ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ  ᠶᠢᠨ ᠰᠢᠭᠦᠬᠦ ᠬᠣᠷᠢᠶᠠᠨ ᠤ ᠳᠠᠷᠤᠭ᠎ᠠ ᠬᠤ ᠢ ᠹᠸᠩ ᠣᠷᠳᠣᠰ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ  ᠤ ᠭᠠᠳᠠᠭᠠᠳᠤ
2016.10.29 ᠲᠣᠰ ᠥᠷᠲᠡᠭᠡᠨ᠎ᠦ ᠨᠠᠢᠷᠠᠭᠤᠯᠤᠭᠴᠢ

ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ  ᠶᠢᠨ ᠰᠢᠭᠦᠬᠦ ᠬᠣᠷᠢᠶᠠᠨ ᠤ ᠳᠠᠷᠤᠭ᠎ᠠ ᠬᠤ ᠢ ᠹᠸᠩ ᠣᠷᠳᠣᠰ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ  ᠤ ᠭᠠᠳᠠᠭᠠᠳᠤ ᠶᠠᠪᠤᠳᠠᠯ ᠤᠨ ᠵᠣᠴᠢᠯᠠᠯᠲᠠ  ᠶᠢᠨ ᠠᠵᠢᠯ ᠢ ᠳᠡᠭᠡᠳᠦ ᠬᠡᠮᠵᠢᠶ᠎ᠡ ᠪᠡᠷ ᠦᠨᠡᠯᠡᠪᠡ

ᠣᠶᠢᠷ᠎ᠠ ᠳᠤ ᠂ ᠦᠪᠡᠷᠲᠡᠭᠡᠨ ᠵᠠᠰᠠᠬᠤ ᠣᠷᠤᠨ  ᠤ ᠳᠡᠭᠡᠳᠦ ᠵᠡᠷᠭᠡ  ᠶᠢᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠬᠤ ᠡᠢ ᠹᠸᠩ ᠤᠷᠳᠤᠰ ᠬᠤᠲᠠ ᠶᠢᠨ ᠳᠤᠮᠳᠠ ᠵᠡᠷᠭᠡ ᠶᠢᠨ ᠰᠢᠬᠦᠬᠦ ᠬᠤᠷᠢᠶᠠᠨ ᠤ7ᠰᠠᠷ᠎ᠠ ᠶᠢᠨ15ᠡᠴᠡ 17 ᠦ ᠡᠳᠦᠷ ᠪᠤᠯᠲᠠᠯᠠᠬᠢ  ᠭᠸᠷᠮᠠᠨ   ᠤ  ᠪᠷᠠᠨᠳᠧᠨ᠋ᠪᠦ᠋ᠷᠡᠭ  ᠵᠸᠦ ᠶᠢᠨ ᠬᠠᠤᠯᠢᠴᠢ ᠶᠢᠨ ᠲᠥᠯᠦᠭᠡᠯᠡᠭᠴᠢᠳ ᠦᠨ ᠪᠦᠯᠬᠦᠮ  ᠤᠨ14 ᠬᠥᠮᠦᠨ ᠢ ᠬᠦᠯᠢᠶᠠᠨ ᠵᠤᠴᠢᠯᠠᠭᠰᠠᠨ ᠭᠠᠳᠠᠭᠠᠳᠤ ᠶᠠᠪᠤᠳᠠᠯ ᠤᠨ ᠳᠠᠢᠯᠠᠯᠭ᠎ᠠ ᠳ᠋ᠤ ᠥᠨᠳᠦᠷ ᠦᠨᠡᠯᠡᠯᠲᠡ  ᠦᠭᠭᠦᠭᠰᠠᠨ ᠪᠠᠢᠨ᠎ᠠ᠃ ᠲᠡᠷᠡ《 ᠥᠪᠡᠷᠲᠡᠭᠡᠨ ᠵᠠᠰᠠᠬᠤ ᠣᠷᠤᠨ ᠤ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠭᠸᠷᠮᠠᠨ ᠤ ᠬᠠᠤᠯᠢᠴᠢ ᠶᠢᠨ ᠲᠥᠯᠦᠭᠡᠯᠡᠭᠴᠢ ᠶᠢᠨ ᠪᠦᠯᠬᠦᠮ ᠢ ᠬᠦᠯᠢᠶᠠᠨ ᠵᠤᠴᠢᠯᠠᠭᠰᠠᠨ ᠲᠤᠬᠠᠢ  ᠮᠡᠳᠡᠭᠦᠯᠦᠯᠲᠡ》 ᠳ᠋ᠤ  ᠪᠡᠨ ᠵᠢᠭᠠᠬᠤ ᠳ᠋ᠤ ᠪᠠᠨ᠄  ᠬᠦᠯᠢᠶᠡᠨ  ᠵᠣᠴᠢᠯᠠᠬᠤ ᠡᠭᠦᠷᠭᠡ ᠨᠢ ᠮᠠᠰᠢ ᠰᠠᠢᠨ ᠲᠠᠭᠤᠰᠬᠠᠵᠤ᠂  ᠤᠷᠤᠭᠰᠢᠲᠠᠢ᠂ ᠲᠡᠭᠦᠯᠳᠡᠷ᠂ ᠪᠦᠲᠦᠮᠵᠢᠲᠠᠢ ᠬᠠᠷᠠᠯᠲᠠ ᠳ᠋ᠤ ᠬᠦᠷᠦᠭᠰᠡᠨ ᠪᠠᠢᠨ᠎ᠠ᠃  ᠲᠤᠷᠰᠢᠯᠭ᠎ᠠ ᠪᠡᠨ ᠬᠢᠨᠠᠮᠠᠭᠠᠢ ᠬᠤᠷᠢᠶᠠᠩᠭᠤᠢᠯᠠᠨ᠂ ᠬᠠᠮᠤᠭ ᠳᠡᠭᠡᠲᠦ ᠵᠡᠷᠭᠡ ᠶᠢᠨ ᠰᠢᠬᠦᠬᠦ ᠬᠣᠷᠢᠶᠠᠨ  ᠳ᠋ᠤ ᠮᠠᠳᠡᠭᠦᠯᠡᠯᠲᠠ ᠬᠢᠵᠦ ᠪᠣᠯᠤᠨ᠎ᠠ ᠭᠡᠪᠡ᠃

 ᠬᠠᠮᠤᠭ ᠳᠡᠭᠡᠳᠦ ᠵᠡᠷᠭᠡ ᠶᠢᠨ ᠰᠢᠭᠦᠬᠦ ᠬᠣᠷᠢᠶᠠᠨ  ᠤ ᠲᠤᠬᠢᠨᠠᠭᠤᠯᠭ᠎ᠠ ᠶᠣᠰᠣᠭᠠᠷ᠂ ᠭᠸᠷᠮᠠᠨ  ᠪᠸᠷᠯᠢᠨ  ᠤ  ᠪᠷᠠᠨᠳᠧᠨ᠋ᠪᠦ᠋ᠷᠡᠭ  ᠵᠸᠦ ᠶᠢᠨ ᠬᠠᠤᠯᠢᠴᠢ ᠶᠢᠨ ᠲᠥᠯᠦᠭᠡᠯᠡᠭᠴᠢᠳ ᠦᠨ ᠪᠦᠯᠬᠦᠮ  ᠤᠨ14 ᠬᠥᠮᠦᠨ  ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠬᠦᠬᠦ ᠬᠣᠷᠢᠶᠠᠨ ᠳ᠋ᠤ ᠬᠦᠷᠴᠦ  ᠲᠤᠰᠬᠠᠢ ᠰᠡᠳᠦᠪᠲᠦ ᠶᠠᠷᠢᠯᠴᠠᠭ᠎ᠠ   ᠬᠢᠪᠡ᠃ ᠳᠠᠭᠠᠤ ᠳ᠋ᠤ ᠨᠢ ᠲᠤᠰ ᠣᠷᠤᠨ ᠤ ᠰᠣᠶᠤᠯ ᠢᠷᠭᠡᠨᠰᠢᠯ᠂ ᠲᠡᠤᠬᠡ ᠰᠤᠳᠤᠷ᠂ ᠬᠥᠮᠦᠨ ᠪᠠᠢᠭᠠᠯᠢ ᠶᠢᠨ ᠰᠠᠢᠨ ᠰᠠᠢᠬᠠᠨ ᠢ ᠬᠦᠯᠢᠶᠡᠨ ᠰᠣᠨᠢᠷᠬᠠᠵᠤ᠂ ᠪᠡᠶ᠎ᠡ ᠪᠡᠷ ᠢᠶᠡᠨ ᠲᠤᠬᠠᠢ ᠶᠢᠨ ᠭᠠᠵᠠᠷ ᠤᠨ ᠠᠮᠢᠳᠤᠷᠠᠯ ᠢ  ᠪᠡᠶᠡᠴᠢ ᠤᠢᠯᠭᠠᠯᠲᠠ ᠬᠢᠭᠰᠡᠨ ᠪᠠᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ  ᠶᠢᠨ ᠰᠢᠭᠦᠬᠦ  ᠬᠣᠷᠢᠶᠠᠨ  ᠤ ᠭᠠᠳᠠᠭᠠᠳᠤ ᠶᠠᠪᠤᠳᠠᠯ ᠤᠨ ᠵᠣᠴᠢᠯᠠᠯᠲᠠ ᠮᠡᠳᠡᠭᠳᠡᠯ ᠣᠯᠤᠭᠰᠠᠨ ᠤ ᠳᠠᠷᠠᠭ᠎ᠠ ᠂ ᠣᠷᠳᠣᠰ  ᠬᠣᠲᠠ  ᠶᠢᠨ ᠠᠷᠠᠳ ᠤᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ  ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠳᠠᠷᠤᠶ ᠲᠦᠷᠭᠡᠨ ᠠᠯᠪᠠᠨ ᠭᠡᠷ ᠂ ᠤᠯᠤᠰ ᠲᠦᠷᠦ ᠶᠢᠨ ᠬᠡᠯᠲᠡᠰ ᠂ ᠲᠣᠨᠣᠭᠯᠠᠯ ᠤᠨ ᠭᠠᠵᠠᠷ ᠬᠢᠭᠡᠳ ᠬᠣᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠲᠢᠩᠬᠢᠮ ᠦᠨ ᠠᠯᠪᠠᠨ ᠭᠡᠷ ᠦᠨ ᠬᠠᠷᠢᠭᠤᠴᠠᠯᠭᠠᠲᠠᠨ  ᠢ ᠵᠣᠬᠢᠶᠠᠨ ᠪᠠᠶᠢᠭᠤᠯᠵᠤ ᠂  ᠬᠦᠯᠢᠶᠡᠨ ᠠᠪᠴᠤ ᠵᠣᠴᠢᠯᠠᠬᠤ ᠠᠵᠢᠯ ᠢ ᠵᠣᠬᠢᠴᠠᠭᠤᠯᠬᠤ ᠬᠤᠷᠠᠯ ᠬᠤᠷᠠᠯᠳᠤᠭᠤᠯᠵᠤ ᠂  ᠬᠦᠯᠢᠶᠡᠨ ᠵᠣᠴᠢᠯᠠᠬᠤ ᠠᠵᠢᠯ ᠤᠨ ᠨᠠᠷᠢᠯᠢᠭ ᠶᠠᠪᠤᠴᠠ  ᠶᠢ ᠵᠦᠪᠳᠡᠯᠡᠯᠴᠡᠨ ᠳᠤᠬᠢᠷᠠᠵᠤ᠂ ᠬᠦᠯᠢᠶᠡᠨ  ᠵᠣᠴᠢᠯᠠᠬᠤ ᠠᠵᠢᠯ ᠨᠢᠭᠡᠪᠦᠷᠢ ᠶᠢ ᠪᠤᠲᠠᠲᠠᠢ ᠰᠠᠯᠠᠭ᠎ᠠ ᠮᠥᠴᠢᠷ ᠬᠢᠬᠡᠳ ᠬᠤᠪᠢ ᠬᠥᠮᠦᠨ ᠳ᠋ᠤ ᠨᠢ ᠳᠤᠳᠤᠷᠬᠠᠢ  ᠳᠠᠭᠠᠭᠠᠯᠭᠠᠵᠤ᠂ ᠳᠠᠭᠠᠤ ᠳᠦ ᠨᠢ  ᠨᠠᠷᠢᠯᠢᠭ ᠬᠦᠯᠢᠶᠡᠨ ᠵᠣᠴᠢᠯᠠᠬᠤ ᠲᠥᠰᠦᠪ  ᠶᠢ ᠳᠤᠭᠲᠠᠭᠠᠪᠠ᠃ ᠡᠭᠦᠨ ᠦ ᠬᠠᠮᠲᠤ ᠂ ᠣᠷᠳᠣᠰ ᠠᠷᠠᠳ ᠤᠨ ᠳᠤᠮᠳᠠ ᠵᠡᠷᠭᠡ  ᠶᠢᠨ ᠰᠢᠭᠦᠬᠦ ᠬᠣᠷᠢᠶ᠎ᠠ ᠲᠡᠷᠡ ᠳᠠᠷᠤᠶ ᠳᠤᠨᠢ ᠲᠤᠬᠠᠶ ᠶᠢᠨ ᠭᠠᠵᠠᠷ ᠤᠨ ᠨᠠᠮ ᠤᠨ ᠬᠣᠷᠢᠶ᠎ᠠ ᠂ ᠵᠠᠰᠠᠭ ᠤᠨ ᠣᠷᠳᠤᠨ  ᠤ ᠭᠣᠣᠯ ᠤᠳᠤᠷᠢᠳᠤᠯᠭ᠎ᠠ  ᠨᠠᠷ ᠳᠦ ᠬᠠᠷᠢᠭᠤ ᠮᠡᠳᠡᠭᠦᠯᠦᠯᠲᠡ ᠬᠢᠵᠦ ᠂ ᠨᠠᠮ ᠤᠨ ᠬᠣᠷᠢᠶ᠎ᠠ ᠪᠣᠯᠤᠨ ᠵᠠᠰᠠᠭ ᠤᠨ ᠣᠷᠳᠣᠨ ᠮᠠᠰᠢ ᠬᠦᠨᠳᠦᠳᠬᠡᠨ ᠦᠵᠡᠵᠦ ᠂ ᠡᠨᠡ ᠤᠳᠠᠭᠠᠨ ᠤ ᠭᠠᠳᠠᠭᠠᠳᠤ ᠶᠠᠪᠤᠳᠠᠯ ᠤᠨ ᠠᠵᠢᠯᠯᠠᠭ᠎ᠠ ᠂ ᠬᠦᠯᠢᠶᠡᠨ ᠠᠪᠴᠤ ᠵᠣᠴᠢᠯᠠᠬᠤ ᠠᠵᠢᠯ ᠢ ᠬᠦᠴᠦᠲᠡᠶ ᠳᠠᠮᠵᠢᠭᠰᠠᠨ ᠪᠠᠶᠢᠨ᠎ᠠ ᠃

 ᠭᠸᠷᠮᠠᠨ  ᠪᠸᠷᠯᠢᠨ -- ᠪᠷᠠᠨᠳᠧᠨ᠋ᠪᠦ᠋ᠷᠡᠭ  ᠵᠸᠦ ᠶᠢᠨ ᠬᠠᠤᠯᠢ ᠶᠢᠨ ᠲᠤᠰᠢᠶᠠᠯᠲᠠᠨ  ᠤ ᠲᠥᠯᠥᠭᠡᠯᠡᠭᠴᠢ ᠶᠢᠨ ᠪᠦᠯᠬᠦᠮ  ᠤᠨ 14 ᠬᠥᠮᠦᠨ ᠣᠷᠳᠣᠰ  ᠬᠣᠲᠠ ᠶᠢᠨ ᠠᠷᠠᠳ ᠤᠨ ᠳᠤᠮᠳᠠ ᠵᠡᠷᠭᠡ   ᠶᠢᠨ ᠰᠢᠭᠦᠬᠦ ᠬᠣᠷᠢᠶ᠎ᠠ  ᠳ᠋ᠤ ᠲᠣᠭᠣᠷᠢᠨ ᠦᠵᠡᠵᠦ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ ᠂ ᠣᠷᠳᠣᠰ  ᠬᠣᠲᠠ  ᠶᠢᠨ ᠠᠷᠠᠳ ᠤᠨ ᠳᠤᠮᠳᠠ ᠵᠡᠷᠭᠡ  ᠶᠢᠨ ᠰᠢᠭᠦᠬᠦ ᠬᠣᠷᠢᠶ᠎ᠠ ᠬᠠᠤᠯᠢ ᠴᠠᠭᠠᠵᠠ ᠶᠢᠨ  ᠬᠡᠷᠡᠭᠵᠢᠭᠦᠯᠦᠯᠲᠠ ᠶᠢᠨ  ᠰᠣᠯᠢᠯᠴᠠᠭᠠᠨ ᠤ ᠲᠤᠰᠬᠠᠶ ᠰᠡᠳᠦᠪᠲᠦ ᠶᠠᠷᠢᠯᠴᠠᠬᠤ ᠬᠤᠷᠠᠯ ᠬᠤᠷᠠᠯᠳᠤᠭᠤᠯᠵᠤ ᠂ ᠬᠣᠶᠠᠷ ᠲᠠᠯ᠎ᠠ ᠪᠠᠷ ᠢᠶᠠᠨ ᠬᠠᠤᠯᠢ ᠶᠢᠨ ᠲᠤᠰᠢᠶᠠᠯᠲᠠᠨ ᠤ ᠲᠥᠯᠥᠭᠡᠯᠡᠭᠴᠢ  ᠭᠣᠣᠯ ᠰᠡᠳᠦᠪᠲᠦ  ᠶᠠᠷᠢᠶ᠎ᠠ ᠲᠠᠯᠪᠢᠵᠤ ᠂ ᠪᠠᠰᠠ ᠬᠤᠪᠢ ᠬᠤᠪᠢᠨ ᠤ ᠰᠡᠳᠬᠢᠯ ᠲᠠᠯᠪᠢᠵᠤ ᠂ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠶ ᠬᠥᠭᠵᠢᠶᠡᠨᠲᠡᠶ ᠂ ᠢᠳᠡᠪᠬᠢᠲᠡᠶ ᠂ ᠨᠥᠬᠥᠷᠰᠡᠭ ᠢᠶᠡᠷ ᠶᠠᠷᠢᠯᠴᠠᠵᠤ  ᠰᠤᠯᠢᠯᠴᠠᠭᠰᠠᠨ ᠪᠠᠢᠨ᠎ᠠ ᠃  ᠠᠵᠢᠯᠠᠯᠭᠠᠨ  ᠤ ᠰᠣᠯᠢᠯᠴᠠᠭ᠎ᠠ  ᠬᠢᠬᠦ ᠶᠢᠨ ᠬᠠᠮᠲᠤ ᠂ ᠭ᠌ᠧᠷᠮᠠᠨ ᠤ ᠲᠥᠯᠥᠭᠡᠯᠡᠭᠴᠢᠳ ᠦᠨ ᠪᠦᠯᠬᠦᠮ  ᠪᠠᠰᠠ ᠣᠷᠳᠣᠰ  ᠬᠣᠲᠠ ᠶᠢᠨ ᠠᠷᠠᠳ ᠤᠨ ᠳᠤᠮᠳᠠ ᠵᠡᠷᠭᠡ   ᠶᠢᠨ ᠰᠢᠭᠦᠬᠦ ᠬᠣᠷᠢᠶ᠎ᠠ  ᠠᠯᠪᠠᠯᠠᠬᠤ  ᠪᠣᠯᠤᠨ ᠰᠢᠬᠦᠨ ᠳᠠᠰᠤᠯᠠᠯᠲᠠ ᠶᠢᠨ ᠠᠰᠠᠷ ᠢ ᠲᠣᠭᠣᠷᠢᠨ ᠦᠵᠡᠵᠦ ᠂ ᠣᠷᠳᠣᠰ  ᠬᠣᠲᠠ ᠶᠢᠨ ᠠᠷᠠᠳ ᠤᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠂ ᠬᠠᠤᠯᠢ ᠶᠢᠨ ᠲᠤᠰᠢᠶᠠᠯᠲᠠᠨ ᠤ ᠠᠵᠢᠯᠯᠠᠬᠤ ᠣᠷᠴᠢᠨ ᠵᠡᠷᠭᠡ ᠪᠠᠶᠢᠳᠠᠯ ᠤᠨ ᠲᠤᠬᠠᠶ ᠪᠦᠬᠦ ᠲᠠᠯ᠎ᠠ ᠪᠠᠷ  ᠤᠢᠯᠭᠠᠭᠰᠠᠨ ᠪᠠ ᠵᠥᠪ ᠲᠠᠨᠢᠯᠲᠠ ᠲᠠᠶ  ᠪᠣᠯᠤᠭᠰᠠᠨ  ᠪᠠᠢᠨ᠎ᠠ ᠃

 ᠲᠣᠭᠤᠷᠢᠨ ᠦᠵᠡᠬᠦ ᠬᠤᠭᠤᠴᠠᠭᠠᠨ ᠳ᠋ᠤ᠂ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠭᠸᠷᠮᠠᠨ ᠬᠢᠳᠠᠳ ᠬᠤᠶᠠᠷ ᠬᠡᠯᠡᠨ ᠦ ᠣᠷᠳᠤᠰ ᠬᠣᠲᠠ ᠶᠢᠨ ᠰᠢᠬᠦᠬᠦ ᠬᠣᠷᠢᠶᠠᠨ ᠤ ᠲᠠᠨᠢᠯᠴᠠᠭᠤᠯᠭ᠎ᠠ ᠵᠣᠬᠢᠶᠠᠵᠤ᠂ ᠪᠠᠭᠤᠳᠠᠯ ᠤᠨ ᠬᠣᠨᠤᠬᠤ ᠥᠷᠦᠭᠡᠨ ᠳ᠋ᠤ᠄《 ᠠᠷᠤ ᠭᠡᠷ ᠲᠤ ᠪᠡᠨ  ᠠᠵᠠ ᠵᠢᠷᠭᠠᠯ ᠤᠨ ᠳᠤᠷᠠᠰᠬᠠᠯ ᠠᠪᠠᠴᠢᠬᠤ  ᠪᠡᠨ ᠪᠢᠲᠡᠬᠡᠢ ᠮᠠᠷᠲᠠᠭᠠᠷᠠᠢ》 ᠭᠡᠰᠠᠨ ᠭᠸᠷᠮᠠᠨ ᠬᠢᠲᠠᠳ ᠬᠤᠶᠠᠷ ᠬᠡᠯᠡᠨ ᠦ ᠰᠠᠨᠠᠭᠤᠯᠤᠮᠵᠢ ᠲᠠᠢ ᠪᠠᠢᠵᠤ᠂ ᠪᠥᠬᠦ ᠶᠠᠪᠤᠴᠠ  ᠳᠤᠮᠳᠠ ᠭᠸᠷᠮᠠᠨ ᠬᠢᠲᠠᠳ ᠬᠤᠶᠠᠷ ᠬᠡᠯᠡᠨ ᠳ᠋ᠤ ᠪᠡᠨ ᠪᠣᠯᠪᠠᠰᠤᠷᠠᠩᠭᠤᠢ  ᠡᠮᠴᠢᠯᠡᠭᠡᠨ ᠤ  ᠬᠥᠮᠦᠨ ᠢᠶᠡᠷ ᠭᠠᠳᠠᠭᠠᠳᠤ ᠵᠣᠴᠢᠨ  ᠤ ᠡᠷᠡᠭᠦᠯ ᠮᠡᠨᠳᠦ ᠳᠦ  ᠬᠠᠷᠢᠭᠤᠴᠠᠭᠤᠯᠤᠭᠰᠠᠨ  ᠪᠠᠢᠨ᠎ᠠ᠃  ᠣᠷᠳᠤᠰ ᠤᠨ ᠳᠤᠮᠳᠠ ᠵᠡᠷᠭᠡ ᠶᠢᠨ ᠰᠢᠬᠦᠬᠦ ᠬᠣᠷᠢᠶᠠᠨ ᠤ ᠵᠤᠴᠢᠨᠰᠤᠭ᠂ ᠬᠠᠯᠠᠭᠤᠮᠰᠤᠭ᠂ ᠨᠠᠷᠢᠯᠢᠭ ᠵᠣᠴᠢᠯᠠᠬᠤ ᠣᠪᠤᠷ ᠨᠢ ᠭᠸᠷᠮᠠᠨ  ᠪᠸᠷᠯᠢᠨ -- ᠪᠷᠠᠨᠳᠧᠨ᠋ᠪᠦ᠋ᠷᠡᠭ  ᠵᠸᠦ ᠶᠢᠨ ᠬᠠᠤᠯᠢ ᠶᠢᠨ ᠲᠤᠰᠢᠶᠠᠯᠲᠠᠨ  ᠤ ᠲᠥᠯᠥᠭᠡᠯᠡᠭᠴᠢ ᠶᠢᠨ ᠪᠦᠯᠬᠦᠮ   ᠭᠦᠨᠵᠡᠭᠡᠢ  ᠰᠠᠭᠤᠭᠳᠠᠯ  ᠦᠯᠡᠳᠡᠭᠡᠭᠰᠠᠨ ᠪᠠᠢᠨ᠎ᠠ᠃ ᠲᠤᠰ ᠤᠳᠠᠭᠠᠨ ᠤ ᠪᠠᠢᠴᠠᠭᠠᠨ ᠰᠣᠯᠢᠯᠴᠠᠬᠤ  ᠬᠦᠳᠡᠯᠬᠡᠬᠡᠨ ᠢᠶᠡᠷ ᠳᠠᠮᠵᠢᠨ᠂ ᠳᠤᠮᠳᠠᠳᠤ ᠭᠸᠷᠮᠠᠨ ᠬᠤᠶᠠᠷ ᠤᠯᠤᠰ ᠤᠨ ᠰᠢᠭᠦᠬᠦ ᠬᠣᠷᠢᠶᠠᠨ ᠤ ᠨᠥᠬᠦᠷᠰᠡᠭ  ᠬᠠᠷᠢᠴᠠᠭ᠎ᠠ  ᠶᠢ ᠴᠢᠩᠭ᠋ᠠᠳᠬᠠᠨ᠂  ᠳᠠᠪᠰᠢᠭᠰᠠᠨ ᠲᠤᠷᠰᠢᠯᠭ᠎ᠠ ᠪᠣᠯᠤᠨ ᠠᠷᠭ᠎ᠠ ᠪᠠᠷᠢᠯ ᠢᠶᠠᠨ ᠰᠤᠯᠢᠯᠴᠠᠨ᠂ ᠲᠥᠪ ᠭᠣᠣᠯᠴᠢ᠂ ᠦᠨᠡᠨ ᠶᠣᠰᠤ  ᠶᠢ ᠬᠥᠭᠡᠭᠡᠴᠡᠯᠳᠦᠬᠦ ᠪᠣᠯ ᠬᠤᠶᠠᠷ ᠤᠯᠤᠰ ᠤᠨ ᠰᠢᠭᠦᠭᠴᠢ ᠶᠢᠨ ᠬᠠᠮᠲᠤ ᠶᠢᠨ ᠬᠠᠷᠠᠯᠲᠠ ᠬᠢᠭᠡᠳ ᠬᠠᠮᠲᠤᠷᠠᠨ ᠰᠣᠯᠢᠯᠴᠠᠬᠤ ᠶᠢᠨ ᠰᠠᠭᠤᠷᠢ ᠮᠥᠨ ᠭᠡᠵᠦ ᠬᠤᠶᠠᠷ ᠡᠲᠡᠭᠡᠳ ᠤᠨ ᠬᠢᠨᠢ   ᠦᠵᠡᠵᠦ᠂ ᠬᠣᠢᠰᠢᠳᠠ ᠦᠷᠭᠦᠯᠵᠢᠯᠡᠨ ᠬᠠᠤᠯᠢ ᠬᠡᠷᠡᠭᠵᠢᠭᠦᠯᠦᠯᠲᠠ ᠶᠢᠨ ᠬᠦᠷᠢᠶ᠎ᠡ ᠴᠠᠷ᠎ᠠ ᠲᠡᠬᠢ ᠬᠠᠮᠲᠤᠷᠤᠯᠴᠠᠭ᠎ᠠ ᠪᠣᠯᠤᠨ ᠰᠣᠯᠢᠯᠴᠠᠭ᠎ᠠ ᠪᠡᠨ ᠴᠢᠩᠭ᠋ᠠᠳᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠠᠬᠢᠭᠤᠯᠵᠤ᠂ ᠲᠥᠪ ᠭᠣᠣᠯᠴᠢ ᠦᠨᠡᠨ  ᠶᠣᠰᠤᠨ ᠤ ᠲᠥᠯᠦᠭᠡ  ᠬᠠᠮᠲᠤᠪᠡᠷ ᠴᠢᠷᠮᠠᠢᠰᠤᠭᠠᠢ ᠭᠡᠪᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )