2016ᠤᠨ ᠤ6 ᠰᠠᠷ᠎ᠠ ᠶᠢᠨ16 ᠤ ᠦᠳᠡ ᠶᠢᠨ ᠡᠮᠦᠨ᠎ᠡ ᠂ ᠢᠷᠭᠡᠨ ᠦ ᠬᠡᠷᠡᠭ ᠤᠨ ᠵᠢᠷᠭᠤᠳᠤᠭᠠᠷ ᠲᠢᠩᠬᠢᠮ ᠳᠠᠬᠢᠨᠲᠠ ᠬᠡᠮᠡᠷᠯᠢᠭ ᠲᠤᠭ ᠣᠯᠪᠠ᠃ ᠡᠨᠡ ᠨᠢ ᠳ᠋ᠦᠩᠱᠧᠩ ᠲᠣᠭᠣᠷᠢᠭ ᠤᠨ ᠶᠠᠩ ᠠᠪᠤᠭᠠᠶ ᠡᠴᠡ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠢᠷᠭᠡᠨ ᠤ ᠬᠡᠷᠡᠭ ᠤᠨ ᠵᠢᠷᠭᠤᠳᠤᠭᠠᠷ ᠲᠢᠩᠬᠢᠮ ᠤᠨ ᠬᠠᠤᠯᠢ ᠶᠢᠨ ᠲᠤᠰᠢᠶᠠᠯᠲᠠᠨ ᠨᠢ ᡁᠢ ᠴᠢᠶᠠᠩ ᠬᠢᠭᠡᠳ ᠢᠷᠭᠡᠨ ᠤ ᠬᠡᠷᠡᠭ ᠤᠨ ᠵᠢᠷᠭᠤᠳᠤᠭᠠᠷ ᠲᠢᠩᠬᠢᠮ ᠤᠨ ᠪᠦᠬᠦ ᠨᠥᠬᠦᠳ ᠲᠤ ᠬᠦᠷᠭᠡᠭᠰᠡᠨ ᠪᠠᠢᠵᠤ᠂ ᠲᠡᠭᠦᠨ ᠤ ᠰᠢᠭᠦᠬᠦ ᠬᠣᠷᠢᠶᠠᠨ ᠳᠤ ᠢᠲᠡᠭᠡᠯ ᠲᠠᠢ ᠪᠠᠢᠬᠤ ᠪᠠ ᠰᠢᠭᠦᠬᠦ ᠲᠤᠰᠢᠶᠠᠯᠲᠠᠨ ᠳᠤ ᠲᠠᠯᠠᠷᠬᠠᠭᠰᠠᠨ ᠰᠡᠳᠬᠢᠯᠭᠡ ᠪᠡᠨ ᠢᠯᠡᠳᠬᠡᠪᠡ᠃ ᠬᠡᠮᠡᠷᠯᠢᠭ ᠳᠡᠭᠡᠷ᠎ᠡ 《 ᠬᠠᠤᠯᠢ ᠶᠢ ᠲᠥᠪ ᠭᠣᠣᠯᠴᠢ ᠪᠠᠷ ᠬᠡᠷᠡᠭᠵᠢᠭᠦᠯᠵᠦ ᠂ ᠠᠷᠢᠭᠤᠨ ᠴᠢᠬᠡᠴᠢ ᠪᠥᠭᠡᠳ ᠥᠨᠳᠥᠷ ᠪᠦᠲᠦᠮᠵᠢᠲᠡᠶ 》 ᠭᠡᠬᠦ ᠨᠠᠶᠮᠠᠨ ᠦᠰᠦᠭ ᠢ ᠨᠡᠮᠡᠵᠦ ᠂ ᠶᠠᠩ ᠠᠪᠤᠭᠠᠶ ᠲᠠᠯᠠᠷᠬᠠᠵᠤ ᠪᠠᠶᠢᠭ᠎ᠠ ᠰᠡᠳᠬᠢᠯᠭᠡ ᠪᠡᠨ ᠬᠦᠢᠴᠡᠳ ᠢᠯᠡᠳᠬᠡᠵᠡᠶ ᠃ ᠶᠠᠩ ᠠᠪᠤᠭᠠᠶ ᠨᠢ ᡁᠢ ᠴᠢᠶᠠᠩ ᠰᠢᠭᠦᠭᠴᠢ ᠵᠢᠴᠢ ᠬᠠᠮᠲᠤᠷᠠᠨ ᠵᠥᠪᠯᠡᠬᠦ ᠲᠢᠩᠬᠢᠮ ᠦᠨ ᠪᠦᠷᠢᠯᠳᠦᠬᠦᠨ ᠳᠤ᠄ 《 ᠬᠣᠶᠠᠳᠤᠭᠠᠷ ᠰᠢᠭᠦᠯᠲᠡ ᠳᠤ ᠰᠢᠭᠦᠬᠦ ᠬᠣᠷᠢᠶ᠎ᠠ ᠲᠥᠪ ᠭᠣᠣᠯᠴᠢ ᠪᠥᠭᠡᠳ ᠥᠨᠳᠥᠷ ᠪᠦᠲᠦᠮᠵᠢᠲᠡᠶ ᠰᠢᠭᠦᠨ ᠳᠠᠰᠤᠯᠠᠵᠤ᠂ ᠡᠢᠮᠦ ᠬᠤᠷᠳᠤᠨ ᠰᠢᠬᠦᠨ ᠳᠤᠭᠲᠠᠭᠠᠯᠲᠠ ᠭᠠᠷᠭᠠᠨ᠎ᠠ ᠭᠡᠵᠦ ᠪᠣᠳᠤᠵᠤ ᠣᠯᠤᠭᠰᠠᠨ ᠦᠭᠡᠢ ᠂ ᠡᠮᠦᠨ᠎ᠡ ᠨᠢ ᠵᠢᠯ ᠭᠠᠷᠤᠶ ᠪᠣᠯᠤᠭᠠᠳ ᠰᠢᠢᠳᠪᠦᠷᠢᠯᠡᠵᠦ ᠳᠡᠢᠯᠦᠭᠰᠡᠨ ᠦᠭᠡᠢ ᠪᠡᠷᠬᠡ ᠠᠰᠠᠭᠤᠳᠠᠯ ᠢ ᠂ ᠡᠢ᠌ᠮᠦ ᠲᠦᠷᠭᠡᠨ ᠰᠢᠢᠳᠪᠥᠷᠢᠯᠡᠴᠢᠬᠡᠯᠡ 》 ᠭᠡᠪᠡ᠃
ᠶᠠᠩ ᠠᠪᠤᠭᠠᠶ ᠪᠣᠯᠤᠨ ᠲᠡᠭᠦᠨ ᠦ ᠡᠬᠡᠨᠡᠷ ᠸᠠᠩ ᠠᠪᠠᠬᠠᠶ ᠨᠢᠭᠡ ᠤᠳᠠᠭᠠᠨ ᠤ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ ᠶᠢᠨ ᠵᠠᠭᠤᠷᠠᠯᠳᠤᠭᠠᠨ ᠤ ᠵᠠᠭᠠᠯᠳᠤᠭᠴᠢ ᠪᠣᠯᠵᠤ ᠂ ᠨᠢᠭᠡᠳᠦᠭᠡᠷ ᠰᠢᠭᠦᠯᠲᠡ ᠶᠢ ᠰᠢᠭᠦᠬᠦ ᠬᠣᠷᠢᠶ᠎ᠠ ᠰᠢᠭᠦᠨ ᠲᠠᠰᠤᠯᠤᠭᠰᠠᠨ ᠤ ᠳᠠᠷᠠᠭ᠎ᠠ ᠂ ᠶᠠᠩ ᠠᠪᠤᠭᠠᠶ ᠪᠣᠯᠤᠨ ᠲᠡᠭᠦᠨ ᠦ ᠡᠬᠡᠨᠡᠷ ᠨᠢ ᠨᠢᠭᠡᠳᠦᠭᠡᠷ ᠰᠢᠭᠦᠯᠲᠡ ᠶᠢᠨ ᠰᠢᠭᠦᠨ ᠲᠠᠰᠤᠯᠤᠯᠲᠠ ᠳᠤ ᠭᠡᠷ ᠪᠠᠶᠢᠰᠢᠩ ᠬᠤᠳᠠᠯᠳᠤᠨ ᠠᠪᠬᠤ ᠮᠥᠩᠭᠥ ᠵᠣᠭᠣᠰ ᠤᠨ ᠲᠣᠭ᠎ᠠ ᠨᠢ ᠭᠡᠳᠤ ᠪᠠᠭ᠎ᠠ ᠪᠥᠭᠡᠳ ᠭᠡᠷ᠎ᠡ ᠵᠥᠷᠢᠴᠡᠭᠰᠡᠨ ᠮᠥᠩᠭᠥ ᠶᠢ ᠨᠢ ᠪᠤᠷᠤᠭᠤ ᠪᠣᠳᠤᠭᠰᠠᠨ ᠢᠶᠡᠷ ᠰᠢᠯᠲᠠᠭ ᠪᠣᠯᠭᠠᠨ ᠂ ᠬᠣᠶᠠᠳᠤᠭᠠᠷ ᠰᠢᠭᠦᠯᠲᠡ ᠶᠢᠨ ᠰᠢᠭᠦᠬᠦ ᠬᠣᠷᠢᠶᠠᠨ ᠳᠤ ᠵᠠᠭᠠᠯᠳᠤᠭᠰᠠᠨ ᠪᠣᠯᠤᠨ᠎ᠠ ᠃ ᠬᠣᠶᠠᠳᠤᠭᠠᠷ ᠰᠢᠭᠦᠯᠲᠡ ᠶᠢᠨ ᠶᠠᠪᠤᠴᠠ ᠳᠤ ᠶᠠᠩ ᠠᠪᠤᠭᠠᠶ ᠶᠢᠨ ᠡᠴᠢᠭᠡ ᠨᠢ ᠡᠪᠡᠳᠴᠢᠯᠡᠨ ᠪᠣᠯᠬᠣᠷ ᠭᠡᠷ ᠲᠡᠬᠡᠨ ᠬᠡᠪᠲᠡᠵᠦ ᠂ ᠡᠷ᠎ᠡ ᠡᠮ᠎ᠡ ᠬᠣᠶᠠᠭᠤᠯᠠ ᠲᠣᠭᠲᠠᠭᠰᠠᠨ ᠠᠵᠢᠯ ᠦᠭᠡᠶ ᠂ ᠠᠵᠤ ᠠᠬᠤᠶ ᠶᠢᠨ ᠢᠷᠡᠯᠲᠡ ᠦᠭᠡᠢ ᠪᠥᠭᠡᠳ ᠨᠠᠰᠤᠲᠠᠨ ᠪᠠ ᠬᠣᠶᠠᠷ ᠬᠡᠦᠬᠡᠳ ᠪᠡᠨ ᠠᠰᠠᠷᠠᠬᠤ ᠴᠢᠬᠤᠯᠠᠲᠠᠢ ᠪᠠᠢᠵᠤ᠂ ᠲᠤᠰᠢᠶᠠᠭᠠᠳᠤᠢ ᠵᠠᠭᠠᠯᠳᠤᠯᠭ᠎ᠠ ᠶᠢᠨ ᠰᠦᠢᠳᠬᠡᠯ ᠢ ᠡᠭᠦᠷᠭᠡᠯᠡᠬᠦ ᠳᠤ ᠬᠦᠴᠢᠷᠲᠠᠢ ᠪᠠᠢᠯ᠎ᠠ ᠂ ᠡᠶᠢᠮᠦ ᠡᠴᠡ ᠬᠣᠶᠠᠳᠤᠭᠠᠷ ᠰᠢᠭᠦᠯᠲᠡ ᠶᠢᠨ ᠰᠢᠭᠦᠬᠦ ᠬᠣᠷᠢᠶᠠᠨ ᠳᠤ ᠵᠠᠷᠭᠤ ᠶᠢᠨ ᠵᠠᠷᠤᠳᠠᠯ ᠢ ᠬᠣᠶᠢᠰᠢᠯᠠᠭᠤᠯᠤᠨ ᠲᠤᠰᠢᠶᠠᠬᠤ ᠭᠤᠶᠤᠴᠢᠯᠠᠯ ᠳᠤᠷᠠᠳᠴᠤ ᠂ ᠨᠢ ᡁᠢ ᠴᠢᠶᠠᠩ ᠬᠠᠤᠯᠢ ᠶᠢᠨ ᠲᠤᠰᠢᠶᠠᠯᠲᠠᠨ ᠴᠠᠭ ᠲᠤᠬᠠᠢ ᠳᠤ ᠨᠢ ᠨᠠᠷᠢᠨ ᠬᠢᠨᠠᠮᠠᠭᠠᠶ ᠬᠠᠷᠭᠠᠭᠤᠯᠤᠨ ᠪᠠᠢᠴᠠᠭᠠᠬᠤ ᠪᠡᠷ ᠳᠠᠮᠵᠢᠨ ᠲᠤᠬᠠᠢ ᠶᠢᠨ ᠬᠥᠮᠦᠨ ᠤ ᠭᠤᠶᠤᠴᠢᠯᠠᠯᠲᠠ ᠦᠨᠡᠨ ᠪᠤᠲᠠᠲᠠᠢ ᠶᠢ ᠮᠡᠳᠡᠵᠦ᠂ ᠵᠠᠷᠭᠤ ᠶᠢᠨ ᠰᠦᠢᠳᠬᠡᠯ ᠢ ᠬᠤᠢᠰᠢᠯᠠᠭᠤᠯᠤᠨ ᠲᠤᠰᠢᠶᠠᠬᠤ ᠭᠠᠷ ᠭᠦᠢᠴᠡᠳᠬᠡᠯ ᠢ ᠬᠢᠵᠦ᠂ ᠲᠤᠬᠠᠶ ᠶᠢᠨ ᠬᠥᠮᠦᠨ ᠦ ᠰᠠᠨᠠᠭ᠎ᠠ ᠵᠣᠪᠠᠵᠤ ᠪᠠᠢᠭ᠎ᠠ ᠠᠰᠠᠭᠤᠳᠠᠯ ᠢ ᠨᠢ ᠦᠨᠡᠨᠬᠦ ᠰᠢᠳᠪᠥᠷᠢᠯᠡᠵᠦ ᠂ ᠲᠤᠰ ᠬᠡᠷᠡᠭ ᠢ ᠰᠢᠭᠦᠨ ᠲᠠᠰᠤᠯᠠᠯᠲᠠ ᠤᠷᠤᠭᠰᠢᠲᠠᠶ ᠶᠠᠪᠤᠭᠳᠠᠬᠤ ᠶᠢ ᠪᠠᠲᠤᠯᠠᠭᠰᠠᠨ ᠪᠠᠢᠨ᠎ᠠ᠃ ᠲᠢᠩᠬᠢᠮ ᠨᠡᠭᠡᠭᠡᠵᠦ ᠰᠢᠭᠦᠭᠰᠡᠨ ᠤ ᠲᠠᠷᠠᠭ᠎ᠠ ᠂ ᠬᠠᠮᠲᠤᠷᠠᠨ ᠵᠥᠪᠯᠡᠬᠦ ᠲᠢᠩᠬᠢᠮ ᠡᠴᠡ ᠵᠠᠭᠠᠯᠳᠤᠭᠴᠢ ᠶᠢᠨ ᠲᠠᠬᠢᠨ ᠵᠠᠭᠠᠯᠳᠤᠭᠰᠠᠨ ᠨᠢ ᠪᠣᠳᠠᠲᠤ ᠬᠡᠷᠡᠭ ᠤᠨ ᠦᠨᠳᠡᠰᠦ ᠪᠠᠷᠢᠮᠲᠠ ᠪᠣᠯᠤᠨ ᠬᠠᠤᠯᠢ ᠴᠠᠭᠠᠵᠠ ᠶᠢᠨ ᠦᠨᠳᠡᠰᠦ ᠪᠠᠷᠢᠮᠲᠠ ᠲᠠᠢ ᠪᠠᠢᠵᠤ᠂ ᠬᠣᠶᠠᠳᠤᠭᠠᠷ ᠰᠢᠭᠦᠯᠲᠡ ᠡᠴᠡ ᠵᠠᠭᠠᠯᠳᠤᠭᠴᠢ ᠶᠢᠨ ᠰᠠᠨᠠᠯ ᠢ ᠪᠠᠷᠢᠮᠲᠠᠯᠠᠨ᠂ ᠨᠢᠭᠡᠳᠦᠭᠡᠷ ᠰᠢᠭᠦᠯᠲᠠ ᠶᠢᠨ ᠰᠢᠭᠦᠨ ᠳᠤᠭᠲᠠᠭᠠᠯᠲᠠ ᠳᠤ ᠵᠠᠰᠠᠪᠤᠷᠢ ᠣᠷᠤᠭᠤᠯᠪᠠ᠃
ᠨᠢ ᡁᠢ ᠴᠢᠶᠠᠩ ᠰᠢᠭᠦᠭᠴᠢ ᠢᠷᠭᠡᠨ ᠤ ᠬᠡᠷᠡᠭ ᠤᠨ ᠵᠢᠷᠭᠤᠳᠤᠭᠠᠷ ᠲᠢᠩᠬᠡᠮ ᠲᠤᠬᠠᠶᠢᠯᠠᠪᠠᠯ ᠭᠡᠷ ᠪᠠᠶᠢᠰᠢᠩ ᠭᠠᠵᠠᠷ ᠬᠥᠷᠦᠩᠭᠡ ᠶᠢᠨ ᠵᠢᠭᠤᠷᠠᠯᠳᠤᠭᠠᠨ ᠤ ᠬᠡᠷᠡᠭ ᠢ ᠰᠢᠭᠦᠨ ᠲᠠᠰᠤᠯᠬᠤ ᠲᠢᠩᠬᠢᠮ ᠦᠨ ᠭᠡᠰᠢᠭᠦᠨ ᠪᠣᠯᠤᠭᠰᠠᠨ ᠤ ᠬᠤᠪᠢ ᠳᠤ ᠂ ᠲᠡᠷᠡ ᠬᠡᠷᠡᠭ ᠨᠢᠭᠡᠪᠦᠷᠢ ᠵᠢᠴᠢ ᠲᠤᠬᠠᠶ ᠶᠢᠨ ᠬᠥᠮᠦᠨ ᠨᠢᠭᠡᠪᠦᠷᠢ ᠳᠤ ᠲᠡᠭᠦᠨ ᠦ ᠠᠵᠢᠯ ᠳᠠᠭᠠᠨ ᠴᠠᠭᠠᠷᠠᠭᠰᠠᠨ ᠲᠤᠰᠬᠠᠶ ᠮᠡᠷᠭᠡᠵᠢᠯ ᠦᠨ ᠪᠣᠯᠪᠠᠰᠤᠷᠠᠯ ᠪᠠ ᠡᠶᠡᠯᠰᠡᠭ ᠳᠣᠲᠣᠨᠣ ᠂ ᠪᠤᠰᠤᠳ ᠤᠨ ᠲᠥᠯᠥᠭᠡ ᠪᠣᠳᠤᠯᠬᠢᠯᠠᠬᠤ ᠠᠵᠢᠯ ᠤᠨ ᠣᠪᠣᠷ ᠢᠶᠠᠷ ᠬᠠᠨᠳᠤᠳᠠᠭ ᠡᠴᠡ᠂ ᠲᠡᠭᠦᠨ ᠤ ᠰᠢᠶᠳᠪᠦᠷᠢᠯᠡᠵᠦ ᠪᠠᠶᠢᠭ᠎ᠠ ᠬᠡᠷᠡᠭ ᠦᠨ ᠡᠶᠡᠳᠡᠭᠦᠯᠭᠡ ᠪᠡᠷ ᠰᠢᠢᠳᠪᠦᠷᠢᠯᠡᠵᠦ ᠵᠠᠭᠠᠯᠳᠤᠯᠭ᠎ᠠ ᠪᠠᠨ ᠪᠤᠴᠠᠭᠠᠭᠰᠠᠨ ᠨᠤᠷᠮ᠎ᠠ ᠲᠤᠶᠢᠯ ᠤᠨ ᠥᠨᠳᠥᠷ ᠪᠠᠢᠵᠤ᠂ ᠨᠡᠯᠢᠶᠡᠳ ᠬᠡᠳᠦᠨ ᠪᠤᠳᠤᠯᠢᠶᠠᠨᠲᠠᠶ ᠪᠥᠭᠡᠳ ᠲᠤᠬᠠᠶ ᠶᠢᠨ ᠬᠥᠮᠦᠨ ᠤ ᠵᠥᠷᠢᠴᠡᠯ ᠲᠤᠶᠢᠯ ᠤᠨ ᠭᠦᠨ ᠪᠠᠢᠳᠠᠭ ᠭᠡᠷ ᠪᠠᠶᠢᠰᠢᠩ ᠭᠠᠵᠠᠷ ᠬᠦᠷᠦᠨᠭᠭᠡ ᠶᠢᠨ ᠵᠢᠭᠤᠷᠠᠯᠳᠤᠭᠠᠨ ᠤ ᠬᠡᠷᠡᠭ ᠢ ᠡᠶᠡᠳᠡᠭᠦᠯᠦᠨ ᠰᠢᠢᠳᠪᠦᠷᠢᠯᠡᠵᠦ᠂ ᠰᠠᠢᠨ ᠰᠠᠶᠢᠬᠠᠨ ᠨᠡᠶᠢᠭᠡᠮ ᠦᠨ ᠦᠷ᠎ᠡ ᠪᠦᠲᠦᠮᠵᠢ ᠬᠢᠭᠡᠳ ᠬᠠᠤᠯᠢ ᠴᠠᠭᠠᠵᠠ ᠶᠢᠨ ᠦᠷ᠎ᠡ ᠳ᠋ᠦᠩ ᠳᠤ ᠬᠦᠷᠴᠦ ᠴᠢᠳᠠᠭᠰᠠᠨ ᠪᠠᠶᠢᠨ᠎ᠠ ᠃ ᠨᠢ ᡁᠢ ᠴᠢᠶᠠᠩ ᠰᠢᠭᠦᠭᠴᠢ ᠪᠣᠯᠤᠨ ᠲᠡᠭᠦᠨ ᠦ ᠪᠠᠶᠢᠭ᠎ᠠ ᠢᠷᠭᠡᠨ ᠤ ᠬᠡᠷᠡᠭ ᠤᠨ ᠵᠢᠷᠭᠤᠳᠤᠭᠠᠷ ᠲᠢᠩᠬᠢᠮ ᠨᠢ ᠲᠥᠪ ᠭᠣᠣᠯᠴᠢ ᠡᠷᠬᠡ ᠳᠡᠭᠰᠢ ᠦᠷ᠎ᠡ ᠪᠦᠲᠦᠮᠵᠢᠲᠠᠢ ᠪᠠᠶᠢᠬᠤ ᠶᠢ ᠬᠠᠮᠲᠤ ᠳᠤᠨᠢ ᠬᠠᠷᠠᠭᠠᠯᠵᠠᠬᠤ ᠵᠠᠷᠴᠢᠮ ᠢ ᠵᠣᠷᠢᠵᠤ᠂ ᠬᠡᠷᠡᠭ ᠨᠢᠭᠡᠪᠦᠷᠢ ᠶᠢ ᠲᠣᠬᠢᠲᠠᠶ ᠰᠢᠶᠳᠪᠦᠷᠢᠯᠡᠵᠦ ᠂ ᠲᠤᠬᠠᠶ ᠶᠢᠨ ᠬᠥᠮᠦᠨ ᠨᠢᠭᠡᠪᠦᠷᠢ ᠳᠤ ᠨᠠᠷᠢᠨ ᠬᠢᠨᠠᠮᠠᠭᠠᠶ ᠬᠠᠨᠳᠤᠳᠠᠭ ᠡᠴᠡ᠂ ᠲᠤᠬᠠᠶ ᠶᠢᠨ ᠬᠥᠮᠦᠨ ᠦ ᠰᠠᠢᠨ ᠦᠨᠡᠯᠡᠯᠲᠡ ᠶᠢ ᠣᠯᠤᠭᠰᠠᠨ ᠪᠠᠶᠢᠨ᠎ᠠ ᠃ ᠲᠤᠬᠠᠶ ᠶᠢᠨ ᠬᠥᠮᠦᠨ ᠤ ᠰᠠᠢᠨ ᠦᠨᠡᠯᠡᠯᠲᠡ ᠨᠢ ᠢᠷᠭᠡᠨ ᠤ ᠬᠡᠷᠡᠭ ᠤᠨ ᠵᠢᠷᠭᠤᠳᠤᠭᠠᠷ ᠲᠢᠩᠬᠢᠮ ᠦᠨ ᠠᠵᠢᠯ ᠤᠨ ᠬᠠᠮᠤᠭ ᠶᠡᠬᠡ ᠵᠣᠷᠢᠭᠵᠢᠭᠤᠯᠤᠯ ᠂ ᠨᠢ ᡁᠢ ᠴᠢᠶᠠᠩ ᠰᠢᠭᠦᠭᠴᠢ ᠬᠢᠭᠡᠳ ᠢᠷᠭᠡᠨ ᠤ ᠬᠡᠷᠡᠭ ᠤᠨ ᠵᠢᠷᠭᠤᠳᠤᠭᠠᠷ ᠲᠢᠩᠬᠢᠮ ᠤᠨ ᠪᠦᠬᠦ ᠭᠡᠰᠢᠭᠦᠳ ᠴᠢᠷᠮᠠᠶᠢᠭᠰᠠᠨ ᠳᠡᠭᠡᠷ᠎ᠡ ᠪᠡᠨ ᠴᠢᠷᠮᠠᠶᠢᠵᠤ ᠂ ᠲᠡᠳᠡᠨᠦᠰ ᠤᠨ ᠢᠮᠠᠭᠲᠠ ᠪᠠᠷᠢᠮᠲᠠᠯᠠᠳᠠᠭ ᠠᠵᠢᠯ ᠤᠨ ᠰᠤᠷᠲᠠᠯ ᠪᠡᠷ ᠢᠶᠡᠨ ᠬᠡᠷᠡᠭ ᠨᠢᠭᠡᠪᠦᠷᠢ ᠶᠢ ᠰᠠᠶᠢᠲᠤᠷ ᠰᠢᠢᠳᠪᠦᠷᠢᠯᠡᠵᠦ ᠂ ᠠᠷᠠᠳ ᠲᠦᠮᠡᠨ ᠦ ᠲᠥᠯᠥᠭᠡ ᠬᠠᠤᠯᠢ ᠪᠠᠷᠢᠬᠤ ᠶᠢ ᠦᠨᠡᠨ ᠬᠦ ᠪᠡᠶᠡᠯᠡᠭᠦᠯᠵᠦ᠂ ᠠᠷᠠᠳ ᠣᠯᠠᠨ ᠳᠤ ᠬᠠᠤᠯᠢ ᠪᠠᠷᠢᠭᠰᠠᠨ ᠬᠡᠷᠡᠭ ᠨᠢᠭᠡᠪᠦᠷᠢ ᠡᠴᠡ ᠲᠥᠪ ᠭᠣᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠡᠷ ᠴᠢᠷᠮᠠᠢᠬᠤ ᠬᠡᠷᠡᠭᠲᠠᠢ ᠃
ᠦᠨᠡᠯᠡᠬᠦ 0ᠦᠨᠡᠯᠡᠯᠲᠡ ᠲᠠᠢ