ᠪᠡᠭᠡᠵᠢᠩ ᠬᠣᠲᠠ ᠶᠢᠨ ᠭᠡᠷ ᠬᠦᠷᠦᠩᠭᠡ ᠶᠢᠨ ᠲᠤᠤ ᠪᠦᠦ ᠳᠡᠭᠡᠷᠡᠬᠢ ᠠᠩᠬ᠎ᠠ ᠤᠳᠠᠭᠠᠨ ᠦ ᠦᠨ᠎ᠡ ᠬᠠᠶᠠᠯᠴᠠᠭᠰᠠᠨ ᠰᠣᠯᠢᠯᠴᠠᠭ᠎ᠠ ᠮᠠᠰᠢ ᠠᠮᠵᠢᠯᠲᠠ ᠤᠯᠪᠠ
ᠮᠠᠨ ᠤ ᠬᠤᠷᠢᠶᠠᠨ ᠤ ᠬᠠᠤᠯᠢ ᠳᠤ ᠳᠤᠰᠠᠯᠠᠮᠵᠢ ᠦᠵᠡᠭᠦᠯᠬᠦ ᠠᠯᠪᠡᠨ ᠭᠡᠷ ᠨᠢ 2014 ᠣᠨ ᠤ 12 ᠰᠠᠷ᠎ᠠ ᠡᠴᠡ ᠡᠬᠢᠯᠡᠨ ᠰᠦᠯᠵᠢᠶᠡᠨ ᠳᠡᠭᠡᠷ᠎ᠡ ᠬᠠᠤᠯᠢ ᠬᠡᠷᠡᠭᠵᠢᠭᠦᠯᠦᠯᠲᠡ ᠶᠢᠨ ᠦᠨ᠎ᠡ ᠬᠠᠶᠠᠵᠤ ᠬᠤᠳᠠᠯᠳᠤᠬᠤ ᠠᠵᠢᠯ ᠡᠬᠢᠯᠡᠭᠰᠡ ᠡᠴᠡ ᠨᠠᠰᠢ ᠂ ᠭᠡᠷ ᠬᠦᠷᠦᠩᠭᠡ ᠭᠠᠵᠠᠷ ᠰᠢᠷᠣᠶ ᠶᠢᠨ ᠵᠠᠬ᠎ᠠ ᠳᠡᠯᠭᠡᠭᠦᠷ ᠦᠨ ᠦᠨ᠎ᠡ ᠬᠠᠩᠰᠢ ᠠᠯᠬᠤᠮ ᠠᠯᠬᠤᠮ ᠢᠶᠠᠷ ᠰᠠᠶᠢᠵᠢᠷᠠᠬᠤ ᠪᠠ ᠰᠦᠯᠵᠢᠶᠡᠨ ᠳᠡᠭᠡᠷ᠎ᠡ ᠬᠠᠤᠯᠢ ᠬᠡᠷᠡᠭᠵᠢᠭᠦᠯᠦᠯᠲᠡ ᠶᠢᠨ ᠦᠨ᠎ᠡ ᠬᠠᠶᠠᠵᠤ ᠬᠤᠳᠠᠯᠳᠤᠬᠤ ᠠᠵᠢᠯ ᠤᠨ ᠤᠬᠠᠭᠤᠯᠭ᠎ᠠ ᠶᠢᠨ ᠬᠦᠴᠦᠯᠡᠴᠡ ᠶᠢ ᠤᠯᠠᠮ ᠨᠢᠭᠡ ᠠᠯᠬᠤᠮ ᠴᠢᠩᠭᠠᠳᠬᠠᠬᠤ ᠪᠠᠷ ᠳᠠᠮᠵᠢᠨ ᠂ ᠰᠦᠯᠵᠢᠶᠠᠨ ᠳᠡᠭᠡᠷ᠎ᠡ ᠬᠠᠤᠯᠢ ᠬᠡᠷᠡᠭᠵᠢᠭᠦᠯᠦᠯᠲᠡ ᠶᠢᠨ ᠦᠨ᠎ᠡ ᠬᠠᠶᠠᠯᠴᠠᠨ ᠬᠤᠳᠠᠯᠳᠤᠬᠤ ᠶᠢ ᠨᠡᠩ ᠤᠯᠠᠨ ᠬᠦᠮᠦᠨ ᠬᠦᠯᠢᠶᠠᠨ ᠠᠪᠬᠤ ᠪᠤᠯᠵᠤ᠂ ᠰᠤᠯᠢᠯᠴᠠᠭᠠᠨ ᠤ ᠨᠤᠷᠮ᠎ᠠ ᠠᠭᠠᠵᠢᠮ ᠢᠶᠠᠷ ᠳᠡᠭᠡᠭᠰᠢᠯᠡᠨ ᠂ ᠬᠠᠤᠯᠢ ᠬᠡᠷᠡᠭᠵᠢᠭᠦᠯᠦᠯᠲᠡ ᠶᠢᠨ ᠰᠦᠯᠵᠢᠶᠡᠨ ᠳᠡᠭᠡᠷ᠎ᠠ ᠥᠨ᠎ᠠ ᠬᠠᠶᠠᠯᠴᠠᠨ ᠬᠤᠳᠠᠯᠳᠤᠬᠤ ᠶᠢᠨ ᠠᠰᠢᠭ ᠦᠨᠳᠦᠷ ᠂ ᠦᠶᠡᠯᠡᠯ ᠦᠨ ᠬᠤᠭᠤᠴᠠᠭ᠎ᠠ ᠤᠬᠤᠷ ᠵᠡᠷᠭᠡ ᠳᠠᠪᠠᠭᠤᠯᠢᠭ ᠲᠠᠯ᠎ᠠ ᠳᠤᠪᠤᠢᠨ ᠭᠠᠷᠤᠭᠰᠠᠨ ᠪᠠᠢᠨ᠎ᠠ᠃
2016ᠤᠨ ᠤ 9ᠰᠠᠷ᠎ᠠ ᠶᠢᠨ22 ᠤ ᠡᠳᠦᠷ ᠂ ᠳ᠋ᠦᠩᠱᠧᠩ ᠲᠣᠭᠣᠷᠢᠭ ᠤᠨ ᠠᠷᠠᠳ ᠤᠨ ᠰᠢᠭᠦᠬᠦ ᠬᠣᠷᠢᠶᠠᠨ ᠤ ᠨᠠᠶᠢᠳᠠᠯᠭ᠎ᠠ ᠪᠠᠷ ᠮᠠᠨ ᠤ ᠬᠣᠷᠢᠶ᠎ᠠ ᠲᠤᠤ ᠪᠦᠦ ᠰᠦᠯᠵᠢᠶ᠎ᠡ ᠶᠢᠨ ᠬᠠᠤᠯᠢ ᠬᠡᠷᠡᠭᠵᠢᠭᠦᠯᠦᠯᠲᠡ ᠶᠢᠨ ᠦᠨ᠎ᠡ ᠬᠠᠶᠠᠵᠤ ᠬᠤᠳᠠᠯᠳᠤᠬᠤ ᠲᠠᠪᠴᠠᠩ ᠳᠡᠭᠡᠷ᠎ᠡ ᠨᠢᠭᠡ ᠪᠥᠯᠦᠭ ᠪᠡᠭᠡᠵᠢᠩ ᠬᠣᠲᠠ ᠶᠢᠨ ᠴᠤᠤᠶᠠᠩ ᠲᠣᠭᠣᠷᠢᠭ ᠤᠨ ᠭᠡᠷ ᠢ ᠦᠨ᠎ᠡ ᠬᠠᠶᠠᠵᠤ ᠬᠤᠳᠠᠯᠳᠤᠪᠠ ᠃ ᠲᠤᠰ ᠦᠨ᠎ᠡ ᠬᠠᠶᠠᠯᠴᠠᠨ ᠬᠤᠳᠠᠯᠳᠤᠬᠤ ᠡᠳ᠋ ᠤᠨ ᠡᠬᠢᠯᠡᠨ ᠦᠨ᠎ᠡ ᠬᠠᠶᠠᠵᠤ ᠬᠤᠳᠠᠯᠳᠤᠬᠤ ᠦᠨ᠎ᠡ 18398935 ᠲᠥᠭᠥᠷᠢᠭ ᠪᠠᠢᠵᠤ ᠂ ᠦᠨ᠎ᠡ ᠶᠢᠨ ᠨᠡᠮᠡᠭᠳᠡᠯ ᠬᠡᠮᠵᠢᠶ᠎ᠡ ᠶᠢ 10000 ᠲᠥᠭᠥᠷᠢᠭ ᠂ 16 ᠬᠥᠮᠦᠨ ᠨᠡᠷ᠎ᠡ ᠮᠡᠳᠡᠭᠦᠯᠵᠦ ᠂ ᠥᠷᠢᠰᠥᠯᠳᠦᠨ ᠬᠤᠳᠠᠯᠳᠤᠨ ᠠᠪᠬᠤ ᠳᠤ ᠣᠷᠣᠯᠴᠠᠵᠤ ᠂ 328 ᠡᠭᠡᠯᠵᠢ ᠶᠢᠨ ᠦᠨ᠎ᠡ ᠬᠠᠶᠠᠯᠴᠠᠬᠤ ᠪᠠᠷ ᠳᠠᠮᠵᠢᠨ᠂ ᠬᠤᠳᠠᠯᠳᠤᠨ ᠠᠪᠤᠭᠴᠢ ᠡᠴᠦᠰ ᠲᠡᠬᠡᠨ 28948935 ᠲᠥᠭᠥᠷᠢᠭ ᠤᠨ ᠥᠨ᠎ᠠ ᠪᠠᠷ ᠬᠤᠳᠠᠯᠳᠤᠨ ᠠᠪᠴᠤ ᠂ ᠦᠨ᠎ᠡ ᠦᠰᠦᠭᠰᠡᠨ ᠨᠤᠷᠮ᠎ᠠ ᠨᠢ 57.34%ᠳ᠋ᠤ ᠬᠦᠷᠦᠭᠰᠡᠨ ᠪᠠᠢᠨ᠎ᠠ᠃ ᠡᠨᠡ ᠤᠳᠠᠭᠠᠨ ᠤ ᠰᠤᠯᠢᠯᠴᠠᠭ᠎ᠠ ᠨᠢ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ ᠰᠦᠯᠵᠢᠶᠡᠨ ᠳᠡᠭᠡᠷ᠎ᠡ ᠬᠠᠤᠯᠢ ᠬᠡᠷᠡᠭᠵᠢᠭᠦᠯᠦᠯᠲᠡ ᠶᠢᠨ ᠦᠨ᠎ᠡ ᠬᠠᠶᠠᠵᠤ ᠬᠤᠳᠠᠯᠳᠤᠬᠤ ᠠᠵᠢᠯ ᠦᠷᠨᠢᠭᠦᠯᠦᠭᠰᠡᠨ ᠡᠴᠡ ᠨᠠᠰᠢ ᠂ ᠦᠨ᠎ᠡ ᠦᠰᠦᠭᠰᠡᠨ ᠨᠤᠷᠮ᠎ᠠ ᠬᠠᠮᠤᠭ ᠠᠴᠠ ᠥᠨᠳᠥᠷ ᠂ ᠦᠨ᠎ᠡ ᠬᠠᠶᠠᠯᠴᠠᠬᠤ ᠬᠥᠮᠦᠨ ᠦ ᠲᠣᠭ᠎ᠠ ᠪᠠᠷ ᠬᠠᠮᠤᠭ ᠤᠨ ᠤᠯᠠᠨ ᠪᠠᠢᠵᠤ᠂ ᠦᠨ᠎ᠡ ᠬᠠᠩᠰᠢ ᠶᠢᠨ ᠲᠠᠯ᠎ᠠ ᠪᠠᠷ ᠦᠷᠢᠰᠦᠯᠳᠡᠭᠰᠡᠨ ᠡᠭᠡᠯᠵᠢ ᠶᠢᠨ ᠲᠣᠭ᠎ᠠ ᠬᠠᠮᠤᠭ ᠣᠯᠠᠨ ᠪᠣᠯᠤᠭᠰᠠᠨ ᠨᠢᠭᠡ ᠤᠳᠠᠭᠠᠨ ᠤ ᠦᠨ᠎ᠡ ᠬᠠᠶᠠᠯᠴᠠᠭᠰᠠᠨ ᠰᠤᠯᠢᠯᠴᠠᠭ᠎ᠠ ᠪᠤᠯᠪᠠ ᠃
ᠬᠣᠶᠢᠰᠢᠳᠠ ᠶᠢᠨ ᠠᠵᠢᠯ ᠤᠨ ᠳᠤᠮᠳᠠ ᠂ ᠬᠠᠤᠯᠢ ᠪᠠᠷᠢᠬᠤ ᠳᠤ ᠲᠤᠰᠠᠯᠠᠬᠤ ᠠᠯᠪᠠᠨ ᠭᠡᠷ ᠦᠨ ᠦᠨ᠎ᠡ ᠬᠠᠶᠠᠵᠤ ᠬᠤᠳᠠᠯᠳᠤᠭᠰᠠᠨ ᠬᠡᠷᠡᠭ ᠢ ᠪᠥᠬᠥᠳᠡ ᠶᠢ ᠰᠦᠯᠵᠢᠶᠡᠨ ᠳᠡᠭᠡᠷ᠎ᠡ ᠭᠠᠷᠭᠠᠬᠤ ᠪᠡᠷ ᠵᠠᠷᠴᠢᠮ ᠪᠤᠯᠭᠠᠵᠤ᠂ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠵᠤ ᠂ ᠬᠠᠤᠯᠢ ᠴᠠᠭᠠᠵᠠ ᠶᠢᠨ ᠦᠨ᠎ᠡ ᠬᠠᠶᠠᠵᠤ ᠬᠤᠳᠠᠯᠳᠤᠬᠤ ᠂ ᠬᠠᠤᠯᠢ ᠴᠠᠭᠠᠵᠠ ᠶᠢᠨ ᠦᠨ᠎ᠡ ᠬᠠᠶᠠᠵᠤ ᠬᠤᠳᠠᠯᠳᠤᠬᠤ ᠵᠡᠷ ᠂ ᠠᠷᠠᠯᠵᠢᠶᠠᠯᠠᠬᠤ ᠳᠦᠷᠢᠮ ᠂ ᠮᠠᠶᠢᠮᠠᠶ ᠪᠦᠲᠦᠭᠰᠡᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠬᠠᠢᠯᠲᠠ ᠰᠦᠯᠵᠢᠶ᠎ᠡ ᠪᠠ ᠠᠷᠠᠳ ᠤᠨ ᠰᠢᠭᠦᠬᠦ ᠬᠣᠷᠢᠶᠠᠨ ᠤ ᠵᠠᠷᠭᠤ ᠶᠢᠨ ᠡᠳ᠋ ᠬᠦᠷᠦᠨᠭᠭᠡ ᠶᠢᠨ ᠰᠦᠯᠵᠢᠶᠡᠨ ᠳᠡᠭᠡᠷ᠎ᠡ ᠢᠯᠡ ᠨᠡᠢᠲᠡᠯᠡᠨᠠ᠃ ᠸᠡᠢᠴᠸᠲ ᠂ ᠪᠢᠴᠢᠯ ᠪᠦᠷᠭᠡ ᠵᠡᠷᠭᠡ ᠲᠠᠪᠴᠠᠩ ᠢ ᠰᠠᠶᠢᠲᠤᠷ ᠬᠢᠵᠦ ᠂ ᠬᠠᠤᠯᠢ ᠬᠡᠷᠡᠭᠵᠢᠭᠦᠯᠦᠯᠲᠡ ᠶᠢᠨ ᠰᠦᠯᠵᠢᠶᠡᠨ ᠳᠡᠭᠡᠷᠡᠬᠢ ᠥᠨ᠎ᠠ ᠬᠠᠶᠠᠯᠴᠠᠨ ᠬᠤᠳᠠᠯᠳᠤᠬᠤ ᠰᠤᠷᠲᠠᠯ ᠤᠬᠠᠭᠤᠯᠭ᠎ᠠ ᠶᠢᠨ ᠠᠵᠢᠯ ᠤᠯᠠᠮ ᠰᠠᠢᠨ ᠬᠢᠵᠦ ᠂ ᠨᠡᠡᠭ ᠤᠯᠠᠨ ᠬᠥᠮᠦᠨ ᠢ ᠬᠠᠤᠯᠢ ᠬᠡᠷᠡᠭᠵᠢᠭᠦᠯᠦᠯᠲᠡ ᠶᠢᠨ ᠦᠨ᠎ᠠ ᠬᠠᠶᠠᠯᠴᠠᠨ ᠬᠤᠳᠠᠯᠳᠤᠭᠠᠯᠠᠬᠤ ᠡᠩᠨᠡᠭᠡᠨ ᠳᠦ ᠣᠷᠤᠯᠴᠠᠭᠤᠯᠤᠨ᠎ᠠ᠃
ᠦᠨᠡᠯᠡᠬᠦ 0ᠦᠨᠡᠯᠡᠯᠲᠡ ᠲᠠᠢ