ᠪᠦᠬᠦ ᠣᠷᠤᠨ ᠤ ᠰᠢᠭᠦᠬᠦ ᠬᠣᠷᠢᠶᠠᠨ ᠤ《 ᠬᠤᠶᠠᠷ ᠲᠢᠩᠬᠢᠮ》 ᠤᠨ ᠪᠦᠲᠦᠭᠡᠨ ᠪᠠᠢᠭᠤᠯᠤᠯᠲᠠ ᠶᠢᠨ ᠲᠥᠷᠦᠯ ᠵᠦᠢᠯ ᠤᠨ ᠬᠢᠨᠠᠨ ᠪᠠᠢᠴᠠᠭᠠᠬᠤ ᠳᠤᠭᠤᠢᠯᠠᠩ ᠮᠠᠨ ᠤ ᠬᠣᠲᠠᠨ ᠳᠤ ᠢᠷᠡᠵᠦ ᠠᠵᠢᠯ ᠪᠠᠢᠴᠠᠭᠠᠪᠠ
2016.12.07 ᠲᠣᠰ ᠥᠷᠲᠡᠭᠡᠨ᠎ᠦ ᠨᠠᠢᠷᠠᠭᠤᠯᠤᠭᠴᠢ

 

 

 

11᠎ ᠰᠠᠷ᠎ᠠ ᠶᠢᠨ 15᠎ ᠤ ᠡᠳᠦᠷ ᠂ ᠪᠦᠬᠦ ᠣᠷᠣᠨ ᠤ ᠰᠢᠭᠦᠬᠦ  ᠬᠤᠷᠢᠶᠠᠨ ᠤ《 ᠬᠣᠶᠠᠷ ᠲᠢᠩᠬᠢᠮ 》᠎ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠪᠠᠶᠢᠴᠠᠭᠠᠬᠤ ᠳᠤᠭᠤᠶᠢᠯᠠᠩ ᠤᠷᠢᠳ ᠬᠣᠵᠢᠳ ᠳᠠᠷᠬᠠᠨ  ᠬᠣᠰᠢᠭᠤᠨ ᠤ ᠰᠢᠭᠦᠬᠦ ᠬᠣᠷᠢᠶ᠎ᠠ ᠂ ᠬᠢᠶᠠ ᠪᠠᠭᠰᠢ ᠰᠢᠨ᠎ᠡ ᠲᠣᠭᠣᠷᠢᠭ ᠤᠨ ᠰᠢᠭᠦᠬᠦ ᠬᠣᠷᠢᠶ᠎ᠠ ᠪᠠ ᠮᠠᠨ ᠤ  ᠬᠣᠷᠢᠶᠠᠨ ᠳᠤ ᠬᠦᠷᠥᠯᠴᠡᠨ ᠢᠷᠡᠵᠦ ᠠᠵᠢᠯ  ᠪᠠᠢᠴᠠᠭᠠᠨ᠂  ᠲᠤᠬᠠᠢ ᠶᠢᠨ ᠭᠠᠵᠠᠷ ᠲᠤᠨᠢ ᠬᠦᠷᠴᠦ ᠲᠥᠷᠥᠯ ᠵᠦᠢᠯ ᠦᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠬᠤ ᠪᠠ ᠣᠷᠣᠰᠢᠵᠤ ᠪᠠᠶᠢᠭ᠎ᠠ ᠠᠰᠠᠭᠤᠳᠠᠯ ᠳᠤ ᠰᠤᠳᠤᠯᠤᠯᠲᠠ  ᠬᠢᠪᠡ᠃ ᠪᠠᠶᠢᠴᠠᠭᠠᠬᠤ ᠠᠭᠤᠯᠭ᠎ᠠ ᠳᠤ᠂ ᠲᠤᠰ  ᠲᠥᠷᠦᠯ ᠵᠦᠢᠯ  ᠢ ᠬᠢᠨᠠᠨ  ᠵᠦᠪᠰᠢᠶᠠᠷᠡᠭᠰᠡᠨ ᠭᠠᠷ ᠭᠦᠢᠴᠡᠳᠬᠡᠯ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠤᠨ ᠣᠷᠣᠨ ᠨᠤᠲᠤᠭ ᠤᠨ ᠪᠡᠯᠡ  ᠣᠷᠤᠭᠤᠯᠤᠯᠲᠠ ᠂ ᠪᠥᠳᠥᠭᠡᠨ ᠪᠠᠶᠢᠭᠤᠯᠬᠤ ᠬᠦᠷᠢᠶ᠎ᠡ ᠬᠡᠪᠴᠢᠶ᠎ᠡ ᠪᠠ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠭᠰᠡᠨ ᠡᠰᠡᠬᠦ ᠂ ᠠᠵᠢᠯ  ᠡᠬᠢᠯᠡᠭᠦᠯᠦᠭᠰᠡᠨ ᠡᠰᠡᠭᠦ ᠪᠠ ᠪᠦᠲᠦᠭᠡᠨ ᠪᠠᠶᠢᠭᠤᠯᠤᠯᠲᠠ ᠶᠢᠨ ᠪᠠᠶᠢᠳᠠᠯ  ᠢ ᠪᠠᠢᠴᠠᠭᠠᠵᠤ᠂ ᠨᠢᠭᠡᠨᠲᠡ ᠪᠡᠯᠡ ᠣᠷᠣᠭᠤᠯᠤᠭᠰᠠᠨ ᠪᠣᠯᠪᠠᠴᠤ ᠠᠵᠢᠯ ᠡᠬᠢᠯᠡᠭᠦᠯᠦᠭᠰᠡᠨ ᠥᠭᠡᠢ ᠵᠢᠴᠢ ᠠᠬᠢᠴᠠ  ᠪᠠᠷ ᠤᠳᠠᠭᠠᠨ ᠪᠠᠶᠢᠭ᠎ᠠ ᠲᠥᠷᠥᠯ ᠵᠦᠢᠯ ᠢ ᠭᠣᠣᠯᠳᠠᠯᠭ᠎ᠠ ᠲᠠᠢ ᠬᠢᠨᠠᠨ ᠪᠠᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠪᠠ  ᠲᠥᠷᠦᠯ  ᠵᠦᠢᠯ ᠤᠨ ᠠᠬᠢᠴᠠ ᠶᠢ ᠨᠥᠯᠦᠭᠡᠯᠡᠵᠦ ᠪᠠᠢᠭ᠎ᠠ ᠰᠢᠯᠲᠠᠭᠠᠨ  ᠢ ᠨᠠᠷᠢᠨ ᠤᠢᠯᠭᠠᠭᠰᠠᠨ ᠪᠠᠢᠨ᠎ᠠ᠃

ᠲᠤᠬᠠᠶ ᠶᠢᠨ ᠭᠠᠵᠠᠷ ᠲᠤᠨᠢ ᠪᠠᠢᠴᠠᠭᠠᠨ ᠳᠠᠭᠤᠰᠤᠭᠰᠠᠨ ᠤ ᠲᠠᠷᠠᠭ᠎ᠠ ᠂ ᠪᠠᠶᠢᠴᠠᠭᠠᠬᠤ ᠳᠤᠭᠤᠶᠢᠯᠠᠩ  ᠳᠤᠮᠳᠠ ᠵᠡᠷᠭᠡ  ᠶᠢᠨ ᠰᠢᠭᠦᠬᠦ ᠬᠣᠷᠢᠶᠠᠨ ᠳᠤ ᠬᠤᠷᠠᠯ ᠬᠤᠷᠠᠯᠳᠤᠭᠤᠯᠵᠤ ᠂ ᠵᠢᠨ ᠬᠠᠶ ᠡᠷᠬᠢᠯᠡᠭᠴᠢ ᠂ ᠬᠢᠨᠠᠨ ᠪᠠᠶᠢᠴᠠᠭᠠᠬᠤ ᠳᠤᠭᠤᠶᠢᠯᠠᠩ ᠳᠤ  ᠮᠠᠨ ᠤ ᠬᠣᠲᠠ ᠶᠢᠨ《 ᠬᠣᠶᠠᠷ ᠲᠢᠩᠬᠢᠮ 》᠎ ᠤᠨ ᠪᠥᠳᠥᠭᠡᠨ ᠪᠠᠶᠢᠭᠤᠯᠤᠯᠲᠠ  ᠪᠠᠢᠳᠠᠯ ᠢ ᠬᠠᠷᠢᠭᠤ ᠮᠡᠳᠡᠭᠦᠯᠪᠡ ᠃ 16᠎ ᠤ ᠡᠳᠦᠷ ᠦᠨ ᠦᠳᠡ  ᠶᠢᠨ ᠡᠮᠦᠨ᠎ᠡ ᠬᠢᠨᠠᠨ ᠪᠠᠶᠢᠴᠠᠭᠠᠬᠤ ᠳᠤᠭᠤᠶᠢᠯᠠᠩ  ᠡᠵᠡᠨ ᠬᠣᠷᠤᠭ᠎ᠠ ᠬᠣᠰᠢᠭᠤᠨ ᠤ ᠰᠢᠭᠦᠬᠦ  ᠬᠣᠷᠢᠶᠠᠨ ᠳᠤ ᠬᠦᠷᠴᠦ ᠂ ᠲᠤᠬᠠᠶ ᠶᠢᠨ ᠭᠠᠵᠠᠷ ᠲᠤᠨᠢ ᠲᠦᠷᠦᠯ ᠵᠦᠢᠯ  ᠤᠨ ᠠᠬᠢᠴᠠ  ᠶᠢᠨ ᠪᠠᠶᠢᠳᠠᠯ ᠢ  ᠰᠢᠯᠭᠠᠨ ᠪᠠᠢᠴᠠᠭᠠᠵᠤ᠂ ᠴᠢᠬᠤᠯᠠ ᠵᠢᠭᠠᠪᠤᠷᠢ ᠭᠠᠷᠭᠠᠪᠠ ᠃ ᠦᠳᠡ ᠶᠢᠨ ᠬᠣᠶᠢᠨ᠎ᠠ ᠪᠠᠶᠢᠴᠠᠭᠠᠬᠤ ᠳᠤᠭᠤᠶᠢᠯᠠᠩ ᠬᠠᠩᠭᠢᠨ ᠬᠣᠰᠢᠭᠤᠨ ᠤ ᠠᠷᠠᠳ ᠤᠨ ᠰᠢᠭᠦᠬᠦ  ᠬᠣᠷᠢᠶᠠᠨ ᠤ ᠰᠢᠭᠦᠨ ᠲᠠᠰᠤᠯᠬᠤ ᠠᠰᠠᠷ ᠤᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ  ᠦᠵᠡᠪᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )