ᠠᠢ ᠹᠸᠢ ᠳᠡᠳ᠋ ᠳᠠᠷᠤᠭ᠎ᠠ ᠢᠷᠭᠡᠨ ᠦ ᠬᠤᠶᠠᠳᠤᠭᠠᠷ ᠲᠢᠩᠬᠢᠮ ᠦᠨ ᠦᠷᠯᠦᠭᠡᠨ ᠦ ᠬᠤᠷᠠᠯ ᠵᠢᠴᠢ ᠳᠡᠭᠡᠳᠦ ᠬᠠᠭᠠᠰ ᠵᠢᠯ ᠦᠨ ᠠᠷᠢᠭᠤᠨ ᠴᠢᠭᠡᠴᠢ ᠪᠡᠷ ᠵᠠᠰᠠᠭ ᠪᠠᠷᠢᠬᠤ ᠶᠢᠨ ᠳᠤᠬᠠᠢ ᠵᠠᠳᠠᠯᠤᠯᠲᠠ ᠶᠢᠨ ᠬᠤᠷᠠᠯ 
2016.07.20 ᠲᠣᠰ ᠥᠷᠲᠡᠭᠡᠨ᠎ᠦ ᠨᠠᠢᠷᠠᠭᠤᠯᠤᠭᠴᠢ

 

ᠠᠷᠢᠭᠤᠨ ᠴᠢᠬᠡᠴᠢ ᠪᠡᠷ ᠬᠠᠤᠯᠢ ᠪᠠᠷᠢᠬᠤ ᠦᠵᠡᠯ ᠰᠠᠨᠠᠭᠠᠨ ᠤ ᠰᠠᠭᠤᠷᠢ ᠶᠢ  ᠪᠠᠲᠤᠳᠬᠠᠵᠤ ᠂ ᠳᠣᠣᠷ᠎ᠠ ᠬᠠᠭᠠᠰ ᠵᠢᠯ ᠳᠦ ᠰᠢᠭᠦᠨ ᠲᠠᠰᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢᠨ ᠲᠤᠯᠠᠲᠠ  ᠂ 7᠎ ᠰᠠᠷ᠎ᠠ ᠶᠢᠨ 18᠎ ᠤ ᠦᠳᠡ ᠶᠢᠨ ᠡᠮᠦᠨ᠎ᠡ ᠂ ᠢᠷᠭᠡᠨ  ᠤ ᠬᠡᠷᠡᠭ ᠤᠨ ᠬᠣᠶᠠᠳᠤᠭᠠᠷ ᠲᠢᠩᠬᠢᠮ  ᠡᠷᠲᠡ ᠶᠢᠨ ᠬᠤᠷᠠᠯ ᠵᠢᠴᠢ ᠳᠡᠭᠡᠳᠦ ᠬᠠᠭᠠᠰ ᠵᠢᠯ ᠳᠦ ᠠᠷᠢᠭᠤᠨ ᠴᠢᠬᠡᠴᠢ ᠪᠡᠷ ᠵᠠᠰᠠᠭ ᠪᠠᠷᠢᠬᠤ ᠲᠤᠬᠠᠶ ᠵᠠᠳᠠᠯᠤᠨ ᠰᠢᠨᠵᠢᠯᠡᠬᠦ ᠬᠤᠷᠠᠯ ᠬᠤᠷᠠᠯᠳᠤᠭᠤᠯᠵᠤ ᠂  ᠠᠢ ᠹᠸᠢ ᠳᠡᠳ᠋ ᠳᠠᠷᠤᠭ᠎ᠠ ᠬᠤᠷᠠᠯ ᠳᠤ  ᠤᠷᠤᠯᠴᠠᠨ ᠴᠢᠬᠤᠯᠠ ᠵᠢᠭᠠᠪᠤᠷᠢ ᠭᠠᠷᠭᠠᠪᠠ ᠃

ᠬᠤᠷᠠᠯ ᠳᠡᠭᠡᠷ᠎ᠡ ᠂ ᠯᠢ ᠱᠦᠨ  ᠾᠸ ᠲᠢᠩᠬᠢᠮ ᠦᠨ ᠳᠠᠷᠤᠭ᠎ᠠ ᠪᠦᠬᠦ ᠲᠢᠩᠬᠢᠮ ᠦᠨ ᠺᠠᠳ᠋ᠷ ᠴᠠᠭᠳᠠᠭ᠎ᠠ ᠨᠠᠷ ᠲᠤ ᠬᠤᠳᠠ ᠶᠢᠨ ᠨᠠᠮ ᠤᠨ ᠬᠣᠷᠢᠶᠠᠨ ᠤ ᠱᠦᠵᠢ  ᠪᠠᠢ ᠢᠦᠢ ᠭᠠᠩ ᠨᠥᠬᠥᠷ ᠦᠨ  ᠣᠷᠳᠤᠰ ᠬᠤᠳᠠ  ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 93᠎ ᠵᠢᠯ ᠦᠨ ᠤᠢ ᠶᠢ ᠪᠡᠯᠭᠡᠯᠡᠬᠦ ᠶᠡᠬᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠵᠤ ᠂ ᠤᠯᠠᠨ ᠢ ᠵᠣᠬᠢᠶᠠᠨ ᠪᠠᠢᠭᠤᠯᠤᠨ ᠦᠷᠡᠭᠲᠡᠭᠰᠡᠨ ᠪᠠᠭᠠᠲᠤᠷ ᠳ᠋ᠦ᠋ ᠬᠣᠩ  ᠤᠨ ᠲᠡᠷᠢᠭᠦᠨ ᠦ ᠦᠢᠯᠡ ᠠᠵᠢᠯᠯᠠᠭ᠎ᠠ  ᠶᠢ ᠰᠤᠷᠤᠯᠴᠠᠭᠰᠠᠨ ᠪᠠᠶᠢᠨ᠎ᠠ ᠃ ᠬᠤᠷᠠᠯ ᠳᠤ ᠣᠷᠣᠯᠴᠠᠭᠰᠠᠳ ᠪᠠᠰᠠ 《 ᠳᠥᠷᠪᠡᠨ ᠰᠤᠷᠲᠠᠯ 》᠎ ᠢ ᠦᠭᠡᠢᠰᠬᠡᠬᠦ ᠠᠰᠠᠭᠤᠳᠠᠯ ᠂ ᠠᠷᠢᠭᠤᠨ ᠴᠢᠬᠡᠴᠢ ᠲᠥᠪ ᠭᠣᠣᠯᠴᠢ ᠪᠠᠷ ᠬᠠᠤᠯᠢ ᠪᠠᠷᠢᠬᠤ ᠲᠤᠬᠠᠶ ᠭᠦᠨᠵᠡᠭᠡᠶ  ᠶᠠᠷᠢᠯᠴᠠᠨ ᠵᠠᠳᠠᠯᠠᠪᠠ᠃

 ᠠᠢ ᠹᠸᠢ ᠳᠡᠳ᠋ ᠬᠤᠷᠢᠶᠠᠨ ᠳᠠᠷᠤᠭ᠎ᠠ  ᠢᠷᠭᠡᠨ  ᠤ ᠬᠣᠶᠠᠳᠤᠭᠠᠷ ᠲᠢᠩᠬᠢᠮ ᠳᠡᠭᠡᠷ᠎ᠡ ᠬᠠᠭᠠᠰ ᠵᠢᠯ ᠦᠨ ᠠᠵᠢᠯ ᠢ ᠭᠦᠢᠴᠡᠳ ᠨᠤᠲᠠᠯᠠᠭᠰᠠᠨ᠂ ᠪᠥᠭᠡᠳ ᠳᠠᠷᠤᠭᠳᠠᠮᠠᠯ ᠬᠡᠷᠡᠭ ᠢ  ᠰᠢᠢᠳᠪᠦᠷᠢᠯᠡᠬᠦ ᠂ ᠰᠢᠭᠦᠵᠦ  ᠳᠠᠭᠤᠰᠬᠠᠬᠤ ᠨᠤᠷᠮ᠎ᠠ ᠢ ᠳᠡᠭᠡᠭᠰᠢᠯᠡᠭᠦᠯᠬᠦ ᠭᠤᠷᠪᠠᠨ ᠵᠦᠢᠯ ᠦᠨ ᠱᠠᠭᠠᠷᠳᠠᠯᠭ᠎ᠠ  ᠳᠤᠷᠠᠳᠪᠠ᠄ ᠨᠢᠭᠡ ᠳᠦ ᠳᠠᠷᠤᠭᠳᠠᠮᠠᠯ ᠬᠡᠷᠡᠭ ᠤᠨ  ᠪᠤᠢ ᠪᠣᠯᠤᠭᠰᠠᠨ ᠰᠢᠯᠲᠠᠭᠠᠨ ᠢ ᠨᠠᠷᠢᠯᠢᠭ ᠵᠠᠳᠠᠯᠤᠨ ᠡᠷᠢᠨ᠎ᠡ᠃ ᠪᠤᠰᠤᠳᠴᠢ ᠰᠢᠯᠲᠠᠭᠠᠨ ᠢ ᠵᠠᠳᠠᠯᠠᠬᠤ ᠪᠡᠷ ᠪᠠᠷᠠᠬᠤ ᠦᠭᠡᠢ ᠂ ᠨᠡᠩ ᠴᠤ ᠺᠠᠳ᠋ᠷ  ᠴᠠᠭᠳᠠᠭᠠᠨ ᠤ ᠲᠤᠰ ᠪᠡᠶ᠎ᠡ ᠳᠦ ᠣᠷᠣᠰᠢᠵᠤ ᠪᠠᠶᠢᠭ᠎ᠠ ᠪᠡᠶᠡᠴᠢ ᠰᠢᠯᠲᠠᠭᠠᠨ ᠡᠷᠢᠵᠦ ᠂ ᠦᠵᠡᠯ ᠰᠠᠨᠠᠭᠠᠨ ᠤ ᠲᠠᠯ᠎ᠠ ᠪᠠᠷ ᠪᠡᠷᠬᠡᠰᠢᠶᠡᠬᠦ ᠪᠤᠳᠤᠯ  ᠣᠷᠤᠰᠢᠬᠤ ᠦᠭᠡᠢ ᠶᠢ ᠦᠨᠡᠨ ᠬᠦ ᠪᠠᠲᠤᠯᠠᠬᠤ ᠬᠡᠷᠡᠭᠲᠡᠶ ᠃ ᠬᠣᠶᠠᠷ ᠲᠤ ᠳᠣᠣᠷ᠎ᠠ ᠬᠠᠭᠠᠰ ᠵᠢᠯ ᠦᠨ ᠠᠵᠢᠯ ᠤᠨ ᠬᠠᠷᠠᠯᠲᠠ  ᠪᠡᠨ  ᠳᠤᠭᠲᠠᠭᠠᠨ᠎ᠠ ᠃ ᠣᠳᠣ  ᠶᠢᠨ  ᠬᠢᠬᠦ ᠠᠵᠢᠯ ᠤᠨ ᠰᠠᠭᠤᠷᠢᠨ ᠳᠡᠭᠡᠷ᠎ᠡ ᠂ ᠳᠡᠭᠡᠷ᠎ᠡ ᠱᠠᠲᠤᠨ ᠤ ᠰᠢᠭᠦᠬᠦ ᠬᠣᠷᠢᠶ᠎ᠠ ᠂ ᠲᠤᠰ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠪᠠ ᠣᠯᠠᠨ ᠲᠦᠮᠡᠨ ᠦ ᠬᠡᠷᠡᠭᠴᠡᠭᠡ ᠱᠠᠭᠠᠷᠳᠠᠯᠭ᠎ᠠ  ᠢ   ᠦᠨᠳᠦᠰᠦᠯᠡᠨ ᠨᠡᠩ ᠥᠨᠳᠥᠷ  ᠰᠢᠭᠦᠨ ᠳᠠᠭᠤᠰᠬᠠᠬᠤ ᠨᠤᠷᠮ᠎ᠠ  ᠤᠨ ᠬᠠᠷᠠᠯᠲᠠ ᠳᠤᠭᠲᠠᠭᠠᠵᠤ ᠂ ᠠᠵᠢᠯ ᠤᠨ ᠳᠤᠮᠳᠠ ᠪᠠᠨ  ᠲᠠᠷᠤᠯᠲᠠᠲᠤ  ᠰᠡᠳᠬᠢᠯᠭᠡ ᠂ ᠲᠤᠯᠭᠠᠮ᠎ᠠ ᠰᠡᠳᠬᠢᠯᠭᠡ ᠂ ᠬᠠᠷᠢᠭᠤᠴᠠᠯᠭᠠᠲᠤ ᠰᠡᠳᠬᠢᠯᠭᠡ  ᠶᠢ ᠪᠤᠢ ᠪᠣᠯᠭᠠᠬᠤ ᠶᠢ ᠴᠢᠬᠤᠯᠠᠴᠢᠯᠠᠨ ᠦᠵᠡᠵᠦ᠂ ᠰᠢᠭᠦᠨ ᠲᠠᠰᠤᠯᠬᠤ ᠡᠭᠦᠷᠭᠡ ᠪᠡᠨ ᠰᠠᠨᠠᠭᠠᠴᠢᠯᠠᠭ᠎ᠠ ᠠᠴᠠ ᠪᠠᠨ ᠪᠡᠶᠡᠯᠡᠭᠦᠯᠬᠦ ᠬᠡᠷᠡᠭᠲᠡᠶ ᠃ ᠭᠤᠷᠪᠠ ᠳᠤ ᠪᠦᠬᠦᠯᠢ ᠴᠣᠭᠴᠠ ᠶᠢᠨ ᠬᠡᠷᠡᠭ ᠰᠢᠶᠳᠪᠦᠷᠢᠯᠡᠬᠦ ᠠᠶᠢᠵᠠᠮ  ᠢᠶᠡᠨ ᠲᠦᠷᠭᠡᠳᠬᠡᠨ᠎ᠡ ᠃ ᠬᠦᠨᠳᠦ ᠬᠦᠨᠭᠭᠡᠨ ᠠᠯᠭᠤᠷ ᠪᠠᠴᠢᠮ ᠢ ᠦᠨᠳᠦᠰᠦᠯᠡᠨ ᠡᠯ᠎ᠡ ᠵᠦᠢᠯ ᠦᠨ ᠠᠵᠢᠯ ᠤᠨ ᠲᠡᠰ ᠳᠠᠷᠠᠭᠠᠯᠠᠯ ᠢ ᠲᠣᠭᠲᠠᠭᠠᠵᠤ ᠂ ᠠᠵᠢᠯ ᠤᠨ ᠦᠷ᠎ᠡ ᠪᠦᠲᠦᠮᠵᠢ ᠪᠡᠨ ᠳᠡᠭᠡᠭᠰᠢᠯᠡᠭᠦᠯᠵᠦ ᠂ ᠰᠢᠭᠦᠨ ᠳᠠᠰᠤᠯᠠᠬᠤ ᠠᠵᠢᠯ ᠤᠨ  ᠲᠣᠭ᠎ᠠ ᠪᠠ ᠴᠢᠨᠠᠷ ᠢ ᠪᠠᠲᠤᠯᠠᠬᠤ ᠬᠡᠷᠡᠭᠲᠠᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )