ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠴᠠ ᠰᠢᠨ᠎ᠠ ᠨᠢᠭᠡ ᠬᠤᠭᠤᠴᠠᠭᠠᠨ ᠤ ᠡᠮᠡᠭᠲᠡᠢᠴᠦᠳ ᠦᠨ ᠵᠦᠪᠯᠡᠯ ᠪᠠᠢᠭᠤᠯᠤᠭᠳᠤᠬᠤ ᠶᠡᠬᠡ ᠬᠤᠷᠠᠯ ᠢ ᠤᠷᠤᠭᠰᠢᠲᠠᠢ ᠶᠠᠪᠤᠭᠳᠠᠭᠤᠯᠪᠠ
2016.08.09 ᠲᠣᠰ ᠥᠷᠲᠡᠭᠡᠨ ᠦ ᠨᠠᠢᠷᠠᠭᠤᠯᠤᠭᠴᠢ

ᠤᠢᠢᠷ᠎ᠠ ᠶᠢᠨ ᠵᠢᠯ ᠦᠳ ᠲᠦ ᠂ ᠮᠠᠨ ᠤ ᠬᠣᠷᠢᠶᠠᠨ ᠤ ᠭᠠᠨᠪᠦ᠋ ᠴᠠᠭᠳᠠᠭ᠎ᠠ ᠶᠢᠨ ᠡᠩᠨᠡᠭᠡ  ᠲᠠᠰᠤᠷᠠᠯᠲᠠ ᠦᠭᠡᠢ ᠥᠷᠭᠡᠳᠬᠦ ᠵᠢ ᠳᠠᠭᠠᠯᠳᠤᠨ ᠂ ᠡᠮᠡᠭᠲᠡᠶ ᠺᠠᠳ᠋ᠷ ᠴᠠᠭᠳᠠᠭ᠎ᠠ ᠨᠠᠷ ᠤᠨ ᠲᠣᠭ᠎ᠠ ᠵᠢᠯ ᠳᠠᠷᠠᠭᠠᠯᠠᠨ ᠨᠡᠮᠡᠭᠳᠡᠵᠦ ᠂ ᠣᠳᠣᠬᠠᠨ ᠳᠤ ᠮᠠᠨ ᠤ ᠬᠣᠷᠢᠶᠠᠨ ᠤ ᠺᠠᠳ᠋ᠷ ᠴᠠᠭᠳᠠᠭ᠎ᠠ  286 ᠨᠡᠷᠡᠰ ᠂ ᠡᠭᠦᠨ ᠦ ᠳᠣᠲᠣᠷ᠎ᠠ ᠡᠮᠡᠭᠲᠡᠶ ᠺᠠᠳ᠋ᠷ ᠴᠠᠭᠳᠠᠭ᠎ᠠ ᠨᠢ 141 ᠬᠥᠮᠦᠨ ᠂ ᠲᠡᠳᠡᠨᠦᠰ ᠪᠣᠯ ᠨᠡᠷ᠎ᠡ ᠨᠢᠳᠡᠷ ᠲᠡᠬᠡᠨ ᠲᠡᠩᠴᠡᠭᠰᠡᠨ 《 ᠲᠠᠯ᠎ᠠ ᠲᠡᠭᠷᠢ》 ᠃ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠡᠮᠡᠭᠲᠡᠶ ᠺᠠᠳ᠋ᠷ ᠴᠠᠭᠳᠠᠭ᠎ᠠ  ᠶᠢᠨ ᠠᠵᠢᠯ ᠤᠨ ᠵᠣᠬᠢᠶᠠᠨ ᠪᠠᠶᠢᠭᠤᠯᠤᠯᠲᠠ ᠪᠠ ᠤᠳᠤᠷᠢᠳᠤᠯᠭ᠎ᠠ ᠪᠡᠨ ᠤᠯᠠᠮ ᠨᠢᠭᠡ ᠠᠯᠬᠤᠮ ᠴᠢᠩᠭᠠᠳᠭᠠᠵᠤ ᠂ ᠡᠮᠡᠭᠲᠡᠶ ᠺᠠᠳ᠋ᠷ ᠴᠠᠭᠳᠠᠭ᠎ᠠ ᠨᠠᠷ  ᠤᠨ ᠰᠢᠭᠦᠬᠦ ᠬᠣᠷᠢᠶ᠎ᠠ ᠬᠥᠭᠵᠢᠯᠲᠡ ᠶᠢᠨ ᠳᠤᠮᠳᠠᠬᠢ ᠦᠢᠯᠡᠳᠦᠯ ᠢ ᠨᠡᠩ ᠰᠠᠢᠨ ᠪᠠᠳᠠᠷᠠᠭᠤᠯᠬᠤ ᠶᠢᠨ ᠲᠥᠯᠦᠭᠡ᠂ ᠪᠠᠶᠢᠭᠤᠯᠭ᠎ᠠ ᠶᠢᠨ ᠨᠠᠮ ᠤᠨ ᠬᠣᠷᠢᠶ᠎ᠠ ᠬᠦᠴᠦᠲᠡᠶ ᠳᠡᠮᠵᠢᠯᠭᠡ ᠪᠠ ᠬᠠᠯᠠᠮᠵᠢᠯᠠᠯ ᠳᠣᠣᠷ᠎ᠠ ᠂ 8 ᠰᠠᠷ᠎ᠠ ᠶᠢᠨ 9  ᠦ ᠡᠳᠦᠷ ᠠᠯᠪᠠᠨ ᠠᠰᠠᠷ ᠤᠨ 10 ᠳ᠋ᠤᠭᠠᠷ ᠠᠰᠠᠷ  ᠤᠨ ᠬᠤᠷᠠᠯ ᠤᠨ ᠭᠡᠷ ᠲᠤ ᠰᠢᠨ᠎ᠡ ᠨᠢᠭᠡ ᠬᠤᠭᠤᠴᠠᠭᠠᠨ ᠤ ᠡᠮᠡᠭᠲᠡᠶᠢᠴᠦᠳ ᠦᠨ ᠺᠣᠮᠢᠰ ᠪᠠᠶᠢᠭᠤᠯᠤᠭᠳᠠᠬᠤ ᠶᠡᠬᠡ ᠬᠤᠷᠠᠯ ᠬᠤᠷᠠᠯᠳᠤᠪᠠ ᠃ ᠬᠤᠷᠠᠯ ᠳᠤ ᠣᠷᠣᠯᠴᠠᠭᠰᠠᠨ ᠳᠤᠮᠳᠠᠳᠤ ᠵᠡᠷᠭᠡ  ᠶᠢᠨ ᠰᠢᠭᠦᠬᠦ ᠬᠣᠷᠢᠶᠠᠨ ᠤ ᠳᠡᠳ᠋ ᠳᠠᠷᠤᠭ᠎ᠠ ᠪᠥᠭᠡᠳ ᠤᠯᠤᠰ ᠲᠦᠷᠦ ᠶᠢᠨ ᠬᠡᠯᠲᠡᠰ ᠦᠨ ᠡᠷᠬᠢᠯᠡᠭᠴᠢ ᠯᠢ ᠵᠢᠩ ᠭᠦᠸᠸ ᠂ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠪᠠᠶᠢᠭᠤᠯᠭ᠎ᠠ ᠶᠢᠨ ᠨᠠᠮ ᠤᠨ ᠬᠣᠷᠢᠶ᠎ᠠ ᠲᠤᠰᠬᠠᠶ ᠳᠤᠰᠢᠶᠠᠯᠲᠤ ᠱᠦᠵᠢ ᠸᠠᠩ ᡁᠢ ᠯᠠᠩ ᠂ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠡᠮᠡᠭᠲᠡᠶ ᠰᠢᠭᠦᠬᠦ ᠲᠤᠰᠢᠶᠠᠯᠲᠠᠳ ᠤᠨ ᠨᠡᠶᠢᠭᠡᠮᠯᠢᠭ ᠲᠤᠰᠬᠠᠶ ᠲᠤᠰᠢᠶᠠᠯ ᠤᠨ ᠳᠡᠳ᠋ ᠳᠠᠷᠤᠭ᠎ᠠ ᠴᠢᠮᠡᠭ ᠵᠢᠴᠢ ᠰᠢᠨ᠎ᠡ ᠨᠢᠭᠡ ᠬᠤᠭᠤᠴᠠᠭᠠᠨ ᠤ ᠡᠮᠡᠭᠲᠡᠶᠢᠴᠦᠳ ᠦᠨ ᠺᠣᠮᠢᠰ ᠤᠨ ᠪᠦᠬᠦ ᠭᠡᠰᠢᠭᠦᠳ ᠬᠤᠷᠠᠯ ᠳᠤ ᠤᠷᠤᠯᠴᠠᠪᠠ ᠃

  ᠬᠤᠷᠠᠯ ᠳᠡᠭᠡᠷ᠎ᠡ ᠂ ᠡᠮᠡᠭᠲᠡᠶᠢᠴᠦᠳ ᠦᠨ ᠵᠥᠪᠯᠡᠯ  ᠦᠨ ᠰᠢᠨ᠎ᠡ ᠡᠷᠬᠢᠯᠡᠭᠴᠢ ᠯᠢ ᠶᠠᠨ ᠨᠥᠬᠥᠷ ᠬᠤᠲᠠ  ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠰᠢᠨ᠎ᠡ ᠨᠢᠭᠡ ᠬᠤᠭᠤᠴᠠᠭᠠᠨ ᠤ ᠡᠮᠡᠭᠲᠡᠶᠢᠴᠦᠳ ᠦᠨ ᠠᠵᠢᠯ ᠤᠨ ᠺᠥᠮᠢᠰ ᠢ ᠲᠦᠯᠦᠭᠡᠯᠡᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠶ ᠂ ᠯᠢ ᠡᠷᠬᠢᠯᠡᠭᠴᠢ ᠂ ᠬᠣᠶᠢᠰᠢᠳᠠ ᠡᠮᠡᠭᠲᠡᠶᠢᠴᠦᠳ ᠦᠨ ᠵᠥᠪᠯᠡᠯ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ ᠂ ᠡᠮᠡᠭᠲᠡᠶᠢᠴᠦᠳ ᠦᠨ ᠵᠥᠪᠯᠡᠯ ᠨᠢᠭᠡᠨᠲᠡ ᠣᠯᠤᠭᠰᠠᠨ ᠠᠵᠢᠯ ᠤᠨ ᠦᠷ᠎ᠡ ᠪᠦᠲᠦᠭᠡᠯ ᠦᠨ ᠰᠠᠭᠤᠷᠢᠨ ᠳᠡᠭᠡᠷ᠎ᠡ ᠂ ᠥᠷᠭᠡᠨ ᠤᠯᠠᠨ ᠡᠮᠡᠭᠲᠡᠶ ᠺᠠᠳ᠋ᠷ ᠴᠠᠭᠳᠠᠭ᠎ᠠ ᠦᠷᠭᠦᠯᠵᠢᠯᠡᠨ ᠴᠢᠷᠮᠠᠶᠢᠵᠤ ᠂ ᠠᠷᠠᠳ ᠤᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠬᠥᠭᠵᠢᠯᠲᠡ ᠪᠣᠯᠤᠨ ᠡᠮᠡᠭᠲᠡᠶ ᠺᠠᠳ᠋ᠷ ᠴᠠᠭᠳᠠᠭ᠎ᠠ ᠲᠤᠰ ᠪᠡᠶ᠎ᠡ ᠶᠢᠨ ᠬᠥᠭᠵᠢᠯᠲᠡ ᠳᠦ ᠰᠢᠨ᠎ᠡ ᠬᠤᠪᠢ ᠨᠡᠮᠡᠷᠢ ᠪᠡᠨ ᠦᠵᠡᠭᠦᠯᠬᠦ ᠬᠡᠷᠡᠭᠲᠡᠶ ᠃ ᠯᠢ ᠡᠷᠬᠢᠯᠡᠭᠴᠢ ᠵᠢᠭᠠᠵᠤ ᠭᠠᠷᠭᠠᠭᠰᠠᠨ ᠨᠢ ᠂ ᠡᠨᠡ ᠵᠢᠯ ᠡᠮᠡᠭᠲᠡᠶᠢᠴᠦᠳ ᠦᠨ ᠵᠥᠪᠯᠡᠯ ᠭᠠᠳᠠᠭᠠᠳᠤ ᠬᠠᠷᠢᠯᠴᠠᠭᠠᠨ ᠤ ᠠᠵᠢᠯ ᠳ᠋ᠤ ᠭᠣᠣᠯᠳᠠᠭᠤ 《ᠬᠠᠤᠯᠢᠴᠢ ᠡᠵᠢ ᠶᠢᠨ ᠬᠢᠴᠢᠶᠡᠯ ᠦᠨ ᠲᠠᠩᠬᠢᠮ》 ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠂ ᠠᠵᠢᠯᠯᠠᠭ᠎ᠠ  ᠶᠢᠨ ᠭᠣᠣᠯᠳᠠᠯᠭ᠎ᠠ  ᠪᠡᠨ ᠳ᠋ᠦᠩᠱᠧᠩ ᠲᠣᠭᠣᠷᠢᠭ     ᠡᠴᠡ ᠺᠠᠩ ᠪᠠ ᠱᠢ ᠳ᠋ᠤ ᠰᠢᠯᠵᠢᠭᠦᠯᠦᠨ ᠂ ᠺᠠᠩ ᠪᠠ ᠱᠢ  ᠢᠢᠨ ᠡᠯᠪᠡᠭ ᠪᠠᠶᠠᠯᠢᠭ ᠰᠤᠷᠭᠠᠨ ᠬᠥᠮᠦᠵᠢᠯ ᠦᠨ ᠡᠬᠢ ᠪᠠᠶᠠᠯᠢᠭ ᠢ ᠪᠤᠳᠤᠯᠬᠢᠯᠠᠵᠤ ᠂ ᠠᠵᠢᠯᠯᠠᠭᠠᠨ ᠤ ᠬᠦᠷᠢᠶ᠎ᠡ ᠬᠡᠪᠴᠢᠶ᠎ᠡ ᠪᠡᠨ  ᠪᠠᠭ᠎ᠠ ᠰᠤᠷᠭᠠᠭᠤᠯᠢ ᠂ ᠳᠤᠮᠳᠠᠳᠤ ᠰᠤᠷᠭᠠᠭᠤᠯᠢ ᠡᠴᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠶᠡᠬᠡ ᠰᠤᠷᠭᠠᠭᠤᠯᠢ ᠬᠦᠷᠲᠡᠯ᠎ᠡ ᠥᠷᠭᠡᠳᠭᠡᠨ᠎ᠡ ; ᠡᠮᠡᠭᠲᠡᠶᠢᠴᠦᠳ ᠪᠠ ᠬᠡᠦᠬᠡᠳ ᠦᠨ ᠡᠷᠬᠡ ᠶᠢ ᠬᠠᠮᠠᠭᠠᠯᠠᠬᠤ ᠠᠵᠢᠯ  ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ ᠂ ᠭᠡᠷ ᠪᠦᠯᠢ  ᠶᠢᠨ ᠬᠦᠴᠦᠷᠬᠡᠭᠯᠡᠯ ᠬᠡᠷᠡᠭᠯᠡᠭᠰᠡᠨ ᠠᠵᠢᠯᠯᠠᠭ᠎ᠠ ᠶᠢ ᠡᠰᠡᠷᠭᠦᠴᠡᠵᠦ ᠂ ᠬᠤᠳᠠ ᠶᠢᠨ ᠡᠮᠡᠭᠲᠡᠶᠢᠴᠦᠳ ᠦᠨ ᠬᠣᠯᠪᠣᠭᠠᠲᠤ ᠬᠤᠷᠠᠯ ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠦᠨ ᠬᠣᠯᠪᠣᠭᠠᠲᠤ ᠬᠤᠷᠠᠯ ᠲᠠᠢ ᠬᠠᠮᠵᠢᠯᠴᠠᠨ ᠬᠣᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ ; ᠳᠣᠲᠣᠭᠠᠳᠤ ᠳᠠᠭᠠᠨ ᠠᠪᠴᠤ ᠬᠡᠯᠡᠪᠡᠯ ᠂ ᠡᠮᠡᠭᠲᠡᠶᠢᠴᠦᠳ ᠦᠨ ᠵᠥᠪᠯᠡᠯ ᠦᠷᠭᠦᠯᠵᠢᠯᠡᠨ ᠡᠮᠡᠭᠲᠠᠢ ᠺᠠᠲᠠᠷ ᠴᠠᠭᠳᠠᠭ᠎ᠠ ᠳ᠋ᠤ ᠰᠡᠳᠬᠢᠯ ᠲᠠᠯᠪᠢᠵᠤ ᠂ ᠳᠡᠮᠵᠢᠬᠦ ᠂ ᠬᠠᠪᠰᠤᠷᠬᠤ ᠬᠡᠷᠡᠭᠲᠡᠢ ᠂ ᠶᠤᠭ᠎ᠠ ᠢᠢᠨ ᠬᠢᠴᠢᠶᠡᠯ ᠥᠷᠨᠢᠭᠦᠯᠬᠦ ᠪᠡᠷ ᠳᠠᠮᠵᠢᠭᠤᠯᠤᠨ ᠂ ᠡᠮᠡᠭᠲᠡᠶ ᠴᠠᠭᠳᠠᠭ᠎ᠠ  ᠶᠢᠨᠪᠡᠶ᠎ᠡ ᠰᠡᠳᠭᠢᠴᠡ  ᠶᠢᠨ ᠳᠠᠷᠤᠭᠠᠰᠤ ᠵᠢ ᠪᠠᠭᠤᠷᠠᠭᠤᠯᠵᠤ ᠂ ᠲᠥᠷᠥᠭᠰᠡᠨ ᠡᠳᠦᠷ ᠦᠨ ᠬᠤᠸᠠᠷ ᠴᠡᠴᠡᠭ ᠬᠦᠷᠭᠡᠳᠡᠭ ᠠᠵᠢᠯᠯᠠᠭ᠎ᠠ ᠪᠡᠷ ᠳᠠᠮᠵᠢᠭᠤᠯᠤᠨ ᠂ ᠬᠠᠶᠢᠷ᠎ᠠ ᠬᠠᠯᠠᠮᠵᠢ ᠬᠦᠷᠭᠡᠨ᠂ ᠡᠭᠦᠨ ᠦ ᠬᠠᠮᠲᠤ ᠢᠳᠡᠪᠬᠢᠲᠡᠶ ᠪᠡᠷ ᠡᠮᠡᠭᠲᠡᠶ ᠰᠢᠭᠦᠬᠦ ᠲᠤᠰᠢᠶᠠᠯᠲᠠᠳ ᠲᠠᠢ ᠬᠠᠮᠵᠢᠯᠴᠠᠨ ᠂ ᠬᠡᠯᠪᠡᠷᠢ ᠠᠭᠤᠯᠭ᠎ᠠ ᠨᠢ ᠨᠡᠩ ᠡᠯᠪᠡᠭ ᠪᠠᠶᠠᠯᠢᠭ ᠠᠵᠢᠯᠯᠠᠭ᠎ᠠ ᠥᠷᠨᠢᠭᠦᠯᠵᠦ ᠪᠠᠶᠢᠭᠠᠳ ᠥᠷᠭᠡᠨ ᠤᠯᠠᠨ ᠡᠮᠡᠭᠲᠡᠶ ᠺᠠᠳ᠋ᠷ ᠴᠠᠭᠳᠠᠭ᠎ᠠ ᠨᠠᠷ ᠤᠨ ᠥᠪᠡᠷ ᠢ ᠪᠡᠨ ᠳᠠᠪᠰᠢᠭᠤᠯᠬᠤ ᠵᠤᠷᠢᠭ ᠰᠠᠨᠠᠭ᠎ᠠ ᠵᠢ ᠨᠢ ᠪᠠᠳᠠᠷᠠᠭᠤᠯᠬᠤ ᠬᠡᠷᠡᠭᠲᠠᠢ᠃

  ᠡᠮᠡᠭᠲᠡᠶ ᠰᠢᠭᠦᠬᠦ ᠲᠤᠰᠢᠶᠠᠯᠲᠠᠳ ᠤᠨ ᠨᠡᠶᠢᠭᠡᠮᠯᠢᠭ ᠲᠤᠰᠬᠠᠶ ᠲᠤᠰᠢᠶᠠᠯ ᠤᠨ ᠳᠡᠳ᠋ ᠳᠠᠷᠤᠭ᠎ᠠ ᠴᠢᠮᠡᠭ ᠨᠥᠬᠥᠷ ᠬᠤᠷᠠᠯ ᠳᠡᠭᠡᠷ᠎ᠡ ᠂ ᠡᠮᠡᠭᠲᠡᠶ ᠰᠢᠭᠦᠬᠦ ᠲᠤᠰᠢᠶᠠᠯᠲᠠᠳ ᠤᠨ ᠨᠡᠶᠢᠭᠡᠮᠯᠢᠭ ᠪᠠᠶᠢᠭᠤᠯᠤᠭᠳᠠᠭᠰᠠᠨ ᠤ ᠲᠠᠷᠠᠭ᠎ᠠ ᠡᠮᠡᠭᠲᠡᠶᠢᠴᠦᠳ ᠦᠨ ᠵᠥᠪᠯᠡᠯ ᠲᠠᠢ ᠬᠠᠷᠢᠯᠴᠠᠨ ᠬᠠᠮᠵᠢᠯᠴᠠᠵᠤ ᠂ ᠰᠢᠭᠦᠬᠦ ᠬᠤᠷᠢᠶᠠᠨ ᠤ ᠡᠮᠡᠭᠲᠡᠶ ᠺᠠᠳ᠋ᠷ ᠴᠠᠭᠳᠠᠭ᠎ᠠ  ᠡᠯ᠎ᠡ ᠵᠦᠢᠯ ᠦᠨ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠠᠬᠢᠭᠤᠯᠬᠤ ᠶᠢᠨ ᠲᠥᠯᠥᠭᠡ ᠦᠵᠡᠭᠦᠯᠪᠡᠰᠦ ᠵᠣᠬᠢᠬᠤ ᠬᠤᠪᠢ ᠨᠡᠮᠡᠷᠢ ᠪᠡᠨ ᠦᠵᠡᠭᠦᠯᠬᠦ ᠬᠡᠷᠡᠭᠲᠡᠶ ᠭᠡᠪᠡ ᠃

  ᠬᠤᠲᠠ  ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠳᠡᠳ᠋ ᠳᠠᠷᠤᠭ᠎ᠠ ᠪᠥᠭᠡᠳ ᠤᠯᠤᠰ ᠲᠦᠷᠦ ᠶᠢᠨ ᠬᠡᠯᠲᠡᠰ ᠦᠨ ᠡᠷᠬᠢᠯᠡᠭᠴᠢ ᠯᠢ ᠵᠢᠩ ᠭᠦᠸᠧ ᠨᠦᠬᠦᠷ ᠶᠠᠭᠤᠨ ᠤ ᠡᠮᠦᠨ᠎ᠡ ᠰᠢᠨ᠎ᠡ ᠨᠢᠭᠡ ᠬᠤᠭᠤᠴᠠᠭᠠᠨ ᠤ ᠡᠮᠡᠭᠲᠡᠶᠢᠴᠦᠳ ᠦᠨ ᠵᠥᠪᠯᠡᠯ  ᠪᠠᠶᠢᠭᠤᠯᠤᠭᠳᠠᠭᠰᠠᠨ ᠳᠤ ᠬᠠᠯᠠᠭᠤᠨ ᠪᠠᠶᠠᠷ ᠬᠦᠷᠭᠡᠭᠰᠡᠨ ᠪᠦᠭᠡᠳ ᠲᠦᠷᠦᠭᠦᠦ ᠬᠤᠭᠤᠴᠠᠭᠠᠨ ᠤ ᠡᠮᠡᠭᠲᠡᠶᠢᠴᠦᠳ ᠦᠨ ᠵᠥᠪᠯᠡᠯ ᠦᠨ ᠠᠵᠢᠯ ᠢ ᠳᠡᠭᠡᠳᠦ ᠬᠡᠮᠵᠢᠶ᠎ᠡ ᠪᠡᠷ ᠦᠨᠡᠯᠡᠭᠰᠡᠨ ᠪᠠᠶᠢᠨ᠎ᠠ ᠃ ᠳᠠᠷᠠᠭ᠎ᠠ ᠨᠢ ᠰᠢᠨ᠎ᠡ ᠨᠢᠭᠡ ᠬᠤᠭᠤᠴᠠᠭᠠᠨ ᠤ ᠭᠡᠰᠢᠭᠦᠳ ᠴᠢᠷᠮᠠᠶᠢᠭᠰᠠᠨ ᠳᠡᠭᠡᠷ᠎ᠡ ᠪᠡᠨ ᠴᠢᠷᠮᠠᠶᠢᠵᠤ ᠂ ᠨᠡᠩ ᠰᠠᠢᠢᠨ ᠂ ᠨᠡᠩ ᠦᠨᠳᠦᠷ ᠠᠮᠵᠢᠯᠲᠠ ᠤᠯᠬᠤ ᠵᠢ ᠬᠦᠰᠡᠪᠡ; ᠡᠴᠦᠰ ᠲᠦ ᠂ ᠲᠤᠰ ᠬᠤᠭᠤᠴᠠᠭᠠᠨ ᠤ ᠡᠮᠡᠭᠲᠡᠶᠢᠴᠦᠳ ᠦᠨ ᠠᠵᠢᠯ ᠤᠨ ᠬᠣᠷᠢᠶᠠᠨ ᠳ᠋ᠤ ᠭᠤᠷᠪᠠᠨ ᠵᠦᠢᠯ ᠦᠨ ᠱᠠᠭᠠᠷᠳᠠᠯᠭ᠎ᠠ ᠳᠤᠷᠠᠳᠪᠠ᠄ ᠨᠢᠭᠡ ᠳᠦ ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ ᠂ ᠡᠮᠡᠭᠲᠡᠶᠢᠴᠦᠳ ᠦᠨ ᠵᠥᠪᠯᠡᠯ ᠦᠨ  ᠠᠵᠢᠯ  ᠤᠨ ᠦᠢᠯᠡᠳᠦᠯ ᠢ ᠦᠨᠡᠨ ᠬᠦ ᠪᠠᠳᠠᠷᠠᠭᠤᠯᠤᠨ᠎ᠠ ; ᠬᠣᠶᠠᠷ ᠲᠤ ᠂ ᠬᠤᠪᠢ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠂ ᠪᠦᠬᠦᠯᠢ ᠴᠣᠭᠴᠠ ᠶᠢᠨ ᠬᠡᠪ ᠴᠢᠨᠠᠷ ᠢ ᠴᠢᠷᠮᠠᠶᠢᠨ ᠳᠡᠭᠡᠭᠰᠢᠯᠡᠭᠦᠯᠬᠦ ; ᠭᠤᠷᠪᠠ ᠳᠤ ᠂ ᠢᠳᠡᠪᠬᠢᠲᠡᠶ ᠪᠡᠷ ᠲᠡᠷᠢᠭᠦᠨ ᠦ ᠬᠢ ᠶᠢ ᠪᠤᠢ ᠪᠣᠯᠭᠠᠵᠤ ᠂ ᠡᠮᠡᠭᠲᠡᠶ ᠰᠢᠭᠦᠬᠦ ᠲᠤᠰᠢᠶᠠᠯᠲᠠᠳ ᠤᠨ ᠨᠡᠶᠢᠭᠡᠮᠯᠢᠭ ᠲᠠᠢ ᠬᠠᠷᠢᠯᠴᠠᠨ ᠬᠠᠮᠵᠢᠯᠴᠠᠬᠤ ᠬᠡᠷᠡᠭᠲᠠᠢ ᠃

  ᠬᠤᠷᠠᠯ ᠤᠨ ᠳᠠᠷᠠᠭ᠎ᠠ ᠂ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠰᠢᠨ᠎ᠡ ᠨᠢᠭᠡ ᠬᠤᠭᠤᠴᠠᠭᠠᠨ ᠤ ᠡᠮᠡᠭᠲᠡᠶᠢᠴᠦᠳ ᠦᠨ ᠵᠦᠪᠯᠡᠯ ᠦᠨ ᠠᠩᠬᠠᠳᠤᠭᠠᠷ ᠪᠥᠬᠥᠳᠡ ᠬᠤᠷᠠᠯ ᠬᠤᠷᠠᠯᠳᠤᠪᠠ ᠂ ᠬᠤᠷᠠᠯ ᠠᠴᠠ ᠡᠮᠡᠭᠲᠡᠶᠢᠴᠦᠳ ᠦᠨ ᠠᠵᠢᠯ ᠤᠨ ᠺᠣᠮᠢᠰ  ᠤᠨ ᠠᠵᠢᠯᠲᠠᠨ ᠤ ᠡᠷᠬᠡ ᠲᠤᠰᠢᠶᠠᠯ ᠤᠨ ᠠᠵᠢᠯ ᠤᠨ ᠬᠤᠪᠢᠶᠠᠷᠢ ᠬᠢᠭᠡᠳ ᠡᠨᠡ ᠵᠢᠯ ᠦᠨ ᠡᠮᠡᠭᠲᠡᠶᠢᠴᠦᠳ ᠦᠨ ᠠᠵᠢᠯ ᠤᠨ ᠵᠦᠪᠯᠡᠯ ᠦᠨ ᠠᠵᠢᠯ ᠤᠨ ᠭᠣᠣᠯᠳᠠᠯᠭ᠎ᠠ ᠪᠠ ᠱᠠᠭᠠᠷᠳᠠᠯᠭ᠎ᠠ ᠵᠢ ᠲᠤᠳᠤᠷᠬᠠᠢᠯᠠᠨ ᠂ ᠬᠣᠶᠢᠰᠢᠳᠠ ᠶᠢᠨ ᠠᠵᠢᠯ ᠤᠨ ᠡᠮᠬᠢ ᠵᠢᠷᠤᠮ ᠲᠠᠶ ᠪᠠᠷ ᠦᠷᠨᠢᠭᠦᠯᠬᠦ ᠳᠦ ᠰᠠᠭᠤᠷᠢ ᠲᠠᠯᠪᠢᠵᠤ ᠥᠭᠭᠦᠭᠰᠡᠨ ᠪᠠᠶᠢᠨ᠎ᠠ ᠃ ᠰᠢᠨ᠎ᠡ ᠨᠢᠭᠡ ᠬᠤᠭᠤᠴᠠᠭᠠᠨ ᠤ ᠡᠮᠡᠭᠲᠡᠶᠢᠴᠦᠳ ᠦᠨ ᠵᠥᠪᠯᠡᠯ ᠨᠢ ᠡᠮᠡᠭᠲᠡᠶᠢᠴᠦᠳ ᠵᠦᠪᠯᠡᠯ ᠦᠨ ᠠᠵᠢᠯ  ᠢ ᠢᠳᠡᠪᠬᠢᠲᠡᠶ ᠲᠦᠯᠬᠢᠨ ᠠᠬᠢᠭᠤᠯᠵᠤ ᠂ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠂ ᠪᠠᠶᠢᠭᠤᠯᠤᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠ ᠠᠵᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠡᠮᠡᠭᠲᠡᠶ ᠺᠠᠳ᠋ᠷ ᠴᠠᠭᠳᠠᠭ᠎ᠠ  ᠶᠢᠨ ᠨᠢᠭᠲᠠᠷᠠᠯ ᠤᠨ ᠬᠦᠴᠦᠨ ᠢ ᠪᠠᠳᠠᠷᠠᠭᠤᠯᠵᠤ ᠂ ᠡᠮᠡᠭᠲᠡᠶ ᠺᠠᠳ᠋ᠷ ᠴᠠᠭᠳᠠᠭ᠎ᠠ ᠨᠠᠷ ᠤᠨ ᠡᠷᠬᠡ ᠠᠰᠢᠭ ᠢ ᠬᠠᠮᠠᠭᠠᠯᠠᠵᠤ ᠂ ᠡᠮᠡᠭᠲᠡᠶ ᠺᠠᠳ᠋ᠷ ᠴᠠᠭᠳᠠᠭ᠎ᠠ ᠶᠢᠨ ᠬᠡᠪ ᠴᠢᠨᠠᠷ ᠢ ᠳᠡᠭᠡᠭᠰᠢᠯᠡᠭᠦᠯᠬᠦ ᠪᠠ ᠠᠬᠢᠭᠤᠯᠵᠤ ᠂ ᠰᠢᠭᠦᠬᠦ ᠬᠣᠷᠢᠶᠠᠨ ᠤ ᠬᠥᠭᠵᠢᠯᠲᠡ ᠶᠢᠨ ᠳᠤᠮᠳᠠᠬᠢ ᠭᠣᠣᠯᠯᠠᠭᠴᠢ ᠬᠦᠴᠦᠨ ᠪᠠ ᠬᠣᠯᠪᠣᠭᠠᠰᠤ ᠪᠣᠯᠬᠤ ᠦᠢᠯᠡᠳᠦᠯ ᠢ ᠪᠠᠳᠠᠷᠠᠭᠤᠯᠬᠤ ᠬᠡᠷᠡᠭᠲᠠᠢ ᠭᠡᠪᠡ︕

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )