ᠢᠷᠭᠡᠨ ᠦ ᠬᠡᠷᠡᠭ ᠢ ᠰᠢᠭᠦᠨ ᠳᠠᠰᠤᠯᠠᠬᠤ ᠭᠤᠷᠪᠠᠳᠤᠭᠠᠷ ᠰᠢᠭᠦᠬᠦ ᠲᠢᠨᠭᠭᠢᠮ ᠦᠨ ᠰᠢᠭᠦᠭᠴᠢ ᠨᠡᠢᠭᠡᠮ ᠲᠤᠭᠤᠷᠢᠭ ᠲᠤ ᠤᠷᠤᠵᠤ ᠂ᠠᠷᠠᠳ ᠤᠨ ᠲᠥᠯᠥᠭᠡ ᠬᠠᠤᠯᠢ ᠪᠠᠷᠢᠬᠤ ᠨᠢ ᠠᠷᠠᠳ ᠲᠥᠮᠡᠨ ᠲᠠᠢ ᠤᠯᠠᠮ ᠤᠢᠷᠬᠠᠨ
2016.08.09 ᠲᠣᠰ ᠥᠷᠲᠡᠭᠡᠨ᠎ᠦ ᠨᠠᠢᠷᠠᠭᠤᠯᠤᠭᠴᠢ

ᠢᠷᠭᠡᠨ ᠦ ᠬᠡᠷᠡᠭ ᠢ ᠰᠢᠭᠦᠨ ᠲᠠᠰᠤᠯᠬᠤ ᠭᠤᠷᠪᠠᠳᠤᠭᠠᠷ ᠲᠢᠩᠬᠢᠮ ᠦᠨ ᠰᠢᠭᠦᠭᠴᠢ ᠨᠡᠶᠢᠭᠡᠮ ᠲᠣᠭᠣᠷᠢᠭ ᠲᠤ ᠬᠦᠷᠦᠨ ᠂ ᠬᠠᠤᠯᠢ ᠴᠠᠭᠠᠵᠠ ᠠᠷᠠᠳ ᠲᠦᠮᠡᠨ ᠦ  ᠳᠡᠷᠭᠡᠲᠡ ᠭᠡᠳᠡᠭ ᠢ ᠤᠯᠠᠮ ᠨᠢᠭᠡ ᠠᠯᠬᠤᠮ ᠮᠡᠳᠡᠭᠦᠯᠪᠡ

 

ᠣᠶᠢᠷ᠎ᠠ ᠳᠤ ᠂ ᠬᠤᠲᠠ ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠢᠷᠭᠡᠨ ᠦ ᠬᠡᠷᠡᠭ ᠦᠨ ᠭᠤᠷᠪᠠᠳᠤᠭᠠᠷ ᠰᠢᠭᠦᠬᠦ ᠲᠢᠩᠬᠢᠮ ᠦᠨ ᠲᠢᠩᠬᠢᠮ ᠦᠨ ᠳᠠᠷᠤᠭ᠎ᠠ ᠾᠧ ᡁᠥᠩ ᠫᠢᠩ᠂ ᠳᠡᠳ᠋ ᠲᠢᠩᠬᠢᠮ ᠦᠨ ᠳᠠᠷᠤᠭ᠎ᠠ ᠪᠢᠶᠠᠨ ᠰᠢᠶᠣᠤ ᠶᠠᠨ ᠂ ᠬᠡᠷᠡᠭ ᠲᠦ ᠴᠢᠭᠯᠡᠭᠦᠯᠦᠨ ᠨᠡᠶᠢᠭᠡᠮ ᠲᠣᠭᠣᠷᠢᠭ ᠲᠤ ᠬᠦᠷᠴᠦ ᠂ ᠰᠠᠨᠠᠭᠠᠴᠢᠯᠠᠭ᠎ᠠ ᠠᠴᠠ ᠪᠠᠨ ᠰᠢᠭᠦᠨ ᠲᠠᠰᠤᠯᠬᠤ ᠡᠭᠦᠷᠭᠡ ᠲᠤᠰᠢᠶᠠᠯ ᠪᠡᠨ ᠤᠷᠲᠤᠳᠬᠠᠨ ᠂ ᠵᠡᠮᠳᠡᠭ ᠲᠤᠬᠠᠶ ᠶᠢᠨ ᠬᠥᠮᠦᠨ ᠳ᠋ᠤ ᠳᠥᠭᠥᠮ ᠦᠵᠡᠭᠦᠯᠵᠤ ᠂ ᠨᠡᠶᠢᠭᠡᠮ ᠲᠤᠭᠤᠷᠢᠭ  ᠤᠨ ᠬᠡᠷᠡᠭ  ᠢ ᠲᠤᠬᠠᠶ ᠶᠢᠨ ᠭᠠᠵᠠᠷ ᠲᠤᠨᠢ ᠡᠶᠡᠳᠡᠭᠦᠯᠦᠭᠰᠡᠨ ᠪᠠᠢᠨ᠎ᠠ᠃ ᠲᠤᠰ ᠤᠳᠠᠭᠠᠨ ᠤ ᠨᠡᠶᠢᠭᠡᠮ ᠲᠣᠭᠣᠷᠢᠭ ᠲᠤ ᠡᠶᠡᠳᠡᠭᠦᠯᠭᠡ ᠬᠢᠭᠰᠡᠨ ᠬᠡᠷᠡᠭ ᠦᠨ ᠪᠠᠶᠢᠳᠠᠯ ᠨᠢ ᠨᠠᠷᠢᠨ ᠪᠤᠳᠤᠯᠢᠶᠠᠨᠲᠠᠶ ᠂ ᠳᠡᠭᠡᠭᠰᠢ ᠵᠠᠭᠠᠯᠳᠤᠭᠳᠠᠭᠴᠢ ᠸᠠᠩ ᠣᠪᠣᠭᠲᠤ ᠪᠣᠯ ᠬᠣᠶᠠᠷ ᠨᠢᠳᠦ ᠨᠢ ᠬᠠᠷᠠᠭ᠎ᠠ ᠠᠯᠳᠠᠭᠰᠠᠨ ᠵᠡᠮᠳᠡᠭ ᠪᠣᠯᠬᠤ ᠪᠠᠷ ᠪᠠᠷᠠᠬᠤ ᠦᠭᠡᠢ ᠂ ᠲᠡᠭᠦᠨ ᠦ ᠪᠠᠶᠢᠭ᠎ᠠ ᠨᠡᠶᠢᠭᠡᠮ ᠲᠣᠭᠣᠷᠢᠭ ᠤᠨ ᠶᠠᠳᠠᠭᠤ ᠬᠦᠴᠢᠷᠳᠡᠯᠲᠡᠶ ᠵᠢ ᠬᠠᠪᠰᠤᠷᠤᠨ ᠲᠡᠳᠬᠦᠬᠦ ᠡᠷᠦᠬᠡ ᠂ ᠳᠠᠭᠠᠭᠠᠨ ᠭᠦᠢᠴᠡᠳᠬᠡᠭᠴᠢ ᠪᠢᠶᠠᠨ ᠰᠢᠶᠣᠤ ᠶᠠᠨ ᠂ ᠬᠠᠤᠯᠢ ᠶᠢᠨ ᠲᠤᠰᠢᠶᠠᠯᠲᠠᠨ ᠠᠷᠠᠳ ᠤᠨ ᠲᠥᠯᠥᠭᠡ ᠬᠠᠤᠯᠢ ᠪᠠᠷᠢᠬᠤ ᠵᠣᠷᠢᠯᠲᠠ ᠶᠢ ᠪᠠᠷᠢᠮᠲᠠᠯᠠᠨ ᠂ ᠵᠦᠷᠢᠴᠡᠯ ᠢ ᠠᠷᠢᠯᠭᠠᠨ᠂ ᠵᠢᠭᠤᠷᠠᠯᠳᠤᠭᠠᠨ ᠢ ᠲᠣᠬᠢᠲᠠᠶ ᠰᠢᠶᠳᠪᠦᠷᠢᠯᠡᠬᠦ  ᠶᠢᠨ ᠲᠥᠯᠦᠭᠡ ᠂ ᠬᠣᠶᠠᠷ ᠡᠲᠡᠭᠡᠳ ᠦᠨ ᠲᠤᠬᠠᠶ ᠶᠢᠨ ᠬᠥᠮᠦᠨ ᠳ᠋ᠤ ᠤᠯᠠᠨ ᠤᠳᠠᠭ᠎ᠠ ᠬᠦᠯᠢᠴᠡᠩᠭᠦᠶ ᠪᠥᠭᠡᠳ ᠨᠠᠷᠢᠨ ᠨᠢᠮᠪᠠᠶ ᠡᠶᠡᠳᠡᠭᠦᠯᠬᠦ ᠤᠬᠠᠭᠤᠯᠭ᠎ᠠ ᠬᠢᠵᠦ᠂ ᠴᠢᠨᠠᠭᠰᠢᠯᠠᠭᠠᠳ ᠰᠠᠨᠠᠭᠠᠴᠢᠯᠠᠭ᠎ᠠ ᠲᠠᠢ ᠪᠠᠷ ᠡᠯ᠎ᠡ ᠵᠦᠢᠯ ᠦᠨ ᠬᠠᠶᠢᠷ᠎ᠠ ᠬᠠᠯᠠᠮᠵᠢ ᠬᠦᠷᠭᠡᠬᠦ ᠪᠦᠯᠬᠦᠮ ᠦᠨ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠲᠠᠢ ᠬᠠᠷᠢᠯᠴᠠᠨ ᠸᠠᠩ ᠣᠪᠣᠭᠲᠤ  ᠶᠢ ᠬᠠᠪᠰᠤᠷᠤᠨ ᠳᠡᠳᠬᠦᠪᠡ᠃

  ᠡᠨᠡ ᠤᠳᠠᠭ᠎ᠠ ᠂ ᠾᠧ ᡁᠥᠩ ᠫᠢᠩ ᠲᠢᠩᠬᠢᠮ ᠦᠨ ᠳᠠᠷᠤᠭ᠎ᠠ ᠲᠡᠷᠢᠭᠦᠯᠡᠨ ᠂ ᠬᠣᠶᠠᠷ ᠬᠠᠤᠯᠢ ᠶᠢᠨ ᠲᠤᠰᠢᠶᠠᠯᠲᠠᠨ  ᠪᠠᠰᠠ ᠨᠢᠭᠡ ᠤᠳᠠᠭ᠎ᠠ ᠨᠡᠶᠢᠭᠡᠮ ᠲᠣᠭᠣᠷᠢᠭ ᠲᠤ ᠭᠦᠨᠵᠡᠭᠡᠢᠷᠡᠨ᠂ ᠬᠣᠶᠠᠷ ᠲᠠᠯ᠎ᠠ ᠶᠢᠨ ᠲᠤᠬᠠᠶ ᠶᠢᠨ ᠬᠥᠮᠦᠨ ᠳ᠋ᠤ ᠬᠠᠤᠯᠢ ᠵᠦᠶ ᠵᠢ ᠤᠬᠠᠭᠤᠯᠤᠨ ᠂ ᠬᠦᠮᠦᠨ ᠴᠢᠨᠠᠷ ᠢ ᠰᠤᠷᠲᠠᠯᠴᠢᠯᠠᠨ ᠂ ᠠᠷᠠᠳ ᠲᠤ ᠳᠦᠬᠦᠮ ᠦᠵᠡᠭᠦᠯᠵᠦ᠂ ᠠᠷᠠᠳ ᠤᠨ ᠲᠥᠯᠥᠭᠡ ᠬᠠᠤᠯᠢ ᠪᠠᠷᠢᠬᠤ ᠵᠢ ᠵᠤᠷᠢᠭᠰᠠᠨ ᠪᠠᠢᠨ᠎ᠠ᠃ ᠾᠧ ᡁᠥᠩ ᠫᠢᠩ ᠲᠢᠩᠬᠢᠮ ᠦᠨ ᠳᠠᠷᠤᠭ᠎ᠠ ᠂ ᠪᠢᠶᠠᠨ ᠰᠢᠶᠣᠤ ᠶᠠᠨ ᠳᠡᠳ᠋ ᠲᠢᠩᠬᠢᠮ ᠦᠨ ᠳᠠᠷᠤᠭ᠎ᠠ ᠶᠠᠭᠤᠨ ᠤ ᠡᠮᠦᠨ᠎ᠡ ᠵᠠᠭᠠᠯᠳᠤᠭᠳᠠᠭᠴᠢ ᠤᠷᠳᠤᠰ ᠬᠤᠳᠠ ᠶᠢᠨ ᠨᠢᠳᠤᠨ ᠡᠮᠨᠡᠯᠭᠡ ᠶᠢᠨ ᠬᠣᠷᠢᠶ᠎ᠠ ᠬᠦᠷᠴᠦ᠂ ᠳᠠᠷᠤᠭ᠎ᠠ ᠵᠢᠴᠢ ᠠᠵᠢᠯᠲᠠᠨ ᠤ ᠰᠣᠯᠢᠯᠴᠠᠭ᠎ᠠ ᠨᠡᠪᠲᠡᠷᠡᠯᠴᠡᠭᠡ ᠬᠢᠪᠡ᠃ ᠬᠣᠶᠠᠷ ᠰᠢᠭᠦᠬᠦ ᠲᠤᠰᠢᠶᠠᠯᠲᠠᠨ ᠬᠡᠷᠡᠭ ᠦᠨ ᠬᠠᠤᠯᠢ ᠴᠠᠭᠠᠵᠠ ᠶᠢᠨ ᠪᠣᠳᠠᠲᠤ ᠪᠠᠢᠳᠠᠯ ᠤᠨ ᠲᠠᠯ᠎ᠠ ᠪᠡᠷ ᠶᠠᠷᠢᠯᠴᠠᠭᠰᠠᠨ ᠢᠶᠠᠷ ᠪᠠᠷᠠᠬᠤ ᠦᠭᠡᠢ ᠂ ᠨᠡᠩ ᠶᠣᠰᠣ ᠵᠦᠶ ᠶᠢᠨ ᠲᠠᠯ᠎ᠠ ᠠᠴᠠ ᠂ ᠵᠦᠢ ᠶᠣᠰᠤᠨ ᠤ ᠲᠠᠯ᠎ᠠ ᠪᠠᠷ ᠂ ᠨᠡᠶᠢᠭᠡᠮ ᠦᠨ ᠡᠶ᠎ᠡ ᠵᠣᠬᠢᠴᠠᠯ ᠦᠨ ᠶᠡᠬᠡ ᠲᠠᠯ᠎ᠠ ᠡᠴᠡ ᠵᠠᠭᠠᠯᠳᠤᠭᠳᠠᠭᠴᠢ ᠶᠢᠨ ᠰᠡᠳᠬᠢᠯ ᠢ ᠬᠦᠳᠡᠯᠭᠡᠨ ᠴᠢᠳᠠᠭᠰᠠᠨ ᠪᠠᠢᠨ᠎ᠠ ᠂ ᠵᠠᠭᠠᠯᠳᠤᠭᠳᠠᠭᠴᠢ ᠲᠡᠷᠡ ᠳᠠᠷᠤᠢ ᠳᠤ ᠨᠢ  ᠬᠠᠤᠯᠢ ᠶᠢᠨ ᠲᠤᠰᠢᠶᠠᠯᠲᠠᠨ ᠤ ᠪᠡᠶ᠎ᠡ ᠪᠡᠷ ᠢᠶᠡᠨ ᠬᠦᠷᠴᠦ ᠰᠤᠷᠪᠤᠯᠵᠢᠯᠠᠭᠰᠠᠨ ᠪᠠ ᠡᠶᠡᠳᠡᠭᠦᠯᠦᠭᠰᠡᠨ ᠳᠦ ᠲᠠᠯᠠᠷᠬᠠᠵᠤ ᠪᠠᠢᠭ᠎ᠠ ᠪᠠᠨ ᠢᠯᠡᠷᠬᠡᠢᠯᠡᠵᠦ᠂ ᠦᠪᠡᠷ ᠢᠶᠡᠨ ᠰᠢᠭᠦᠬᠦ ᠬᠣᠷᠢᠶᠠᠨ ᠤ ᠠᠵᠢᠯ ᠲᠠᠢ ᠨᠡᠩ ᠰᠠᠢᠨ ᠬᠠᠮᠵᠢᠯᠴᠠᠨ᠂ ᠵᠥᠷᠢᠴᠡᠯ ᠢ ᠠᠷᠢᠯᠭᠠᠨ ᠰᠢᠢᠳᠪᠥᠷᠢᠯᠡᠪᠡ ᠃ ᠰᠡᠭᠦᠯᠡᠷ ᠨᠢ ᠪᠢᠶᠠᠨ ᠰᠢᠶᠣᠤ ᠶᠠᠨ ᠂ ᠵᠠᠭᠠᠯᠳᠤᠭᠴᠢ ᠸᠠᠩ ᠣᠪᠣᠭᠲᠤ  ᠶᠢᠨ ᠪᠠᠢᠭ᠎ᠠ ᠨᠡᠢᠭᠡᠮ ᠲᠣᠭᠣᠷᠢᠭ  ᠦᠨ ᠠᠵᠢᠯᠳᠠᠨ ᠲᠠᠢ ᠬᠠᠷᠢᠯᠴᠠᠨ᠂ ᠸᠠᠩ ᠣᠪᠣᠭᠲᠤ  ᠶᠢᠨ ᠭᠡᠷ ᠲᠤ ᠬᠦᠷᠦᠭᠰᠡᠨ ᠪᠠᠶᠢᠨ᠎ᠠ ᠃ ᠬᠣᠶᠠᠷ ᠰᠢᠭᠦᠭᠴᠢ  ᠸᠠᠩ ᠣᠪᠣᠭᠲᠤ  ᠶᠢᠨ ᠭᠡᠷ ᠨᠢ ᠶᠠᠳᠠᠭᠤ ᠵᠢ ᠦᠵᠡᠵᠦ ᠂ ᠬᠤᠪᠢ ᠬᠥᠮᠦᠨ ᠦ ᠨᠡᠷ᠎ᠡ ᠪᠡᠷ ᠲᠤᠬᠠᠶ ᠶᠢᠨ ᠭᠠᠵᠠᠷ ᠲᠤᠨᠢ 1000 ᠲᠥᠭᠥᠷᠢᠭ  ᠦᠨ ᠲᠤᠬᠢᠨᠠᠭᠤᠯᠤᠯ ᠬᠦᠷᠭᠡᠭᠰᠡᠨ ᠪᠠᠢᠨ᠎ᠠ ᠃

  ᠡᠨᠡ ᠤᠳᠠᠭ᠎ᠠ  ᠶᠢᠨ ᠦᠨᠳᠦᠰᠦᠨ ᠱᠠᠲᠤᠨ ᠤ ᠨᠡᠶᠢᠭᠡᠮ ᠲᠣᠭᠣᠷᠢᠭ ᠲᠤ ᠭᠦᠨᠵᠡᠭᠡᠢᠷᠡᠬᠦ ᠪᠡᠷ ᠳᠠᠮᠵᠢᠨ᠂ ᠲᠤᠬᠠᠶ ᠶᠢᠨ ᠬᠥᠮᠦᠨ  ᠤ ᠪᠣᠳᠠᠲᠤ ᠬᠦᠴᠢᠷᠳᠡᠯ ᠢ ᠨᠢ ᠣᠶᠢᠯᠠᠭᠠᠵᠤ ᠂ ᠬᠠᠤᠯᠢ ᠶᠢᠨ ᠲᠤᠰᠢᠶᠠᠯᠲᠠᠨ ᠪᠣᠯᠤᠨ ᠲᠤᠬᠠᠶ ᠶᠢᠨ ᠬᠥᠮᠦᠨ ᠦ ᠵᠠᠶ ᠵᠢ ᠤᠯᠠᠮ ᠪᠠᠭᠠᠰᠬᠠᠨ᠂ ᠲᠡᠳᠡᠨ ᠦ ᠵᠠᠷᠭᠤ ᠶᠢᠨ ᠵᠠᠷᠤᠳᠠᠯ ᠢ ᠴᠦ ᠪᠠᠭᠠᠰᠬᠠᠭᠰᠠᠨ ᠪᠠᠢᠨ᠎ᠠ ᠃ ᠬᠣᠶᠢᠰᠢᠳᠠ ᠂ ᠢᠷᠭᠡᠨ ᠦ ᠬᠡᠷᠡᠭ ᠦᠨ ᠭᠤᠷᠪᠠᠳᠤᠭᠠᠷ ᠰᠢᠭᠦᠬᠦ ᠲᠢᠩᠬᠢᠮ ᠦᠨ ᠰᠢᠭᠦᠭᠴᠢ ᠨᠡᠩ ᠤᠯᠠᠨ ᠤᠳᠠᠭ᠎ᠠ ᠦᠨᠳᠦᠰᠦᠨ ᠱᠠᠲᠤᠨ ᠳ᠋ᠤ ᠣᠷᠣᠵᠤ ᠂ ᠲᠤᠬᠠᠶ ᠶᠢᠨ ᠬᠥᠮᠦᠨ ᠦ ᠰᠠᠭᠤᠭ᠎ᠠ ᠭᠠᠵᠠᠷ ᠣᠴᠢᠵᠤ ᠂ ᠵᠢᠭᠤᠷᠠᠯᠳᠤᠭᠠᠨ  ᠢ ᠰᠢᠢᠳᠪᠥᠷᠢᠯᠡᠨ᠂ ᠵᠥᠷᠢᠴᠡᠯ ᠢ ᠨᠠᠮᠳᠠᠭᠤᠯᠵᠤ᠂ ᠠᠷᠠᠳ ᠤᠨ ᠲᠥᠯᠥᠭᠡ ᠬᠠᠤᠯᠢ ᠪᠠᠷᠢᠬᠤ ᠶᠢ ᠦᠨᠡᠨ ᠬᠦ ᠪᠡᠶᠡᠯᠡᠭᠦᠯᠵᠦ ᠂ ᠢᠷᠭᠡᠨ ᠦ ᠵᠠᠷᠭᠤᠯᠳᠤᠭᠠᠨ ᠳᠤ ᠳᠦᠭᠦᠮ ᠦᠵᠡᠭᠦᠯᠬᠦ ᠪᠣᠯᠤᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )