ᠬᠣᠲᠠ ᠶᠢᠨ  ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠲᠣᠭᠤᠷᠢᠨ ᠪᠠᠢᠴᠠᠭᠠᠬᠤ ᠳᠤᠭᠤᠢᠯᠠᠩ ᠪᠦᠬᠦ ᠬᠣᠲᠠ  ᠶᠢᠨ ᠦᠨᠳᠦᠰᠦᠨ ᠱᠠᠲᠤᠨ ᠤ ᠰᠢᠭᠦᠬᠦ ᠬᠣᠷᠢᠶᠠᠨ ᠳᠤ ᠬᠦᠷᠴᠦ ᠪᠠᠢᠴᠠᠭᠠᠯᠲᠠ ᠬᠢᠪᠡ
2016.12.07 ᠲᠣᠰ ᠥᠷᠲᠡᠭᠡᠨ ᠦ ᠨᠠᠢᠷᠠᠭᠤᠯᠤᠭᠴᠢ

 

2016ᠤᠨ ᠤ5᠎ ᠰᠠᠷ᠎ᠠ ᠶᠢᠨ ᠡᠬᠢᠨ ᠡᠴᠡ7᠎ ᠰᠠᠷ᠎ᠠ ᠶᠢᠨ ᠡᠬᠢᠨ ᠪᠣᠯᠲᠠᠯ᠎ᠠ ᠂ ᠬᠣᠲᠠ ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠬᠢᠨᠠᠨ ᠪᠠᠶᠢᠴᠠᠭᠠᠬᠤ ᠭᠠᠵᠠᠷ  ᠨᠢ ᠪᠦᠬᠦ ᠬᠣᠲᠠ ᠶᠢᠨ 8᠎ ᠬᠣᠰᠢᠭᠤ ᠲᠣᠭᠣᠷᠢᠭ ᠤᠨ ᠰᠢᠭᠦᠬᠦ ᠬᠣᠷᠢᠶᠠᠨ ᠳᠤ ᠬᠠᠤᠯᠢ ᠴᠠᠭᠠᠵᠠ ᠶᠢᠨ ᠲᠣᠭᠣᠷᠢᠨ ᠪᠠᠶᠢᠴᠠᠭᠠᠬᠤ ᠠᠵᠢᠯᠯᠠᠭ᠎ᠠ  ᠦᠷᠨᠢᠭᠦᠯᠪᠡ᠂ ᠡᠨᠡ ᠤᠳᠠᠭᠠᠨ ᠤ ᠲᠣᠭᠣᠷᠢᠨ ᠪᠠᠶᠢᠴᠠᠭᠠᠯᠲᠠ ᠨᠢ ᠭᠣᠣᠯᠳᠠᠭᠤ ᠲᠦᠷᠪᠡᠨ ᠲᠠᠯ᠎ᠠ ᠪᠠᠷ ᠬᠢ ᠭᠣᠣᠯ ᠪᠣᠯᠭᠠᠪᠠ᠄ ᠨᠢᠭᠡ ᠳᠦ ᠂ ᠬᠠᠤᠯᠢ  ᠬᠡᠷᠡᠭᠵᠢᠭᠦᠯᠦᠯᠲᠠ ᠶᠢᠨ ᠢᠯᠵᠠᠷᠠᠯ ᠢ ᠵᠠᠯᠬᠠᠭᠠᠨ ᠰᠢᠢᠳᠬᠡᠨ᠎ᠡ᠂  ᠴᠢᠮᠠᠢᠵᠤ  ᠪᠠᠢᠭᠠᠳ ᠰᠢᠭᠦᠬᠦ ᠬᠣᠷᠢᠶᠠᠨ ᠤ ᠤᠳᠤᠷᠢᠳᠬᠤ ᠺᠠᠳ᠋ᠷ  ᠡᠷᠬᠡ ᠪᠡᠨ ᠠᠰᠢᠭᠯᠠᠵᠤ ᠬᠠᠬᠤᠤᠯᠢ ᠢᠳᠡᠵᠦ ᠬᠠᠤᠯᠢ ᠶᠢ ᠭᠠᠵᠢᠭᠤᠳᠠᠭᠤᠯᠤᠭᠰᠠᠨ ᠂ ᠡᠷᠬᠡ ᠪᠡᠨ ᠠᠰᠢᠭᠯᠠᠨ ᠠᠮᠢ ᠪᠠᠨ ᠪᠣᠷᠳᠣᠬᠤ ᠂ ᠢᠯᠵᠠᠷᠠᠨ ᠲᠤᠷᠦᠢᠳᠡᠬᠤ ᠵᠡᠷᠭᠡ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ  ᠢᠯᠡᠷᠡᠭᠦᠯᠦᠨ ᠰᠢᠢᠳᠪᠥᠷᠢᠯᠡᠨ᠎ᠡ᠃ ᠬᠣᠶᠠᠷ ᠲᠤ ᠂  ᠠᠵᠢᠯ  ᠤᠨ ᠰᠤᠷᠲᠠᠯ ᠢᠶᠡᠨ ᠬᠤᠪᠢᠷᠠᠭᠤᠯᠤᠨ᠎ᠠ᠂ ᠨᠠᠮ ᠤᠨ ᠭᠡᠰᠢᠭᠦᠨ ᠺᠠᠳ᠋ᠷ ᠂ ᠺᠠᠳ᠋ᠷ ᠴᠠᠭᠳᠠᠭ᠎ᠠ ᠶᠢᠨ ᠳᠣᠲᠣᠷ᠎ᠠ ᠲᠥᠪ ᠬᠣᠷᠢᠶᠠᠨ ᠤ ᠨᠠᠶᠮᠠᠨ ᠵᠦᠢᠯ ᠦᠨ ᠲᠣᠭᠲᠠᠭᠠᠯ ᠤᠨ ᠦᠢᠯᠡ ᠠᠵᠢᠯᠯᠠᠭ᠎ᠠ ᠪᠠ ᠠᠵᠢᠯ ᠤᠨ ᠳᠤᠮᠳᠠ ᠣᠷᠣᠰᠢᠵᠤ ᠪᠠᠶᠢᠭ᠎ᠠ 《 ᠣᠪᠣᠷ ᠨᠢ ᠬᠦᠢᠲᠡᠮᠰᠦᠭ 》᠎ ᠂ 《 ᠢᠳᠡᠵᠦ ᠤᠤᠭᠤᠨ ᠬᠢᠬᠠᠵᠤ ᠠᠪᠬᠤ 》᠎ ᠂ 《 ᠦᠬᠡᠨᠴᠡ ᠳᠣᠷᠣᠶ ᠠᠯᠵᠠᠭᠤ ᠵᠠᠯᠬᠠᠭᠤ ᠰᠤᠯᠠ ᠵᠠᠳᠠᠭᠠᠶ ᠪᠦᠷᠢᠯᠭᠡᠮᠡᠲᠡᠭᠡᠶ 》᠎ ᠵᠡᠷᠭᠡ ᠲᠥᠪ ᠪᠤᠰᠤ ᠰᠤᠷᠲᠠᠯ  ᠢ ᠢᠳᠡᠪᠬᠢᠲᠠᠢ ᠢᠯᠡᠷᠡᠭᠦᠯᠦᠨ ᠵᠠᠯᠠᠷᠠᠭᠤᠯᠤᠨ᠎ᠠ᠃ ᠭᠤᠷᠪᠠ ᠳᠤ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠭ᠎ᠠ ᠲᠣᠳᠣᠷᠬᠠᠶ  ᠪᠣᠯᠭᠠᠨ᠎ᠠ ᠂ ᠴᠥᠭᠡᠨ ᠲᠣᠭᠠᠨ ᠤ ᠰᠢᠭᠦᠬᠦ ᠬᠣᠷᠢᠶᠠᠨ ᠤ  ᠤᠳᠤᠷᠢᠳᠤᠯᠭ᠎ᠠ ᠶᠢᠨ ᠤᠯᠤᠰ ᠲᠦᠷᠦ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠢᠳᠡᠪᠬᠢᠲᠠᠢ ᠢᠯᠡᠷᠡᠭᠦᠯᠦᠨ ᠵᠠᠯᠠᠷᠠᠭᠤᠯᠤᠨ᠎ᠠ ᠃ ᠲᠦᠷᠪᠡ ᠳᠦ ᠂ ᠬᠥᠮᠦᠨ ᠰᠣᠩᠭᠣᠵᠤ ᠬᠡᠷᠡᠭᠯᠡᠬᠦ ᠲᠠᠯ᠎ᠠ ᠪᠠᠷ ᠂ ᠰᠢᠭᠦᠬᠦ ᠬᠣᠷᠢᠶᠠᠨ ᠤ ᠤᠳᠤᠷᠢᠳᠬᠤ ᠺᠠᠳ᠋ᠷ ᠬᠥᠮᠦᠨ ᠰᠣᠩᠭᠣᠬᠤ ᠠᠵᠢᠯ ᠤᠨ ᠳᠤᠮᠳᠠ ᠤᠢᠷ᠎ᠠ ᠳᠣᠲᠣᠨᠣᠴᠤᠳ ᠢᠶᠠᠨ ᠯᠠ ᠬᠡᠷᠡᠭᠯᠡᠬᠦ ᠂ ᠨᠣᠶᠠᠨ ᠵᠡᠷᠭᠡ ᠬᠤᠳᠠᠯᠳᠤᠭᠠᠯᠠᠬᠤ ᠵᠡᠷᠭᠡ ᠲᠥᠪ ᠪᠤᠰᠤ ᠰᠤᠷᠲᠠᠯ  ᠢ ᠴᠢᠷᠮᠠᠢᠨ  ᠢᠯᠡᠷᠡᠭᠦᠯᠵᠦ ᠵᠠᠯᠠᠷᠠᠭᠤᠯᠤᠨ᠎ᠠ ᠃ ᠲᠣᠭᠣᠷᠢᠨ ᠪᠠᠶᠢᠴᠠᠭᠠᠬᠤ ᠳᠤᠭᠤᠶᠢᠯᠠᠩ ᠲᠣᠭᠣᠷᠢᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ   ᠲᠠᠢ ᠰᠢᠭᠦᠬᠦ  ᠬᠣᠷᠢᠶᠠᠨ ᠳᠤ ᠪᠣᠳᠠᠲᠠᠶ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ ᠂ ᠴᠡᠭᠴᠡᠯᠡᠨ ᠥᠭᠡᠷᠡᠴᠢᠯᠡᠬᠦ ᠰᠠᠨᠠᠯ ᠢ ᠣᠯᠤᠭᠰᠠᠨ ᠨᠢᠭᠡᠴᠢ ᠨᠢ ᠦᠨᠡᠨ ᠬᠦ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ ᠂ ᠡᠳᠡᠭᠡᠷ ᠰᠠᠨᠠᠯ ᠰᠠᠨᠠᠭᠤᠯᠭ᠎ᠠ  ᠶᠢ ᠵᠦᠢᠯ ᠳᠠᠷᠠᠭᠠᠯᠠᠨ ᠴᠡᠭᠴᠡᠯᠡᠨ ᠵᠠᠰᠠᠬᠤ ᠶᠢ ᠲᠤᠤᠱᠲᠠᠶ ᠬᠢᠬᠦ ᠶᠢ ᠪᠠᠲᠤᠯᠠᠬᠤ ᠬᠡᠷᠡᠭᠲᠡᠶ ᠃ ᠬᠠᠰᠢ ᠶᠠᠰᠢ  ᠴᠡᠭᠴᠡᠯᠡᠬᠦ᠂  ᠴᠡᠭᠴᠡᠯᠡᠨ ᠰᠠᠢᠵᠢᠷᠠᠭᠤᠯᠬᠤ ᠬᠦᠴᠦᠯᠡᠴᠡ ᠨᠢ ᠠᠨᠠᠢ ᠶᠢ ᠨᠡᠶᠢᠲᠡᠯᠢᠭ ᠵᠢᠱᠢᠶ᠎ᠡ  ᠶᠢ ᠨᠢ  ᠠᠳᠬᠤᠵᠤ᠂ ᠨᠡᠢᠲᠡᠯᠡᠨ ᠮᠡᠳᠡᠭᠦᠯᠵᠦ ᠲᠡᠷᠡᠴᠢᠯᠡᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠃ ᠲᠣᠭᠣᠷᠢᠨ ᠪᠠᠶᠢᠴᠠᠭᠠᠬᠤ ᠳᠤᠭᠤᠶᠢᠯᠠᠩ ᠠᠴᠠ ᠡᠯ᠎ᠡ ᠬᠣᠷᠢᠶᠠᠨ ᠤ ᠴᠡᠭᠴᠡᠯᠡᠨ ᠥᠭᠡᠷᠡᠴᠢᠯᠡᠵᠦ ᠪᠠᠶᠢᠭ᠎ᠠ ᠪᠠᠶᠢᠳᠠᠯ  ᠢ ᠨᠢ ᠮᠥᠷᠳᠡᠨ ᠬᠢᠨᠠᠨ  ᠵᠢᠯᠤᠭᠤᠳᠴᠤ ᠂ ᠬᠣᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ  ᠥᠭᠡᠷᠡᠴᠢᠯᠡᠬᠦ ᠬᠠᠷᠠᠯᠲᠠ ᠳᠤ ᠬᠦᠷᠬᠦ ᠶᠢ ᠪᠠᠲᠤᠯᠠᠵᠤ᠂ ᠲᠤᠪᠦ᠋ᠢᠮ᠎ᠠ ᠠᠰᠠᠭᠤᠳᠠᠯ  ᠲᠠᠢᠦᠨᠳᠦᠰᠦᠨ ᠱᠠᠲᠤᠨ ᠤ ᠰᠢᠭᠦᠬᠦ  ᠬᠣᠷᠢᠶᠠᠨ  ᠳᠤ ᠪᠠᠰᠠ ᠲᠤᠰᠬᠠᠶ ᠵᠦᠢᠯ ᠦᠨ ᠲᠣᠭᠣᠷᠢᠨ ᠪᠠᠶᠢᠴᠠᠭᠠᠯᠲᠠ ᠬᠢᠪᠡ ᠃

ᠬᠣᠶᠢᠰᠢᠳᠠ  ᠬᠣᠲᠠ  ᠶᠢᠨ ᠳᠤᠮᠲᠠ ᠵᠡᠷᠭᠡ  ᠶᠢᠨ ᠰᠢᠭᠦᠬᠦ ᠬᠣᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠂ ᠬᠢᠨᠠᠨ ᠪᠠᠶᠢᠴᠠᠭᠠᠬᠤ ᠭᠠᠵᠠᠷ  ᠨᠢ ᠦᠷᠭᠦᠯᠵᠢᠯᠡᠨ 《 ᠠᠷᠠᠳ ᠤᠨ ᠲᠥᠯᠥᠭᠡ ᠬᠠᠤᠯᠢ ᠪᠠᠷᠢᠬᠤ ᠂ ᠲᠥᠪ ᠭᠣᠣᠯᠴᠢ ᠪᠠᠷ ᠬᠠᠤᠯᠢ ᠪᠠᠷᠢᠬᠤ》᠎ ᠭᠡᠬᠦ ᠡᠨᠡ ᠬᠦ ᠭᠣᠣᠯ ᠰᠢᠵᠢᠮ  ᠤᠨ ᠲᠣᠭᠤᠷᠢᠨ ᠳᠤ᠂ ᠬᠠᠤᠯᠢ ᠴᠠᠭᠠᠵᠠ ᠶᠢᠨ ᠲᠣᠭᠣᠷᠢᠨ ᠪᠠᠶᠢᠴᠠᠭᠠᠬᠤ  ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ ᠂ ᠡᠭᠦᠨ ᠦ ᠵᠡᠷᠭᠡᠴᠡᠭᠡᠪᠡᠷ ᠬᠢᠨᠠᠯᠲᠠ ᠲᠠᠯᠪᠢᠵᠤ ᠰᠠᠬᠢᠯᠭ᠎ᠠ ᠪᠠᠲᠤ  ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ   ᠢᠶᠡᠨ ᠴᠢᠩᠭ᠋ᠠᠳᠬᠠᠵᠤ ᠂ ᠰᠠᠬᠢᠯᠭ᠎ᠠ ᠪᠠᠲᠤ  ᠶᠢ ᠡᠮᠦᠨ᠎ᠡ ᠪᠠᠢᠷᠢᠨ ᠳᠤ  ᠲᠠᠯᠪᠢᠨ ᠂   ᠨᠢᠭᠡ ᠶᠢ ᠢᠯᠡᠷᠡᠭᠦᠯᠪᠡᠯ᠂  ᠨᠢᠭᠡ ᠶᠢ ᠪᠠᠶᠢᠴᠠᠭᠠᠨ ᠰᠢᠶᠳᠪᠦᠷᠢᠯᠡᠵᠦ ᠂  ᠨᠢᠭᠡ  ᠶᠢ  ᠢᠯᠡ ᠪᠣᠯᠭᠠᠨ᠂  ᠡᠮᠢᠶᠡᠯᠬᠡᠬᠦ ᠦᠢᠯᠡᠳᠦᠯ ᠢ ᠨᠡᠩ ᠰᠠᠢᠨ ᠪᠠᠳᠠᠷᠠᠭᠤᠯᠵᠤ ᠂ ᠬᠠᠤᠯᠢ ᠴᠠᠭᠠᠵᠠ ᠶᠢᠨ ᠲᠣᠭᠣᠷᠢᠨ ᠪᠠᠶᠢᠴᠠᠭᠠᠬᠤ ᠠᠵᠢᠯ ᠨᠢ ᠲᠥᠪ ᠭᠣᠣᠯᠴᠢ ᠂ ᠠᠷᠢᠭᠤᠨ ᠴᠢᠬᠡᠴᠢ ᠂ ᠥᠨᠳᠥᠷ ᠪᠦᠲᠦᠮᠵᠢᠲᠡᠶ ᠬᠠᠤᠯᠢ  ᠬᠡᠷᠡᠭᠵᠢᠭᠦᠯᠦᠯᠲᠡ  ᠳᠤ ᠠᠬᠢᠭᠤᠯᠬᠤ ᠪᠠ ᠪᠠᠲᠤᠯᠠᠬᠤ ᠦᠢᠯᠡᠳᠦᠯ  ᠦᠵᠡᠭᠦᠯᠵᠦ᠂ ᠠᠷᠠᠳ ᠤᠯᠠᠨ ᠳᠤ ᠬᠠᠤᠯᠢ  ᠬᠡᠷᠡᠭᠵᠢᠭᠦᠯᠬᠦ ᠬᠡᠷᠡᠭ ᠪᠣᠯᠭᠠᠨ ᠠᠴᠠ ᠴᠥᠮ ᠲᠥᠪ ᠭᠣᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠡᠷ ᠴᠢᠷᠮᠠᠢᠬᠤ ᠬᠡᠷᠡᠭᠲᠠᠢ ᠃

 

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )