ᠤᠯᠠᠨ ᠲᠠᠯ᠎ᠠ ᠶᠢᠨ ᠬᠢᠨᠢ ᠬᠦᠨᠳᠦᠳᠬᠡᠨ ᠦᠵᠡᠵᠦ ᠬᠡᠷᠡᠴᠢᠯᠡᠯᠲᠡ ᠰᠣᠨᠤᠰᠬᠤ ᠬᠤᠷᠠᠯ ᠢ ᠬᠠᠮᠲᠤᠷᠠᠨ ᠠᠬᠢᠭᠤᠯᠪᠠ
2016.12.07 ᠲᠣᠰ ᠥᠷᠲᠡᠭᠡᠨ ᠦ ᠨᠠᠢᠷᠠᠭᠤᠯᠤᠭᠴᠢ

ᠣᠶᠢᠷ᠎ᠠ ᠳᠤ ᠂ ᠬᠣᠲᠠ ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠬᠡᠷᠡᠭ ᠪᠣᠯᠭᠠᠨ ᠳᠠᠩᠰᠠᠯᠠᠬᠤ  ᠬᠣᠶᠠᠳᠤᠭᠠᠷ ᠲᠢᠩᠬᠢᠮ  ᠤᠨ ᠳᠠᠷᠤᠭ᠎ᠠ  ᠯᠢᠦ  ᠰᠢᠨ ᠤᠲᠤᠭ ᠬᠣᠰᠢᠭᠤᠨ ᠤ ᠰᠢᠬᠦᠭᠦ ᠬᠣᠷᠢᠶᠠᠨ ᠳᠤ ᠬᠦᠷᠴᠦ᠂ ᠲᠤᠰ ᠬᠣᠷᠢᠶᠠᠨ ᠤ ᠪᠡᠭᠡᠵᠢᠩ  ᠣᠷᠣᠵᠤ ᠳᠡᠭᠡᠭᠰᠢ ᠰᠤᠷᠪᠤᠯᠵᠢᠯᠠᠭᠰᠠᠨ ᠬᠡᠷᠡᠭ  ᠤᠨ ᠭᠡᠷᠡᠴᠢᠯᠡᠭᠡ ᠰᠣᠨᠣᠰᠬᠤ ᠬᠤᠷᠠᠯ  ᠢ ᠵᠢᠭᠠᠨ ᠵᠢᠯᠣᠭᠣᠳᠤᠭᠰᠠᠨ ᠪᠥᠭᠡᠳ ᠪᠦᠬᠦ ᠶᠠᠪᠤᠴᠠ  ᠳᠤ ᠬᠠᠵᠠᠭᠤ ᠡᠴᠡ ᠨᠢ ᠰᠣᠨᠤᠰᠪᠠ᠃

ᠡᠨᠡ ᠤᠳᠠᠭᠠᠨ ᠤ  ᠬᠡᠷᠡᠴᠢᠯᠡᠭᠡ ᠰᠣᠨᠣᠰᠬᠤ ᠬᠤᠷᠠᠯ   ᠢ  ᠬᠣᠲᠠ ᠶᠢᠨ  ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠹᠠᠨ ᠶᠥᠦ ᠹᠦ᠋ ᠳᠡᠳ᠋ ᠳᠠᠷᠤᠭ᠎ᠠ ᠪᠠ ᠤᠳᠤᠭ  ᠬᠣᠰᠢᠭᠤᠨ ᠤ ᠠᠷᠠᠳ ᠤᠨ ᠰᠢᠭᠦᠬᠦ  ᠬᠣᠷᠢᠶᠠᠨ ᠤ ᠳᠠᠷᠤᠭ᠎ᠠ ᠯᠢᠦ  ᠶᠥᠩ ᠵᠢᠶᠦ᠋ᠨ  ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠵᠢᠭᠠᠪᠤᠷᠢ ᠭᠠᠷᠭᠠᠨ᠂ ᠤᠳᠤᠭ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠬᠡᠷᠡᠭ ᠪᠣᠯᠭᠠᠨ ᠳᠠᠩᠰᠠᠯᠠᠬᠤ  ᠬᠣᠶᠠᠳᠤᠭᠠᠷ ᠲᠢᠩᠬᠢᠮ ᠭᠡᠷᠡᠴᠢᠯᠡᠭᠡ ᠰᠣᠨᠣᠰᠬᠤ ᠬᠤᠷᠠᠯ ᠬᠠᠲᠠᠭᠤ  ᠲᠣᠨᠤᠭ ᠤᠨ ᠲᠥᠬᠥᠭᠡᠷᠦᠮᠵᠢ ᠪᠡᠯᠡᠨ ᠪᠣᠯᠭᠠᠬᠤ ᠬᠡᠷᠡᠭᠲᠡᠶ  ᠭᠡᠵᠦ ᠂  ᠬᠡᠷᠡᠴᠢᠯᠡᠭᠡ  ᠰᠣᠨᠤᠰᠬᠤ ᠬᠤᠷᠠᠯ ᠳᠤ ᠣᠷᠤᠯᠴᠠᠬᠤ ᠡᠯ᠎ᠡ  ᠡᠲᠡᠭᠡᠳ ᠢ ᠪᠡᠶ᠎ᠡ ᠪᠡᠷ ᠢᠶᠡᠨ ᠤᠷᠢᠵᠤ ᠂ ᠵᠠᠬᠢᠳᠠᠯ ᠰᠤᠷᠪᠤᠯᠵᠢᠯᠠᠭ᠎ᠠ ᠬᠢᠭᠰᠡᠳ ᠮᠡᠳᠡᠭᠳᠡᠯ ᠤᠯᠬᠤ ᠶᠢ ᠦᠨᠡᠨᠬᠦ  ᠪᠠᠲᠤᠯᠠᠵᠤ ᠂ ᠡᠨᠡ  ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ  ᠤᠨ ᠲᠡᠭᠦᠰᠬᠡᠯ ᠤᠨ ᠬᠡᠷᠡᠴᠢᠯᠡᠭᠡ ᠰᠣᠨᠤᠰᠬᠤ ᠬᠤᠷᠠᠯ  ᠲᠡᠭᠦᠰ ᠠᠮᠵᠢᠯᠲᠠ ᠳᠠᠢ ᠥᠨᠳᠦᠷᠯᠡᠬᠦ ᠳᠤ ᠪᠠᠲᠤᠯᠠᠭ᠎ᠠ ᠬᠠᠩᠭᠠᠬᠤ ᠬᠡᠷᠡᠭᠲᠠᠢ ᠭᠡᠪᠡ ᠃  ᠬᠣᠲᠠ  ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠲᠢᠩᠬᠢᠮ ᠦᠨ ᠳᠠᠷᠤᠭ᠎ᠠ ᠯᠢᠦ  ᠰᠢᠨ ᠤᠲᠤᠭ ᠬᠣᠰᠢᠭᠤᠨ ᠤ ᠰᠢᠭᠦᠬᠦ ᠬᠣᠷᠢᠶᠠᠨ ᠤ ᠬᠡᠷᠡᠭ ᠪᠣᠯᠭᠠᠨ ᠳᠠᠩᠰᠠᠯᠠᠬᠤ ᠬᠣᠶᠠᠳᠤᠭᠠᠷ ᠲᠢᠩᠬᠢᠮ ᠦᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ  ᠲᠡᠭᠦᠰᠬᠡᠯ ᠤᠨ ᠬᠡᠷᠡᠴᠢᠯᠡᠬᠡ ᠰᠣᠨᠤᠰᠬᠤ ᠬᠤᠷᠠᠯ ᠤᠨ ᠶᠠᠪᠤᠴᠠ ᠳᠤ ᠨᠠᠷᠢᠯᠢᠭ ᠵᠢᠯᠤᠭᠤᠳᠤᠯᠭ᠎ᠠ ᠬᠠᠩᠭᠠᠵᠤ᠂ ᠳᠠᠭᠠᠤ ᠳᠤ ᠨᠢ ᠬᠤᠷᠠᠯ ᠤᠨ ᠡᠮᠦᠨᠡᠬᠢ ᠪᠡᠯᠡᠳᠬᠡᠯ ᠠᠵᠢᠯ ᠳᠤ ᠬᠢᠨᠠᠯᠲᠠ ᠲᠠᠯᠪᠢᠪᠠ᠃ ᠤᠳᠤᠭ ᠬᠣᠰᠢᠭᠤᠨ ᠤ ᠨᠠᠮ ᠤᠨ ᠬᠣᠷᠢᠶ᠎ᠠ ᠵᠠᠰᠠᠭ ᠤᠨ ᠣᠷᠳᠣᠨ ᠴᠤ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠰᠢᠭᠦᠬᠦ ᠬᠣᠷᠢᠶᠠᠨ ᠤ ᠡᠯ᠎ᠡ ᠵᠦᠢᠯ ᠦᠨ ᠠᠵᠢᠯ ᠢ ᠢᠳᠡᠪᠬᠢᠲᠡᠶ  ᠬᠠᠮᠵᠢᠯᠴᠠᠪᠠ ᠃ ᠭᠡᠷᠡᠴᠢᠯᠡᠭᠡ ᠰᠣᠨᠣᠰᠬᠤ ᠬᠤᠷᠠᠯ  ᠤᠨ ᠲᠤᠰ ᠡᠳᠦᠷ ᠤᠯᠤᠰ ᠲᠥᠷᠥ ᠬᠠᠤᠯᠢ ᠴᠠᠭᠠᠵᠠ ᠶᠢᠨ ᠬᠣᠷᠢᠶ᠎ᠠ ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠂ ᠤᠯᠤᠰ ᠲᠦᠷᠦ ᠶᠢᠨ ᠵᠥᠪᠯᠡᠯᠭᠡᠨ ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠂ ᠪᠠᠶᠢᠴᠠᠭᠠᠬᠤ ᠬᠣᠷᠢᠶ᠎ᠠ ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠨᠢᠭᠡᠴᠡ  ᠬᠡᠷᠡᠴᠢᠯᠡᠭᠡ ᠰᠣᠨᠣᠰᠬᠤ ᠬᠤᠷᠠᠯ ᠳᠤ ᠪᠠᠢᠯᠴᠠᠵᠤ ᠂ ᠠᠷᠠᠳ ᠤᠨ ᠬᠠᠪᠰᠤᠷᠤᠨ ᠰᠢᠭᠦᠭᠴᠢ  ᠂ ᠵᠢᠴᠢ ᠬᠠᠤᠯᠢᠴᠢ ᠨᠠᠷ  ᠴᠤ  ᠲᠤᠰ ᠤᠲᠠᠭᠠᠨ ᠤ ᠬᠤᠷᠠᠯ ᠳᠤ ᠣᠷᠤᠯᠴᠠᠪᠠ ᠃

 ᠬᠡᠷᠡᠴᠢᠯᠡᠭᠡ ᠰᠣᠨᠣᠰᠬᠤ ᠬᠤᠷᠠᠡᠯ᠎ᠡ ᠳᠡᠭᠡᠷ᠎ᠡ ᠳᠡᠭᠡᠭᠰᠢ ᠰᠤᠷᠪᠤᠯᠵᠢᠯᠠᠭᠰᠠᠨ ᠡᠲᠡᠭᠡᠳ ᠤᠨ ᠬᠢᠨᠢ ᠬᠤᠷᠠᠯ ᠳᠤ ᠣᠷᠤᠯᠴᠠᠭᠰᠠᠨ ᠡᠯ᠎ᠡ ᠡᠲᠡᠭᠡᠳ ᠤᠨ ᠬᠢᠨᠢ ᠳᠤ  ᠵᠠᠬᠢᠳᠠᠯ  ᠰᠤᠷᠪᠤᠯᠵᠢᠯᠠᠠᠭ᠎ᠠ  ᠶᠢᠨ ᠱᠠᠭᠠᠷᠳᠠᠯᠭ᠎ᠠ ᠪᠠ ᠦᠵᠡᠯᠲᠡ  ᠪᠡᠨ ᠶᠠᠷᠢᠵᠦ ᠡᠯ᠎ᠡ ᠡᠲᠡᠭᠡᠳ ᠤᠨ ᠬᠢᠨᠢ ᠴᠦ ᠢᠳᠡᠪᠬᠢᠲᠠᠢ ᠪᠡᠷ ᠰᠠᠨᠠᠯ ᠢᠶᠡᠨ ᠢᠯᠡᠳᠬᠡᠵᠡᠶ ᠃ ᠵᠠᠬᠢᠳᠠᠯ ᠰᠤᠷᠪᠤᠯᠵᠢᠯᠠᠭ᠎ᠠ ᠬᠢᠭᠰᠡᠳ  ᠤᠲᠤᠭ  ᠬᠣᠰᠢᠭᠤᠨ ᠤ ᠠᠷᠠᠳ ᠤᠨ ᠰᠢᠭᠦᠬᠦ ᠬᠣᠷᠢᠶ᠎ᠠ ᠵᠢᠴᠢ ᠡᠯ᠎ᠡ ᠨᠢᠭᠡᠴᠡ  ᠶᠢᠨ ᠲᠡᠭᠦᠨ ᠦ ᠬᠡᠷᠡᠭ ᠢ ᠠᠩᠬᠠᠷᠴᠤ ᠂ ᠵᠢᠴᠢ ᠲᠡᠭᠦᠨ ᠦ ᠬᠤᠪᠢ ᠬᠥᠮᠦᠨ ᠳᠦ ᠬᠠᠯᠠᠮᠵᠢᠯᠠᠯ   ᠬᠦᠷᠲᠡᠭᠡᠭᠰᠡᠨ ᠳᠤ ᠲᠠᠯᠠᠷᠬᠠᠵᠤ ᠪᠠᠢᠨ᠎ᠠ ᠭᠡᠰᠡᠨ ᠪᠥᠭᠡᠳ ᠂ ᠤᠳᠤᠭ ᠬᠣᠰᠢᠭᠤᠨ ᠤ ᠠᠷᠠᠳ ᠤᠨ ᠰᠢᠭᠦᠬᠦ ᠬᠣᠷᠢᠶ᠎ᠠ ᠲᠠᠢ ᠢᠳᠡᠪᠬᠢᠲᠠᠢ ᠪᠡᠷ ᠬᠠᠮᠵᠢᠯᠴᠠᠨ ᠬᠠᠤᠯᠢ ᠴᠠᠭᠠᠵᠠ ᠬᠠᠤᠯᠢ ᠲᠣᠭᠲᠠᠭᠠᠯ  ᠢ ᠦᠨᠳᠦᠰᠦᠯᠡᠨ ᠂ ᠡᠨᠡ ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢ ᠳᠠᠭᠤᠰᠬᠠᠬᠤ ᠂ ᠵᠦᠢ ᠵᠣᠬᠢᠰᠲᠠᠶ ᠂ ᠬᠠᠤᠯᠢ ᠶᠣᠰᠣᠨ ᠤ ᠭᠣᠮᠣᠳᠠᠯ ᠭᠤᠶᠤᠴᠢᠯᠠᠯ  ᠢᠶᠡᠨ  ᠢᠯᠡᠳᠬᠡᠨ᠎ᠡ ᠬᠡᠵᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )