ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠰᠢᠦᠢ ᠷᠦᠢ ᠰᠢᠶᠠ ᠳᠡᠳ᠋ ᠳᠠᠷᠤᠭ᠎ᠠ ᠮᠠᠨ ᠤ ᠬᠣᠷᠢᠶᠠᠨ ᠤ ᠪᠦᠬᠦ ᠣᠷᠣᠨ ᠤ ᠰᠢᠭᠦᠬᠦ ᠬᠣᠷᠢᠶᠠᠵᠠᠷᠭᠤ ᠶᠢᠨ ᠦᠢᠯᠡᠴᠢᠯᠡᠭᠡᠨ ᠦ ᠲᠥᠪ ᠦᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠡᠯᠡᠳᠬᠡᠯ ᠠᠵᠢᠯ ᠢ ᠬᠢᠨᠠᠨ ᠪᠠᠢᠴᠠᠭᠠᠪᠠ
《 ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠠᠷᠠᠳ ᠤᠨ ᠰᠢᠭᠦᠬᠦ ᠬᠣᠷᠢᠶᠠᠨ ᠤ ᠵᠠᠷᠭᠤ ᠶᠢᠨ ᠦᠢᠯᠡᠴᠢᠯᠡᠭᠡᠨ ᠦ ᠲᠥᠪ ᠦᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠳᠥᠯᠭᠢᠨ ᠠᠬᠢᠭᠤᠯᠬᠤ ᠲᠤᠬᠠᠶ ᠵᠢᠯᠣᠭᠣᠳᠬᠤ ᠰᠠᠨᠠᠯ 》 ᠤᠨ ᠵᠣᠷᠢᠭ ᠰᠠᠨᠠᠭ᠎ᠠ ᠶᠢ ᠭᠦᠢᠴᠡᠳ ᠲᠤᠤᠱᠠᠠᠯᠠᠭᠤᠯᠤᠨ ᠨᠠᠢᠳᠠᠪᠤᠷᠢᠵᠢᠭᠤᠯᠵᠤ ᠂ ᠵᠠᠷᠭᠤ ᠶᠢᠨ ᠦᠢᠯᠡᠴᠢᠯᠡᠭᠡᠨ ᠦ ᠲᠥᠪ ᠦᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠂ ᠵᠠᠷᠭᠤ ᠶᠢᠨ ᠦᠢᠯᠡᠴᠢᠯᠡᠭᠡᠨ ᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠯᠠᠳᠠ ᠂ ᠪᠦᠬᠦ ᠣᠷᠣᠨ ᠤ ᠰᠢᠭᠦᠬᠦ ᠬᠣᠷᠢᠶᠠᠨ ᠤ ᠵᠠᠷᠭᠤ ᠶᠢᠨ ᠦᠢᠯᠡᠴᠢᠯᠡᠭᠡᠨ ᠦ ᠲᠥᠪ ᠦᠨ ᠪᠦᠲᠦᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠤᠷᠠᠯ ᠢ ᠤ 8 ᠰᠠᠷ᠎ᠠ ᠳᠤ ᠮᠠᠨ ᠤ ᠬᠤᠲᠠ ᠶᠢᠨ ᠰᠢᠭᠦᠬᠦ ᠬᠣᠷᠢᠶᠠᠨ ᠳᠤ ᠬᠤᠷᠠᠯᠳᠤᠭᠤᠯᠬᠤ ᠪᠡᠷ ᠪᠠᠢᠨ᠎ᠠ᠃ ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠬᠤᠷᠢᠶᠠᠨ ᠳᠠᠷᠤᠭ᠎ᠠ ᠰᠢᠦᠢ ᠷᠦᠢ ᠰᠢᠶᠠ ᠂ ᠬᠡᠷᠡᠭ ᠪᠣᠯᠭᠠᠨ ᠳᠠᠩᠰᠠᠯᠠᠬᠤ ᠲᠢᠩᠬᠢᠮ ᠦᠨ ᠳᠠᠷᠤᠭ᠎ᠠ ᠪᠠᠲᠤ ᠂ ᠬᠡᠷᠡᠭ ᠪᠣᠯᠭᠠᠨ ᠳᠠᠩᠰᠠᠯᠠᠬᠤ ᠲᠢᠩᠬᠢᠮ ᠦᠨ ᠰᠢᠭᠦᠭᠴᠢ ᠯᠢᠦ ᠬᠣᠩ ᠹᠠᠩ᠂ ᠵᠠᠷᠭᠤ ᠶᠢᠨ ᠦᠢᠯᠡᠴᠢᠯᠡᠭᠡᠨ ᠦ ᠲᠥᠪ ᠦᠨ ᠡᠷᠬᠢᠯᠡᠭᠴᠢ ᠮᠠ ᠯᠢ ᠵᠡᠷᠭᠡ ᠳᠦᠷᠪᠡᠨ ᠬᠥᠮᠦᠨ ᠢᠶᠡᠷ ᠪᠦᠷᠢᠯᠳᠦᠭᠰᠡᠨ ᠪᠠᠶᠢᠴᠠᠭᠠᠬᠤ ᠳᠤᠭᠤᠶᠢᠯᠠᠩ ᠂ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠤᠷᠠᠯ ᠤᠨ ᠪᠡᠯᠡᠳᠬᠡᠯ ᠦᠨ ᠪᠠᠶᠢᠳᠠᠯ ᠢ ᠪᠠᠢᠴᠠᠭᠠᠪᠠ ᠃ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠣᠷᠣᠯᠠᠭᠴᠢ ᠬᠤᠷᠢᠶᠠᠨ ᠳᠠᠷᠤᠭ᠎ᠠ ᠯᠢ ᠬᠣᠩ ᠶᠠᠨ ᠂ ᠳᠡᠳ᠋ ᠬᠤᠷᠢᠶᠠᠨ ᠳᠠᠷᠤᠭ᠎ᠠ ᠯᠢ ᠵᠢᠩ ᠭᠦᠸᠸ᠂ ᠰᠢᠭᠦᠨ ᠲᠠᠰᠤᠯᠬᠤ ᠵᠥᠪᠯᠡᠯ ᠡᠴᠡ ᠲᠤᠰᠬᠠᠶ ᠺᠣᠮᠢᠰ ᠾᠸ ᠵᠦᠩ ᠫᠢᠩ ᠵᠡᠷᠭᠡ ᠬᠥᠮᠦᠰ ᠪᠠᠷᠠᠭ᠎ᠠ ᠪᠣᠯᠤᠨ ᠪᠠᠢᠴᠠᠭᠠᠯᠲᠠ ᠬᠢᠪᠡ᠃
ᠪᠠᠶᠢᠴᠠᠭᠠᠬᠤ ᠳᠤᠭᠤᠶᠢᠯᠠᠩ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠵᠠᠷᠭᠤ ᠶᠢᠨ ᠦᠢᠯᠡᠴᠢᠯᠡᠭᠡᠨ ᠦ ᠲᠥᠪ ᠦᠨ ᠥᠭᠡᠷᠡᠴᠢᠯᠡᠨ ᠪᠠᠶᠢᠭᠤᠯᠤᠭᠰᠠᠨ ᠲᠤᠬᠠᠢ ᠶᠢᠨ ᠲᠢᠩᠬᠢᠮ ᠢ ᠨᠢ ᠪᠠᠢᠴᠠᠭᠠᠨ ᠦᠵᠡᠭᠰᠡᠨ ᠪᠥᠭᠡᠳ 15 ᠳ᠋ᠤᠭᠠᠷ ᠳᠠᠪᠬᠤᠷ ᠤᠨ ᠬᠤᠷᠠᠯ ᠤᠨ ᠭᠡᠷ ᠲᠤ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ ᠃ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠪᠡᠯᠡᠳᠬᠡᠯ ᠠᠵᠢᠯ ᠤᠨ ᠤᠳᠤᠷᠢᠳᠬᠤ ᠳᠤᠭᠤᠶᠢᠯᠠᠩ ᠤᠨ ᠬᠡᠰᠡᠭ ᠭᠡᠰᠢᠭᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠤᠯᠴᠠᠪᠠ᠃
ᠬᠤᠷᠠᠯ ᠳᠡᠭᠡᠷ᠎ᠡ ᠂ ᠯᠢ ᠬᠣᠩᠶᠠᠨ ᠬᠤᠷᠢᠶᠡᠨ ᠳᠠᠷᠤᠭ᠎ᠠ ᠵᠠᠷᠭᠤ ᠶᠢᠨ ᠦᠢᠯᠡᠴᠢᠯᠡᠭᠡᠨ ᠦ ᠲᠥᠪ ᠦᠨ ᠶᠡᠷᠦᠩᠬᠡᠶ ᠥᠭᠡᠷᠡᠴᠢᠯᠡᠨ ᠪᠠᠶᠢᠭᠤᠯᠬᠤ ᠰᠡᠳᠬᠢᠴᠡ ᠪᠠ ᠡᠯ᠎ᠡ ᠣᠷᠣᠨ ᠪᠦᠰᠡ ᠶᠢᠨ ᠴᠢᠳᠠᠪᠬᠢ ᠶᠢᠨ ᠬᠤᠪᠢᠶᠠᠷᠢᠯᠠᠯᠲᠠ ᠢ ᠲᠠᠨᠢᠯᠴᠠᠭᠤᠯᠵᠤ ᠂ ᠯᠢ ᠵᠢᠩ ᠭᠦᠸᠸ ᠳᠡᠳ᠋ ᠳᠠᠷᠤᠭ᠎ᠠ ᠵᠠᠷᠭᠤ ᠶᠢᠨ ᠦᠢᠯᠡᠴᠢᠯᠡᠭᠡᠨ ᠦ ᠲᠥᠪ ᠦᠨ ᠥᠭᠡᠷᠡᠴᠢᠯᠡᠵᠦ ᠥᠷᠭᠡᠳᠬᠡᠨ ᠪᠠᠶᠢᠭᠤᠯᠬᠤ ᠬᠤᠷᠠᠯ ᠤᠨ ᠪᠡᠯᠡᠳᠬᠡᠯ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠭᠰᠡᠨ ᠪᠠᠶᠢᠨ᠎ᠠ ᠃
ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠂ ᠬᠢᠨᠠᠨ ᠪᠠᠶᠢᠴᠠᠭᠠᠬᠤ ᠳᠤᠭᠤᠶᠢᠯᠠᠩ ᠬᠤᠷᠠᠯ ᠤᠨ ᠪᠡᠯᠡᠳᠬᠡᠯ ᠦᠨ ᠪᠠᠶᠢᠳᠠᠯ ᠳᠤ ᠰᠡᠳᠬᠢᠯ ᠬᠠᠨᠤᠮᠵᠢᠲᠠᠶ ᠪᠠᠢᠭ᠎ᠠ ᠪᠡᠨ ᠢᠯᠡᠷᠬᠡᠢᠯᠡᠪᠡ ᠂ ᠰᠢᠦᠢ ᠷᠥᠢ ᠰᠢᠶᠠ ᠳᠡᠳ᠋ ᠳᠠᠷᠤᠭ᠎ᠠ ᠡᠴᠡ ᠄ ᠲᠤᠰ ᠤᠳᠠᠭᠠᠨ ᠤ ᠬᠤᠷᠠᠯᠳᠤᠭᠠᠨ ᠳᠤ ᠪᠠᠷᠢᠮᠵᠢᠶ᠎ᠠ ᠨᠢ ᠨᠡᠯᠢᠶᠡᠳ ᠥᠨᠳᠥᠷ ᠂ ᠨᠡᠯᠢᠶᠡᠳ ᠠᠷᠪᠢᠨ ᠬᠤᠷᠠᠯ ᠳᠤ ᠣᠷᠤᠯᠴᠠᠵᠤ᠂ ᠬᠤᠷᠠᠯ ᠤᠨ ᠪᠡᠯᠡᠳᠬᠡᠯ ᠠᠵᠢᠯ ᠤᠨ ᠡᠭᠦᠷᠭᠡ ᠮᠠᠰᠢ ᠬᠦᠨᠳᠦ ᠪᠣᠯᠤᠨ᠎ᠠ ᠂ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠤᠳᠤᠷᠢᠳᠤᠯᠭ᠎ᠠ ᠨᠠᠷ ᠪᠡᠶ᠎ᠡ ᠪᠡᠷ ᠢᠶᠡᠨ ᠣᠷᠣᠯᠴᠠᠨ ᠴᠢᠷᠮᠠᠶᠢᠵᠤ ᠂ ᠪᠦᠭᠦ ᠬᠣᠷᠢᠶᠠᠨ ᠤ ᠺᠠᠳ᠋ᠷ ᠴᠠᠭᠳᠠᠭ᠎ᠠ ᠶᠢ ᠬᠠᠮᠲᠤ ᠪᠠᠷ ᠣᠷᠣᠯᠴᠠᠵᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶᠠᠨ ᠤ ᠱᠠᠭᠠᠷᠳᠠᠯᠭ᠎ᠠ ᠶᠣᠰᠣᠭᠠᠷ ᠂ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠮᠠᠰᠢ ᠰᠠᠢᠨ ᠪᠠᠢᠨ᠎ᠠ ᠭᠡᠵᠡᠢ ᠃
ᠬᠢᠨᠠᠨ ᠪᠠᠶᠢᠴᠠᠭᠠᠬᠤ ᠳᠤᠭᠤᠶᠢᠯᠠᠩ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠵᠠᠷᠭᠤ ᠶᠢᠨ ᠦᠢᠯᠡᠴᠢᠯᠡᠭᠡᠨ ᠦ ᠲᠥᠪ ᠦᠨ ᠠᠵᠢᠯ ᠤᠨ ᠡᠭᠦᠷᠭᠡ ᠪᠠ ᠬᠡᠷᠡᠭ ᠪᠣᠯᠭᠠᠨ ᠳᠠᠩᠰᠠᠯᠠᠬᠤ ᠦᠢᠯᠡᠴᠢᠯᠡᠭᠡᠨ ᠦ ᠲᠣᠭᠣᠷᠢᠭ ᠤᠨ ᠲᠥᠬᠥᠭᠡᠷᠦᠮᠵᠢ ᠂ ᠰᠠᠢᠨ ᠳᠤᠷ᠎ᠠ ᠶᠢᠨ ᠦᠢᠯᠡᠴᠢᠯᠡᠭᠡ ᠵᠡᠷᠭᠡ ᠠᠰᠠᠭᠤᠳᠠᠯ ᠤᠨ ᠲᠤᠬᠠᠶ ᠪᠣᠳᠠᠲᠠᠶ ᠰᠠᠨᠠᠯ ᠳᠤᠷᠠᠳᠪᠠ ᠃ ᠰᠢᠦᠢ ᠷᠥᠢ ᠰᠢᠶᠠ ᠳᠡᠳ᠋ ᠳᠠᠷᠤᠭ᠎ᠠ ᠬᠤᠷᠠᠯ ᠤᠨ ᠪᠡᠯᠡᠳᠬᠡᠯ ᠠᠵᠢᠯ ᠤᠨ ᠲᠤᠬᠠᠶ ᠬᠡᠳᠦᠨ ᠱᠠᠭᠠᠷᠳᠠᠯᠭ᠎ᠠ ᠳᠤᠷᠠᠳᠪᠠ᠄ ᠨᠢᠭᠡ ᠳᠦ ᠠᠷᠠᠳ ᠤᠨ ᠳᠡᠭᠡᠳᠦ ᠵᠡᠷᠡᠭᠡ ᠶᠢᠨ ᠰᠢᠭᠦᠬᠦ ᠬᠣᠷᠢᠶᠠᠨ ᠤ ᠳᠤᠷᠠᠳᠤᠨ ᠭᠠᠷᠭᠠᠭᠰᠠᠨ ᠵᠠᠷᠭᠤ ᠶᠢᠨ ᠦᠢᠯᠡᠴᠢᠯᠡᠭᠡᠨ ᠦ ᠲᠥᠪ ᠦᠨ 《 ᠶᠡᠬᠡ ᠦᠢᠯᠡᠴᠢᠯᠡᠭᠡ ᠂ ᠶᠡᠬᠡ ᠨᠥᠯᠦᠭᠡᠯᠡᠯᠲᠡ ᠂ ᠶᠡᠬᠡ ᠲᠠᠪᠴᠠᠩ 》 ᠬᠡᠬᠦ ᠡᠭᠦᠷᠭᠡ ᠴᠢᠳᠠᠪᠤᠷᠢ ᠶᠢᠨ ᠣᠷᠣᠨ ᠪᠠᠶᠢᠷᠢᠰᠢᠯ ᠂ ᠭᠠᠳᠠᠭᠠᠳᠤ ᠦᠢᠯᠡᠴᠢᠯᠡᠭᠡ ᠨᠢ ᠤᠯᠠᠨ ᠲᠦᠮᠡᠨ ᠦ ᠵᠠᠷᠭᠤ ᠂ ᠳᠣᠲᠣᠭᠠᠳᠤ ᠦᠢᠯᠡᠴᠢᠯᠡᠬᠦ ᠨᠢ ᠬᠠᠤᠯᠢ ᠶᠢᠨ ᠲᠤᠰᠢᠶᠠᠯᠲᠠᠳ ᠤᠨ ᠰᠢᠭᠦᠨ ᠳᠠᠰᠤᠯᠠᠯᠲᠠ᠂ ᠡᠭᠦᠨ ᠦ ᠬᠠᠮᠲᠤ ᠠᠯᠢ ᠪᠣᠯᠬᠤ ᠪᠠᠷ ᠦᠢᠯᠡᠴᠢᠯᠡᠭᠡ ᠶᠢ ᠬᠠᠷᠢᠶ᠎ᠠ ᠣᠷᠣᠨ ᠢᠶᠡᠨ ᠬᠦᠷᠲᠡᠯ᠎ᠡ ᠦᠷᠭᠦᠯᠵᠢᠯᠡᠵᠦ ᠂ ᠮᠡᠳᠡᠭᠡ ᠵᠠᠩᠭᠢᠵᠢᠯᠲᠠ ᠪᠠ ᠲᠣᠭᠣᠷᠢᠨ ᠦᠢᠯᠡᠴᠢᠯᠡᠭᠡᠨ ᠦ ᠲᠡᠷᠭᠡ ᠶᠢ ᠠᠰᠢᠭᠯᠠᠵᠤ᠂ ᠵᠠᠷᠭᠤ ᠶᠢᠨ ᠦᠢᠯᠡᠴᠢᠯᠡᠭᠡᠨ ᠦ ᠦᠢᠯᠡᠴᠢᠯᠡᠬᠦ ᠴᠡᠭ ᠢ ᠨᠡᠶᠢᠭᠡᠮ ᠲᠣᠭᠣᠷᠢᠭ ᠪᠣᠯᠤᠨ ᠭᠠᠴᠠᠭ᠎ᠠ ᠲᠣᠰᠬᠣᠨ ᠬᠦᠷᠳᠡᠯ᠎ᠡ ᠪᠥᠷᠬᠦᠭᠦᠯᠵᠦ᠂ ᠲᠢᠩᠬᠢᠮ ᠦᠨ ᠰᠢᠭᠦᠯᠲᠡ ᠶᠢᠨ ᠭᠠᠳᠠᠨᠠᠬᠢ ᠲᠤᠰᠠᠯᠠᠬᠤ ᠴᠢᠨᠠᠷᠲᠠᠶ ᠂ ᠠᠵᠢᠯ ᠶᠠᠪᠤᠳᠠᠯ ᠤᠨ ᠴᠢᠨᠠᠷᠲᠠᠶ ᠂ ᠨᠡᠶᠢᠭᠡᠮ ᠦᠨ ᠦᠢᠯᠡᠴᠢᠯᠡᠭᠡᠨ ᠦ ᠴᠢᠨᠠᠷᠲᠠᠶ ᠵᠠᠷᠭᠤ ᠶᠢᠨ ᠦᠢᠯᠡᠴᠢᠯᠡᠭᠡᠨ ᠦ ᠲᠥᠪ ᠢ ᠠᠯᠬᠤᠮ ᠠᠯᠬᠤᠮ ᠢᠶᠠᠷ ᠪᠡᠶᠡᠯᠡᠭᠦᠯᠵᠦ ᠂ ᠵᠠᠭᠠᠯᠳᠤᠯᠭ᠎ᠠ ᠳᠤ ᠦᠢᠯᠡᠴᠢᠯᠡᠬᠦ ᠬᠡᠯᠪᠡᠷᠢ ᠪᠡᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠶ᠃ ᠬᠣᠶᠠᠷ ᠲᠤ ᠵᠠᠷᠭᠤ ᠶᠢᠨ ᠦᠢᠯᠡᠴᠢᠯᠡᠭᠡᠨ ᠦ ᠲᠥᠪ ᠦᠨ ᠪᠦᠲᠦᠭᠡᠨ ᠪᠠᠶᠢᠭᠤᠯᠤᠯᠲᠠ ᠢ ᠰᠢᠭᠦᠬᠦ ᠬᠣᠷᠢᠶᠠᠨ ᠤ ᠮᠡᠳᠡᠭᠡ ᠵᠠᠩᠭᠢᠵᠢᠯᠲᠠ ᠲᠠᠢ ᠤᠶᠠᠯᠳᠤᠭᠤᠯᠵᠤ ᠂ ᠲᠣᠣᠷ ᠰᠦᠯᠵᠢᠶ᠎ᠡ ᠪᠠ ᠰᠢᠯᠵᠢᠮᠡᠨᠯ ᠬᠡᠷᠡᠭᠯᠡᠭᠡᠨ ᠦ ᠮᠡᠷᠭᠡᠵᠢᠯ ᠢ ᠢᠳᠡᠪᠬᠢᠲᠡᠶ ᠬᠡᠷᠡᠭᠯᠡᠨ ᠂ ᠪᠣᠳᠠᠲᠤ ᠵᠠᠭᠠᠯᠳᠤᠯᠭ᠎ᠠ ᠶᠢᠨ ᠦᠢᠯᠡᠴᠢᠯᠡᠭᠡᠨ ᠢ ᠰᠢᠯᠵᠢᠮᠡᠯ ᠦᠢᠯᠡᠴᠢᠯᠡᠭᠡ ᠤᠷᠤᠭᠤ ᠰᠢᠯᠵᠢᠭᠦᠯᠦᠨ᠂ ᠲᠤᠬᠠᠶ ᠶᠢᠨ ᠬᠥᠮᠦᠨ ᠢ ᠭᠡᠷ ᠡᠴᠡ ᠪᠡᠨ ᠭᠠᠷᠬᠤ ᠦᠭᠡᠢ ᠪᠡᠷ ᠵᠠᠷᠭᠤ ᠶᠢᠨ ᠠᠵᠢᠯᠯᠠᠭ᠎ᠠ ᠳᠤ ᠣᠷᠣᠯᠴᠠᠬᠤ ᠪᠣᠯᠭᠠᠨ᠎ᠠ᠂ ᠤᠷᠳᠤᠰ ᠬᠤᠳᠠ ᠳᠤᠮᠳᠠ ᠵᠡᠷᠭᠡ ᠶᠢᠨ ᠰᠢᠭᠦᠬᠦ ᠬᠣᠷᠢᠶ᠎ᠠ ᠲᠤᠰ ᠤᠳᠠᠭᠠᠨ ᠤ ᠬᠤᠷᠠᠯ ᠳᠡᠭᠡᠷ᠎ᠡ ᠮᠡᠳᠡᠭᠡ ᠵᠠᠩᠭᠢᠵᠢᠯᠲᠠ ᠶᠢᠨ ᠲᠠᠯ᠎ᠠ ᠪᠠᠷ ᠣᠯᠤᠭᠰᠠᠨ ᠠᠮᠵᠢᠯᠲᠠ ᠪᠡᠨ ᠢᠳᠡᠪᠬᠢᠲᠠᠢ ᠪᠡᠷ ᠲᠣᠳᠤᠷᠠᠭᠤᠯᠬᠤ ᠬᠡᠷᠡᠭᠲᠠᠢ᠃ ᠭᠤᠷᠪᠠ ᠳᠤ ᠵᠠᠷᠭᠤ ᠶᠢᠨ ᠦᠢᠯᠡᠴᠢᠯᠡᠭᠡᠨ ᠦ ᠲᠥᠪ ᠳᠤ ᠵᠠᠷᠭᠤᠯᠳᠤᠬᠤ ᠪᠣᠯᠤᠨ ᠡᠶᠡᠳᠡᠭᠦᠯᠬᠦ ᠶᠢ ᠵᠣᠯᠭᠠᠯᠳᠤᠭᠤᠯᠬᠤ ᠲᠠᠪᠴᠠᠩ ᠢ ᠪᠠᠶᠢᠭᠤᠯᠵᠤ ᠂ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠶᠢ ᠴᠢᠩᠭᠠᠳᠬᠠᠵᠤ ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠨᠢ ᠵᠠᠰᠠᠭ ᠵᠠᠬᠢᠷᠭᠠᠨ ᠤ ᠡᠶᠡᠳᠡᠭᠦᠯᠭᠡ ᠪᠡᠨ ᠴᠢᠩᠭ᠋ᠠᠳᠬᠠᠨ᠂ ᠦᠨᠳᠦᠰᠦᠨ ᠱᠠᠲᠤᠨ ᠤ ᠰᠢᠭᠦᠬᠦ ᠬᠣᠷᠢᠶ᠎ᠠ ᠶᠢ ᠢᠳᠡᠪᠬᠢᠲᠡᠶ ᠪᠡᠷ ᠵᠢᠭᠠᠨ ᠵᠢᠯᠣᠭᠣᠳᠴᠤ ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠪᠠ ᠤᠯᠤᠰ ᠲᠦᠷᠦ ᠶᠢᠨ ᠵᠥᠪᠯᠡᠯᠭᠡᠨ ᠦ ᠭᠡᠰᠢᠭᠦᠳ ᠦᠨ ᠰᠢᠭᠦᠬᠦ ᠬᠣᠷᠢᠶᠠᠨ ᠳᠤ ᠬᠢᠨᠠᠯᠲᠠ ᠲᠠᠯᠪᠢᠬᠤ ᠪᠠ ᠠᠵᠢᠯᠯᠠᠭᠠᠨ ᠤ ᠲᠣᠭᠲᠠᠴᠠ ᠢ ᠬᠡᠷᠡᠭᠵᠢᠭᠦᠯᠬᠦ ᠶᠢ ᠪᠠᠳᠤᠯᠠᠵᠤ ᠂ ᠨᠡᠶᠢᠭᠡᠮ ᠦᠨ ᠡᠯ᠎ᠡ ᠲᠠᠯ᠎ᠠ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠨᠡᠩ ᠤᠯᠠᠨ ᠵᠢᠭᠤᠷᠠᠯᠳᠤᠭᠠᠨ ᠢ ᠵᠠᠷᠭᠤ ᠶᠢᠨ ᠦᠢᠯᠡᠴᠢᠯᠡᠭᠡᠨ ᠤ ᠲᠥᠪ ᠤᠨ ᠤᠯᠠᠨ ᠡᠰᠢᠵᠢᠭᠰᠡᠨ ᠵᠢᠭᠤᠷᠤᠯᠳᠤᠭᠠᠨ ᠢ ᠰᠢᠢᠪᠦᠷᠢᠯᠡᠬᠦ ᠠᠵᠢᠯᠠᠯᠭᠠᠨ ᠤ ᠲᠣᠭᠲᠠᠴᠠ ᠳᠤ ᠨᠡᠩ ᠰᠠᠢᠨ ᠰᠢᠢᠳᠪᠦᠷᠢᠯᠡᠭᠳᠡᠬᠦ ᠬᠡᠷᠡᠭᠲᠠᠢ ᠃
ᠬᠤᠷᠠᠯ ᠤᠨ ᠳᠠᠷᠠᠭ᠎ᠠ ᠂ ᠰᠢᠦᠢ ᠷᠥᠢ ᠰᠢᠶᠠ ᠳᠡᠳ᠋ ᠳᠠᠷᠤᠭ᠎ᠠ ᠪᠣᠯᠤᠨ ᠬᠠᠮᠲᠤ ᠶᠠᠪᠤᠭ᠎ᠠ ᠬᠥᠮᠦᠰ ᠪᠠᠰᠠ ᠳ᠋ᠦᠩᠱᠧᠩ ᠲᠣᠭᠣᠷᠢᠭ ᠤᠨ ᠰᠢᠭᠦᠬᠦ ᠬᠣᠷᠢᠶᠠᠨ ᠳᠤ ᠬᠦᠷᠴᠦ ᠪᠠᠶᠢᠴᠠᠭᠠᠯᠲᠠ ᠶᠠᠪᠤᠭᠤᠯᠵᠠᠶ ᠃
ᠦᠨᠡᠯᠡᠬᠦ 0ᠦᠨᠡᠯᠡᠯᠲᠡ ᠲᠠᠢ