ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ《 ᠬᠠᠤᠯᠢ ᠪᠤᠰᠤ ᠪᠠᠷ ᠪᠡᠯᠡ ᠮᠥᠩᠭᠥ ᠴᠤᠭᠯᠠᠭᠤᠯᠤᠭᠰᠠᠨ ᠲᠦᠷᠦᠯ ᠦᠨ ᠬᠡᠷᠡᠭ ᠢ ᠰᠢᠭᠦᠨ ᠰᠢᠶᠳᠪᠦᠷᠢᠯᠡᠵᠦ ᠂ ᠭᠦᠢᠴᠡᠳᠬᠡᠬᠦ ᠳᠤ ᠬᠦᠴᠢᠷ ᠮᠠᠳᠠᠭᠲᠠᠢ ᠠᠰᠠᠭᠤᠳᠠᠯ 》 ᠭᠡᠳᠡᠭ ᠰᠤᠳᠤᠯᠬᠤ ᠰᠡᠳᠦᠪ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠤᠰᠤᠨ ᠶᠠᠷᠢᠯᠴᠠᠬᠤ ᠬᠤᠷᠠᠯ ᠬᠤᠷᠠᠯᠳᠤᠪᠠ
2016 ᠣᠨ ᠤ7 ᠰᠠᠷ᠎ᠠ ᠶᠢᠨ29 ᠤ ᠡᠳᠦᠷ ᠂ ᠮᠠᠨ ᠤ ᠬᠣᠷᠢᠶᠠᠨ ᠤ ᠰᠤᠳᠤᠯᠬᠤ ᠲᠠᠰᠤᠭ ᠂ ᠡᠷᠡᠭᠦᠦ ᠶᠢᠨ ᠬᠣᠶᠠᠳᠤᠭᠠᠷ ᠲᠢᠩᠬᠢᠮ ᠨᠢ ᠰᠢᠭᠦᠨ ᠲᠠᠰᠤᠯᠬᠤ ᠠᠰᠠᠷ ᠤᠨ 15 ᠳ᠋ᠤᠭᠠᠷ ᠳᠠᠪᠬᠤᠷ ᠤᠨ ᠬᠤᠷᠠᠯ ᠤᠨ ᠭᠡᠷ ᠲᠦ ᠶᠠᠷᠢᠯᠴᠠᠬᠤ ᠬᠤᠷᠠᠯ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶᠠᠨ ᠤ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠯᠢᠶᠠᠩ ᠬᠣᠩ ᠵᠢᠴᠢ ᠲᠡᠭᠦᠨ ᠤ ᠬᠠᠮᠲᠤ ᠠᠶᠢᠯᠴᠢᠯᠠᠭᠰᠠᠳ ᠲᠠᠶ ᠠᠭᠤᠯᠵᠠᠵᠤ ᠮᠠᠨ ᠤ ᠬᠣᠷᠢᠶᠠᠨ ᠤ ᠳᠠᠭᠠᠭᠠᠨ ᠠᠪᠤᠭᠰᠠᠨ ᠥᠪᠡᠷᠲᠡᠭᠡᠨ ᠵᠠᠰᠠᠬᠤ ᠣᠷᠣᠨ ᠤ ᠭᠣᠣᠯᠳᠠᠯᠭ᠎ᠠ ᠲᠠᠶ ᠪᠠᠶᠢᠴᠠᠭᠠᠨ ᠰᠤᠳᠤᠯᠬᠤ ᠰᠡᠳᠦᠪ ᠪᠣᠯᠬᠤ《 ᠬᠠᠤᠯᠢ ᠪᠤᠰᠤ ᠪᠠᠷ ᠪᠡᠯᠡ ᠮᠥᠩᠭᠥ ᠴᠤᠭᠯᠠᠭᠤᠯᠤᠭᠰᠠᠨ ᠲᠦᠷᠦᠯ ᠦᠨ ᠬᠡᠷᠡᠭ ᠢ ᠰᠢᠭᠦᠨ ᠰᠢᠶᠳᠪᠦᠷᠢᠯᠡᠵᠦ ᠂ ᠭᠦᠢᠴᠡᠳᠬᠡᠬᠦ ᠳᠤ ᠬᠦᠴᠢᠷ ᠮᠠᠳᠠᠭᠲᠠᠢ ᠠᠰᠠᠭᠤᠳᠠᠯ 》 ᠤᠨ ᠲᠤᠬᠠᠢ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠦᠯᠲᠠ ᠬᠢᠪᠡ ᠃ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠪᠠᠶᠢᠩᠭᠤ ᠶᠢᠨ ᠳᠡᠳ᠋ ᠳᠠᠷᠤᠭ᠎ᠠ ᠽᠠᠩ ᠵᠢᠶᠠᠨ ᠫᠢᠩ ᠂ ᠰᠣᠳᠤᠯᠠᠬᠤ ᠰᠡᠳᠦᠪ ᠤᠨ ᠳᠤᠭᠤᠶᠢᠯᠠᠩ ᠤᠨ ᠪᠦᠷᠢᠯᠳᠦᠬᠦᠨ ᠂ ᠡᠷᠡᠭᠦᠦ ᠬᠣᠶᠠᠳᠤᠭᠠᠷ ᠲᠢᠩᠬᠢᠮ ᠂ ᠰᠤᠳᠤᠯᠬᠤ ᠲᠠᠰᠤᠯᠭ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠥᠢ ᠨᠥᠬᠥᠳ ᠶᠠᠷᠢᠯᠴᠠᠬᠤ ᠬᠤᠷᠠᠯ ᠳᠤ ᠣᠷᠣᠯᠴᠠᠪᠠ ᠃
ᠶᠠᠷᠢᠯᠴᠠᠬᠤ ᠬᠤᠷᠠᠯ ᠳᠡᠭᠡᠷ᠎ᠡ ᠂ ᠰᠤᠳᠤᠯᠭᠠᠨ ᠤ ᠳᠤᠭᠤᠶᠢᠯᠠᠩ ᠤᠨ ᠬᠥᠮᠦᠰ ᠠᠵᠢᠯ ᠤᠨ ᠬᠤᠪᠢᠶᠠᠷᠢ ᠂ ᠮᠠᠲ᠋ᠧᠷᠢᠶᠠᠯ ᠴᠤᠭᠯᠠᠭᠤᠯᠬᠤ ᠵᠡᠷᠭᠡ ᠡᠮᠦᠨᠡᠬᠢ ᠬᠤᠭᠤᠴᠠᠭᠠᠨ ᠤ ᠪᠡᠯᠡᠳᠬᠡᠯ ᠬᠢᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ ᠂ ᠣᠳᠣᠬᠢ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠂ ᠳᠠᠷᠠᠭᠠᠴᠢ ᠶᠢᠨ ᠠᠯᠬᠤᠮ ᠳᠤ ᠰᠡᠳᠦᠪ ᠤᠨ ᠪᠣᠳᠠᠲᠠᠶ ᠨᠠᠶᠢᠳᠠᠪᠤᠷᠢᠵᠢᠭᠤᠯᠬᠤ ᠶᠢ ᠬᠡᠷᠬᠢᠨ ᠠᠬᠢᠭᠤᠯᠬᠤ ᠶᠢ ᠯᠢᠶᠠᠩ ᠬᠣᠩ ᠳᠡᠳ᠋ ᠡᠷᠬᠢᠯᠡᠭᠴᠢ ᠵᠢᠴᠢ ᠬᠤᠷᠠᠯ ᠳᠤ ᠣᠷᠣᠯᠴᠠᠭᠰᠠᠨ ᠨᠥᠬᠥᠳ ᠲᠠᠢ ᠭᠦᠨᠵᠡᠭᠡᠶ ᠰᠣᠯᠢᠯᠴᠠᠭ᠎ᠠ ᠬᠢᠪᠡ ᠃ ᠽᠠᠩ ᠵᠢᠶᠠᠨ ᠫᠢᠩ ᠬᠣᠷᠢᠶᠠᠨ ᠳᠠᠷᠤᠭ᠎ᠠ ᠵᠢᠭᠠᠵᠤ ᠭᠠᠷᠭᠠᠭᠰᠠᠨ ᠨᠢ ᠂ ᠬᠠᠤᠯᠢ ᠪᠤᠰᠤ ᠪᠠᠷ ᠪᠡᠯᠡ ᠮᠥᠩᠭᠥ ᠴᠤᠭᠯᠠᠭᠤᠯᠤᠭᠰᠠᠨ ᠲᠦᠷᠦᠯ ᠦᠨ ᠬᠡᠷᠡᠭ ᠢ ᠰᠢᠭᠦᠨ ᠰᠢᠶᠳᠪᠦᠷᠢᠯᠡᠵᠦ ᠂ ᠭᠦᠢᠴᠡᠳᠬᠡᠬᠦ ᠳᠤ ᠬᠦᠴᠢᠷ ᠪᠡᠷᠬᠡᠰᠢᠶᠡᠯ ᠶᠡᠬᠡᠲᠡᠶ ᠂ ᠡᠭᠦᠷᠭᠡ ᠬᠦᠨᠳᠦ ᠂ ᠣᠷᠳᠣᠰ ᠬᠣᠲᠠ ᠶᠢᠨ ᠡᠯ᠎ᠡ ᠬᠣᠰᠢᠭᠤ ᠲᠣᠭᠣᠷᠢᠭ ᠤᠨ ᠰᠢᠭᠦᠬᠦ ᠬᠣᠷᠢᠶᠠᠨ ᠤ ᠰᠢᠶᠳᠪᠦᠷᠢᠯᠡᠬᠦ ᠲᠠᠯ᠎ᠠ ᠪᠠᠷ ᠪᠠᠰᠠ ᠨᠢᠭᠡᠳᠦᠯᠲᠡᠶ ᠪᠢᠰᠢ ᠂ ᠳᠠᠷᠠᠭᠠᠴᠢ ᠶᠢᠨ ᠠᠯᠬᠤᠮ ᠳᠤ ᠪᠢᠳᠡ ᠵᠠᠰᠠᠭ ᠤᠨ ᠭᠠᠵᠠᠷ ᠲᠠᠢ ᠬᠤᠯᠪᠤᠭᠠᠯᠠᠨ ᠵᠢᠴᠢ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠂ᠰᠢᠭᠦᠬᠦ ᠵᠡᠷᠭᠡ ᠰᠠᠯᠠᠭ᠎ᠠ ᠮᠥᠴᠢᠷ ᠲᠠᠢ ᠬᠠᠮᠲᠤᠷᠤᠭᠰᠠᠨ ᠬᠦᠴᠦᠨ ᠢ ᠪᠤᠢ ᠪᠣᠯᠭᠠᠵᠤ ᠂ ᠵᠢᠷᠤᠮᠵᠢᠭᠤᠯᠤᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠨ ᠬᠡᠷᠡᠭᠵᠢᠭᠦᠯᠵᠦ ᠂ ᠡᠨᠡ ᠬᠦ ᠲᠦᠷᠦᠯ ᠤᠨ ᠬᠡᠷᠡᠭ ᠢ ᠲᠥᠪᠯᠡᠷᠡᠭᠦᠯᠦᠨ ᠰᠢᠶᠳᠪᠦᠷᠢᠯᠡᠬᠦ ᠴᠢᠬᠤᠯᠠᠲᠠᠢ ᠭᠡᠪᠡ ᠃
ᠬᠤᠷᠠᠯᠳᠤᠭᠠᠨ ᠠᠴᠠ ᠡᠴᠦᠰ ᠲᠦ ᠂ ᠳᠡᠳ᠋ ᠡᠷᠬᠢᠯᠡᠭᠴᠢ ᠯᠢᠶᠠᠩ ᠬᠣᠩ ᠡᠴᠡ᠂ ᠬᠤᠳᠡ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠪᠠᠶᠢᠴᠠᠭᠠᠨ ᠰᠤᠳᠤᠯᠤᠯᠲᠠ ᠬᠢᠬᠦ ᠡᠮᠦᠨᠡᠬᠢ ᠬᠤᠭᠤᠴᠠᠭᠠᠨ ᠤ ᠠᠵᠢᠯ ᠢ ᠭᠦᠢᠴᠡᠳ ᠨᠤᠲᠠᠯᠠᠭᠰᠠᠨ ᠪᠠᠶᠢᠨ᠎ᠠ ᠃ ᠳᠠᠭᠠᠤ ᠳᠤ ᠨᠢ ᠳᠣᠣᠷᠠᠬᠢ ᠮᠡᠲᠦ ᠬᠡᠳᠦᠨ ᠱᠠᠭᠠᠷᠳᠠᠯᠭ᠎ᠠ ᠳᠤᠷᠠᠳᠪᠠ ᠄ ᠨᠢᠭᠡ ᠳᠦ ᠰᠡᠳᠦᠪ ᠢ ᠰᠤᠳᠤᠯᠬᠤ ᠳᠤ ᠪᠦᠬᠦ ᠬᠣᠲᠠ ᠶᠢᠨ ᠬᠡᠪᠴᠢᠶᠡᠨ ᠳᠣᠲᠣᠷ᠎ᠠ ᠬᠢᠵᠠᠭᠠᠷᠯᠠᠭᠳᠠᠳᠠᠭ ᠪᠢᠰᠢ ᠂ ᠬᠠᠷᠢᠨ ᠪᠦᠬᠦ ᠣᠷᠣᠨ ᠲᠡᠰᠢ ᠪᠣᠳᠣᠯᠬᠢᠯᠠᠵᠤ ᠪᠣᠯᠤᠨ᠎ᠠ ᠂ ᠴᠢᠨᠠᠭᠰᠢᠯᠠᠪᠠᠯ ᠨᠡᠩ ᠭᠦᠨ ᠳᠠᠪᠬᠤᠷᠭ᠎ᠠ ᠲᠡᠰᠢ ᠥᠷᠭᠡᠳᠬᠡᠨ ᠪᠣᠳᠤᠵᠤ ᠪᠣᠯᠤᠨ᠎ᠠ ᠃ ᠬᠣᠶᠠᠷ ᠲᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶ᠎ᠠ ᠲᠤᠰ ᠰᠡᠳᠦᠪ ᠳᠡᠭᠡᠳᠦ ᠬᠡᠮᠵᠢᠶ᠎ᠡ ᠪᠡᠷ ᠬᠦᠨᠳᠦᠳᠬᠡᠨ ᠦᠵᠡᠵᠦ ᠂ ᠬᠤᠭᠤᠴᠠᠭ᠎ᠠ ᠶᠣᠰᠣᠭᠠᠷ ᠡᠭᠦᠷᠭᠡ ᠪᠡᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠨᠡᠩ ᠴᠤ ᠡᠨᠡ ᠬᠦ ᠰᠡᠳᠦᠪ ᠰᠣᠳᠣᠨ ᠪᠦᠲᠦᠭᠡᠯ ᠪᠣᠯᠭᠠᠨ ᠭᠠᠷᠭᠠᠬᠤ ᠢ ᠬᠦᠰᠡᠵᠦ ᠪᠠᠢᠨ᠎ᠠ ᠭᠡᠯᠡ ᠃
ᠦᠨᠡᠯᠡᠬᠦ 0ᠦᠨᠡᠯᠡᠯᠲᠡ ᠲᠠᠢ