ᠴᠤᠭ ᠰᠦᠯᠳᠡ ᠪᠡᠨ ᠪᠠᠳᠠᠷᠠᠭᠤᠯᠤᠨ᠂ ᠯᠠᠪᠳᠠᠭᠤᠨ ᠢᠶᠡᠷ ᠳᠦᠯᠬᠢᠨ ᠠᠬᠢᠭᠤᠯᠵᠤ᠂ ᠪᠦᠬᠦ ᠬᠦᠴᠦᠨ ᠢᠶᠡᠷ ᠢᠶᠡᠨ ᠳᠥᠷᠪᠡᠳᠦᠭᠡᠷ ᠤᠯᠠᠷᠢᠯ ᠤᠨ ᠠᠵᠢᠯ ᠳᠦ ᠰᠢᠪᠲᠤᠯᠤᠯᠲᠠ ᠬᠢᠰᠦᠭᠡᠢ
2016.10.29 ᠲᠣᠰ ᠥᠷᠲᠡᠭᠡᠨ ᠦ ᠨᠠᠢᠷᠠᠭᠤᠯᠤᠭᠴᠢ

 ᠴᠤᠭ ᠰᠦᠯᠳᠡ ᠪᠡᠨ ᠪᠠᠳᠠᠷᠠᠭᠤᠯᠤᠨ᠂ ᠯᠠᠪᠳᠠᠭᠤᠨ ᠢᠶᠡᠷ ᠳᠦᠯᠬᠢᠨ ᠠᠬᠢᠭᠤᠯᠵᠤ᠂                 

ᠪᠦᠬᠦ ᠬᠦᠴᠦᠨ ᠢᠶᠡᠷ ᠢᠶᠡᠨ ᠳᠥᠷᠪᠡᠳᠦᠭᠡᠷ ᠤᠯᠠᠷᠢᠯ ᠤᠨ ᠠᠵᠢᠯ ᠳᠦ ᠰᠢᠪᠲᠤᠯᠤᠯᠲᠠ ᠬᠢᠰᠦᠭᠡᠢ

      ----- ᠬᠡᠷᠡᠭ  ᠳᠠᠩᠰᠤᠯᠠᠬᠤ ᠲᠠᠩᠬᠢᠮ᠂ ᠵᠠᠷᠭᠠᠯᠳᠤᠭᠠᠨ ᠤ ᠦᠢᠯᠡᠴᠢᠯᠡᠭᠡᠨ ᠦ ᠲᠥᠪ ᠦᠨ ᠬᠢᠨᠢ ᠯᠢ  ᠬᠣᠩ   ᠶᠠᠠ ᠬᠣᠷᠢᠶᠠᠨ ᠳᠠᠷᠤᠭ᠎ᠠ ᠶᠢᠨ《 ᠬᠤᠶᠠᠷ ᠢ ᠰᠤᠷᠴᠤ ᠨᠢᠭᠡ ᠶᠢ ᠬᠢᠬᠦ》 ᠰᠤᠷᠤᠯᠴᠠᠯᠭ᠎ᠠ ᠬᠥᠮᠦᠵᠢᠯ  ᠢ ᠳᠦᠯᠬᠢᠨ ᠠᠬᠢᠭᠤᠯᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ  ᠨᠠᠢᠳᠠᠪᠤᠷᠢᠵᠢᠭᠤᠯᠪᠠ

 

10 ᠰᠠᠷ᠎ᠠ ᠶᠢᠨ17 ᠤ ᠡᠳᠦᠷ  ᠤᠨ ᠦᠳᠡ  ᠶᠢᠨ ᠡᠮᠦᠨ᠎ᠡ᠂  ᠬᠡᠷᠡᠭ ᠳᠠᠩᠰᠤᠯᠠᠬᠤ ᠲᠠᠩᠬᠢᠮ᠂ ᠵᠠᠷᠭᠠᠯᠳᠤᠭᠠᠨ ᠤ ᠦᠢᠯᠠᠴᠢᠯᠡᠭᠡᠨ ᠤ ᠲᠥᠪ ᠤᠨ ᠪᠥᠬᠦ ᠺᠠᠲᠠᠷ ᠴᠠᠭᠳᠠᠭ᠎ᠠ ᠰᠠᠯᠠᠭ᠎ᠠ ᠮᠥᠴᠢᠷ ᠤᠨ  ᠡᠷᠲᠡ ᠶᠢᠨ ᠬᠤᠷᠠᠯ ᠬᠤᠷᠠᠯᠳᠤᠭᠤᠯᠵᠤ ᠂  ᠯᠢ  ᠵᠢᠢ ᠾᠧᠩ  ᠱᠦᠵᠢ ᠶᠢᠨ ᠣᠷᠳᠤᠰ ᠲᠡᠬᠢ ᠪᠠᠢᠴᠠᠭᠠᠨ ᠰᠣᠳᠤᠯᠠᠬᠤ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠠᠢ ᠢᠦᠢ ᠭᠠᠩ ᠱᠦᠵᠢ  ᠶᠢᠨ ᠪᠦᠬᠦ ᠬᠣᠲᠠ ᠶᠢᠨ  ᠺᠠᠲᠠᠷᠴᠤᠳ ᠤᠨ ᠶᠡᠬᠡ ᠬᠤᠷᠠᠯ ᠴᠢᠬᠤᠯᠠ ᠶᠠᠷᠢᠶᠠᠨ  ᠤ ᠵᠣᠷᠢᠭ ᠰᠠᠨᠠᠭ᠎ᠠ  ᠶᠢ ᠰᠤᠷᠤᠯᠴᠠᠵᠤ ᠪᠦᠬᠦ ᠬᠣᠲᠠ ᠶᠢᠨ ᠰᠢᠭᠦᠬᠦ ᠬᠣᠷᠢᠶᠠᠨ  ᠡᠴᠡ  ᠥᠪᠡᠷᠲᠡᠭᠡᠨ ᠵᠠᠰᠠᠬᠤ ᠣᠷᠤᠨ ᠤ ᠤᠳᠤᠷᠢᠳᠤᠯᠭ᠎ᠠ ᠨᠠᠷ ᠤᠨ ᠣᠷᠳᠤᠰ ᠲᠡᠬᠢ ᠪᠠᠢᠴᠠᠭᠠᠨ ᠰᠤᠳᠤᠯᠠᠯᠲᠠ ᠶᠢᠨ ᠴᠢᠬᠤᠯᠠ ᠶᠠᠷᠢᠶ᠎ᠠ   ᠵᠢᠴᠢ《   ᠬᠤᠶᠠᠷ ᠢ ᠰᠤᠷᠴᠦ ᠨᠢᠭᠡ ᠶᠢ ᠬᠢᠬᠦ》 ᠰᠤᠷᠤᠯᠴᠠᠯᠭ᠎ᠠ ᠬᠥᠮᠦᠵᠢᠯ  ᠢ ᠠᠬᠢᠭᠤᠯᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠲᠤᠤᠱᠠᠯᠠᠭᠤᠯᠤᠨ ᠨᠠᠢᠳᠠᠪᠤᠷᠢᠵᠢᠭᠤᠯᠬᠤ ᠶᠢ ᠲᠠᠮᠵᠢᠭᠤᠯᠪᠠ᠃ ᠬᠣᠲᠠ  ᠶᠢᠨ ᠳᠤᠮᠳᠠ ᠵᠡᠷᠭᠡ ᠶᠢᠨ ᠰᠢᠬᠦᠬᠦ ᠬᠣᠷᠢᠶᠠᠨ ᠤ  ᠨᠠᠮ  ᠤᠨ ᠳᠤᠭᠤᠢᠯᠠᠩ ᠤᠨ ᠪᠦᠷᠢᠯᠳᠡᠭᠦᠨ᠂ ᠰᠢᠭᠦᠨ ᠲᠠᠰᠤᠯᠠᠬᠤ ᠺᠤᠮᠢᠰ ᠤᠨ ᠲᠤᠰᠬᠠᠢ ᠳᠤᠰᠢᠶᠠᠯᠲᠤ ᠬᠡᠰᠢᠭᠦᠨ  ᠾᠧ  ᠵᠦᠩ  ᠫᠢᠩ ᠬᠤᠷᠠᠯ ᠳᠤ ᠤᠷᠤᠯᠴᠠᠨ᠂ ᠬᠤᠷᠠᠯ ᠢ ᠡᠷᠬᠢᠯᠡᠪᠠ᠃

ᠬᠤᠷᠠᠯ ᠡᠴᠡ ᠯᠢ ᠬᠣᠩ ᠶᠠᠠ ᠬᠣᠷᠢᠶᠠᠨ ᠳᠠᠷᠤᠭ᠎ᠠ  ᠶᠢᠨ《 ᠬᠣᠶᠠᠷ ᠢ ᠰᠤᠷᠴᠤ ᠨᠢᠭᠡ ᠶᠢ ᠬᠢᠬᠦ》 ᠰᠤᠷᠤᠯᠴᠠᠯᠭ᠎ᠠ ᠬᠥᠮᠦᠵᠢᠯ  ᠢ ᠳᠦᠯᠬᠢᠨ ᠠᠬᠢᠭᠤᠯᠬᠤ ᠬᠤᠷᠠᠯ ᠳᠡᠭᠡᠷᠡᠬᠢ ᠴᠢᠬᠤᠯᠠ  ᠶᠠᠷᠢᠶᠠᠨ  ᠤ ᠵᠣᠷᠢᠭ ᠰᠠᠨᠠᠭ᠎ᠠ ᠶᠢ  ᠭᠦᠨᠵᠡᠭᠡᠢ  ᠰᠤᠷᠤᠯᠴᠠᠪᠠ᠃ ᠯᠢ ᠬᠣᠩ ᠶᠠᠠ ᠡᠴᠡ᠄ ᠪᠦᠬᠦ ᠬᠣᠲᠠ ᠶᠢᠨ ᠬᠤᠶᠠᠷ ᠳᠡᠰ ᠤᠨ ᠰᠢᠬᠦᠬᠦ ᠬᠣᠷᠢᠶᠠᠨ ᠡᠴᠡ《 ᠬᠤᠶᠠᠷ ᠢ ᠰᠤᠷᠴᠤ ᠨᠢᠬᠡ ᠶᠢ  ᠬᠢᠬᠦ》 ᠰᠤᠷᠤᠯᠴᠠᠯᠭ᠎ᠠ  ᠬᠥᠮᠦᠵᠢᠯ ᠢ ᠭᠦᠨᠵᠡᠭᠡᠢ  ᠦᠷᠨᠢᠭᠦᠯᠵᠤ᠂ ᠡᠯ᠎ᠡ ᠲᠥᠷᠦᠯ ᠤᠨ ᠠᠵᠢᠯ ᠢᠶᠡᠨ ᠳᠦᠯᠬᠢᠨ ᠠᠬᠢᠭᠤᠯᠤᠭᠰᠠᠨ  ᠤ ᠳᠠᠭᠠᠤ ᠪᠠᠰᠠ ᠮᠠᠨ ᠤ ᠰᠢᠭᠦᠯᠲᠠ  ᠶᠢᠨ ᠬᠠᠮᠢᠶᠠᠷᠤᠯᠲᠠ᠂ ᠡᠩᠨᠡᠭᠡᠨ ᠤ ᠪᠠᠢᠭᠤᠯᠤᠯᠲᠠ᠂ ᠨᠠᠮ ᠤᠨ ᠰᠤᠷᠲᠠᠯ ᠠᠷᠢᠭᠤᠨ ᠴᠢᠭᠡᠴᠢ ᠪᠡᠷ ᠵᠠᠰᠠᠭ  ᠪᠠᠷᠢᠬᠤ ᠵᠡᠷᠭᠡ ᠲᠠᠯ᠎ᠠ ᠪᠡᠷ ᠣᠷᠤᠰᠢᠵᠤ ᠪᠠᠢᠭ᠎ᠠ ᠠᠰᠠᠭᠤᠳᠠᠯ  ᠬᠢᠭᠡᠳ ᠬᠦᠷᠦᠯᠴᠡᠬᠦ ᠦᠭᠡᠢ ᠲᠠᠯ᠎ᠠ ᠶᠢ  ᠢᠯᠡᠷᠡᠭᠦᠯᠪᠡ᠃“ ᠬᠦᠴᠢᠷᠳᠡᠯ᠂ ᠲᠥᠭᠡᠷᠢᠭᠳᠡᠯ᠂ ᠭᠠᠴᠢᠭᠳᠠᠯ” ᠵᠡᠷᠭᠡ ᠭᠤᠷᠪᠠᠨ ᠠᠰᠠᠭᠤᠳᠠᠯ ᠳ᠋ᠤ ᠬᠠᠨᠳᠤᠵᠤ᠂ ᠪᠥᠬᠦ ᠬᠣᠲᠠ  ᠶᠢᠨ ᠬᠤᠶᠠᠷ ᠳᠡᠰ ᠤᠨ ᠰᠢᠭᠦᠬᠦ ᠬᠣᠷᠢᠶ᠎ᠠ ᠠᠰᠠᠭᠤᠳᠠᠯ ᠳᠦ ᠵᠥᠪ ᠢᠶᠡᠷ ᠬᠠᠨᠳᠤᠨ᠂ ᠠᠵᠢᠯ ᠤᠨ ᠪᠠᠴᠢᠮ ᠰᠡᠳᠬᠢᠯᠬᠡ ᠶᠢ  ᠪᠤᠢ ᠪᠣᠯᠭᠠᠨ᠂《 ᠬᠤᠶᠠᠷ ᠢ ᠰᠤᠷᠴᠤ ᠨᠢᠬᠡ ᠶᠢ ᠬᠢᠬᠦ》 ᠰᠤᠷᠤᠯᠴᠠᠯᠭ᠎ᠠ ᠬᠥᠮᠦᠵᠢᠯ ᠢ ᠴᠢᠩᠭ᠋ᠠᠳᠬᠠᠬᠤ  ᠡᠴᠡ ᠭᠠᠷᠬᠤ ᠵᠠᠮ ᠡᠷᠢᠵᠦ᠂ ᠢᠳᠡᠪᠬᠢᠲᠠᠢ ᠪᠡᠷ ᠠᠰᠠᠭᠤᠳᠠᠯ ᠢ  ᠰᠢᠢᠳᠪᠥᠷᠢᠯᠡᠵᠤ᠂  ᠡᠭᠦᠨ  ᠤ ᠳᠠᠭᠠᠤ ᠥᠪᠡᠷ ᠤᠨ ᠠᠵᠢᠯ ᠳᠤ ᠪᠡᠨ ᠡᠷᠭᠢᠴᠷᠭᠦᠯᠦᠯ ᠬᠢᠵᠦ᠂ ᠬᠦᠷᠦᠯᠴᠡᠬᠦ ᠦᠭᠡᠢ ᠲᠠᠯ᠎ᠠ ᠪᠡᠨ ᠴᠠᠭ ᠲᠤᠬᠠᠢ ᠳᠤ  ᠨᠢ ᠨᠦᠬᠦᠪᠥᠷᠢᠯᠡᠨ᠂  ᠲᠢᠷᠢᠭᠦᠨ ᠭᠡᠳᠡᠢᠨ ᠡᠩᠨᠡᠭᠡ ᠪᠡᠨ ᠳᠠᠭᠠᠬᠤ ᠬᠡᠷᠡᠭᠲᠠᠢ ᠭᠡᠵᠤ ᠵᠢᠭᠠᠪᠠ᠃

 ᠬᠢᠨᠠᠮᠠᠭᠠᠢ ᠰᠤᠷᠤᠯᠴᠠᠬᠤ ᠪᠡᠷ ᠳᠠᠮᠵᠢᠨ᠂ ᠬᠤᠷᠠᠯ ᠡᠴᠡ  ᠥᠪᠡᠷᠲᠡᠭᠡᠨ ᠵᠠᠰᠠᠬᠤ ᠣᠷᠤᠨ ᠤ ᠤᠳᠤᠷᠢᠳᠤᠯᠭ᠎ᠠ ᠨᠠᠷ ᠤᠨ ᠣᠷᠳᠤᠰ ᠲᠡᠬᠢ ᠪᠠᠢᠴᠠᠭᠠᠨ ᠦᠵᠡᠬᠦ ᠦᠶ᠎ᠡ ᠶᠢᠨ ᠴᠢᠬᠤᠯᠠ ᠶᠠᠷᠢᠶ᠎ᠠ ᠬᠢᠭᠡᠳ ᠮᠠᠨ ᠤ ᠬᠣᠷᠢᠶᠠᠨ ᠤ《 ᠬᠤᠶᠠᠷ ᠢ ᠰᠤᠷᠴᠤ ᠨᠢᠬᠡ ᠶᠢ ᠬᠢᠬᠦ》 ᠰᠤᠷᠤᠯᠴᠠᠯᠭ᠎ᠠ ᠬᠥᠮᠦᠵᠢᠯ  ᠢ ᠲᠦᠯᠬᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠲᠤᠤᠱᠠᠯᠠᠭᠤᠯᠵᠤ᠂《 ᠬᠤᠶᠠᠷ ᠢ ᠰᠤᠷᠴᠦ ᠨᠢᠭᠡ ᠶᠢ ᠬᠢᠬᠦ》 ᠶᠢ ᠰᠤᠷᠤᠯᠴᠠᠬᠤ ᠶᠢ ᠦᠷᠭᠦᠯᠵᠢᠯᠡᠨ ᠭᠦᠨᠵᠡᠭᠡᠢ ᠦᠷᠨᠢᠭᠦᠯᠵᠦ᠂ ᠵᠣᠷᠢᠭ ᠰᠠᠨᠠᠭ᠎ᠠ ᠪᠡᠨ ᠬᠥᠪᠴᠢᠯᠡᠬᠦ ᠳ᠋ᠤ ᠬᠥᠳᠡᠯᠭᠡᠭᠴᠢ ᠬᠦᠴᠦᠨ ᠨᠡᠮᠡᠷᠢᠯᠡᠵᠤ᠂ ᠬᠡᠷᠡᠭ ᠳᠠᠩᠰᠤᠯᠠᠬᠤ  ᠲᠠᠩᠬᠢᠮ ᠪᠠ ᠵᠠᠷᠭᠤ ᠶᠢᠨ ᠦᠢᠯᠡᠴᠢᠯᠡᠭᠡᠨ ᠤ ᠲᠥᠪ ᠤᠨ ᠺᠠᠲᠠᠷ ᠴᠠᠭᠳᠠᠭ᠎ᠠ ᠨᠠᠷ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ  ᠶᠢ  ᠨᠢ ᠬᠦᠭᠵᠢᠭᠡᠵᠦ᠂ ᠪᠦᠬᠦ ᠣᠷᠤᠨ ᠤ ᠰᠢᠬᠦᠬᠦ ᠬᠣᠷᠢᠶᠠᠨ ᠤ ᠵᠠᠷᠭᠤ  ᠶᠢᠨ ᠦᠢᠯᠡᠴᠢᠯᠡᠭᠡᠨ  ᠤ ᠲᠥᠪ ᠤᠨ ᠪᠦᠲᠦᠭᠡᠨ ᠪᠠᠢᠭᠤᠯᠤᠯᠲᠠ ᠶᠢ ᠠᠬᠢᠭᠤᠯᠬᠤ ᠬᠤᠷᠠᠯ ᠢ  ᠠᠮᠵᠢᠯᠲᠠ ᠲᠠᠢ ᠡᠷᠬᠢᠯᠡᠬᠦ ᠳ᠋ᠤ ᠡᠯ᠎ᠡ ᠲᠥᠷᠦᠯ ᠤᠨ ᠠᠵᠢᠯ ᠢ  ᠰᠠᠢᠲᠤᠷ ᠬᠢᠬᠦ ᠪᠡᠷ ᠬᠠᠮᠲᠦᠪᠡᠷ ᠪᠡᠨ ᠴᠤᠴᠤᠯᠲᠠ ᠦᠭᠡᠢ ᠴᠢᠷᠮᠠᠢᠬᠤ  ᠬᠡᠷᠡᠭᠲᠠᠢ ᠭᠡᠪᠡ! ᠯᠢ ᠬᠣᠩ ᠶᠠᠠ ᠬᠣᠷᠢᠶᠠᠨ ᠳᠠᠷᠤᠭ᠎ᠠ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠵᠢᠭᠠᠪᠤᠷᠢ ᠶᠣᠰᠣᠭᠠᠷ᠂ ᠬᠡᠷᠡᠭ ᠳᠠᠩᠰᠤᠯᠠᠬᠤ ᠲᠠᠩᠬᠢᠮ᠂ ᠵᠠᠷᠭᠤ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠲᠤᠰ ᠲᠤᠰ ᠤᠨ ᠠᠵᠢᠯ ᠤᠨ ᠬᠠᠷᠢᠭᠤ ᠮᠡᠳᠡᠭᠦᠯᠦᠯᠲᠡ ᠬᠢᠵᠤ᠂ ᠡᠮᠦᠨ᠎ᠡ ᠭᠤᠷᠪᠠᠨ ᠤᠯᠠᠷᠢᠯ ᠤᠨ ᠠᠵᠢᠯ  ᠢᠶᠡᠨ ᠬᠤᠷᠢᠶᠠᠩᠭᠤᠢᠯᠠᠵᠤ᠂ ᠣᠷᠤᠰᠢᠵᠤ ᠪᠠᠢᠭ᠎ᠠ ᠠᠰᠠᠭᠤᠳᠠᠯ   ᠪᠡᠨ ᠡᠮᠬᠢᠯᠡᠵᠤ᠂  ᠳᠥᠷᠪᠡᠳᠦᠭᠡᠷ ᠤᠯᠠᠷᠢᠯ ᠤᠨ ᠠᠵᠢᠯ ᠳᠤ ᠪᠡᠨ ᠳᠤᠬᠢᠷᠠᠭᠤᠯᠤᠯᠲᠠ ᠬᠢᠭᠰᠡᠨ ᠪᠠᠢᠨ᠎ᠠ᠃

 ᠾᠧ ᠵᠦᠩ  ᠫᠢᠩ ᠲᠤᠰᠬᠠᠢ  ᠲᠤᠰᠢᠶᠠᠯᠲᠤ ᠬᠡᠰᠢᠬᠦᠨ  ᠡᠴᠡ  ᠯᠢ ᠬᠣᠷᠢᠶᠠᠨ ᠳᠠᠷᠤᠭ᠎ᠠ  ᠶᠢᠨ ᠴᠢᠬᠤᠯᠠ ᠶᠠᠷᠢᠶᠠᠨ ᠤ  ᠵᠢᠭᠠᠪᠤᠷᠢ ᠶᠢ ᠴᠢᠩᠭ᠎ᠠ ᠵᠢᠷᠤᠮᠯᠠᠨ᠂ ᠣᠳᠣ ᠪᠠᠢᠭ᠎ᠠ ᠠᠵᠢᠯ ᠤᠨ ᠢᠶᠡᠨ ᠰᠠᠭᠤᠷᠢ ᠳᠡᠭᠡᠷ᠎ᠡ ᠳᠤᠲᠠᠭᠳᠠᠯ ᠢᠶᠡᠨ ᠨᠦᠬᠦᠪᠦᠷᠢᠯᠡᠨ᠂ ᠶᠠᠪᠤᠴᠠ ᠪᠡᠨ ᠲᠦᠷᠭᠡᠳᠬᠡᠨ᠂ ᠵᠣᠷᠢᠭ ᠢᠶᠡᠨ ᠬᠦᠪᠴᠢᠯᠡᠨ᠂   ᠨᠠᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂  ᠣᠶᠤᠨ ᠢᠶᠡᠨ ᠲᠥᠪᠯᠡᠷᠡᠭᠦᠯᠦᠨ ᠳᠥᠷᠪᠡᠳᠦᠭᠡᠷ ᠤᠯᠠᠷᠢᠯ ᠤᠨ ᠠᠵᠢᠯ  ᠢᠶᠡᠨ ᠰᠢᠪᠲᠤᠯᠤᠯᠲᠠ ᠬᠢᠵᠦ᠂  ᠢᠳᠡᠪᠬᠢᠵᠡᠯ ᠢᠶᠡᠷ ᠵᠤᠷᠢᠭ  ᠰᠠᠨᠠᠭᠠᠨ ᠤ ᠪᠡᠨ ᠬᠡᠪ ᠪᠠᠢᠳᠠᠯ ᠪᠣᠯᠭᠠᠵᠤ᠂ ᠴᠢᠩᠭ᠎ᠠ ᠪᠠᠷᠢᠵᠤ  ᠪᠤᠲᠠᠲᠠᠢ ᠶᠢ ᠬᠢᠬᠦ  ᠪᠡᠷ ᠠᠵᠢᠯ ᠤᠨ ᠢᠶᠡᠨ ᠰᠤᠲᠠᠯ ᠪᠣᠯᠭᠠᠨ᠂  ᠵᠢᠯ ᠤᠨ ᠡᠬᠢᠨ ᠳᠤ ᠳᠤᠭᠲᠠᠭᠠᠭᠰᠠᠨ  ᠡᠯ᠎ᠡ ᠲᠥᠷᠦᠯ ᠤᠨ ᠠᠵᠢᠯ ᠤᠨ ᠡᠭᠦᠷᠭᠡ ᠪᠡᠨ ᠲᠡᠭᠦᠯᠳᠡᠷ ᠪᠡᠶᠡᠯᠡᠭᠦᠯᠬᠦ ᠬᠡᠷᠡᠭᠲᠠᠢ  ᠭᠡᠵᠦ  ᠵᠢᠭᠠᠪᠤᠷᠢᠯᠠᠵᠤ᠂ ᠳᠠᠭᠠᠤ  ᠳ᠋ᠤ ᠨᠢ ᠳᠥᠷᠪᠡᠨ ᠲᠥᠷᠦᠯ ᠤᠨ ᠨᠠᠢᠳᠠᠪᠤᠷᠢᠵᠢᠭᠤᠯᠤᠨ ᠲᠤᠤᠱᠯᠠᠭᠤᠯᠬᠤ ᠰᠠᠨᠠᠭᠤᠯᠭ᠎ᠠ  ᠳᠤᠷᠠᠳᠪᠠ᠄ ᠨᠢᠭᠡ ᠳᠦ ᠡᠮᠬᠢ ᠳᠠᠷᠠᠭ᠎ᠠ ᠲᠠᠢ  ᠪᠡᠷ ᠪᠥᠬᠦ ᠣᠷᠤᠨ ᠤ ᠵᠠᠷᠭᠤ  ᠶᠢᠨ ᠦᠢᠯᠡᠴᠢᠯᠡᠭᠡᠨ ᠤ ᠲᠥᠪ ᠤᠨ ᠪᠦᠲᠦᠭᠡᠨ ᠪᠠᠢᠭᠤᠯᠤᠯᠲᠠ ᠶᠢ ᠲᠦᠯᠬᠢᠨ ᠠᠬᠢᠭᠤᠯᠬᠤ  ᠬᠤᠷᠠᠯᠳᠤᠭᠠᠨ ᠤ ᠪᠡᠯᠡᠳᠬᠡᠯ ᠠᠵᠢᠯ ᠬᠢᠨ᠎ᠡ᠂ ᠵᠠᠷᠭᠤ ᠶᠢᠨ ᠦᠢᠯᠠᠴᠢᠯᠡᠭᠡᠨ ᠤ ᠲᠥᠪ ᠥᠭᠡᠷᠡᠴᠢᠯᠡᠨ ᠪᠠᠢᠭᠤᠯᠤᠭᠰᠠᠨ ᠤ ᠳᠠᠷᠠᠭᠠᠬᠢ  ᠰᠣᠶᠤᠯ ᠤᠨ ᠪᠠᠢᠭᠤᠯᠤᠯᠲᠠ᠂ ᠤᠬᠠᠭᠤᠯᠭ᠎ᠠ ᠶᠢᠨ ᠹᠢᠯᠢᠮ᠂ ᠬᠤᠷᠠᠯ  ᠤᠨ ᠮᠠᠲ᠋ᠧᠷᠢᠶᠠᠯ ᠨᠠᠢᠷᠠᠭᠤᠯᠤᠨ  ᠳᠠᠷᠤᠮᠠᠯᠯᠠᠬᠤ  ᠠᠵᠢᠯ ᠢ ᠪᠦᠬᠦ ᠬᠦᠴᠦᠨ ᠢᠶᠡᠷ ᠢᠶᠡᠨ ᠰᠠᠢᠲᠤᠷ ᠬᠢᠨ᠎ᠡ᠃ ᠬᠤᠶᠠᠷ ᠲᠤ ᠵᠠᠷᠭᠤ ᠶᠢᠨ ᠦᠢᠯᠡᠴᠢᠯᠡᠭᠡᠨ ᠤ ᠲᠥᠪ ᠤᠨ ᠪᠦᠲᠦᠭᠡᠨ ᠪᠠᠢᠭᠤᠯᠤᠯᠲᠠ  ᠶᠢ ᠭᠦᠨᠵᠡᠭᠡᠢ ᠲᠦᠯᠬᠢᠨ ᠠᠬᠢᠭᠤᠯᠵᠤ᠂ 《 ᠶᠡᠬᠡ  ᠨᠦᠯᠦᠭᠡᠯᠡᠬᠦ᠂ ᠶᠡᠬᠡ  ᠦᠢᠯᠡᠴᠢᠯᠡᠬᠦ᠂ ᠶᠡᠭᠡ  ᠳᠠᠪᠴᠠᠩ》 ᠭᠡᠬᠦ  ᠬᠠᠷᠠᠯᠲᠠ ᠶᠣᠰᠣᠭᠠᠷ ᠵᠠᠷᠭᠤ ᠶᠢᠨ ᠦᠢᠯᠡᠴᠢᠯᠡᠭᠡᠨ ᠤ ᠠᠭᠤᠯᠭ᠎ᠠ ᠪᠡᠨ ᠥᠷᠭᠡᠳᠬᠡᠨ᠂ ᠬᠡᠷᠡᠭ ᠤᠨ ᠦᠢᠯᠡᠴᠢᠯᠡᠭᠡᠨ ᠤ ᠴᠢᠳᠠᠮᠵᠢ ᠪᠡᠨ ᠲᠡᠭᠦᠯᠳᠡᠷᠵᠢᠭᠦᠯᠬᠦ ᠬᠡᠷᠡᠭᠲᠠᠢ᠃ ᠭᠤᠷᠪᠠ ᠳᠦ  ᠬᠡᠪ ᠰᠤᠷᠲᠠᠯ ᠤᠨ ᠪᠦᠲᠦᠭᠡᠨ ᠪᠠᠢᠭᠤᠯᠤᠯᠲᠠ ᠶᠢ ᠦᠷᠭᠦᠯᠵᠢᠯᠡᠨ ᠴᠢᠩᠭ᠋ᠠᠳᠬᠠᠵᠤ᠂《 ᠬᠤᠶᠠᠷ ᠢ ᠰᠤᠷᠴᠤ ᠨᠢᠭᠡ ᠶᠢ ᠬᠢᠬᠦ》 ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠠᠷᠠᠳ ᠤᠨ ᠲᠥᠯᠦᠭᠡ ᠬᠠᠤᠯᠢ ᠬᠡᠷᠡᠭᠵᠢᠭᠦᠯᠬᠦ ᠶᠢᠨ ᠡᠭᠦᠷᠭᠡᠲᠦ  ᠰᠡᠳᠬᠢᠯᠭᠡ  ᠬᠢᠭᠡᠳ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠬᠡ ᠠᠯᠬᠤᠮ ᠴᠢᠩᠭ᠋ᠠᠳᠬᠠᠵᠤ᠂ ᠵᠠᠷᠭᠤᠯᠳᠤᠭᠠᠨ ᠤ ᠦᠢᠯᠡᠴᠢᠯᠡᠭᠡᠨ  ᠢ ᠲᠦᠷᠢᠮᠵᠢᠭᠦᠯᠦᠨ᠂ ᠲᠤᠬᠠᠢ  ᠶᠢᠨ ᠬᠥᠮᠦᠨ ᠢ  ᠪᠣᠯᠪᠠᠰᠤᠨ  ᠢᠶᠡᠷ ᠬᠦᠯᠢᠶᠡᠨ ᠠᠪᠴᠤ᠂ ᠪᠦᠬᠦ ᠣᠷᠤᠨ ᠤ  ᠰᠢᠭᠦᠬᠦ ᠬᠣᠷᠢᠶᠠᠨ ᠤ ᠵᠠᠷᠭᠤᠯᠳᠤᠭᠠᠨ ᠤ ᠦᠢᠯᠡᠴᠢᠯᠡᠭᠡᠨ ᠤ ᠵᠢᠱᠢᠶᠡᠴᠢ  ᠠᠵᠢᠯ ᠤᠨ ᠪᠠᠢᠷᠢ  ᠶᠢ ᠤᠯᠬᠤ ᠪᠡᠷ ᠴᠢᠷᠮᠠᠢᠬᠤ  ᠬᠡᠷᠡᠭᠲᠠᠢ᠃ ᠳᠥᠷᠪᠡ ᠳᠦ ᠬᠠᠮᠤᠭ ᠳᠡᠭᠡᠳᠦ ᠵᠡᠷᠭᠡ ᠶᠢᠨ ᠰᠢᠬᠦᠬᠦ ᠬᠣᠷᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠳᠠᠩᠰᠤᠯᠠᠬᠤ ᠲᠤᠬᠠᠢ ᠦᠡᠭᠡᠷᠡᠴᠢᠯᠡᠯᠡᠲᠠ ᠶᠢᠨ ᠰᠢᠨ᠎ᠡ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠵᠤ᠂ ᠬᠡᠷᠡᠭ ᠳᠠᠩᠰᠤᠯᠠᠬᠤ ᠡᠷᠴᠢᠮ ᠢ ᠴᠢᠩᠭ᠎ᠠ ᠠᠳᠬᠤᠵᠤ᠂  ᠬᠡᠷᠡᠭ ᠳᠠᠩᠰᠤᠯᠠᠨ ᠰᠢᠬᠦᠨ ᠲᠠᠰᠤᠯᠠᠬᠤ ᠠᠵᠢᠯ ᠤᠨ ᠬᠢᠷᠢ ᠳᠦᠪᠰᠢᠨ ᠢᠶᠡᠨ ᠳᠠᠰᠤᠷᠠᠯᠲᠠ ᠦᠭᠡᠢ ᠳᠡᠭᠰᠢᠯᠡᠭᠦᠯᠬᠦ ᠬᠡᠷᠡᠭᠲᠠᠢ᠃

 ᠬᠤᠷᠠᠯ ᠡᠴᠡ ᠪᠠᠰᠠ ᠣᠢᠷ᠎ᠠ  ᠶᠢᠨ ᠬᠤᠭᠤᠴᠠᠭᠠᠨ ᠤ ᠪᠦᠬᠦ ᠣᠷᠤᠨ ᠤ ᠰᠢᠬᠦᠬᠦ ᠬᠣᠷᠢᠶᠠᠨ ᠤ ᠵᠠᠬᠢᠳᠠᠯ ᠰᠤᠷᠪᠤᠯᠵᠢᠯᠠᠭ᠎ᠠ ᠶᠢᠨ  ᠬᠡᠷᠡᠭ ᠳᠠᠩᠰᠤᠯᠠᠬᠤ  ᠪᠣᠯᠪᠠᠰᠤᠷᠠᠯ  ᠤᠨ ᠠᠩᠬᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠷᠡᠭᠦᠦ ᠶᠢᠨ ᠬᠡᠷᠡᠭ ᠤᠨ ᠰᠢᠬᠦᠨ ᠲᠠᠰᠤᠯᠤᠯᠲᠠ ᠵᠢᠴᠢ ᠵᠠᠭᠠᠯᠳᠤᠯᠭ᠎ᠠ ᠳ᠋ᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ᠂ ᠢᠷᠭᠡᠨ ᠤ ᠵᠠᠷᠭᠤ ᠶᠢᠨ ᠬᠠᠤᠯᠢ  ᠶᠢ ᠬᠠᠤᠯᠢ ᠴᠠᠭᠠᠵᠠ ᠪᠡᠷ ᠲᠠᠢᠯᠪᠤᠷᠢᠯᠠᠨ ᠲᠡᠮᠳᠡᠭᠯᠡᠬᠦ᠂ ᠬᠠᠮᠢᠶᠠᠷᠤᠯᠲᠠ  ᠶᠢᠨ ᠬᠦᠷᠢᠶ᠎ᠡ  ᠬᠡᠪᠴᠢᠶᠡᠨ  ᠤ ᠤᠢᠯᠭᠠᠯᠲᠠ ᠪᠠ ᠬᠡᠷᠡᠭᠯᠡᠯᠲᠡ᠂  ᠳᠤᠷᠠᠪᠡᠷ ᠵᠠᠭᠠᠯᠳᠤᠬᠤ ᠶᠢᠨ ᠳᠦᠷᠢᠮ ᠳᠤᠭᠲᠠᠭᠠᠯ ᠪᠣᠯᠤᠨ ᠵᠠᠭᠠᠯᠳᠤᠬᠤ ᠡᠷᠬᠡ ᠶᠢᠨ ᠬᠠᠤᠯᠢ ᠶᠣᠰᠤᠨ ᠤ ᠬᠡᠷᠡᠭᠵᠢᠭᠦᠯᠦᠯᠲᠡ᠂ ᠵᠠᠷᠭᠤ ᠶᠢᠨ ᠡᠳ᠋ ᠬᠥᠷᠦᠩᠭᠡ  ᠶᠢ ᠬᠠᠮᠠᠭᠠᠯᠠᠬᠤ ᠬᠠᠷᠢᠭᠤᠴᠠᠯᠭ᠎ᠠ ᠶᠢᠨ ᠳᠠᠭᠠᠳᠬᠠᠯ ᠪᠣᠯᠤᠨ ᠥᠪᠡᠷᠲᠡᠭᠡᠨ ᠵᠠᠰᠠᠬᠤ ᠣᠷᠤᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠳᠠᠩᠰᠤᠯᠠᠬᠤ ᠠᠵᠢᠯ ᠤᠨ ᠡᠭᠦᠷᠭᠡ ᠶᠢᠨ ᠠᠵᠢᠯ  ᠤᠨ ᠲᠣᠬᠢᠷᠠᠭᠤᠯᠤᠯᠲᠠ ᠵᠡᠷᠭᠡ ᠲᠤᠰᠬᠠᠢ ᠰᠡᠳᠦᠪ  ᠲᠤ ᠭᠦᠨᠵᠡᠭᠡᠢ ᠰᠤᠷᠤᠯᠴᠠᠯᠭ᠎ᠠ  ᠭᠢᠪᠡ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )