ᠬᠤᠲᠠ ᠶᠢᠨ ᠳᠤᠮᠳᠠ ᠵᠡᠷᠭᠡ  ᠶᠢᠨ ᠰᠢᠭᠦᠬᠦ ᠬᠣᠷᠢᠶ᠎ᠠ《 ᠬᠠᠤᠯᠢ ᠪᠤᠰᠤ ᠪᠠᠷ ᠪᠡᠯᠡ ᠮᠥᠩᠭᠥ ᠴᠤᠭᠯᠠᠭᠤᠯᠤᠭᠰᠠᠨ ᠲᠦᠷᠦᠯ ᠦᠨ ᠬᠡᠷᠡᠭ ᠢ ᠰᠢᠭᠦᠨ ᠰᠢᠶᠳᠪᠦᠷᠢᠯᠡᠵᠦ ᠂ ᠭᠦᠢᠴᠡᠳᠬᠡᠬᠦ ᠲᠠᠯ᠎ᠠ ᠪᠠᠷ ᠬᠢ ᠬᠦᠴᠢ
2016.10.29 ᠲᠣᠰ ᠥᠷᠲᠡᠭᠡᠨ ᠦ ᠨᠠᠢᠷᠠᠭᠤᠯᠤᠭᠴᠢ

ᠬᠤᠲᠠ ᠶᠢᠨ ᠳᠤᠮᠳᠠ  ᠵᠡᠷᠭᠡ  ᠶᠢᠨ ᠰᠢᠭᠦᠬᠦ  ᠬᠣᠷᠢᠶ᠎ᠠ《 ᠬᠠᠤᠯᠢ ᠪᠤᠰᠤ ᠪᠠᠷ ᠪᠡᠯᠡ ᠮᠥᠩᠭᠥ ᠴᠤᠭᠯᠠᠭᠤᠯᠤᠭᠰᠠᠨ ᠲᠦᠷᠦᠯ ᠦᠨ ᠬᠡᠷᠡᠭ ᠢ ᠰᠢᠭᠦᠨ ᠰᠢᠶᠳᠪᠦᠷᠢᠯᠡᠵᠦ ᠂ ᠭᠦᠢᠴᠡᠳᠬᠡᠬᠦ ᠲᠠᠯ᠎ᠠ ᠪᠠᠷ ᠬᠢ ᠬᠦᠴᠢᠷ ᠲᠦᠪᠡᠭᠲᠡᠶ ᠠᠰᠠᠭᠤᠳᠠᠯ 》ᠬᠡᠬᠦ ᠰᠡᠳᠦᠪ  ᠲᠠᠢ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢᠨ ᠶᠠᠷᠢᠯᠴᠠᠬᠤ ᠬᠤᠷᠠᠯ ᠬᠤᠷᠠᠯᠳᠤᠪᠠ

2016ᠤᠨ ᠤ7ᠰᠠᠷ᠎ᠠ ᠶᠢᠨ29 ᠤ ᠡᠳᠦᠷ ᠂ ᠮᠠᠨ ᠤ ᠬᠣᠷᠢᠶᠠᠨ ᠤ ᠰᠤᠳᠤᠯᠬᠤ ᠲᠠᠰᠤᠭ ᠂ ᠡᠷᠡᠭᠦᠦ ᠶᠢᠨ ᠬᠤᠶᠠᠳᠤᠭᠠᠷ ᠲᠢᠩᠬᠢᠮ ᠨᠢ ᠰᠢᠭᠦᠨ ᠲᠠᠰᠤᠯᠬᠤ ᠠᠰᠠᠷ ᠤᠨ 15 ᠳ᠋ᠤᠭᠠᠷ ᠳᠠᠪᠬᠤᠷ ᠤᠨ ᠬᠤᠷᠠᠯ ᠤᠨ ᠭᠡᠷ ᠲᠦ ᠶᠠᠷᠢᠯᠴᠠᠬᠤ ᠬᠤᠷᠠᠯ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ  ᠶᠢᠨ ᠰᠢᠭᠦᠬᠦ ᠬᠣᠷᠢᠶᠠᠨ ᠤ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠯᠢᠶᠠᠩ ᠬᠤᠩ ᠳ᠋ᠤ ᠮᠠᠨ ᠤ ᠬᠤᠷᠢᠶᠠᠨ ᠤ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠰᠤᠳᠤᠯᠠᠬᠤ ᠰᠡᠳᠦᠪ ᠪᠤᠯᠬᠤ《 ᠬᠠᠤᠯᠢ ᠪᠤᠰᠤ ᠪᠠᠷ ᠪᠡᠯᠡ ᠮᠥᠩᠭᠥ ᠴᠤᠭᠯᠠᠭᠤᠯᠤᠭᠰᠠᠨ ᠲᠦᠷᠦᠯ ᠦᠨ ᠬᠡᠷᠡᠭ ᠢ ᠰᠢᠭᠦᠨ ᠰᠢᠶᠳᠪᠦᠷᠢᠯᠡᠵᠦ ᠂ ᠭᠦᠢᠴᠡᠳᠬᠡᠬᠦ ᠲᠠᠯ᠎ᠠ ᠪᠡᠷ ᠬᠢ ᠬᠦᠴᠢᠷ ᠲᠦᠪᠡᠭᠲᠡᠶ ᠠᠰᠠᠭᠤᠳᠠᠯ 》 ᠤᠨ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠪᠠ᠃ᠬᠤᠲᠠ ᠶᠢᠨ ᠳᠤᠮᠳᠠ  ᠵᠡᠷᠭᠡ  ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠪᠠᠶᠢᠩᠭᠤ  ᠶᠢᠨ ᠳᠡᠳ᠋ ᠳᠠᠷᠤᠭ᠎ᠠ ᠽᠠᠩ ᠵᠢᠶᠠᠨ ᠫᠢᠩ ᠵᠢᠴᠢ ᠰᠤᠳᠤᠯᠠᠬᠤ ᠰᠡᠳᠦᠪ  ᠤᠨ ᠳᠤᠭᠤᠶᠢᠯᠠᠩ ᠤᠨ ᠪᠦᠷᠢᠯᠳᠦᠬᠦᠨ ᠂ ᠡᠷᠡᠭᠦᠦ  ᠶᠢᠨ ᠬᠤᠶᠠᠳᠤᠭᠠᠷ ᠲᠢᠩᠬᠢᠮ ᠂ ᠰᠤᠳᠤᠯᠬᠤ ᠲᠠᠰᠤᠭ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠥᠢ ᠨᠥᠬᠥᠳ ᠶᠠᠷᠢᠯᠴᠠᠬᠤ ᠬᠤᠷᠠᠯ ᠳᠤ ᠣᠷᠣᠯᠴᠠᠪᠠ ᠃

  ᠶᠠᠷᠢᠯᠴᠠᠬᠤ ᠬᠤᠷᠠᠯ ᠳᠡᠭᠡᠷ᠎ᠡ ᠂ ᠰᠤᠳᠤᠯᠭᠠᠨ ᠤ ᠳᠤᠭᠤᠶᠢᠯᠠᠩ ᠨᠢ ᠰᠤᠳᠤᠯᠭᠠᠨ ᠤ ᠳᠤᠭᠤᠶᠢᠯᠠᠩ ᠤᠨ ᠬᠥᠮᠦᠰ ᠠᠵᠢᠯ ᠤᠨ ᠬᠤᠪᠢᠶᠠᠷᠢ ᠂ ᠮᠠᠲ᠋ᠧᠷᠢᠶᠠᠯ ᠴᠤᠭᠯᠠᠭᠤᠯᠬᠤ ᠵᠡᠷᠭᠡ ᠡᠮᠦᠨᠡᠬᠢ ᠬᠤᠭᠤᠴᠠᠭᠠᠨ ᠤ ᠪᠡᠯᠡᠳᠬᠡᠯ ᠬᠢᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ ᠂ ᠪᠠᠰᠠ ᠣᠳᠣᠬᠢ ᠠᠵᠢᠯ  ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠂ ᠳᠠᠷᠠᠭᠠᠴᠢ  ᠶᠢᠨ ᠠᠯᠬᠤᠮ ᠳᠤ ᠲᠤᠰᠬᠠᠢ ᠰᠡᠳᠦᠪ ᠬᠡᠷᠬᠢᠨ ᠪᠣᠳᠠᠲᠠᠶ ᠨᠠᠶᠢᠳᠠᠪᠤᠷᠢᠵᠢᠭᠤᠯᠬᠤ ᠪᠠ ᠠᠬᠢᠭᠤᠯᠬᠤ ᠲᠤᠬᠠᠢ ᠯᠢᠶᠠᠩ ᠬᠤᠩ ᠳᠡᠳ᠋ ᠡᠷᠬᠢᠯᠡᠭᠴᠢ ᠬᠢᠭᠡᠳ ᠬᠤᠷᠠᠯ ᠳᠤ ᠣᠷᠣᠯᠴᠠᠭᠰᠠᠨ ᠪᠦᠬᠦ ᠨᠥᠬᠥᠳ ᠲᠠᠢ ᠭᠦᠨᠵᠡᠭᠡᠶ ᠰᠣᠯᠢᠯᠴᠠᠭ᠎ᠠ ᠬᠢᠭᠰᠡᠨ ᠪᠠᠶᠢᠨ᠎ᠠ ᠃ ᠽᠠᠩ ᠵᠢᠶᠠᠨ ᠫᠢᠩ ᠳᠠᠷᠤᠭ᠎ᠠ ᠵᠢᠭᠠᠵᠤ ᠭᠠᠷᠭᠠᠭᠰᠠᠨ ᠨᠢ ᠂ ᠬᠠᠤᠯᠢ ᠪᠤᠰᠤ ᠪᠠᠷ ᠪᠡᠯᠡ ᠮᠥᠩᠭᠥ ᠴᠤᠭᠯᠠᠭᠤᠯᠤᠭᠰᠠᠨ ᠲᠦᠷᠦᠯ ᠦᠨ ᠬᠡᠷᠡᠭ ᠢ ᠰᠢᠭᠦᠨ ᠰᠢᠶᠳᠪᠦᠷᠢᠯᠡᠵᠦ ᠂ ᠭᠦᠢᠴᠡᠳᠬᠡᠬᠦ ᠲᠠᠯ᠎ᠠ ᠪᠠᠷ ᠬᠢ ᠬᠦᠴᠢᠷ ᠪᠡᠷᠬᠡᠰᠢᠶᠡᠯ ᠶᠡᠬᠡᠲᠡᠶ ᠂ ᠡᠭᠦᠷᠭᠡ ᠬᠦᠨᠳᠦ ᠂ ᠣᠷᠳᠣᠰ ᠬᠣᠲᠠ ᠶᠢᠨ ᠡᠯ᠎ᠡ ᠬᠣᠰᠢᠭᠤ ᠲᠣᠭᠣᠷᠢᠭ ᠤᠨ ᠰᠢᠭᠦᠬᠦ ᠬᠣᠷᠢᠶᠠᠨ ᠤ ᠰᠢᠶᠳᠪᠦᠷᠢᠯᠡᠬᠦ ᠲᠠᠯ᠎ᠠ ᠪᠠᠷ ᠪᠠᠰᠠ ᠨᠢᠭᠡᠳᠦᠯᠲᠡᠶ ᠪᠢᠰᠢ ᠪᠠᠢᠵᠤ ᠂ ᠳᠠᠷᠠᠭᠠᠴᠢ  ᠶᠢᠨ ᠠᠯᠬᠤᠮ ᠳᠤ ᠪᠢᠳᠡ ᠵᠠᠰᠠᠭ ᠤᠨ ᠭᠠᠵᠠᠷ ᠵᠢᠴᠢ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠂ ᠵᠢᠷᠤᠮᠵᠢᠭᠤᠯᠤᠯ ᠤᠨ ᠴᠢᠨᠠᠷᠲᠠᠶ ᠪᠢᠴᠢᠭ ᠮᠠᠲ᠋ᠧᠷᠢᠶᠠᠯ  ᠢ ᠭᠠᠷᠭᠠᠨ ᠲᠤᠰ ᠲᠦᠷᠦᠯ ᠦᠨ ᠬᠡᠷᠡᠭ ᠢ ᠲᠥᠪᠯᠡᠷᠡᠭᠦᠯᠦᠨ ᠰᠢᠶᠳᠪᠦᠷᠢᠯᠡᠬᠦ ᠬᠡᠷᠡᠭᠲᠠᠢ ᠭᠡᠪᠡ᠃

  ᠬᠤᠷᠠᠯ ᠤᠨ ᠡᠴᠦᠰ ᠲᠦ ᠂ ᠯᠢᠶᠠᠩ ᠬᠤᠩ ᠳᠡᠳ᠋ ᠡᠷᠬᠢᠯᠡᠭᠴᠢ ᠂ ᠬᠤᠳᠡ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠪᠠᠶᠢᠴᠠᠭᠠᠨ ᠰᠤᠳᠤᠯᠤᠯᠲᠠ    ᠶᠢᠨ ᠡᠮᠦᠨᠡᠬᠢ ᠬᠤᠭᠤᠴᠠᠭᠠᠨ ᠤ ᠠᠵᠢᠯ ᠢ ᠭᠦᠢᠴᠡᠳ ᠨᠤᠲᠠᠯᠠᠭᠰᠠᠨ ᠪᠠᠶᠢᠨ᠎ᠠ ᠃ ᠡᠭᠦᠨ ᠦ ᠬᠠᠮᠲᠤ ᠳᠣᠣᠷᠠᠬᠢ ᠮᠡᠲᠦ ᠬᠡᠳᠦᠨ ᠱᠠᠭᠠᠷᠳᠠᠯᠭ᠎ᠠ ᠳᠤᠷᠠᠳᠪᠠ ᠄ ᠨᠢᠭᠡ ᠳᠦ ᠰᠤᠳᠤᠯᠬᠤ ᠬᠦᠷᠢᠶ᠎ᠡ ᠬᠡᠪᠴᠢᠶ᠎ᠡ ᠵᠦᠪᠬᠡᠨ ᠪᠦᠬᠦ ᠬᠤᠲᠠ ᠳᠤ ᠬᠢᠵᠠᠭᠠᠷᠯᠠᠭᠳᠠᠬᠤ ᠪᠢᠰᠢ ᠂ ᠪᠦᠬᠦ ᠣᠷᠣᠨ ᠲᠡᠰᠢ ᠂ ᠴᠢᠨᠠᠭᠰᠢᠯᠠᠪᠠᠯ ᠨᠡᠩ ᠭᠦᠨ ᠳᠠᠪᠬᠤᠷᠭ᠎ᠠ ᠠᠴᠠ ᠪᠤᠳᠠᠯᠬᠢᠯᠠᠵᠤ ᠪᠤᠯᠤᠨ᠎ᠠ ᠃ ᠬᠣᠶᠠᠷ ᠲᠤ ᠠᠷᠠᠳ ᠤᠨ ᠥᠨᠳᠥᠷ ᠵᠡᠷᠭᠡ  ᠶᠢᠨ ᠰᠢᠭᠦᠬᠦ ᠬᠣᠷᠢᠶ᠎ᠠ ᠲᠤᠰ ᠰᠤᠳᠤᠯᠭᠠᠨ ᠤ ᠰᠡᠳᠦᠪ ᠢ ᠳᠡᠭᠡᠳᠦ ᠬᠡᠮᠵᠢᠶ᠎ᠡ ᠪᠡᠷ ᠬᠦᠨᠳᠦᠳᠬᠡᠨ ᠦᠵᠡᠵᠦ ᠂ ᠬᠤᠭᠤᠴᠠᠭ᠎ᠠ ᠶᠣᠰᠣᠭᠠᠷ ᠡᠭᠦᠷᠭᠡ ᠪᠡᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠂ ᠲᠤᠰ ᠰᠤᠳᠤᠯᠭᠠᠨ ᠤ ᠰᠡᠳᠦᠪ ᠢ ᠰᠢᠯᠢᠳᠡᠭ ᠪᠦᠳᠦᠭᠡᠯ ᠪᠤᠯᠭᠠᠨ ᠬᠦᠭᠵᠢᠭᠦᠯᠬᠦ ᠶᠢ ᠪᠢᠳᠡᠨ ᠳᠦ ᠬᠦᠰᠡᠵᠤ ᠪᠠᠢᠨ᠎ᠠ ᠭᠡᠪᠡ ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )