ᠬᠣᠲᠠ  ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠪᠥᠬᠦ ᠬᠣᠲᠠ ᠶᠢᠨ ᠰᠢᠭᠦᠬᠦ ᠬᠣᠷᠢᠶᠠᠨ ᠤ ᠡᠳ᠋ ᠤᠨ ᠶᠠᠪᠤᠳᠠᠯ ᠤᠨ ᠠᠵᠢᠯᠲᠠᠨ ᠤ ᠪᠣᠯᠪᠠᠰᠤᠷᠠᠯ ᠤᠨ ᠠᠩᠬᠢ ᠡᠷᠬᠢᠯᠡᠪᠡ
2016.12.07 ᠲᠣᠰ ᠥᠷᠲᠡᠭᠡᠨ᠎ᠦ ᠨᠠᠢᠷᠠᠭᠤᠯᠤᠭᠴᠢ

 

 

 

ᠣᠶᠢᠷ᠎ᠠ ᠳᠤ ᠂  ᠡᠳ᠋ ᠤᠨ ᠵᠠᠰᠠᠭ ᠲᠢᠩᠬᠢᠮ   ᠤᠨ ᠲᠥᠰᠦᠪ ᠢ  ᠬᠠᠮᠢᠶᠠᠷᠬᠤ ᠭᠠᠵᠠᠷ ᠲᠤᠰᠬᠠᠶ ᠬᠥᠮᠦᠨ ᠲᠣᠮᠢᠯᠠᠨ ᠂  ᠮᠠᠨ  ᠤ  ᠬᠣᠲᠠ ᠶᠢᠨ  ᠬᠤᠶᠠᠷ ᠱᠠᠲᠤᠨ  ᠤ  ᠰᠢᠭᠦᠬᠦ  ᠬᠣᠷᠢᠶᠠᠨ ᠳᠤ ᠲᠤᠰᠬᠠᠶ ᠮᠡᠷᠭᠡᠵᠢᠯ ᠦᠨ ᠪᠣᠯᠪᠠᠰᠤᠷᠠᠯ ᠬᠢᠵᠦ ᠥᠭᠪᠡ ᠂ ᠡᠯ᠎ᠡ ᠰᠢᠭᠦᠬᠦ  ᠬᠣᠷᠢᠶᠠᠨ ᠤ ᠬᠤᠪᠢᠳᠠᠨ ᠬᠠᠮᠢᠶᠠᠷᠴᠤ ᠪᠠᠶᠢᠭ᠎ᠠ ᠳᠠᠷᠤᠭ᠎ᠠ ᠂ ᠲᠣᠨᠣᠭᠯᠠᠯ ᠤᠨ ᠬᠠᠮᠢᠶᠠᠷᠤᠯᠲᠠ ᠶᠢᠨ ᠬᠠᠷᠢᠭᠤᠴᠠᠯᠭᠠᠲᠠᠨ ᠵᠢᠴᠢ ᠡᠳ᠋ ᠦᠨ ᠶᠠᠪᠤᠳᠠᠯ ᠤᠨ ᠬᠥᠮᠦᠰ ᠨᠡᠶᠢᠲᠡ 30᠎ ᠭᠠᠷᠤᠶ ᠬᠥᠮᠦᠨ  ᠪᠣᠯᠪᠠᠰᠤᠷᠠᠯ  ᠳᠤ  ᠣᠷᠤᠯᠴᠠᠪᠠ ᠃ ᠡᠨᠡ ᠤᠳᠠᠭᠠᠨ ᠤ ᠪᠣᠯᠪᠠᠰᠤᠷᠠᠭᠤᠯᠤᠯ  ᠨᠢ ᠮᠠᠨ ᠤ ᠬᠤᠲᠠ ᠶᠢᠨ ᠰᠢᠭᠦᠬᠦ ᠬᠣᠷᠢᠶᠠᠨ ᠤ ᠰᠢᠰᠲ᠋ᠧᠮ ᠦᠨ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠶᠠᠪᠤᠴᠠ ᠳᠤᠮᠳᠠ ᠵᠣᠭᠣᠰ ᠮᠥᠩᠭᠥ ᠡᠳ᠋ ᠪᠣᠳᠠᠰ ᠢ ᠳᠡᠭᠡᠭᠰᠢ ᠰᠢᠯᠵᠢᠭᠦᠯᠬᠦ ᠂ ᠵᠣᠭᠣᠰ ᠮᠥᠩᠭᠥ ᠡᠳ᠋ ᠪᠣᠳᠠᠰ ᠢ ᠨᠢᠭᠡᠳᠦᠯᠲᠡᠶ ᠬᠠᠮᠢᠶᠠᠷᠬᠤ ᠵᠡᠷᠭᠡ ᠲᠠᠯ᠎ᠠ ᠶᠢᠨ ᠲᠥᠰᠦᠪ ᠦᠨ ᠠᠵᠢᠯ  ᠵᠢᠴᠢ ᠳᠡᠭᠡᠭᠰᠢ ᠮᠡᠳᠡᠭᠦᠯᠬᠦ ᠠᠵᠢᠯ ᠢ ᠬᠡᠷᠬᠢᠨ ᠰᠠᠶᠢᠲᠤᠷ ᠬᠢᠬᠦ  ᠲᠤᠬᠠᠢ ᠂ ᠮᠠᠰᠢ  ᠤᠯᠠᠨ ᠵᠢᠯᠣᠭᠣᠳᠬᠤ ᠴᠢᠨᠠᠷᠲᠠᠶ ᠰᠠᠨᠠᠯ  ᠳᠤᠷᠠᠳᠤᠭᠰᠠᠨ ᠪᠠᠶᠢᠨ᠎ᠠ ᠃ ᠬᠤᠷᠠᠯ ᠳᠡᠭᠡᠷ᠎ᠡ ᠂ ᠡᠯ᠎ᠡ ᠰᠢᠭᠦᠬᠦ  ᠬᠣᠷᠢᠶᠠᠨ ᠤ ᠡᠳ᠋ ᠦᠨ ᠶᠠᠪᠤᠳᠠᠯ ᠤᠨ ᠠᠵᠢᠯᠲᠠᠨ ᠬᠠᠯᠠᠭᠤᠮᠰᠤᠭ  ᠢᠶᠡᠷ ᠲᠤᠷᠰᠢᠯᠭ᠎ᠠ ᠪᠠᠨ ᠰᠣᠯᠢᠯᠴᠠᠨ ᠂ ᠡᠳ᠋ ᠦᠨ ᠶᠠᠪᠤᠳᠠᠯ ᠤᠨ ᠲᠠᠯ᠎ᠠ ᠪᠠᠷ ᠬᠢ ᠮᠡᠳᠡᠯᠭᠡ ᠶᠢ  ᠬᠠᠷᠢᠯᠴᠠᠨ ᠰᠤᠷᠤᠯᠴᠠᠵᠤ ᠂ ᠮᠠᠨ ᠤ ᠬᠤᠲᠠ ᠶᠢᠨ ᠰᠢᠭᠦᠬᠦ  ᠬᠣᠷᠢᠶᠠᠨ ᠤ ᠡᠳ᠋ ᠦᠨ ᠶᠠᠪᠤᠳᠠᠯ ᠤᠨ ᠠᠵᠢᠯᠲᠠᠨ ᠬᠣᠶᠢᠰᠢᠳᠠ ᠶᠢᠨ ᠠᠵᠢᠯ ᠤᠨ ᠲᠥᠯᠥᠭᠡ  ᠲᠣᠳᠤᠷᠬᠠᠢ ᠴᠢᠭᠯᠡᠯ  ᠵᠢᠭᠠᠵᠤ ᠥᠭᠪᠡ᠃

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )