠨᠡᠬᠡᠬᠦ ᠠᠰᠠᠭᠤᠳᠠᠯ  ᠢ ᠴᠡᠭᠴᠡᠯᠡᠵᠦ ᠥᠭᠡᠷᠡᠴᠢᠯᠡᠨ᠎ᠡ ; ᠠᠷᠪᠠ ᠨᠢ ᠂ ᠵᠦᠢ ᠶᠣᠰᠣᠨ ᠤ ᠤᠴᠢᠷ ᠰᠢᠯᠲᠠᠭᠠᠨ ᠦᠭᠡᠢ ᠪᠡᠷ ᠬᠡᠷᠡᠭ ᠪᠣᠯᠭᠠᠨ ᠳᠠᠩᠰᠠᠯᠠᠬᠤ ᠵᠢ ᠲᠡᠪᠴᠢᠬᠦ᠂ ᠬᠡᠷᠡᠭ ᠢ ᠬᠤᠢᠰᠢᠯᠠᠭᠤᠯᠤᠭᠠᠳ ᠬᠢᠬᠦ ᠦᠭᠡᠢ ᠂ ᠬᠡᠷᠡᠭ ᠢ ᠰᠢᠭᠦᠬᠦ ᠂ ᠭᠦᠢᠴᠡᠳᠬᠡᠬᠦ ᠰᠢᠭᠦᠬᠦ ᠬᠤᠭᠤᠴᠠᠭ᠎ᠠ ᠠᠴᠠ ᠳᠠᠪᠠᠭᠤᠯᠤᠭᠰᠠᠨ ( ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ ᠦᠭᠡᠢ) ᠵᠡᠷᠭᠡ ᠲᠥᠷᠢᠮ ᠲᠣᠭᠲᠠᠭᠠᠯ ᠠᠴᠠ ᠵᠥᠷᠢᠴᠡᠨ ᠬᠡᠷᠡᠭ ᠰᠢᠶᠳᠪᠦᠷᠢᠯᠡᠭᠰᠡᠨ ᠦᠢᠯᠡ ᠠᠵᠢᠯᠯᠠᠭ᠎ᠠ ᠂ ᠭᠦᠢᠴᠡᠳᠬᠡᠬᠦ ᠬᠡᠷᠡᠭ ᠢ ᠲᠦᠷᠦᠯ ᠬᠤᠪᠢᠶᠠᠨ ᠢᠯᠭᠠᠷᠠᠭᠤᠯᠬᠤ ᠰᠢᠰᠲ᠋ᠧᠮ ᠳ᠋ᠤ ᠴᠠᠭ ᠲᠤᠬᠠᠢ ᠳᠤᠨᠢ ᠰᠢᠩᠭᠡᠭᠡᠨ ᠤᠷᠤᠭᠤᠯᠬᠤ ᠦᠭᠡᠢ ᠵᠡᠷᠭᠡ ᠠᠰᠠᠭᠤᠳᠠᠯ ᠢ ᠴᠡᠭᠴᠡᠯᠡᠵᠦ ᠥᠭᠡᠷᠡᠴᠢᠯᠡᠨ᠎ᠡ ᠃

   ᠴᠡᠭᠴᠡᠯᠡᠬᠦ ᠠᠵᠢᠯᠯᠠᠭ᠎ᠠ ᠨᠢ ᠠᠰᠠᠭᠤᠳᠠᠯ ᠢ ᠰᠢᠶᠳᠪᠦᠷᠢᠯᠡᠵᠦ ᠂ ᠰᠠᠬᠢᠯᠭ᠎ᠠ ᠪᠠᠲᠤ ᠶᠢ ᠴᠢᠩᠭ᠎ᠠ ᠲᠣᠳᠣᠷᠬᠠᠶ ᠪᠣᠯᠭᠠᠵᠤ ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠂ ᠠᠵᠢᠯ ᠤᠨ ᠠᠬᠢᠴᠠ ᠪᠡᠨ ᠠᠬᠢᠭᠤᠯᠬᠤ ᠵᠣᠷᠢᠯᠭ᠎ᠠ ᠳ᠋ᠤ ᠪᠠᠨ ᠬᠦᠷᠬᠦ ᠶᠢ ᠦᠨᠡᠨ ᠬᠦ ᠪᠠᠲᠤᠯᠠᠬᠤ ᠶᠢᠨ ᠲᠥᠯᠥᠭᠡ ᠳᠣᠣᠷᠠᠬᠢ ᠱᠠᠭᠠᠷᠳᠠᠯ᠍ᠭ᠎ᠠ ᠵᠢ ᠳᠤᠷᠠᠳᠪᠠ ᠃ ᠠᠵᠢᠯᠯᠠᠭ᠎ᠠ  ᠶᠢᠨ ᠱᠠᠭᠠᠷᠳᠠᠯᠭ᠎ᠠ  ᠶᠢ ᠄ ᠨᠢᠭᠡ ᠂ ᠵᠣᠬᠢᠶᠠᠨ ᠪᠠᠶᠢᠭᠤᠯᠤᠯᠲᠠ  ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ ᠃ ᠡᠯ᠎ᠡ ᠬᠣᠰᠢᠭᠤ ᠲᠣᠭᠣᠷᠢᠭ ᠤᠨ ᠰᠢᠭᠦᠬᠦ ᠬᠣᠷᠢᠶ᠎ᠠ ᠪᠠ ᠲᠤᠰ ᠬᠣᠷᠢᠶᠠᠨ ᠤ ᠡᠯ᠎ᠡ ᠰᠠᠯᠠᠭ᠎ᠠ ᠮᠥᠴᠢᠷ ᠦᠨ ᠬᠢᠨ ᠡᠨᠡ ᠤᠳᠠᠭᠠᠨ ᠤ ᠰᠠᠬᠢᠯᠭ᠎ᠠ ᠪᠠᠲᠤ ᠣᠪᠣᠷ ᠰᠤᠷᠲᠠᠯ ᠤᠨ ᠴᠡᠭᠴᠡᠯᠡᠯᠲᠡ ᠶᠢ ᠲᠤᠰᠬᠠᠶ ᠵᠦᠢᠯ  ᠤᠨ ᠠᠵᠢᠯᠯᠠᠭ᠎ᠠ ᠥᠷᠨᠢᠭᠦᠯᠬᠦ ᠴᠢᠬᠤᠯᠠ ᠴᠢᠨᠠᠷ ᠪᠠ ᠲᠤᠯᠭᠠᠮ᠎ᠠ ᠴᠢᠨᠠᠷ  ᠢ ᠭᠦᠢᠴᠡᠳ ᠲᠠᠨᠢᠵᠤ ᠂ ᠡᠯ᠎ᠡ ᠬᠣᠰᠢᠭᠤ ᠲᠣᠭᠣᠷᠢᠭ ᠤᠨ ᠰᠢᠭᠦᠬᠦ ᠬᠣᠷᠢᠶ᠎ᠠ ᠨᠤᠭᠤᠳ ᠰᠠᠬᠢᠯᠭ᠎ᠠ ᠪᠠᠲᠤ ᠣᠪᠣᠷ ᠰᠤᠷᠲᠠᠯ ᠤᠨ ᠴᠡᠭᠴᠡᠯᠡᠯᠲᠡ  ᠶᠢᠨ ᠲᠤᠰᠬᠠᠶ ᠠᠵᠢᠯᠯᠭ᠎ᠠ  ᠶᠢᠨ ᠤᠳᠤᠷᠢᠳᠬᠤ ᠳᠤᠭᠤᠶᠢᠯᠠᠩ  ᠢ ᠦᠳᠲᠡᠷ ᠲᠦᠷᠭᠡᠨ ᠪᠠᠶᠢᠭᠤᠯᠵᠤ ᠂ 《 ᠤᠳᠤᠷᠢᠳᠤᠭᠴᠢ 》 ᠥᠪᠡᠷ ᠦᠨ ᠪᠡᠶ᠎ᠡ ᠪᠡᠷ  ᠢᠶᠡᠨ ᠬᠠᠷᠢᠭᠤᠴᠠᠵᠤ ᠂ ᠠᠷᠪᠠᠨ ᠵᠦᠢᠯ ᠦᠨ ᠴᠡᠭᠴᠡᠯᠡᠨ ᠥᠭᠡᠷᠡᠴᠢᠯᠡᠬᠦ ᠭᠣᠣᠯᠳᠠᠯᠭ᠎ᠠ ᠲᠠᠶ ᠠᠵᠢᠯ ᠳᠤ ᠴᠢᠭᠯᠡᠭᠦᠯᠦᠨ ᠂ ᠲᠤᠰ ᠬᠣᠷᠢᠶ᠎ᠠ ᠂ ᠲᠤᠰ ᠰᠠᠯᠠᠭ᠎ᠠ ᠮᠥᠴᠢᠷ ᠦᠨ ᠢᠶᠡᠨ ᠰᠠᠬᠢᠯᠭ᠎ᠠ ᠪᠠᠲᠤ ᠣᠪᠣᠷ ᠰᠤᠷᠲᠠᠯ ᠤᠨ ᠴᠡᠭᠴᠡᠯᠡᠯᠲᠡ ᠶᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ ᠂ ᠡᠭᠦᠨ ᠦ ᠬᠠᠮᠲᠤ ᠲᠦᠷᠦᠭᠦᠯᠡᠨ ᠠᠰᠠᠭᠤᠳᠠᠯ  ᠢ ᠢᠯᠡᠷᠡᠭᠦᠯᠦᠨ ᠰᠢᠶᠳᠪᠦᠷᠢᠯᠡᠵᠦ ᠂ ᠪᠡᠶ᠎ᠡ ᠪᠡᠷ ᠢᠶᠡᠨ ᠲᠦᠷᠦᠭᠦᠯᠡᠨ ᠵᠠᠳᠠᠯᠤᠨ ᠰᠢᠨᠵᠢᠯᠡᠵᠦ ᠂ ᠡᠷᠭᠢᠴᠡᠭᠦᠯᠦᠨ ᠪᠣᠳᠣᠯᠬᠢᠯᠠᠵᠤ ᠂ ᠴᠡᠭᠴᠡᠯᠡᠵᠦ ᠥᠭᠡᠷᠡᠴᠢᠯᠡᠬᠦ ᠠᠰᠠᠭᠤᠳᠠᠯ ᠳᠤ ᠺᠠᠳ᠋ᠷ ᠴᠠᠭᠳᠠᠭ᠎ᠠ ᠨᠠᠷ ᠤᠨ ᠳᠠᠭᠤᠷᠢᠶᠠᠯ ᠪᠤᠯᠵᠤ ᠠᠵᠢᠯᠯᠠᠭ᠎ᠠ ᠶᠢᠨ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠠᠢ ᠃ ᠬᠣᠶᠠᠷ ᠲᠤ ᠪᠣᠳᠠᠲᠤ ᠪᠦᠲᠦᠮᠵᠢ ᠤᠯᠬᠤ  ᠵᠢ ᠪᠠᠷᠢᠮᠲᠠᠯᠠᠬᠤ ᠬᠡᠷᠡᠭᠲᠡᠶ ᠃ ᠴᠡᠭᠴᠡᠯᠡᠬᠦ ᠠᠵᠢᠯᠯᠠᠭ᠎ᠠ ᠪᠠ ᠰᠢᠭᠦᠬᠦ ᠬᠣᠷᠢᠶᠠᠨ ᠤ ᠪᠣᠳᠠᠲᠤ ᠠᠵᠢᠯ  ᠵᠢ ᠤᠶᠠᠯᠳᠤᠭᠤᠯᠬᠤ ᠬᠡᠷᠡᠭᠲᠡᠶ ᠂ ᠣᠳᠣᠬᠠᠨ ᠤ ᠥᠷᠨᠢᠭᠦᠯᠵᠦ ᠪᠠᠶᠢᠭ᠎ᠠ 《 ᠰᠢᠭᠦᠬᠦ ᠪᠠ ᠭᠦᠢᠴᠡᠳᠬᠡᠬᠦ ᠶᠢ ᠵᠠᠭᠤᠨ ᠡᠳᠦᠷ ᠦᠨ ᠬᠣᠣᠰ ᠪᠡᠬᠢᠯᠡᠯᠲᠡ ᠰᠢᠪᠲᠤᠯᠬᠤ 》 ᠲᠤᠰᠬᠠᠶ ᠵᠦᠢᠯ ᠦᠨ ᠠᠵᠢᠯᠯᠠᠭ᠎ᠠ ᠪᠠ ᠬᠠᠤᠯᠢ ᠶᠢᠨ ᠲᠤᠰᠢᠶᠠᠯᠲᠠᠨ ᠤ ᠳᠤᠭᠲᠠᠭᠠᠯ ᠨᠤᠷᠮ᠎ᠠ ᠵᠡᠷᠭᠡ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠠᠵᠢᠯ ᠲᠠᠢ ᠤᠶᠠᠯᠳᠤᠭᠤᠯᠬᠤ ᠂ 《 ᠬᠣᠶᠠᠷ ᠢ ᠪᠦᠷ ᠰᠠᠭᠠᠲᠠᠭᠠᠬᠤ ᠦᠭᠡᠢ ᠪᠠᠢᠵᠤ᠂ ᠬᠣᠶᠠᠷ ᠢ ᠬᠠᠷᠢᠯᠴᠠᠨ ᠠᠬᠢᠭᠤᠯᠬᠤ 》 ᠶᠢ ᠦᠨᠡᠨ ᠬᠦ ᠪᠡᠶᠡᠯᠡᠭᠦᠯᠬᠦ ᠬᠡᠷᠡᠭᠲᠡᠶ ᠃ ᠰᠤᠷᠤᠯᠴᠠᠬᠤ ᠶᠢᠨ ᠳᠠᠭᠠᠤ ᠵᠠᠯᠠᠷᠠᠭᠤᠯᠬᠤ ᠂ ᠪᠠᠶᠢᠴᠠᠭᠠᠬᠤ ᠶᠢᠨ ᠳᠠᠭᠠᠤ ᠵᠠᠯᠠᠷᠠᠭᠤᠯᠬᠤ ᠂ ᠴᠡᠭᠴᠡᠯᠡᠬᠦ ᠶᠢᠨ ᠬᠠᠮᠲᠤ ᠵᠠᠯᠠᠷᠠᠭᠤᠯᠬᠤ ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠢᠶᠳᠪᠦᠷᠢᠯᠡᠬᠦ ᠂ ᠶᠠᠮᠠᠷ ᠠᠰᠠᠭᠤᠳᠠᠯ ᠨᠢ ᠲᠣᠪᠣᠶᠢᠮ᠎ᠠ ᠪᠠᠶᠢᠪᠠᠯ ᠲᠡᠷᠡ ᠠᠰᠠᠭᠤᠳᠠᠯ ᠢ ᠨᠢ ᠬᠦᠴᠦᠯᠡᠨ ᠰᠢᠢᠳᠪᠥᠷᠢᠯᠡᠬᠦ ᠵᠢ ᠪᠠᠷᠢᠮᠲᠠᠯᠠᠵᠤ ᠂ ᠴᠡᠭᠴᠡᠯᠡᠯᠲᠡ ᠶᠢᠨ ᠠᠵᠢᠯ ᠪᠤᠳᠠᠲᠤ ᠠᠮᠵᠢᠯᠲᠠ ᠤᠯᠬᠤ ᠶᠢ ᠦᠨᠡᠨᠬᠦ ᠪᠠᠲᠤᠯᠠᠬᠤ ᠬᠡᠷᠡᠭᠲᠠᠢ᠃ ᠭᠤᠷᠪᠠ ᠳ᠋ᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠶ ᠃ ᠪᠦᠬᠦ ᠬᠣᠲᠠ ᠶᠢᠨ ᠬᠣᠶᠠᠷ ᠱᠠᠲᠤᠨ ᠤ ᠰᠢᠭᠦᠬᠦ ᠬᠣᠷᠢᠶ᠎ᠠ ᠨᠤᠭᠤᠳ ᠪᠠᠶᠢᠴᠠᠭᠠᠵᠤ ᠭᠠᠷᠭᠠᠭᠰᠠᠨ ᠠᠰᠠᠭᠤᠳᠠᠯ   ᠢ ᠬᠢᠨᠠᠮᠠᠭᠠᠶ ᠡᠮᠬᠢᠯᠡᠨ ᠲᠢᠭᠯᠡᠵᠦ ᠂ ᠨᠠᠷᠢᠨ ᠨᠢᠮᠪᠠᠶ ᠰᠤᠳᠤᠯᠵᠤ ᠂ ᠬᠦᠴᠦᠲᠡᠶ ᠠᠷᠭ᠎ᠠ ᠬᠡᠮᠵᠢᠶ᠎ᠡ ᠲᠣᠭᠲᠠᠭᠠᠵᠤ ᠂ ᠲᠣᠳᠣᠷᠬᠠᠶ ᠬᠠᠷᠢᠭᠤᠴᠠᠯᠭᠠᠲᠠᠨ  ᠢ ᠲᠤᠭᠲᠠᠭᠠᠨ᠂ ᠴᠡᠭᠴᠡᠯᠡᠨ ᠦᠭᠡᠷᠡᠴᠢᠯᠡᠬᠦ ᠶᠢ ᠨᠠᠢᠳᠠᠪᠤᠷᠢᠵᠢᠭᠤᠯᠬᠤ ᠬᠡᠷᠡᠭᠲᠠᠢ᠃ ᠤᠨᠴᠠᠭᠠᠢᠯᠠᠨ ᠰᠤᠷᠲᠠᠯ ᠢᠶᠠᠨ ᠬᠤᠪᠢᠷᠠᠭᠤᠯᠵᠤ ᠂ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠵᠢ ᠬᠢᠵᠠᠭᠠᠷᠯᠠᠬᠤ ᠵᠡᠷᠭᠡ ᠤᠯᠠᠨ ᠲᠦᠮᠡᠨ ᠦ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ  ᠢ ᠲᠥᠪᠯᠡᠷᠡᠭᠦᠯᠦᠨ ᠰᠢᠢᠳᠪᠥᠷᠢᠯᠡᠵᠦ ᠂ ᠡᠬᠢ ᠰᠤᠷᠪᠤᠯᠵᠢ  ᠶᠢ ᠨᠢ ᠭᠦᠨ ᠭᠦᠨᠵᠡᠭᠡᠶ ᠵᠠᠳᠠᠯᠵᠤ ᠂ ᠵᠣᠬᠢᠴᠠᠩᠭᠤᠶ ᠠᠵᠢᠯ ᠤᠨ ᠳᠦᠷᠢᠮ ᠢ ᠲᠣᠭᠲᠠᠭᠠᠬᠤ ᠪᠠ ᠠᠵᠢᠯ ᠤᠨ ᠠᠷᠭ᠎ᠠ ᠬᠡᠮᠵᠢᠶ᠎ᠡ ᠠᠪᠬᠤ ᠬᠡᠷᠡᠭᠲᠠᠢ᠃ ᠲᠦᠷᠪᠡ ᠳ᠋ᠤ᠂ ᠤᠬᠠᠭᠤᠯᠵᠤ ᠬᠥᠲᠥᠯᠥᠨ ᠵᠢᠯᠣᠭᠣᠳᠬᠤ ᠵᠢ ᠰᠠᠢᠲᠤᠷ ᠬᠢᠬᠦ ᠬᠡᠷᠡᠭᠲᠡᠶ ᠃ ᠤᠯᠠᠮᠵᠢᠯᠠᠯᠲᠤ ᠵᠠᠭᠤᠴᠢ  ᠶᠢᠨ ᠳᠠᠪᠠᠭᠤᠯᠢᠭ ᠲᠠᠯ᠎ᠠ ᠶᠢ ᠭᠦᠢᠴᠡᠳ ᠪᠠᠳᠠᠷᠠᠭᠤᠯᠵᠤ ᠂ ᠰᠢᠨ᠎ᠡ ᠪᠡᠷ ᠬᠥᠭᠵᠢᠭᠰᠡᠨ ᠵᠠᠭᠤᠴᠢᠯᠠᠭᠤᠷ ᠤᠨ ᠬᠦᠴᠦᠨ ᠶᠡᠬᠡᠪᠡᠷ ᠠᠰᠢᠭᠯᠠᠨ ᠂ ᠣᠯᠠᠨ ᠬᠠᠷᠠᠭᠠᠰᠤ ᠂ ᠭᠦᠨ ᠲᠡᠰ ᠳᠠᠪᠬᠤᠷᠭ᠎ᠠ ᠶᠢᠨ ᠂ᠡᠯ᠎ᠡ ᠲᠠᠯ᠎ᠠ ᠡᠴᠡ ᠲᠤᠰ ᠤᠳᠠᠭᠠᠨ ᠤ ᠠᠵᠢᠯᠯᠠᠭ᠎ᠠ  ᠶᠢᠨ ᠴᠢᠬᠤᠯᠠ ᠶᠡᠬᠡ ᠠᠴᠢ ᠬᠣᠯᠪᠣᠭᠳᠠᠯ ᠂ ᠠᠵᠢᠯ ᠢ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠂ ᠠᠵᠢᠯᠯᠠᠭ᠎ᠠ  ᠶᠢᠨ ᠣᠯᠤᠭᠰᠠᠨ ᠴᠢᠬᠤᠯᠠ ᠦᠷ᠎ᠡ ᠪᠦᠲᠦᠭᠡᠯ  ᠢ ᠤᠬᠠᠭᠤᠯᠵᠤ᠂ ᠴᠢᠨᠠᠭᠰᠢᠳᠠ ᠰᠢᠭᠦᠬᠦ ᠬᠣᠷᠢᠶᠠᠨ ᠤ ᠡᠩᠨᠡᠭᠡ ᠶᠢᠨ ᠴᠣᠭ ᠵᠠᠯᠢ ᠰᠦ᠋ᠷ ᠰᠦᠯᠳᠡ ᠶᠢ ᠬᠦᠭᠵᠢᠭᠡᠨ ᠂ ᠰᠢᠭᠦᠬᠦ ᠬᠣᠷᠢᠶᠠᠨ ᠤ ᠡᠩᠨᠡᠭᠡ ᠶᠢᠨ ᠰᠢᠨ᠎ᠡ ᠬᠡᠪ ᠪᠠᠶᠢᠳᠠᠯ ᠦᠵᠡᠭᠦᠯᠬᠦ ᠬᠡᠷᠡᠭᠲᠠᠢ᠃ ᠡᠭᠦᠨ ᠦ ᠬᠠᠮᠲᠤ ᠰᠠᠢᠢᠨ ᠲᠤᠷᠰᠢᠯᠭ᠎ᠠ ᠰᠠᠢᠢᠨ ᠠᠷᠭ᠎ᠠ ᠪᠠᠷᠢᠯ ᠢ ᠳ᠋ᠦᠩᠨᠡᠨ ᠳᠡᠯᠭᠡᠷᠡᠭᠦᠯᠵᠦ ᠂ ᠤᠷᠢᠳᠠᠪᠡᠷ ᠨᠢᠭᠡ ᠪᠦᠯᠦᠭ ᠲᠡᠷᠢᠭᠦᠨ ᠦ ᠨᠡᠶᠢᠲᠡᠯᠢᠭ ᠵᠢᠱᠢᠶᠡᠴᠢ ᠵᠢ ᠪᠤᠢ ᠪᠤᠯᠭᠠᠵᠤ᠂ ᠢᠳᠡᠪᠬᠢᠲᠡᠶ ᠥᠭᠡᠳᠡᠷᠬᠡᠭ ᠰᠠᠢᠢᠨ ᠰᠠᠶᠢᠬᠠᠨ ᠨᠡᠶᠢᠭᠡᠮ ᠦᠨ ᠠᠭᠤᠷ ᠠᠮᠢᠰᠬᠤᠯ ᠢ ᠪᠤᠢ ᠪᠣᠯᠭᠠᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )