ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠭᠦ ᠬᠣᠷᠢᠶᠠᠨ ᠤ ᠭᠦᠢᠴᠡᠳᠬᠡᠭᠳᠡᠭᠴᠢ ᠶᠢ ᠰᠢᠪᠠᠳᠠᠨ ᠰᠠᠨᠠᠭᠠᠴᠢᠯᠠᠭ᠎ᠠ ᠡᠴᠡ ᠪᠡᠨ ᠡᠭᠦᠷᠭᠡ ᠪᠡᠨ ᠭᠦᠢᠴᠡᠳᠬᠡᠬᠦ ᠲᠤᠬᠠᠢ ᠠᠯᠪᠠᠨ ᠵᠠᠷ
2016.10.29 ᠲᠣᠰ ᠥᠷᠲᠡᠭᠡᠨ ᠦ ᠨᠠᠢᠷᠠᠭᠤᠯᠤᠭᠴᠢ

 ᠵᠠᠷᠭᠤ ᠳᠡᠢᠯᠦᠭᠰᠡᠨ ᠲᠤᠬᠠᠢ ᠶᠢᠨ ᠬᠥᠮᠦᠨ ᠤ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠵᠤ᠂ ᠢᠲᠡᠭᠡᠯ ᠠᠯᠳᠠᠭᠰᠠᠨ ᠭᠦᠢᠴᠡᠳᠬᠡᠭᠳᠡᠭᠴᠢ ᠢ ᠲᠣᠷᠭᠠᠬᠤ ᠬᠦᠴᠦᠯᠡᠴᠡ ᠪᠡᠨ ᠨᠡᠮᠡᠭᠳᠡᠭᠦᠯᠬᠦ ᠶᠢᠨ ᠲᠤᠯᠠᠳᠠ᠂ ᠣᠷᠳᠤᠰ  ᠬᠣᠲᠠ ᠶᠢᠨ ᠠᠷᠠᠳ ᠤᠨ ᠳᠤᠮᠳᠠ ᠵᠡᠷᠭᠡ  ᠶᠢᠨ ᠰᠢᠭᠦᠬᠦ ᠬᠤᠷᠢᠠᠨ ᠤ  ᠭᠦᠢᠴᠡᠳᠬᠡᠭᠳᠡᠭᠴᠢ ᠶᠢ ᠱᠢᠪᠠᠳᠠᠨ ᠰᠠᠨᠠᠭᠠᠴᠢᠯᠠᠭ᠎ᠠ ᠡᠴᠡ ᠪᠡᠨ ᠡᠭᠦᠷᠭᠡ ᠪᠡᠨ ᠭᠦᠢᠴᠡᠳᠬᠡᠬᠦ ᠲᠤᠬᠠᠢ ᠠᠯᠪᠠᠨ ᠵᠠᠷ᠄

ᠨᠢᠭᠡ᠂ ᠨᠢᠭᠡᠨᠲᠡ ᠰᠢᠭᠦᠬᠦ  ᠬᠣᠷᠢᠶᠠᠨ ᠳᠦ ᠬᠡᠷᠡᠭ ᠳᠠᠩᠰᠤᠯᠠᠨ ᠭᠦᠢᠴᠡᠳᠬᠡᠭᠳᠡᠭᠰᠠᠨ ᠬᠡᠷᠡᠭ᠂ ᠭᠦᠢᠴᠡᠳᠬᠡᠭᠳᠡᠭᠴᠢ ᠨᠢ11 ᠰᠠᠷ᠎ᠠ ᠶᠢᠨ30 ᠤ ᠡᠳᠦᠷ ᠡᠴᠡ ᠡᠮᠦᠨ᠎ᠡ ᠰᠢᠭᠦᠬᠦ ᠬᠣᠷᠢᠶᠠᠨ ᠳ᠋ᠤ ᠬᠦᠷᠴᠦ ᠡᠭᠦᠷᠭᠡ ᠪᠡᠨ ᠭᠦᠢᠴᠡᠳᠬᠡᠬᠦ ᠬᠡᠷᠡᠭᠲᠠᠢ᠂ ᠨᠢᠭᠡᠨᠲᠡ《 ᠭᠦᠢᠴᠡᠳᠬᠡᠬᠦ ᠶᠢ ᠳᠡᠪᠴᠢᠭᠰᠡᠨ ᠶᠠᠯ᠎ᠠ》 ᠪᠡᠷ ᠳᠣᠲᠤᠭᠠᠳᠤ ᠶᠢ ᠬᠠᠮᠠᠭᠠᠯᠠᠬᠤ ᠪᠠᠢᠭᠤᠯᠭ᠎ᠠ ᠳᠦ ᠬᠡᠷᠡᠭ ᠳᠠᠩᠰᠤᠯᠠᠭᠳᠠᠭᠰᠠᠨ ᠨᠢ ᠰᠠᠨᠠᠭᠠᠴᠢᠯᠠᠭ᠎ᠠ ᠡᠴᠡ ᠪᠡᠨ ᠰᠢᠭᠦᠬᠦ  ᠬᠣᠷᠢᠶ᠎ᠠ ᠪᠤᠶᠤ ᠳᠣᠲᠤᠭᠠᠳᠤ ᠶᠢ ᠬᠠᠮᠠᠭᠠᠯᠠᠬᠤ ᠪᠠᠢᠭᠤᠯᠭ᠎ᠠ  ᠳᠤ ᠬᠦᠷᠴᠦ  ᠬᠡᠷᠡᠭ ᠢᠶᠡᠨ ᠬᠦᠯᠢᠶᠡᠨ ᠪᠡᠶ᠎ᠡ ᠪᠡᠨ ᠳᠤᠰᠢᠶᠠᠬᠤ ᠬᠡᠷᠡᠭᠲᠠᠢ᠃

  ᠬᠤᠶᠠᠷ ᠲᠤ᠂ ᠪᠦᠬᠦ ᠬᠦᠢᠴᠡᠳᠬᠡᠭᠳᠡᠭᠴᠢ11 ᠰᠠᠷ᠎ᠠ ᠶᠢᠨ30  ᠤ ᠡᠳᠦᠷ ᠡᠴᠡ ᠡᠮᠦᠨ᠎ᠡ ᠰᠠᠨᠠᠭᠠᠴᠢᠯᠠᠭ᠎ᠠ ᠡᠴᠡ ᠪᠡᠨ ᠰᠢᠭᠦᠬᠦ ᠬᠣᠷᠢᠶᠠᠨ ᠤ ᠭᠦᠢᠴᠡᠳᠬᠡᠬᠦ ᠳᠤᠪᠴᠢᠶᠠᠨ ᠳ᠋ᠤ ᠬᠦᠷᠴᠦ ᠲᠤᠰ ᠬᠥᠮᠦᠨ ᠤ ᠰᠠᠭᠤᠴᠠ᠂ ᠬᠠᠷᠢᠯᠴᠠᠬᠤ ᠬᠠᠶᠠᠭ ᠵᠢᠴᠢ ᠡᠳ᠋ ᠬᠥᠷᠦᠩᠭᠡ ᠶᠢᠨ ᠪᠠᠢᠳᠠᠯ ᠢᠶᠡᠨ ᠦᠨᠡᠨ ᠮᠥᠨ ᠢᠶᠡᠷ ᠨᠢ ᠳᠠᠩᠰᠠᠯᠠᠭᠤᠯᠵᠤ᠂  ᠳᠠᠭᠤᠳᠠᠭᠰᠠᠨ ᠳᠠᠷᠤᠢ ᠬᠦᠷᠬᠦ ᠶᠢ ᠪᠠᠲᠤᠯᠠᠬᠤ ᠬᠡᠷᠡᠭᠲᠡᠢ᠂ ᠳᠡᠭᠡᠷ᠎ᠡ ᠳᠤᠷᠠᠳᠤᠭᠰᠠᠨ ᠵᠦᠢᠯ ᠢ ᠮᠡᠳᠡᠭᠦᠯᠬᠦ ᠶᠢ ᠲᠡᠪᠴᠢᠭᠰᠡᠨ ᠬᠦᠢᠴᠡᠳᠬᠡᠭᠳᠡᠭᠴᠢ ᠶᠢ ᠰᠢᠭᠦᠬᠦ ᠬᠣᠷᠢᠶᠠᠨ ᠡᠴᠡ ᠵᠣᠭᠤᠰ ᠢᠶᠡᠷ ᠲᠣᠷᠭᠠᠬᠤ᠂ ᠲᠦᠷ ᠬᠣᠷᠢᠬᠤ ᠵᠡᠷᠭᠡ ᠠᠯᠪᠠᠳᠠᠯᠭ᠎ᠠ ᠶᠢᠨ ᠴᠢᠨᠠᠷᠲᠠᠢ ᠠᠷᠭ᠎ᠠ ᠠᠪᠴᠢᠯ ᠠᠪᠤᠨ᠎ᠠ᠃

 ᠭᠤᠷᠪᠠ ᠳ᠋ᠤ᠂   ᠨᠠᠮ ᠤᠨ ᠬᠡᠰᠢᠭᠦᠨ᠂  ᠠᠯᠪᠠᠲᠠᠨ᠂ ᠠᠷᠠᠳ ᠤᠨ  ᠲᠥᠯᠦᠭᠡᠯᠡᠭᠴᠢ᠂ ᠤᠯᠤᠰ ᠲᠥᠷᠦ ᠶᠢᠨ  ᠵᠥᠪᠯᠡᠯᠭᠡᠨ ᠤ ᠬᠡᠰᠢᠭᠦᠨ ᠵᠡᠷᠭᠡ ᠪᠡᠶ᠎ᠡ  ᠶᠢᠨ ᠭᠠᠷᠤᠯ ᠲᠠᠢ ᠭᠦᠢᠴᠡᠳᠬᠡᠭᠳᠡᠭᠴᠢ ᠪᠠᠢᠪᠠᠯ᠂ ᠬᠠᠤᠯᠢ ᠳᠦᠷᠢᠮ  ᠢ ᠵᠢᠷᠤᠮᠯᠠᠨ ᠬᠡᠪ ᠳᠠᠭᠤᠷᠢᠶᠠᠯ  ᠪᠣᠯᠵᠤ᠂ ᠰᠠᠨᠠᠭᠠᠴᠢᠯᠠᠭ᠎ᠠ ᠡᠴᠡ ᠪᠡᠨ  ᠬᠦᠴᠦᠨ  ᠲᠠᠢ ᠪᠣᠯᠤᠭᠰᠠᠨ ᠬᠠᠤᠯᠢ  ᠶᠢᠨ ᠪᠢᠴᠢᠭ  ᠲᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠨ  ᠭᠦᠢᠴᠡᠳᠬᠡᠬᠦ ᠬᠡᠷᠡᠭᠲᠠᠢ᠃ ᠳᠡᠭᠡᠷ᠎ᠡ ᠳᠤᠷᠠᠳᠤᠭᠰᠠᠨ  ᠬᠥᠮᠦᠰ ᠢᠲᠡᠭᠡᠯ ᠠᠯᠳᠠᠪᠠᠯ᠂ ᠰᠢᠭᠦᠬᠦ ᠬᠣᠷᠢᠶᠠᠨ ᠡᠴᠡ ᠪᠠᠢᠳᠠᠯ ᠳ᠋ᠤᠨᠢ ᠬᠠᠨᠳᠤᠭᠤᠯᠤᠨ ᠲᠡᠭᠦᠨ ᠤ ᠪᠠᠢᠭ᠎ᠠ ᠪᠠᠢᠭᠤᠯᠭ᠎ᠠ ᠵᠢᠴᠢ ᠠᠷᠠᠳ ᠤᠨ ᠲᠥᠯᠦᠭᠡᠯᠡᠭᠴᠢ᠂ ᠤᠯᠤᠰ  ᠲᠥᠷᠦ  ᠶᠢᠨ  ᠵᠥᠪᠯᠡᠯᠭᠡᠨ᠂ ᠪᠠᠢᠴᠠᠭᠠᠬᠤ ᠬᠣᠷᠢᠶ᠎ᠠ ᠪᠣᠯᠤᠨ  ᠠᠵᠢᠯᠲᠠᠨ ᠤ ᠶᠠᠪᠦᠳᠠᠯ ᠤᠨ ᠰᠠᠯᠠᠭ᠎ᠠ  ᠮᠥᠴᠢᠷ ᠢ ᠵᠣᠬᠢᠶᠠᠨ ᠪᠠᠢᠭᠤᠯᠵᠤ ᠬᠠᠤᠯᠢ ᠬᠡᠷᠡᠭᠵᠢᠭᠦᠯᠦᠯᠲᠠ  ᠶᠢᠨ ᠰᠠᠨᠠᠭᠤᠯᠭ᠎ᠠ ᠳᠤᠷᠠᠳᠤᠨ᠂ ᠬᠠᠤᠯᠢ ᠳᠦᠷᠢᠮ ᠶᠣᠰᠣᠭᠠᠷ ᠬᠠᠷᠭᠠᠯᠵᠠᠠᠭᠰᠠᠨ ᠰᠢᠢᠳᠬᠡᠯ ᠤᠯᠭᠤᠨ᠎ᠠ᠃

 ᠳᠥᠷᠪᠡ ᠳᠤ᠂ ᠬᠦᠴᠦᠨ ᠲᠠᠢ ᠪᠣᠯᠤᠭᠰᠠᠨ ᠰᠢᠢᠳᠬᠡᠯ ᠢ ᠭᠦᠢᠴᠡᠭᠡᠳᠦᠢ᠂ ᠭᠦᠢᠴᠡᠳᠬᠡᠪᠡᠰᠦ ᠵᠣᠬᠢᠬᠤ ᠡᠭᠦᠷᠭᠡ  ᠶᠢ ᠨᠢ ᠲᠣᠭᠲᠠᠭᠠᠬᠤ ᠡᠴᠡ ᠡᠮᠦᠨ᠎ᠡ᠂ ᠰᠢᠭᠦᠬᠦ ᠬᠣᠷᠢᠶᠠᠨ ᠡᠴᠡ ᠬᠠᠮᠢᠶ᠎ᠠ ᠪᠦᠬᠦᠢ ᠰᠠᠯᠠᠭ᠎ᠠ   ᠮᠥᠴᠢᠷ ᠲᠠᠢ ᠬᠠᠮᠲᠤᠷᠠᠨ ᠭᠦᠢᠴᠡᠳᠬᠡᠭᠳᠡᠭᠴᠢ ᠶᠢᠨ ᠬᠢᠵᠦ ᠪᠠᠢᠭ᠎ᠠ ᠣᠨᠴᠠ ᠲᠣᠭᠲᠠᠭᠰᠠᠨ ᠠᠵᠢᠯ ᠲᠥᠷᠦᠯ᠂ ᠲᠥᠷᠦᠯ ᠵᠦᠢᠯ᠂ ᠵᠠᠰᠠᠭ ᠤᠨ ᠣᠷᠳᠤᠨ ᠤ ᠳᠡᠮᠵᠢᠯᠭᠡ ᠪᠤᠶᠤ ᠨᠥᠬᠦᠪᠦᠷᠢ᠂ ᠳᠤᠰᠢᠶᠠᠯ  ᠡᠭᠦᠷᠭᠡᠯᠡᠬᠦ ᠬᠢᠷᠢ ᠬᠡᠮ᠂ ᠠᠵᠢᠯ ᠳ᠋ᠤ  ᠣᠷᠤᠬᠤ ᠬᠢᠷᠢ ᠬᠡᠮ ᠂ ᠢᠷᠠᠭᠤ ᠠᠯᠳᠠᠷ ᠪᠤᠶᠤ ᠢᠲᠡᠭᠡᠮᠵᠢ ᠣᠯᠭᠤᠬᠤ᠂ ᠣᠨᠴᠠᠭᠠᠢ ᠵᠠᠬ᠎ᠠ ᠳᠡᠯᠭᠡᠭᠦᠷ ᠤᠨ ᠰᠣᠯᠢᠯᠴᠠᠭ᠎ᠠ ᠂ ᠦᠨᠡᠲᠦ ᠵᠠᠷᠤᠴᠠᠭ᠎ᠠ᠂ ᠬᠢᠯᠢ ᠡᠴᠡ ᠭᠠᠷᠬᠤ ᠶᠢ ᠬᠢᠵᠠᠭᠠᠷᠯᠠᠬᠤ ᠵᠡᠷᠭᠡ ᠬᠠᠮᠲᠤᠷᠠᠭᠰᠠᠨ ᠵᠠᠯᠬᠠᠭᠠᠯᠭ᠎ᠠ  ᠠᠪᠤᠨ᠎ᠠ᠃

 ᠲᠠᠪᠤ ᠳᠤ᠂ ᠰᠢᠬᠦᠬᠦ ᠬᠣᠷᠢᠶᠠᠨ ᠡᠴᠡ ᠪᠠᠢᠭᠤᠯᠭ᠎ᠠ  ᠨᠢᠭᠡᠴᠢ ᠪᠣᠯᠤᠨ ᠬᠤᠪᠢ ᠬᠥᠮᠦᠨ ᠭᠦᠢᠴᠡᠳᠬᠡᠭᠳᠡᠭᠴᠢ  ᠶᠢᠨ ᠪᠠᠢᠭ᠎ᠠ ᠭᠠᠵᠠᠷ᠂ ᠣᠷᠤᠨ ᠰᠠᠭᠤᠴᠠ᠂ ᠦᠨᠡᠲᠦ ᠵᠠᠷᠤᠴᠠᠭ᠎ᠠ  ᠵᠢᠴᠢ ᠡᠳ᠋ ᠬᠥᠷᠦᠩᠭᠡ  ᠶᠢᠨ ᠲᠤᠬᠠᠢ ᠰᠦᠪᠡᠭᠴᠢ ᠵᠡᠷᠭᠡ ᠶᠢ ᠢᠯᠡᠴᠢᠯᠡᠨ ᠮᠡᠳᠡᠭᠦᠯᠬᠦ ᠶᠢ ᠬᠦᠬᠢᠭᠦᠯᠵᠤ᠂ ᠰᠢᠭᠦᠬᠦ  ᠬᠣᠷᠢᠶᠠᠨ ᠡᠴᠡ ᠢᠯᠡᠴᠡᠯᠡᠨ ᠮᠡᠳᠡᠭᠦᠯᠦᠭᠰᠡᠨ ᠬᠥᠮᠦᠨ ᠤ ᠪᠡᠶ᠎ᠡ ᠶᠢᠨ ᠭᠠᠷᠤᠯ ᠢ ᠴᠢᠩᠭ᠎ᠠ  ᠬᠠᠮᠠᠭᠠᠯᠠᠵᠤ᠂ ᠢᠯᠡᠴᠢᠯᠡᠨ ᠮᠠᠳᠡᠭᠦᠯᠡᠭᠰᠡᠨ ᠦᠨᠡᠲᠤ ᠵᠠᠷᠤᠴᠠᠭ᠎ᠠ ᠪᠣᠯᠤᠨ ᠡᠳ᠋ ᠬᠥᠷᠦᠩᠭᠡ ᠶᠢᠨ ᠲᠤᠬᠠᠢ ᠰᠦᠪᠡᠭᠴᠢ ᠨᠢ ᠪᠤᠲᠠᠲᠠᠢ  ᠪᠥᠭᠡᠳ  ᠬᠡᠷᠡᠭ ᠤᠨ  ᠬᠡᠷᠡᠭᠵᠢᠭᠦᠯᠦᠯᠲᠡ ᠳᠤ ᠲᠤᠰᠠᠯᠠᠮᠵᠢ ᠪᠣᠯᠤᠭᠰᠠᠨ ᠪᠠᠢᠭᠤᠯᠭ᠎ᠠ ᠨᠢᠭᠡᠴᠢ ᠪᠣᠯᠤᠨ ᠬᠤᠪᠢ ᠬᠥᠮᠦᠨ ᠳᠤ ᠰᠢᠬᠦᠬᠦ ᠬᠣᠷᠢᠶᠠᠨ ᠡᠴᠡ ᠬᠠᠮᠢᠶ᠎ᠠ ᠪᠦᠬᠦᠢ ᠳᠤᠭᠲᠠᠭᠠᠯ ᠢ ᠦᠨᠳᠦᠰᠦᠯᠡᠨ ᠱᠠᠩᠨᠠᠨ ᠬᠦᠬᠢᠭᠦᠯᠦᠨ᠎ᠡ᠃

 ᠪᠦᠬᠦ ᠬᠣᠲᠠ ᠶᠢᠨ ᠬᠤᠶᠠᠷ ᠳᠡᠰ ᠤᠨ ᠰᠢᠬᠦᠬᠦ ᠬᠣᠷᠢᠶᠠᠨ ᠤ ᠬᠡᠷᠡᠭ ᠳᠠᠩᠰᠤᠯᠠᠬᠤ ᠶᠡᠬᠡ ᠲᠠᠩᠬᠢᠮ ᠳᠦ ᠬᠦᠯᠢᠶᠠᠨ ᠠᠭᠤᠯᠵᠠᠬᠤ ᠴᠣᠩᠬᠤ ᠲᠠᠢ ᠪᠠᠢᠵᠤ᠂ ᠬᠤᠪᠢ  ᠬᠥᠮᠦᠨ ᠤ ᠮᠡᠳᠡᠭᠡ ᠵᠠᠩᠬᠢ᠂ ᠡᠳ᠋ ᠬᠥᠷᠦᠩᠭᠡ ᠶᠢ ᠳᠠᠩᠰᠤᠯᠠᠨ ᠮᠡᠳᠡᠭᠦᠯᠬᠦ ᠪᠣᠯᠤᠨ ᠬᠡᠷᠡᠭ ᠢᠶᠡᠨ ᠬᠦᠯᠢᠶᠡᠨ ᠪᠡᠶ᠎ᠡ ᠪᠡᠨ ᠲᠤᠰᠢᠶᠠᠬᠤ ᠵᠡᠷᠭᠡ ᠶᠢ ᠨᠡᠢᠯᠡᠭᠦᠯᠦᠨ ᠰᠢᠢᠳᠪᠦᠷᠢᠯᠡᠨ᠎ᠡ᠃

 ᠬᠦᠯᠢᠶᠠᠨ  ᠠᠭᠤᠯᠵᠠᠵᠤ᠂ ᠢᠯᠡᠴᠢᠯᠡᠨ ᠮᠡᠳᠡᠭᠦᠯᠬᠦ ᠤᠲᠠᠰᠤ᠄

 ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ  ᠶᠢᠨ ᠰᠢᠬᠦᠬᠦ  ᠬᠣᠷᠢᠶ᠎ᠠ᠄0477—5110503

 ᠤᠲᠤᠭ ᠤᠨ ᠡᠮᠦᠨᠡᠲᠦ ᠬᠣᠰᠢᠭᠤᠨ ᠤ ᠠᠷᠠᠳ ᠤᠨ ᠰᠢᠭᠦᠬᠦ ᠬᠣᠷᠢᠶ᠎ᠠ᠄0477—7623644

     ᠡᠵᠡᠨ  ᠬᠣᠷᠢᠶ᠎ᠠ ᠬᠣᠰᠢᠭᠤᠨ ᠤ ᠠᠷᠠᠳ ᠤᠨ ᠰᠢᠭᠦᠬᠦ ᠬᠣᠷᠢᠶ᠎ᠠ᠄0477—8975916

     ᠤᠲᠤᠭ ᠬᠣᠰᠢᠭᠤᠨ ᠤ ᠠᠷᠠᠳ ᠤᠨ ᠰᠢᠭᠦᠬᠦ  ᠬᠣᠷᠢᠶ᠎ᠠ᠄0477—6471805

     ᠳᠠᠯᠠᠳ ᠬᠣᠰᠢᠭᠤᠨ ᠤ ᠠᠷᠠᠳ ᠤᠨ ᠰᠢᠭᠦᠬᠦ  ᠬᠣᠷᠢᠶ᠎ᠠ᠄0477—5186752

     ᠵᠡᠭᠦᠨᠭᠠᠷ ᠬᠣᠰᠢᠭᠤᠨ ᠤ ᠠᠷᠠᠳ ᠤᠨ ᠰᠢᠭᠦᠬᠦ  ᠬᠣᠷᠢᠶ᠎ᠠ᠄0477—4852072

     ᠳ᠋ᠦᠩᠱᠸᠩ ᠲᠣᠭᠤᠷᠢᠭ ᠤᠨ ᠠᠷᠠᠳ ᠤᠨ ᠰᠢᠭᠦᠬᠦ  ᠬᠣᠷᠢᠶ᠎ᠠ᠄0477—8115589

     ᠬᠠᠩᠬᠢᠨ  ᠬᠣᠰᠢᠭᠤᠨ ᠤ ᠠᠷᠠᠳ ᠤᠨ ᠰᠢᠭᠦᠬᠦ ᠬᠣᠷᠢᠶ᠎ᠠ: 0477—6624772

     ᠦᠦᠰᠢᠨ ᠬᠣᠰᠢᠭᠤᠨ ᠤ ᠠᠷᠠᠳ ᠤᠨ ᠰᠢᠭᠦᠬᠦ  ᠬᠣᠷᠢᠶ᠎ᠠ᠄0477—7220219

              ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ  ᠬᠣᠷᠢᠶ᠎ᠠ

               2016  ᠣᠨ ᠤ10 ᠰᠠᠷ᠎ᠠ ᠶᠢᠨ18

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )