7 ᠰᠠᠷ᠎ᠠ ᠶᠢᠨ 6 ᠤ ᠡᠳᠦᠷ ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠢᠷᠭᠡᠨ ᠤ ᠳᠥᠷᠪᠡᠳᠦᠭᠡᠷ ᠰᠢᠭᠦᠬᠦ ᠲᠢᠩᠬᠢᠮ ᠦᠨ ᠰᠢᠭᠦᠭᠴᠢᠳ ᠣᠷᠳᠤᠰ ᠷᠠᠳᠢᠣ᠋ ᠬᠣᠷᠢᠶᠠᠨ ᠤ ᠤᠷᠢᠯᠭ᠎ᠠ ᠶᠢ ᠬᠦᠯᠢᠶᠡᠨ《 ᠬᠠᠤᠯᠢ ᠶᠢᠨ ᠶᠠᠷᠢᠯᠴᠠᠭᠠᠨ ᠤ ᠰᠢᠭᠤᠳ ᠨᠡᠪᠲᠡᠷᠡᠭᠦᠯᠭᠡ》 ᠳᠤ ᠣᠷᠤᠯᠴᠠᠵᠤ᠂ ᠥᠷᠭᠡᠨ ᠣᠯᠠᠨ ᠰᠣᠨᠣᠰᠣᠭᠴᠢᠳ ᠲᠤ ᠬᠠᠤᠯᠢ ᠴᠠᠭᠠᠵᠠ ᠶᠢᠨ ᠯᠠᠪᠯᠠᠯᠭ᠎ᠠ ᠪᠠ ᠦᠢᠯᠡᠴᠢᠯᠡᠭᠡ ᠬᠠᠩᠭ᠋ᠠᠪᠠ ᠃ ᠰᠢᠭᠤᠳ ᠨᠡᠪᠲᠡᠷᠡᠭᠦᠯᠭᠡ ᠶᠢᠨ ᠶᠠᠪᠤᠴᠠ ᠳᠤᠮᠳᠠ ᠂ ᠢᠷᠭᠡᠨ ᠤ ᠬᠡᠷᠡᠭ ᠤᠨ ᠳᠥᠷᠪᠡᠳᠦᠭᠡᠷ ᠲᠢᠩᠬᠡᠮ ᠤᠨ ᠰᠢᠭᠦᠭᠴᠢ ᠬᠠᠷᠢᠶ᠎ᠠ ᠲᠢᠩᠬᠢᠮ ᠤᠨ ᠬᠡᠷᠡᠭ ᠢ ᠬᠦᠯᠢᠶᠡᠨ ᠳᠠᠭᠤᠰᠬᠠᠭᠰᠠᠨ ᠵᠢᠴᠢ ᠠᠵᠢᠯᠲᠠᠨ ᠤ ᠪᠦᠷᠢᠯᠳᠦᠯ ᠪᠠᠶᠢᠳᠠᠯ ᠤᠨ ᠲᠤᠬᠠᠶ ᠲᠣᠪᠴᠢ ᠲᠠᠨᠢᠯᠴᠠᠭᠤᠯᠭ᠎ᠠ ᠬᠢᠵᠦ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠨᠡᠶᠢᠲᠡᠯᠡᠭᠰᠡᠨ 《 ᠠᠷᠠᠳ ᠤᠨ ᠬᠣᠭᠣᠷᠣᠨᠳᠣᠬᠢ ᠵᠢᠭᠡᠯᠡᠯᠭᠡ ᠶᠢᠨ ᠬᠡᠷᠡᠭ ᠢ ᠰᠢᠭᠦᠬᠦ ᠳᠦ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠨ ᠲᠤᠬᠠᠶ ᠲᠣᠭᠲᠠᠭᠠᠯ ᠤᠳ 》 ᠢ ᠲᠠᠨᠢᠯᠴᠠᠭᠤᠯᠵᠤ ᠂ ᠠᠷᠠᠳ ᠤᠨ ᠬᠣᠭᠣᠷᠣᠨᠳᠣᠬᠢ ᠵᠢᠭᠡᠯᠡᠯᠭᠡ ᠶᠢᠨ ᠬᠡᠷᠡᠭ ᠢ ᠳᠠᠰᠤᠯᠤᠨ ᠲᠣᠭᠲᠠᠭᠠᠬᠤ ᠰᠡᠳᠬᠢᠴᠡ ᠂ ᠰᠣᠨᠣᠰᠤᠭᠴᠢ ᠶᠢᠨ ᠠᠰᠠᠭᠤᠳᠠᠯ ᠳᠤ ᠬᠠᠨᠳᠤᠯᠭᠠᠲᠤ ᠴᠢᠨᠠᠷᠲᠠᠶ ᠬᠠᠷᠢᠭᠤᠯᠲᠠ ᠥᠭᠴᠦ ᠂ ᠰᠤᠨᠤᠰᠤᠭᠴᠢᠳ ᠤᠨ ᠮᠠᠳᠠᠭ ᠲᠠᠶ ᠠᠰᠠᠭᠤᠳᠠᠯ ᠢ ᠲᠠᠶᠢᠯᠪᠤᠷᠢᠯᠠᠨ ᠥᠭᠪᠡ ᠃
2012 ᠣᠨ ᠠᠴᠠ ᠨᠠᠰᠢ ᠂ ᠠᠵᠤ ᠠᠬᠤᠶ ᠶᠢᠨ ᠪᠠᠭᠤᠷᠤᠯᠲᠠ ᠶᠢᠨ ᠨᠥᠯᠦᠭᠡᠯᠡᠯ ᠳᠣᠣᠷ᠎ᠠ ᠂ ᠪᠦᠬᠦ ᠬᠣᠲᠠ ᠶᠢᠨ ᠰᠢᠭᠦᠬᠦ ᠬᠣᠷᠢᠶᠠᠨ ᠤ ᠬᠡᠷᠡᠭ ᠢ ᠬᠦᠯᠢᠶᠡᠨ ᠠᠪᠬᠤ ᠲᠣᠭ᠎ᠠ ᠲᠦᠷᠭᠡᠨ ᠢᠶᠡᠷ ᠨᠡᠮᠡᠭᠳᠡᠵᠦ ᠂ 2015 ᠣᠨ ᠪᠣᠯᠬᠤ ᠳᠤ ᠂ ᠪᠦᠬᠦ ᠬᠣᠲᠠ ᠶᠢᠨ ᠰᠢᠭᠦᠬᠦ ᠬᠣᠷᠢᠶᠠᠨ ᠤ ᠵᠢᠯ ᠤᠨ ᠬᠦᠯᠢᠶᠠᠨ ᠠᠪᠤᠭᠰᠠᠨ ᠬᠡᠷᠡᠭ ᠦᠨ ᠲᠣᠭ᠎ᠠ ᠬᠡᠮᠵᠢᠶ᠎ᠡ ᠨᠢ10 ᠲᠦᠮᠡᠨ ᠳᠤ ᠭᠦᠷᠴᠦ᠂ ᠬᠥᠬᠡᠬᠣᠲᠠ ᠂ ᠪᠤᠭᠤᠲᠤ ᠬᠣᠶᠠᠷ ᠬᠤᠳᠠ ᠶᠢᠨ ᠬᠦᠯᠢᠶᠡᠨ ᠠᠪᠤᠭᠰᠠᠨ ᠬᠡᠷᠡᠭ ᠤᠨ ᠨᠡᠶᠢᠯᠡᠪᠦᠷᠢ ᠲᠠᠢ ᠲᠡᠩᠴᠡᠪᠡ ᠃ ᠡᠭᠦᠨ ᠦ ᠳᠣᠲᠣᠷ᠎ᠠ ᠂ ᠠᠷᠠᠳ ᠤᠨ ᠬᠣᠭᠣᠷᠣᠨᠳᠣᠬᠢ ᠵᠢᠭᠡᠯᠡᠯᠭᠡ ᠶᠢᠨ ᠬᠡᠷᠡᠭ ᠪᠠᠷᠤᠭ ᠪᠦᠬᠦ ᠢᠷᠭᠡᠨ ᠦ ᠬᠤᠳᠠᠯᠳᠤᠭᠠᠨ ᠤ ᠬᠡᠷᠡᠭ ᠤᠨ 50 % ᠡᠴᠡ ᠳᠡᠭᠡᠭᠰᠢ ᠬᠢ ᠡᠵᠡᠯᠡᠪᠡ᠃ ᠠᠷᠠᠳ ᠤᠨ ᠬᠣᠭᠣᠷᠣᠨᠳᠣᠬᠢ ᠵᠢᠭᠡᠯᠡᠯᠭᠡ ᠶᠢᠨ ᠠᠰᠠᠭᠤᠳᠠᠯ ᠪᠣᠯ ᠥᠷᠭᠡᠨ ᠤᠯᠠᠨ ᠠᠷᠠᠳ ᠲᠦᠮᠡᠨ ᠦ ᠨᠡᠶᠢᠳᠡᠮ ᠰᠡᠳᠬᠢᠯ ᠲᠠᠯᠪᠢᠵᠤ ᠪᠠᠶᠢᠭ᠎ᠠ ᠠᠰᠠᠭᠤᠳᠠᠯ ᠤᠨ ᠨᠢᠭᠡ ᠨᠢ ᠪᠣᠯᠤᠨ᠎ᠠ ᠃ ᠰᠢᠭᠤᠳ ᠨᠡᠪᠲᠡᠷᠡᠭᠦᠯᠭᠡ ᠶᠢᠨ ᠶᠠᠪᠤᠴᠠ ᠳᠤᠮᠳᠠ ᠂ ᠢᠷᠭᠡᠨ ᠤ ᠬᠡᠷᠡᠭ ᠤᠨ ᠲᠦᠷᠪᠡᠳᠦᠭᠡᠷ ᠲᠢᠩᠬᠢᠮ ᠦᠨ ᠰᠢᠭᠦᠬᠦ ᠲᠤᠰᠢᠶᠠᠯᠲᠠᠨ ᠰᠣᠨᠣᠰᠤᠭᠴᠢ ᠶᠢᠨ ᠳᠤᠷᠠᠳᠤᠭᠰᠠᠨ ᠠᠰᠠᠭᠤᠳᠠᠯ ᠤᠨ ᠲᠤᠬᠠᠶ ᠬᠦᠯᠢᠴᠡᠩᠭᠦᠶ ᠪᠡᠷ ᠨᠠᠷᠢᠨ ᠲᠣᠳᠣᠷᠬᠠᠶ ᠬᠠᠷᠢᠭᠤᠯᠲᠠ ᠥᠭᠴᠦ᠂ ᠥᠷᠭᠡᠨ ᠣᠯᠠᠨ ᠰᠣᠨᠣᠰᠣᠭᠴᠢᠳ ᠤᠨ ᠨᠢᠭᠡᠳᠦᠯᠲᠡᠶ ᠰᠠᠢᠨ ᠦᠨᠡᠯᠡᠯᠲᠡ ᠶᠢ ᠣᠯᠤᠭᠰᠠᠨ ᠪᠠᠶᠢᠨ᠎ᠠ ᠃
ᠦᠨᠡᠯᠡᠬᠦ 0ᠦᠨᠡᠯᠡᠯᠲᠡ᠎ᠲᠠᠢ