ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠨᠡᠶᠢᠳᠡᠮ ᠦᠨ ᠴᠢᠨᠠᠷᠲᠠᠶ ᠠᠰᠠᠭᠤᠳᠠᠯ ᠢ ᠤᠯᠠᠮ ᠨᠢᠭᠡ ᠠᠯᠬᠤᠮ ᠣᠶᠢᠯᠠᠭᠠᠵᠤ ᠂ ᠰᠢᠭᠦᠬᠦ ᠬᠣᠷᠢᠶᠠᠨ ᠤ ᠦᠢᠯᠡᠴᠢᠯᠡᠭᠡᠨ ᠦ ᠠᠵᠢᠯ ᠤᠨ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠨ ᠨᠡᠮᠡᠭᠳᠡᠭᠦᠯᠬᠦ ᠶᠢᠨ ᠲᠤᠯᠠᠲᠠ᠂ ᠣᠶᠢᠷ᠎ᠠ ᠳᠤ ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠢᠷᠭᠡᠨ ᠦ ᠬᠣᠶᠠᠳᠤᠭᠠᠷ ᠲᠢᠩᠬᠢᠮ ᠦᠨ ᠭᠤᠷᠪᠠᠨ ᠠᠵᠢᠯᠲᠠ᠂ ᠣᠷᠳᠣᠰ ᠬᠣᠲᠠ ᠶᠢᠨ ᠬᠠᠢ ᠶᠸ ᠭᠡᠷ ᠬᠥᠷᠦᠩᠭᠡ ᠭᠠᠵᠠᠷ ᠰᠢᠷᠣᠶ ᠶᠢᠨ ᠨᠡᠭᠡᠭᠡᠨ ᠠᠰᠢᠭᠯᠠᠬᠤ ᠬᠢᠵᠠᠭᠠᠷᠲᠤ ᠺᠣᠮᠫᠠᠨᠢ ᠶᠢᠨ ᠬᠢᠨ ᠳᠤ ᠬᠦᠷᠴᠦ ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠶᠢ ᠦᠷᠨᠢᠭᠦᠯᠬᠦ ᠪᠡᠷ ᠳᠠᠮᠵᠢᠭᠤᠯᠤᠨ ᠂ ᠠᠵᠤ ᠠᠬᠤᠶᠢᠯᠠᠯ ᠳᠤ ᠭᠦᠨᠵᠡᠭᠡᠢᠷᠡᠨ ᠣᠳᠣᠬᠠᠨ ᠳᠤ ᠲᠡᠳᠡᠨᠦᠰ ᠲᠤ ᠣᠷᠣᠰᠢᠵᠤ ᠪᠠᠶᠢᠭ᠎ᠠ ᠬᠦᠴᠢᠷ ᠪᠡᠷᠬᠡᠰᠢᠶᠡᠯ ᠢ ᠤᠢᠯᠭᠠᠭᠰᠠᠨ ᠪᠠᠢᠨ᠎ᠠ ᠃
ᠣᠷᠳᠣᠰ ᠬᠣᠲᠠ ᠶᠢᠨ ᠬᠠᠢ ᠶᠸ ᠭᠡᠷ ᠬᠥᠷᠦᠩᠭᠡ ᠭᠠᠵᠠᠷ ᠰᠢᠷᠣᠶ ᠶᠢ ᠨᠡᠭᠡᠭᠡᠨ ᠠᠰᠢᠭᠯᠠᠬᠤ ᠬᠢᠵᠠᠭᠠᠷᠲᠤ ᠺᠣᠮᠫᠠᠨᠢ ᠶᠢᠨ ᠬᠢᠨ ᠪᠣᠯ ᠳᠠᠯᠠᠳ ᠬᠣᠰᠢᠭᠤᠨ ᠤ ᠱᠠᠭᠢᠮᠤᠨᠢ ᠵᠤᠤ ᠪᠠᠯᠭᠠᠰᠤᠨ ᠳᠤ ᠪᠠᠢᠵᠤ᠂ ᠭᠣᠣᠯ ᠡᠵᠡᠩᠨᠡᠯᠲᠡ ᠶᠢᠨ ᠬᠡᠪᠴᠢᠶ᠎ᠡ ᠨᠢ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠨᠡᠭᠡᠭᠡᠨ ᠠᠰᠢᠭᠯᠠᠵᠤ ᠡᠵᠡᠩᠨᠡᠵᠦ ᠂ ᠢᠯᠴᠢ ᠬᠠᠩᠭᠠᠬᠤ ᠂ ᠠᠳᠠᠯ ᠠᠬᠤᠶ ᠵᠡᠷᠭᠡ ᠃
ᠲᠤᠰ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠬᠠᠭᠰᠠᠨ ᠢᠶᠡᠷ᠂ ᠺᠣᠮᠫᠠᠨᠢ ᠨᠢ ᠣᠳᠣᠬᠠᠨ ᠳᠤ ᠭᠣᠣᠯᠳᠠᠭᠤ ᠳᠣᠣᠷᠠᠬᠢ ᠮᠡᠲᠦ ᠭᠤᠷᠪᠠᠨ ᠲᠠᠯ᠎ᠠ ᠶᠢᠨ ᠬᠦᠴᠢᠷᠳᠡᠯ ᠳᠤ ᠲᠤᠯᠭᠠᠷᠠᠵᠤ ᠪᠠᠢᠨ᠎ᠠ ᠃ ᠨᠢᠭᠡ ᠳᠦ ᠂ ᠪᠠᠩᠬᠢ ᠶᠢᠨ ᠪᠠᠷᠢᠴᠠᠭᠠᠳᠦ ᠵᠢᠭᠡᠯᠡᠯᠭᠡ ᠪᠡᠷ ᠭᠡᠷ ᠬᠤᠳᠠᠯᠳᠤᠨ ᠠᠪᠤᠭᠰᠠᠨ ᠬᠥᠮᠦᠨ ᠵᠢᠭᠡᠯᠡᠯᠭᠡ ᠪᠡᠨ ᠪᠤᠴᠠᠭᠠᠬᠤ ᠠᠷᠭ᠎ᠠ ᠦᠭᠡᠢ ᠪᠣᠯᠤᠭᠰᠠᠨ ᠪᠠᠶᠢᠳᠠᠯ ᠳᠣᠣᠷ᠎ᠠ ᠂ ᠪᠠᠩᠬᠢ ᠡᠴᠡ ᠭᠡᠷ ᠪᠠᠶᠢᠰᠢᠩ ᠭᠠᠵᠠᠷ ᠰᠢᠷᠣᠶ ᠶᠢᠨ ᠺᠣᠮᠫᠠᠨᠢ ᠶᠢᠨ ᠪᠠᠩᠬᠢ ᠳᠤ ᠪᠠᠢᠭ᠎ᠠ ᠪᠠᠲᠤᠯᠠᠭ᠎ᠠ ᠶᠢᠨ ᠮᠥᠩᠭᠥ ᠶᠢ ᠨᠢ ᠵᠢᠬᠡᠯᠡᠯᠭᠡ ᠶᠢᠨ ᠣᠷᠣᠨ ᠳᠤ ᠰᠠᠭᠤᠯᠭᠠᠨ ᠠᠪᠳᠠᠭ᠃ ᠭᠡᠷ ᠪᠠᠶᠢᠰᠢᠩ ᠭᠠᠵᠠᠷ ᠬᠥᠷᠦᠩᠭᠡ ᠶᠢᠨ ᠺᠣᠮᠫᠠᠨᠢ ᠬᠢᠭᠡᠳ ᠪᠠᠩᠬᠢ ᠴᠥᠮ ᠨᠢᠭᠡᠨᠲᠡ ᠬᠡᠷ ᠪᠠᠶᠢᠰᠢᠩ ᠬᠤᠳᠠᠯᠳᠤᠨ ᠠᠪᠤᠭᠰᠠᠨ ᠬᠥᠮᠦᠨ ᠢ ᠰᠢᠭᠦᠬᠦ ᠬᠣᠷᠢᠶᠠᠨ ᠳᠤ ᠵᠠᠭᠠᠯᠳᠤᠭᠰᠠᠨ ᠪᠣᠯᠪᠠᠴᠤ᠂ ᠰᠢᠭᠦᠬᠦ ᠬᠣᠷᠢᠶᠠᠨ ᠤ ᠡᠶᠢᠮᠦᠷᠬᠦ ᠲᠤᠬᠠᠶᠢᠯᠠᠭᠰᠠᠨ ᠠᠵᠢᠯ ᠨᠢ ᠳᠡᠩᠳᠡᠭᠦᠦ ᠠᠷᠪᠢᠨ ᠡᠴᠡ᠂ ᠪᠦᠲᠦᠮᠵᠢᠲᠡᠶ ᠪᠡᠷ ᠰᠢᠶᠳᠪᠦᠷᠢᠯᠡᠵᠦ ᠴᠢᠳᠠᠭᠰᠠᠨ ᠦᠭᠡᠢ ᠂ ᠵᠠᠷᠢᠮ ᠨᠢ ᠬᠡᠳᠦᠶᠢᠪᠡᠷ ᠵᠠᠷᠭᠤ ᠢᠯᠠᠭᠰᠠᠨ ᠪᠣᠯᠪᠠᠴᠤ ᠂ ᠴᠠᠭ ᠲᠤᠬᠠᠶ ᠳᠤᠨᠢ ᠭᠦᠢᠴᠡᠳᠬᠡᠵᠦ ᠳᠠᠭᠤᠰᠬᠠᠭᠰᠠᠨ ᠦᠭᠡᠢ ᠃ ᠬᠣᠶᠠᠷ ᠲᠤ ᠳᠤᠯᠠᠭᠠᠯᠠᠭ᠎ᠠ ᠶᠢᠨ ᠵᠠᠷᠤᠳᠠᠯ ᠤᠨ ᠠᠰᠠᠭᠤᠳᠠᠯ ᠪᠣᠯᠤᠨ᠎ᠠ ᠃ ᠣᠯᠠᠩᠬᠢ ᠠᠶᠢᠯ ᠨᠢ ᠮᠥᠩᠭᠦ ᠲᠥᠭᠦᠷᠢᠭ ᠬᠦᠷᠦᠯᠴᠡᠬᠦ ᠦᠭᠡᠢ ᠡᠴᠡ ᠪᠣᠯᠵᠤ ᠳᠤᠯᠠᠭᠠᠯᠠᠭ᠎ᠠ ᠶᠢᠨ ᠵᠠᠷᠤᠳᠠᠯ ᠮᠥᠩᠭᠥ ᠪᠡᠨ ᠲᠤᠰᠢᠶᠠᠬᠤ ᠦᠭᠡᠶ ᠪᠠᠢᠳᠠᠭ᠂ ᠭᠡᠪᠡᠴᠦ ᠬᠡᠰᠡᠭ ᠠᠶᠢᠯ ᠳᠤᠯᠠᠭᠠᠯᠠᠭ᠎ᠠ ᠶᠢᠨ ᠵᠠᠷᠤᠳᠠᠯ ᠲᠤᠰᠢᠶᠠᠬᠤ ᠦᠭᠡᠢ ᠰᠢᠯᠲᠠᠭᠠᠨ ᠠᠴᠠ ᠪᠤᠯᠵᠤ ᠳᠤᠯᠠᠭᠠᠯᠭ᠎ᠠ ᠶᠢᠨ ᠬᠠᠩᠭᠠᠯᠭ᠎ᠠ ᠶᠢ ᠨᠢ ᠵᠣᠭᠰᠤᠭᠠᠵᠤ ᠪᠤᠰᠤᠳ ᠠᠢᠯ ᠤᠨ ᠳᠤᠯᠠᠭᠠᠯᠭ᠎ᠠ ᠬᠦᠷᠲᠡᠬᠦ ᠶᠢ ᠨᠥᠯᠦᠭᠡᠯᠡᠵᠦ ᠪᠣᠯᠬᠤ ᠦᠭᠡᠢ᠃ ᠺᠣᠮᠫᠠᠨᠢ ᠴᠤ ᠠᠷᠭ᠎ᠠ ᠬᠡᠮᠵᠢᠶ᠎ᠡ ᠠᠪᠴᠤ ᠮᠡᠳᠡᠭᠳᠡᠯ ᠦᠨ ᠬᠠᠭᠤᠳᠠᠰᠤ ᠨᠠᠭᠠᠳᠠᠭ᠂ ᠭᠡᠪᠡᠴᠦ ᠴᠥᠮ ᠠᠰᠠᠭᠤᠳᠠᠯ ᠢ ᠰᠢᠢᠳᠪᠦᠷᠢᠯᠡᠵᠦ ᠳᠡᠢᠯᠦᠭᠰᠡᠨ ᠦᠭᠡᠢ ᠃ ᠭᠤᠷᠪᠠ ᠳᠤ ᠂ ᠠᠳᠠᠯ ᠠᠬᠤᠶ ᠶᠢᠨ ᠰᠦᠢᠳᠬᠡᠯ ᠢᠶᠡᠨ ᠠᠰᠠᠭᠤᠳᠠᠯ ᠪᠣᠯᠤᠨ᠎ᠠ ᠃ ᠣᠯᠠᠩᠬᠢ ᠠᠶᠢᠯ ᠠᠳᠠᠯ ᠠᠬᠤᠶ ᠶᠢᠨ ᠰᠦᠢᠳᠬᠡᠯ ᠢᠶᠡᠨ ᠲᠤᠰᠢᠶᠠᠬᠤ ᠦᠭᠡᠢ ᠡᠴᠡ ᠪᠣᠯᠵᠤ᠂ ᠺᠣᠮᠫᠠᠨᠢ ᠨᠢ ᠬᠣᠷᠢᠶᠠᠯᠠᠯ ᠤᠨ ᠠᠮᠤᠷ ᠢ ᠬᠠᠮᠠᠭᠠᠯᠠᠭᠴᠢ ᠪᠠ ᠴᠡᠪᠡᠷᠯᠡᠭᠴᠢ ᠤᠨ ᠴᠠᠯᠢᠩ ᠢ ᠥᠭᠴᠦ ᠲᠡᠢᠯᠬᠦ ᠦᠭᠡᠢ ᠪᠣᠯᠤᠭᠰᠠᠨ ᠪᠠᠢᠯ᠎ᠠ ᠃ ᠡᠳᠡᠭᠡᠷ ᠠᠰᠠᠭᠤᠳᠠᠯ ᠳᠤ ᠴᠢᠭᠯᠡᠭᠦᠯᠦᠨ ᠂ ᠺᠣᠮᠫᠠᠨᠢ ᠡᠴᠡ ᠡᠶᠢᠮᠦᠷᠬᠦ ᠬᠡᠷᠡᠭ ᠢ ᠪᠠᠭ᠎ᠠ ᠲᠣᠭᠣᠷᠢᠭ ᠳᠣᠲᠣᠷ᠎ᠠ ᠲᠢᠩᠬᠢᠮ ᠨᠡᠭᠡᠭᠡᠵᠦ ᠂ ᠰᠦᠢᠳᠬᠡᠯ ᠲᠤᠰᠢᠶᠠᠬᠤ ᠦᠭᠡᠢ ᠬᠡᠳᠦᠨ ᠨᠡᠶᠢᠲᠡᠯᠢᠭ ᠬᠥᠮᠦᠰ ᠲᠤ ᠠᠯᠪᠠᠳᠠᠨ ᠭᠦᠢᠴᠡᠳᠬᠡᠬᠦ ᠠᠷᠭ᠎ᠠ ᠬᠡᠮᠵᠢᠶ᠎ᠡ ᠠᠪᠤᠨ ᠂ ᠪᠤᠰᠤᠳ ᠬᠥᠮᠦᠰ ᠲᠤ ᠴᠡᠭᠡᠷᠯᠡᠯ ᠦᠵᠡᠭᠦᠯᠬᠦ ᠦᠢᠯᠡᠳᠦᠯ ᠭᠠᠷᠭᠠᠬᠤ ᠶᠢ ᠬᠦᠰᠡᠮᠵᠢᠯᠡᠭᠰᠡᠨ ᠪᠠᠢᠨ᠎ᠠ ᠃ ᠡᠭᠦᠨ ᠡᠴᠡ ᠭᠠᠳᠠᠨ᠎ᠠ ᠂ ᠠᠵᠤ ᠠᠬᠤᠶᠢᠯᠠᠯ ᠤᠨ ᠪᠡᠯᠡ ᠮᠥᠩᠭᠥ ᠳᠤᠲᠠᠭᠳᠠᠬᠤ ᠠᠰᠠᠭᠤᠳᠠᠯ ᠡᠴᠡ ᠪᠣᠯᠵᠤ ᠬᠡᠯᠪᠡᠷᠢ ᠪᠡᠨ ᠬᠤᠪᠢᠷᠠᠭᠤᠯᠤᠨ ᠶᠡᠬᠡᠳᠬᠡᠬᠦ ᠳᠤ ᠪᠡᠷᠬᠡᠲᠡᠶ ᠂ ᠵᠥᠪᠬᠡᠨ ᠣᠳᠣᠬᠢ ᠪᠠᠶᠢᠳᠠᠯ ᠢᠶᠡᠨ ᠬᠡᠪ ᠢᠶᠡᠷ ᠪᠠᠢᠯᠭᠠᠵᠤ ᠴᠢᠳᠠᠨ᠎ᠠ ᠭᠡᠪᠡ ᠃
ᠪᠠᠶᠢᠴᠠᠭᠠᠨ ᠰᠣᠳᠤᠯᠠᠬᠤ ᠪᠡᠷ ᠳᠠᠮᠵᠢᠨ ᠂ ᠰᠢᠭᠦᠭᠴᠢ ᠴᠠᠭᠳᠠᠭ᠎ᠠ ᠨᠠᠷ ᠂ ᠣᠳᠣᠬᠠᠨ ᠤ ᠬᠡᠷᠡᠭ ᠣᠯᠠᠨ ᠬᠥᠮᠦᠨ ᠴᠥᠭᠡᠨ ᠪᠠᠶᠢᠬᠤ ᠪᠠᠶᠢᠳᠠᠯ ᠳᠣᠣᠷ᠎ᠠ ᠂ ᠴᠢᠳᠠᠬᠤ ᠶᠢᠨ ᠳᠣᠲᠣᠷ᠎ᠠ ᠬᠡᠷᠡᠭ ᠢ ᠰᠢᠭᠦᠬᠦ ᠪᠠ ᠭᠦᠢᠴᠡᠳᠬᠡᠬᠦ ᠶᠢ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠤᠯᠠᠨ ᠲᠦᠮᠡᠨ ᠦ ᠬᠦᠴᠢᠷ ᠪᠡᠷᠬᠡᠰᠢᠶᠡᠯ ᠢ ᠰᠢᠶᠳᠪᠦᠷᠢᠯᠡᠬᠦ ᠬᠡᠷᠡᠭᠲᠡᠶ ᠭᠡᠳᠡᠭ ᠢ ᠭᠦᠨᠵᠡᠭᠡᠢ ᠲᠠᠨᠢᠵᠤ ᠣᠯᠤᠭᠰᠠᠨ ᠪᠠᠢᠨ᠎ᠠ᠃ ᠬᠡᠷᠡᠭ ᠢ ᠰᠢᠭᠦᠬᠦ ᠶᠠᠪᠤᠴᠠ ᠳᠤ ᠂ ᠲᠤᠭᠠᠴᠢᠯᠠᠭᠰᠠᠨ ᠰᠢᠭᠦᠬᠦ ᠲᠢᠩᠬᠢᠮ ᠢ ᠪᠦᠲᠦᠭᠡᠨ ᠪᠠᠢᠭᠤᠯᠬᠤ ᠶᠢᠨ ᠳᠠᠭᠠᠤ ᠳᠤ ᠂ ᠪᠠᠰᠠ ᠳᠤᠭᠲᠠᠭᠰᠠᠨ ᠬᠤᠭᠤᠴᠠᠭ᠎ᠠ ᠲᠠᠢ ᠪᠡᠷ ᠪᠠᠭ᠎ᠠ ᠲᠣᠭᠣᠷᠢᠭ ᠤᠨ ᠲᠤᠬᠠᠶ ᠶᠢᠨ ᠭᠠᠵᠠᠷ ᠲᠤᠨᠢ ᠬᠥᠷᠥᠨ ᠲᠢᠩᠬᠢᠮ ᠨᠡᠬᠡᠭᠡᠨ᠂ ᠨᠢᠭᠡ ᠬᠡᠷᠡᠭ ᠰᠢᠭᠦᠨ ᠰᠢᠶᠳᠪᠦᠷᠢᠯᠡᠬᠦ ᠪᠡᠷ ᠳᠠᠮᠵᠢᠭᠤᠯᠤᠨ᠂ ᠨᠡᠢᠲᠠ ᠤᠯᠠᠨ ᠢ ᠰᠤᠷᠭᠠᠨ ᠬᠥᠮᠦᠵᠢᠭᠦᠯᠬᠦ ᠰᠠᠢᠨ ᠦᠷ᠎ᠡ ᠪᠦᠲᠦᠮᠵᠢ ᠤᠯᠬᠤ ᠪᠡᠷ ᠴᠢᠷᠮᠠᠢᠬᠤ ᠬᠡᠷᠡᠭᠲᠠᠢ ᠃
ᠦᠨᠡᠯᠡᠬᠦ 0ᠦᠨᠡᠯᠡᠯᠲᠡ ᠲᠠᠢ