ᠪᠦᠬᠦ ᠬᠣᠲᠠ  ᠶᠢᠨ ᠠᠩᠬᠠᠳᠠᠭᠴᠢ ᠰᠢᠭᠦᠬᠦ ᠬᠣᠷᠢᠶᠠᠨ ᠳᠦ ᠰᠠᠭᠤᠭ᠎ᠠ ᠴᠠᠭᠳᠠᠭᠠᠨ ᠤ ᠶᠠᠪᠤᠳᠠᠯ ᠤᠨ ᠲᠠᠰᠤᠭ ᠣᠷᠳᠤᠰ ᠬᠣᠲᠠ ᠶᠢᠨ ᠵᠠᠷᠭᠠᠯᠳᠤᠭᠠᠨ ᠤ ᠦᠢᠯᠡᠴᠢᠯᠡᠭᠡᠨ ᠤ ᠲᠥᠪ ᠳᠦ ᠵᠢᠩᠬᠢᠨᠢ ᠪᠡᠷ ᠫᠠᠢᠰᠠ
2016.10.25 ᠲᠣᠰ ᠥᠷᠲᠡᠭᠡᠨ ᠦ ᠨᠠᠢᠷᠠᠭᠤᠯᠤᠭᠴᠢ

ᠪᠦᠬᠦ ᠬᠣᠲᠠ  ᠶᠢᠨ ᠠᠩᠬᠠᠳᠠᠭᠴᠢ ᠰᠢᠭᠦᠬᠦ ᠬᠣᠷᠢᠶᠠᠨ ᠳᠦ ᠰᠠᠭᠤᠭ᠎ᠠ ᠴᠠᠭᠳᠠᠭᠠᠨ ᠤ ᠶᠠᠪᠤᠳᠠᠯ ᠤᠨ ᠲᠠᠰᠤᠭ

ᠣᠷᠳᠤᠰ ᠬᠣᠲᠠ ᠶᠢᠨ ᠵᠠᠷᠭᠠᠯᠳᠤᠭᠠᠨ ᠤ ᠦᠢᠯᠡᠴᠢᠯᠡᠭᠡᠨ ᠤ ᠲᠥᠪ ᠳᠦ ᠵᠢᠩᠬᠢᠨᠢ ᠪᠡᠷ ᠫᠠᠢᠰᠠ ᠡᠯᠭᠦᠪᠡ

 

 ᠰᠢᠭᠦᠬᠦ ᠬᠣᠷᠢᠶ᠎ᠠ ᠠᠵᠢᠯ ᠤᠨ ᠶᠠᠪᠤᠴᠠ ᠳᠤᠮᠳᠠ ᠪᠡᠨ ᠳᠣᠲᠤᠭᠠᠳᠤ ᠶᠢ ᠬᠠᠮᠠᠭᠠᠯᠠᠬᠤ ᠪᠠᠢᠭᠤᠯᠭ᠎ᠠ  ᠲᠠᠢ ᠤᠯᠠᠮ ᠨᠢᠭᠡ ᠠᠯᠬᠤᠮ ᠨᠢᠭᠲᠠ ᠬᠠᠮᠵᠢᠯᠴᠠᠵᠤ᠂ ᠳᠣᠲᠤᠭᠠᠳᠤ ᠶᠢ ᠬᠠᠮᠠᠭᠠᠯᠠᠬᠤ ᠪᠠᠢᠭᠤᠯᠭ᠎ᠠ ᠶᠢᠨ ᠰᠦᠷᠳᠡᠭᠦᠯᠬᠦ ᠬᠦᠴᠦ ᠶᠡᠬᠡ ᠶᠢ ᠠᠰᠢᠭᠯᠠᠨ᠂ ᠳᠤᠷᠠᠪᠡᠷ ᠵᠠᠭᠠᠯᠳᠤᠵᠤ ᠦᠢᠮᠡᠭᠦᠯᠦᠨ ᠲᠦᠢᠪᠡᠭᠡᠬᠦ ᠵᠡᠷᠭᠡ ᠬᠡᠲᠦᠷᠡᠭᠰᠡᠨ ᠠᠵᠢᠯᠠᠯᠭ᠎ᠠ ᠶᠢ ᠬᠠᠤᠯᠢ ᠶᠣᠰᠣᠭᠠᠷ ᠬᠤᠷᠢᠭᠯᠠᠨ᠂ ᠰᠢᠭᠦᠬᠦ ᠬᠣᠷᠢᠶᠠᠨ ᠤ ᠬᠡᠪ ᠤᠨ ᠡᠮᠬᠢ ᠲᠢᠭᠯᠡᠮ ᠢ  ᠬᠠᠮᠠᠭᠠᠯᠠᠬᠤ ᠶᠢᠨ ᠲᠥᠯᠦᠭᠡ᠂10 ᠰᠠᠷ᠎ᠠ ᠶᠢᠨ19  ᠤ ᠡᠳᠦᠷ ᠤᠨ ᠦᠳᠡ ᠶᠢᠨ ᠡᠮᠦᠨ᠎ᠡ᠂ ᠣᠷᠳᠤᠰ ᠬᠣᠲᠠ ᠶᠢᠨ ᠵᠠᠷᠭᠠᠯᠳᠤᠭᠠᠨ ᠤ ᠦᠢᠯᠡᠴᠢᠯᠡᠭᠡᠨ ᠤ ᠲᠥᠪ  ᠡᠵᠡᠨ ᠬᠣᠷᠢᠶ᠎ᠠ ᠬᠣᠰᠢᠭᠤᠨ ᠤ ᠳᠣᠲᠤᠭᠠᠳᠤ ᠶᠢ ᠬᠠᠮᠠᠭᠠᠯᠠᠬᠤ ᠰᠠᠯᠪᠤᠷᠢ ᠲᠤᠪᠴᠢᠶ᠎ᠡ  ᠲᠠᠢ ᠬᠠᠮᠲᠤᠷᠠᠨ ᠪᠠᠢᠭᠤᠯᠤᠭᠰᠠᠨ ᠰᠢᠭᠦᠬᠦ ᠬᠣᠷᠢᠶᠠᠨ ᠳᠦ ᠰᠠᠭᠤᠭ᠎ᠠ ᠲᠤᠲᠤᠭᠠᠳᠤ ᠶᠢ ᠬᠠᠮᠠᠭᠠᠯᠠᠬᠤ ᠲᠣᠪᠴᠢᠶᠠᠨ ᠤ ᠴᠠᠭᠳᠠᠭᠠᠨ  ᠤ ᠶᠠᠪᠤᠳᠠᠯ ᠤᠨ ᠲᠠᠰᠤᠭ ᠵᠢᠩᠬᠢᠨᠢ ᠪᠡᠷ ᠫᠠᠢᠰᠠ  ᠡᠯᠭᠦᠪᠡ᠃

   ᠰᠢᠭᠦᠬᠦ ᠬᠣᠷᠢᠶᠠᠨ ᠳᠦ ᠰᠠᠭᠤᠭ᠎ᠠ ᠳᠣᠲᠤᠭᠠᠳᠤ ᠶᠢ ᠬᠠᠮᠠᠭᠠᠯᠠᠬᠤ ᠴᠠᠭᠳᠠᠭᠠᠨ ᠤ ᠶᠠᠪᠤᠳᠠᠯ ᠤᠨ ᠲᠠᠰᠤᠭ  ᠢ ᠡᠬᠢᠯᠡᠨ ᠬᠡᠷᠡᠭᠯᠡᠭᠰᠡᠨ ᠤᠨ ᠳᠠᠷᠠᠭ᠎ᠠ᠂ ᠡᠵᠡᠨ ᠬᠤᠷᠢᠶ᠎ᠡ ᠬᠣᠰᠢᠭᠤᠨ  ᠤ ᠳᠣᠲᠤᠭᠠᠳᠤ ᠢ ᠬᠠᠮᠠᠭᠠᠯᠠᠬᠤ ᠰᠠᠯᠪᠤᠷᠢ ᠲᠣᠪᠴᠢᠶᠠᠨ ᠤ ᠠᠯᠲᠠᠨᠰᠢᠷᠡᠭᠡ ᠪᠠᠯᠭᠠᠰᠤᠨ ᠤ ᠭᠤᠷᠪᠠᠳᠤᠭᠠᠷ ᠲᠣᠮᠢᠯᠠᠭᠰᠠᠨ ᠰᠠᠯᠪᠤᠷᠢ  ᠶᠢᠨ ᠺᠠᠲᠷ ᠴᠠᠭᠳᠠᠭᠠᠨ ᠡᠴᠡ ᠡᠳᠦᠷ ᠲᠤᠳᠤᠮ ᠤᠨ ᠵᠢᠵᠢᠭᠦᠷᠯᠡᠬᠦ ᠠᠵᠢᠯ ᠢ ᠬᠠᠷᠢᠭᠤᠴᠠᠵᠤ᠂ ᠬᠣᠲᠠ  ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ  ᠬᠠᠤᠯᠢ ᠬᠡᠷᠡᠭᠵᠢᠭᠦᠯᠬᠦ ᠴᠠᠭᠳᠠᠭ᠎ᠠ ᠬᠠᠮᠵᠢᠯᠴᠠᠨ ᠠᠵᠢᠯᠠᠯᠭ᠎ᠠ ᠶᠠᠪᠤᠭᠳᠠᠭᠤᠯᠤᠨ᠎ᠠ᠃ ᠲᠤᠰ ᠴᠠᠭᠳᠠᠭᠠᠨ ᠤ ᠶᠠᠪᠤᠳᠠᠯ ᠤᠨ ᠲᠣᠭᠲᠠᠭᠠᠯ ᠳᠤ᠂  ᠵᠢᠵᠢᠭᠦᠷᠯᠡᠬᠦ ᠺᠠᠲᠠᠷ ᠴᠠᠭᠳᠠᠭ᠎ᠠ ᠰᠢᠭᠦᠬᠦ  ᠬᠣᠷᠢᠶᠠᠨ ᠳᠦ ᠵᠢᠵᠢᠭᠦᠷᠯᠡᠵᠦ ᠪᠠᠢᠭ᠎ᠠ ᠬᠤᠭᠤᠴᠠᠭᠠᠨ ᠳᠦ ᠳᠤᠭᠲᠠᠭᠰᠠᠨ ᠬᠤᠭᠤᠴᠠᠭ᠎ᠠ ᠲᠠᠢ ᠪᠡᠷ ᠰᠢᠭᠦᠬᠦ ᠬᠣᠷᠢᠶᠠᠨ ᠤ ᠳᠣᠲᠤᠷ᠎ᠠ ᠵᠢᠴᠢ ᠭᠠᠳᠠᠭᠤᠷᠬᠢ ᠠᠮᠤᠷ ᠢ ᠬᠠᠮᠠᠭᠠᠯᠠᠬᠤ ᠪᠠᠢᠳᠠᠯ ᠳᠤ  ᠪᠠᠢᠴᠠᠭᠠᠯᠲᠠ ᠬᠢᠵᠤ᠂ ᠲᠤᠬᠠᠢ ᠶᠢᠨ ᠬᠥᠮᠦᠨ ᠬᠢᠭᠡᠳ ᠤᠯᠠᠨ ᠲᠦᠮᠡᠨ ᠤ  ᠬᠡᠷᠡᠭ ᠮᠡᠳᠡᠭᠦᠯᠬᠦ ᠲᠤᠰᠠᠯᠠᠮᠵᠢ ᠶᠢ ᠴᠠᠭ ᠲᠤᠬᠠᠢ ᠳᠦ ᠨᠢ ᠰᠢᠢᠳᠪᠦᠷᠢᠯᠡᠵᠦ᠂ ᠰᠢᠭᠦᠬᠦ ᠬᠣᠷᠢᠶ᠎ᠠ ᠲᠠᠢ ᠬᠠᠮᠵᠢᠯᠴᠠᠨ ᠵᠠᠷᠭᠤ ᠳ᠋ᠤ ᠬᠣᠯᠪᠤᠭᠳᠠᠭᠰᠠᠨ ᠵᠢᠭᠤᠷᠠᠯᠳᠤᠭᠠᠨ ᠢ ᠰᠢᠢᠳᠪᠦᠷᠢᠯᠡᠬᠦ ᠬᠡᠷᠡᠭᠲᠠᠢ᠃ ᠰᠢᠭᠦᠬᠦ ᠬᠣᠷᠢᠶᠠᠨ ᠡᠴᠡ ᠨᠡᠢᠭᠡᠮ ᠳᠦ ᠲᠤᠩ ᠶᠡᠬᠡ ᠨᠥᠯᠦᠭᠡ ᠲᠤᠰᠠᠬᠠᠯ ᠲᠠᠢ ᠬᠡᠷᠡᠭ ᠢ ᠰᠢᠭᠦᠵᠦ ᠪᠠᠢᠭ᠎ᠠ ᠦᠶᠡᠰ᠂ ᠡᠰᠡᠭᠦᠯ᠎ᠡ ᠵᠠᠷᠭᠤ ᠶᠢ ᠬᠡᠷᠡᠭ ᠪᠣᠯᠭᠠᠨ ᠳᠠᠩᠰᠤᠯᠠᠬᠤ ᠶᠠᠪᠤᠴᠠ ᠳᠤᠮᠳᠠ ᠭᠡᠨᠡᠳᠲᠡ ᠶᠢᠨ ᠴᠢᠨᠠᠷᠲᠠᠢ ᠤᠯᠠᠨ ᠲᠦᠮᠡᠨ ᠤ ᠬᠡᠷᠡᠭ ᠤᠴᠢᠷ ᠭᠠᠷᠴᠦ᠂ ᠬᠦᠴᠦᠷᠬᠡᠭᠯᠡᠯ  ᠢᠶᠡᠷ ᠰᠢᠭᠦᠬᠦ ᠬᠣᠷᠢᠶᠠᠨ ᠤ ᠳᠦᠬᠦᠭᠡᠷᠡᠮᠵᠢ ᠶᠢ ᠡᠪᠳᠡᠬᠦ᠂ ᠬᠦᠴᠦᠷᠬᠡᠭᠯᠡᠯ ᠢᠶᠡᠷ ᠰᠢᠭᠦᠬᠦ  ᠬᠣᠷᠢᠶ᠎ᠠ ᠶᠢ ᠳᠠᠭᠠᠷᠢᠬᠤ ᠵᠡᠷᠭᠡ  ᠪᠠᠢᠳᠠᠯ ᠲᠤᠯᠭᠠᠷᠠᠪᠠᠯ᠂ ᠡᠵᠡᠨ  ᠬᠣᠷᠢᠶ᠎ᠠ ᠬᠣᠰᠢᠭᠤᠨ ᠤ ᠳᠣᠲᠤᠭᠠᠳᠤ ᠶᠢ ᠬᠠᠮᠠᠭᠠᠯᠠᠬᠤ ᠰᠠᠯᠪᠤᠷᠢ ᠲᠣᠪᠴᠢᠶᠠᠨ ᠡᠴᠡ  ᠴᠠᠭᠳᠠᠭ᠎ᠠ ᠲᠣᠮᠢᠯᠠᠨ  ᠬᠠᠪᠰᠤᠷᠴᠤ᠂ ᠵᠠᠷᠭᠤ ᠶᠢᠨ ᠬᠡᠪ ᠤᠨ ᠡᠮᠬᠢ ᠲᠢᠭᠯᠡᠮ ᠢ  ᠬᠠᠮᠠᠭᠠᠯᠠᠵᠤ ᠰᠢᠭᠦᠬᠦ ᠬᠣᠷᠢᠶᠠᠨ ᠤ ᠠᠮᠤᠷ ᠲᠦᠪᠰᠢᠨ ᠢ ᠪᠠᠲᠤᠯᠠᠬᠤ ᠶᠢᠨ ᠵᠡᠷᠭᠡ ᠪᠡᠷ ᠵᠠᠷᠭᠤ  ᠶᠢᠨ ᠲᠤᠬᠠᠢ ᠶᠢᠨ ᠬᠥᠮᠦᠨ ᠬᠢᠭᠡᠳ ᠬᠠᠵᠠᠭᠤ  ᠬᠠᠪᠢ ᠶᠢᠨ ᠤᠯᠠᠨ ᠲᠦᠮᠡᠨ ᠤ ᠠᠮᠢ ᠨᠠᠰᠤ ᠡᠳ᠋ ᠬᠥᠷᠦᠩᠬᠡ ᠶᠢᠨ ᠠᠮᠤᠷ ᠲᠦᠪᠰᠢᠨ ᠢ ᠪᠠᠲᠤᠯᠠᠨ᠎ᠠ᠃

   ᠳᠤᠭᠲᠠᠭᠤᠨ ᠢ ᠬᠠᠮᠠᠭᠠᠯᠠᠬᠤ ᠳᠠᠷᠤᠭᠠᠰᠤ  ᠪᠠ ᠨᠡᠢᠭᠡᠮ ᠤᠨ ᠠᠮᠤᠷ ᠢ ᠬᠠᠮᠠᠭᠠᠯᠠᠬᠤ ᠡᠭᠦᠷᠭᠡ  ᠶᠢᠨ ᠳᠠᠰᠤᠷᠠᠯᠲᠠ ᠦᠭᠡᠢ ᠨᠡᠮᠡᠭᠳᠡᠬᠦ ᠶᠢ ᠳᠠᠭᠠᠯᠳᠤᠨ᠂ ᠬᠠᠤᠯᠢ ᠶᠣᠰᠣᠭᠠᠷ ᠰᠢᠭᠦᠬᠦ ᠬᠣᠷᠢᠶᠠᠨ ᠤ ᠰᠠᠢᠨ ᠰᠠᠨᠬᠠᠨ ᠰᠢᠭᠦᠯᠲᠡ  ᠶᠢᠨ ᠡᠮᠬᠢ ᠲᠢᠭᠯᠡᠮ ᠢ ᠬᠠᠮᠠᠭᠠᠯᠠᠵᠤ᠂ ᠲᠤᠬᠠᠢ  ᠶᠢᠨ ᠬᠥᠮᠦᠨ ᠤ ᠬᠠᠤᠯᠢ ᠶᠣᠰᠤᠨ ᠤ ᠡᠷᠬᠡ  ᠠᠰᠢᠭ ᠢ ᠪᠠᠲᠤᠯᠠᠨ᠂ ᠭᠠᠵᠠᠷ ᠣᠷᠤᠨ ᠤ ᠡᠶ᠎ᠡ ᠨᠠᠢᠷᠠᠮᠳᠠᠭᠤ ᠠᠮᠤᠷ ᠲᠤᠲᠠᠭᠤᠨ ᠢ ᠬᠠᠮᠠᠭᠠᠯᠠᠬᠤ ᠨᠢ ᠰᠢᠭᠦᠬᠦ ᠬᠣᠷᠢᠶ᠎ᠠ ᠬᠢᠭᠡᠳ ᠳᠣᠲᠤᠭᠠᠳᠤ ᠢ ᠬᠠᠮᠠᠭᠠᠯᠠᠬᠤ ᠪᠠᠢᠭᠤᠯᠭ᠎ᠠ ᠶᠢᠨ ᠬᠠᠮᠲᠤ ᠶᠢᠨ ᠡᠭᠦᠷᠭᠡ ᠪᠣᠯᠤᠭᠰᠠᠨ ᠪᠠᠢᠨ᠎ᠠ᠃ ᠳᠣᠲᠤᠭᠠᠳᠤ ᠶᠢ ᠬᠠᠮᠠᠭᠠᠯᠠᠬᠤ ᠪᠠᠢᠭᠤᠯᠭ᠎ᠠ ᠶᠢᠨ ᠰᠢᠭᠦᠬᠦ ᠬᠣᠷᠢᠶᠠᠨ ᠲᠡᠬᠢ ᠴᠠᠭᠳᠠᠭᠠᠨ ᠤ ᠶᠠᠪᠤᠳᠠᠯ ᠤᠨ ᠲᠠᠰᠤᠭ ᠪᠠᠢᠭᠤᠯᠤᠭᠳᠠᠭᠰᠠᠨ ᠨᠢ ᠳᠣᠲᠤᠭᠠᠳᠤ ᠶᠢ ᠬᠠᠮᠠᠭᠠᠯᠠᠬᠤ ᠲᠣᠪᠴᠢᠶᠠᠨ ᠡᠴᠡ ᠠᠷᠠᠳ ᠤᠨ ᠰᠢᠭᠦᠬᠦ ᠬᠣᠷᠢᠶᠠᠨ ᠤ ᠠᠵᠢᠯ ᠢ ᠬᠠᠪᠰᠤᠷᠬᠤ ᠤᠷᠲᠤ ᠬᠤᠭᠤᠴᠠᠭᠠᠨ ᠤ  ᠬᠦᠴᠦᠨ ᠪᠦᠬᠦᠢ ᠳᠤᠭᠲᠠᠴᠠ ᠶᠢ ᠤᠯᠠᠮ ᠨᠢᠭᠡ ᠠᠯᠬᠤᠮ ᠪᠦᠲᠦᠭᠡᠨ ᠪᠠᠢᠭᠤᠯᠬᠤ ᠶᠢᠨ ᠠᠰᠢᠭᠲᠠᠢ ᠰᠦᠪᠡᠭᠴᠢᠯᠡᠯᠲᠠ ᠪᠣᠯᠵᠤ᠂ ᠴᠠᠭᠳᠠᠭᠠᠨ ᠤ ᠶᠠᠪᠤᠳᠠᠯ ᠤᠨ ᠲᠠᠰᠤᠭ ᠨᠢ ᠰᠢᠭᠦᠬᠦ ᠬᠣᠷᠢᠶ᠎ᠠ  ᠪᠣᠯᠤᠨ ᠳᠣᠲᠤᠭᠠᠳᠤ ᠶᠢ ᠬᠠᠮᠠᠭᠠᠯᠠᠬᠤ ᠪᠠᠢᠭᠤᠯᠭ᠎ᠠ ᠶᠢᠨ ᠮᠥᠷᠦ ᠵᠡᠷᠭᠡᠴᠡᠨ ᠬᠠᠮᠲᠤᠷᠠᠯᠴᠠᠬᠤ ᠲᠤᠷᠰᠢᠯᠲᠠ ᠶᠢᠨ ᠴᠡᠭ  ᠪᠣᠯᠵᠤ᠂ ᠤᠯᠠᠨ ᠲᠦᠮᠡᠨ ᠳᠦ ᠦᠢᠯᠡᠴᠢᠯᠡᠬᠦ ᠳᠥᠭᠦᠮ ᠦᠵᠡᠭᠦᠯᠬᠦ ᠥᠷᠲᠡᠭᠡ᠂ ᠬᠠᠤᠯᠢ ᠪᠤᠰᠤ ᠶᠠᠯᠠᠲᠤ ᠠᠵᠢᠯᠠᠯᠭ᠎ᠠ ᠳᠤ ᠴᠣᠬᠢᠯᠲᠠ ᠥᠭᠬᠦ ᠬᠣᠰᠢᠭᠤᠴᠢ᠂ ᠰᠢᠬᠦᠬᠦ ᠬᠣᠷᠢᠶ᠎ᠠ ᠬᠢᠭᠡᠳ  ᠲᠡᠭᠦᠨ ᠤ ᠣᠷᠴᠢᠨ ᠲᠣᠭᠤᠷᠢᠨ ᠤ ᠠᠮᠤᠷ ᠲᠦᠪᠰᠢᠨ ᠤ ᠪᠠᠲᠤᠯᠠᠭ᠎ᠠ ᠶᠢᠨ ᠪᠠᠢᠷᠢ᠂ ᠠᠷᠠᠳ ᠤᠨ ᠰᠢᠭᠦᠬᠦ ᠬᠣᠷᠢᠶᠠᠨ ᠤ ᠰᠢᠭᠦᠵᠦ ᠭᠦᠢᠴᠡᠳᠬᠡᠬᠦ ᠳᠤ ᠴᠠᠭᠳᠠᠭᠠᠨ ᠤ ᠶᠠᠪᠤᠳᠠᠯ  ᠤᠨ  ᠬᠦᠴᠦ ᠬᠠᠩᠭᠠᠬᠤ ᠶᠢᠨ ᠪᠠᠲᠤᠯᠠᠭ᠎ᠠ ᠪᠠᠢᠵᠤ᠂ ᠨᠡᠢᠭᠡᠮ ᠤᠨ ᠲᠣᠭᠲᠠᠭᠤᠨ ᠢ ᠬᠠᠮᠠᠭᠠᠯᠠᠵᠤ᠂ ᠠᠮᠤᠷ ᠲᠦᠪᠰᠢᠨ ᠣᠷᠳᠤᠰ ᠢ ᠪᠦᠲᠦᠬᠡᠨ ᠪᠠᠢᠭᠤᠯᠬᠤ ᠳᠦ ᠬᠦᠴᠦ ᠪᠡᠨ ᠡᠷᠭᠦᠵᠦ ᠪᠠᠢᠨ᠎ᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )