ᠪᠦᠬᠦ ᠬᠣᠲᠠ ᠶᠢᠨ ᠬᠠᠤᠯᠢ ᠪᠤᠰᠤ ᠪᠡᠷ ᠤᠯᠠᠨ ᠨᠡᠢᠲᠡ  ᠶᠢᠨ ᠬᠠᠳᠠᠭᠠᠯᠠᠮᠵᠢ  ᠶᠢ ᠡᠯᠰᠡᠨ ᠠᠪᠬᠤ ᠬᠡᠷᠡᠭ  ᠤᠨ ᠪᠠᠢᠳᠠᠯ ᠤᠨ ᠲᠤᠬᠠᠢ ᠰᠤᠳᠤᠯᠤᠨ ᠶᠠᠷᠢᠯᠴᠠᠬᠤ ᠰᠠᠭᠤᠳᠠᠯ  ᠤᠨ ᠬᠤᠷᠠᠯ ᠦᠥᠰᠢᠨ
2016.12.07 ᠲᠣᠰ ᠥᠷᠲᠡᠭᠡᠨ ᠦ ᠨᠠᠢᠷᠠᠭᠤᠯᠤᠭᠴᠢ

ᠪᠦᠬᠦ ᠬᠣᠲᠠ ᠶᠢᠨ ᠬᠠᠤᠯᠢ ᠪᠤᠰᠤ ᠪᠡᠷ ᠤᠯᠠᠨ  ᠨᠡᠢᠲᠡ  ᠶᠢᠨ ᠬᠠᠳᠠᠭᠠᠯᠠᠮᠵᠢ  ᠶᠢ ᠡᠯᠰᠡᠨ ᠠᠪᠬᠤ ᠬᠡᠷᠡᠭ  ᠤᠨ  ᠪᠠᠢᠳᠠᠯ ᠤᠨ ᠲᠤᠬᠠᠢ ᠰᠤᠳᠤᠯᠤᠨ ᠶᠠᠷᠢᠯᠴᠠᠬᠤ  ᠰᠠᠭᠤᠳᠠᠯ  ᠤᠨ ᠬᠤᠷᠠᠯ ᠦᠥᠰᠢᠨ ᠬᠣᠰᠢᠭᠤᠨ ᠤ ᠰᠢᠭᠦᠬᠦ ᠬᠣᠷᠢᠶᠠᠨ ᠳᠤ  ᠶᠠᠪᠤᠭᠳᠠᠪᠠ

ᠤᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠡᠷ ᠡᠯᠰᠡᠨ ᠠᠪᠬᠤ ᠬᠡᠷᠡᠭ ᠲᠤ ᠡᠷᠡᠭᠦᠦ ᠰᠢᠳᠬᠡᠯ ᠣᠨᠣᠭᠳᠠᠭᠤᠯᠬᠤ ᠵᠢᠴᠢ ᠬᠣᠯᠪᠣᠭᠳᠠᠯ ᠪᠦᠬᠦᠢ ᠬᠦᠴᠢᠷ ᠲᠦᠪᠡᠭᠲᠡᠶ ᠠᠰᠠᠭᠤᠳᠠᠯ  ᠢ ᠰᠢᠢᠳᠪᠦᠷᠢᠯᠡᠬᠦ ᠶᠢᠨ ᠲᠤᠯᠠᠳᠠ᠂  ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ  ᠡᠴᠡ ᠵᠣᠬᠢᠶᠠᠨ ᠪᠠᠶᠢᠭᠤᠯᠵᠤ ᠂ ᠦᠦᠰᠢᠨ  ᠬᠣᠰᠢᠭᠤᠨ ᠤ ᠰᠢᠭᠦᠬᠦ ᠬᠣᠷᠢᠶ᠎ᠠ ᠂ ᠬᠠᠩᠭᠢᠨ ᠬᠣᠰᠢᠭᠤᠨ ᠤ ᠰᠢᠭᠦᠬᠦ ᠬᠣᠷᠢᠶ᠎ᠠ ᠂ ᠤᠲᠤᠭ ᠬᠣᠰᠢᠭᠤᠨ ᠤ ᠰᠢᠭᠦᠬᠦ ᠬᠣᠷᠢᠶ᠎ᠠ ᠂ ᠤᠳᠤᠭ ᠤᠨ ᠡᠮᠦᠨᠡᠲᠦ  ᠬᠣᠰᠢᠭᠤᠨ  ᠤ ᠰᠢᠭᠦᠬᠦ  ᠬᠣᠷᠢᠶᠠᠨ ᠡᠴᠡ ᠪᠦᠬᠦ ᠬᠣᠲᠠ ᠶᠢᠨ ᠤᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠡᠯᠰᠡᠨ  ᠠᠪᠤᠭᠰᠠᠨ ᠬᠡᠷᠡᠭ ᠦᠨ ᠪᠠᠶᠢᠳᠠᠯ ᠢ ᠪᠠᠶᠢᠴᠠᠭᠠᠨ ᠰᠤᠳᠤᠯᠤᠯᠲᠠ  ᠶᠢᠨ ᠶᠠᠷᠢᠯᠴᠠᠬᠤ ᠬᠤᠷᠠᠯ  ᠬᠤᠷᠠᠯᠳᠤᠭᠤᠯᠵᠤ᠂ ᠬᠤᠷᠠᠯ  ᠤᠨ ᠭᠠᠵᠠᠷ  ᠢ ᠦᠦᠰᠢᠨ ᠬᠣᠰᠢᠭᠤᠨ ᠤ ᠠᠷᠠᠳ ᠤᠨ ᠰᠢᠭᠦᠬᠦ ᠬᠣᠷᠢᠶ᠎ᠠ ᠪᠡᠷ ᠪᠣᠯᠭᠠᠪᠠ ᠃ 6᠎ ᠰᠠᠷ᠎ᠠ ᠶᠢᠨ 14᠎ ᠦ ᠡᠳᠦᠷ ᠂  ᠬᠣᠲᠠ  ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ  ᠼᠠᠩ ᠵᠢᠶᠠᠨ ᠫᠢᠩ ᠳᠡᠳ᠋ ᠳᠠᠷᠤᠭ᠎ᠠ ᠂ ᠡᠷᠡᠭᠦᠦ  ᠬᠣᠶᠠᠳᠤᠭᠠᠷ ᠲᠢᠩᠬᠢᠮ ᠰᠥᠩ ᠶᠦᠨ ᠲᠢᠩᠬᠢᠮ ᠦᠨ ᠳᠠᠷᠤᠭ᠎ᠠ  ᠵᠢᠴᠢ ᠲᠡᠭᠦᠨ ᠦ ᠪᠠᠷᠠᠭ᠎ᠠ ᠪᠣᠯᠤᠭᠰᠠᠳ ᠲᠠᠶ  ᠪᠡᠨ ᠬᠠᠮᠲᠤ ᠬᠤᠷᠠᠯ ᠳᠤ  ᠣᠷᠤᠯᠴᠠᠵᠤ᠂ ᠬᠠᠩᠭᠢᠨ  ᠬᠣᠰᠢᠭᠤᠨ ᠤ ᠰᠢᠭᠦᠬᠦ ᠬᠣᠷᠢᠶ᠎ᠠ ᠂ ᠤᠲᠤᠭ ᠬᠣᠰᠢᠭᠤᠨ ᠤ ᠰᠢᠭᠦᠬᠦ ᠬᠣᠷᠢᠶ᠎ᠠ ᠂ ᠤᠳᠤᠭ ᠤᠨ ᠡᠮᠦᠨᠡᠲᠦ ᠬᠣᠰᠢᠭᠤᠨ ᠤ ᠰᠢᠭᠦᠬᠦ ᠬᠣᠷᠢᠶᠠᠨ ᠤ  ᠬᠤᠪᠢᠳᠠᠨ ᠬᠠᠮᠢᠶᠠᠷᠬᠤ ᠳᠡᠳ᠋ ᠬᠤᠷᠢᠶᠠᠨ ᠳᠠᠷᠤᠭ᠎ᠠ ᠪᠠ ᠡᠷᠡᠭᠦᠦ ᠶᠢᠨ ᠬᠡᠷᠡᠭ ᠦᠨ ᠰᠢᠭᠦᠨ ᠲᠠᠰᠤᠯᠬᠤ ᠲᠢᠩᠬᠢᠮ ᠦᠨ ᠲᠢᠩᠬᠢᠮ ᠦᠨ ᠳᠠᠷᠤᠭ᠎ᠠ ᠂ ᠦᠦᠰᠢᠨ ᠬᠣᠰᠢᠭᠤᠨ ᠤ ᠰᠢᠭᠦᠬᠦ  ᠬᠣᠷᠢᠶᠠᠨ ᠤ  ᠰᠦᠨ  ᠰᠢᠶᠣᠤ ᠴᠢᠶᠠᠩ  ᠬᠣᠷᠢᠶᠠᠨ ᠳᠠᠷᠤᠭ᠎ᠠ ᠂ ᠳᠡᠳ᠋  ᠬᠣᠷᠢᠶᠠᠨ ᠳᠠᠷᠤᠭ᠎ᠠ ᠸᠠᠩ ᠵᠢᠶᠦ᠋ᠨ ᠂ ᠳᠡᠳ᠋ ᠬᠣᠷᠢᠶᠠᠨ ᠳᠠᠷᠤᠭ᠎ᠠ ᠪᠠᠲᠤ ᠵᠢᠴᠢ ᠡᠷᠡᠭᠦᠦ ᠶᠢᠨ ᠬᠡᠷᠡᠭ ᠦᠨ ᠰᠢᠭᠦᠨ ᠲᠠᠰᠤᠯᠬᠤ ᠰᠠᠯᠠᠭ᠎ᠠ ᠮᠥᠴᠢᠷ ᠪᠦᠬᠦ ᠺᠠᠳ᠋ᠷ ᠴᠠᠭᠳᠠᠭ᠎ᠠ ᠨᠠᠷ ᠬᠤᠷᠠᠯ ᠳᠤ ᠣᠷᠣᠯᠴᠠᠵᠠᠶ ᠃ ᠬᠤᠷᠠᠯᠳᠤᠭᠠᠨ ᠠᠴᠠ ᠪᠠᠰᠠ᠎ ᠦᠦᠰᠢᠨ ᠬᠣᠰᠢᠭᠤᠨ ᠤ ᠳᠡᠳ᠋ ᠬᠣᠰᠢᠭᠤᠨ  ᠳᠠᠷᠤᠭ᠎ᠠ᠂ ᠳᠣᠲᠣᠭᠠᠳᠤ  ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠂ ᠦᠦᠰᠢᠨ ᠬᠣᠰᠢᠭᠤ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠳᠠᠷᠤᠭ᠎ᠠ ᠂ ᠦᠦᠰᠢᠨ  ᠬᠣᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠬᠣᠷᠢᠶ᠎ᠠ ᠶᠢᠨ ᠳᠡᠳ᠋ ᠱᠦᠵᠢ ᠵᠡᠷᠭᠡ ᠦᠦᠰᠢᠨ  ᠬᠣᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠦᠨ ᠤᠳᠤᠷᠢᠳᠬᠤ  ᠬᠥᠮᠦᠰ ᠢ  ᠣᠨᠴᠠ ᠤᠷᠢᠨ ᠬᠤᠷᠠᠯ ᠳᠤ  ᠤᠷᠤᠯᠴᠠᠭᠤᠯᠪᠠ ᠃  ᠼᠠᠩ ᠵᠢᠶᠠᠨ ᠫᠢᠩ ᠬᠣᠷᠢᠶᠠᠨ ᠳᠠᠷᠤᠭ᠎ᠠ ᠡᠴᠡ ᠰᠠᠭᠤᠳᠠᠯ ᠤᠨ ᠬᠤᠷᠠᠯ ᠢ ᠡᠷᠬᠢᠯᠡᠪᠡ ᠃

     ᠰᠠᠭᠤᠳᠠᠯ  ᠤᠨ ᠬᠤᠷᠠᠯ ᠳᠡᠭᠡᠷ᠎ᠡ ᠂  ᠳᠥᠷᠪᠡᠨ ᠬᠣᠰᠢᠭᠤ ᠲᠣᠭᠣᠷᠢᠭ ᠤᠨ ᠰᠢᠭᠦᠬᠦ ᠬᠣᠷᠢᠶᠠᠨ ᠡᠴᠡ᠂ ᠲᠤᠰ ᠬᠣᠷᠢᠶᠠᠨ ᠤ ᠤᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠡᠯᠰᠡᠨ ᠠᠪᠤᠭᠰᠠᠨ ᠬᠡᠷᠡᠭ ᠢ ᠰᠢᠭᠦᠨ ᠭᠦᠢᠴᠡᠳᠬᠡᠭᠰᠡᠨ ᠪᠠᠶᠢᠳᠠᠯ  ᠢᠶᠡᠨ ᠲᠠᠢᠯᠪᠤᠷᠢᠯᠠᠨ ᠲᠠᠨᠢᠯᠴᠠᠭᠤᠯᠵᠤ᠂  ᠬᠣᠲᠠ ᠶᠢᠨ ᠲᠤᠮᠳᠠ ᠵᠡᠷᠭᠡ  ᠶᠢᠨ ᠰᠢᠭᠦᠬᠦ ᠬᠣᠷᠢᠶᠠᠨ ᠤ ᠡᠷᠡᠭᠦᠦ  ᠬᠣᠶᠠᠳᠤᠭᠠᠷ ᠲᠢᠩᠬᠢᠮ  ᠤᠨ ᠵᠤᠤ  ᠰᠢᠶᠠ ᠳᠡᠳ᠋ ᠲᠢᠩᠬᠢᠮ ᠦᠨ ᠳᠠᠷᠤᠭ᠎ᠠ ᠡᠴᠡ᠂ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠡᠶᠢᠮᠦᠷᠬᠦ ᠬᠡᠷᠡᠭ ᠢ ᠰᠢᠶᠳᠪᠦᠷᠢᠯᠡᠬᠦ ᠦᠶ᠎ᠡ ᠳᠦ ᠂ ᠬᠣᠯᠪᠣᠭᠳᠠᠯ ᠪᠦᠭᠦᠢ ᠡᠳ᠋  ᠬᠥᠷᠦᠩᠭᠡ ᠶᠢ ᠮᠠᠭᠠᠳᠯᠠᠨ ᠲᠣᠭᠲᠠᠭᠠᠬᠤ ᠂ ᠪᠠᠶᠢᠴᠠᠭᠠᠨ  ᠪᠢᠲᠡᠭᠦᠮᠵᠢᠯᠡᠬᠦ ᠂ ᠳᠠᠷᠤᠵᠤ ᠠᠪᠴᠤ ᠂ ᠡᠷᠡᠭᠦᠦ ᠰᠢᠳᠬᠡᠯ ᠣᠨᠣᠭᠳᠠᠭᠤᠯᠬᠤ ᠶᠢ ᠵᠢᠷᠤᠮᠵᠢᠭᠤᠯᠬᠤ ᠂ ᠢᠷᠭᠡᠨ ᠦ ᠪᠠ ᠡᠷᠡᠭᠦᠦ ᠶᠢᠨ ᠬᠡᠷᠡᠭ ᠤᠨ ᠰᠣᠯᠪᠢᠴᠠᠯ ᠂ ᠬᠥᠷᠦᠩᠭᠡ  ᠶᠢ ᠰᠢᠶᠳᠪᠦᠷᠢᠯᠡᠬᠦ ᠵᠡᠷᠭᠡ ᠲᠠᠯ᠎ᠠ ᠶᠢᠨ ᠲᠤᠷᠰᠢᠯᠭ᠎ᠠ ᠪᠠ ᠠᠷᠭ᠎ᠠ ᠠᠪᠴᠠᠯ  ᠢ ᠨᠠᠷᠢᠯᠢᠭ ᠲᠠᠨᠢᠯᠴᠠᠭᠤᠯᠪᠠ᠃ ᠴᠢᠯᠥᠭᠡᠲᠦ ᠶᠠᠷᠢᠯᠴᠠᠭ᠎ᠠ   ᠶᠢᠨ ᠬᠡᠰᠡᠭ ᠲᠤ ᠂ ᠤᠯᠠᠨ ᠢᠶᠠᠷ ᠢᠶᠠᠨ ᠪᠣᠳᠠᠲᠠᠶ ᠵᠢᠱᠢᠶ᠎ᠡ  ᠶᠢ  ᠵᠠᠲᠠᠯᠠᠬᠤ ᠬᠡᠯᠪᠡᠷᠢ  ᠪᠡᠷ᠂ ᠬᠣᠯᠪᠣᠭᠳᠠᠯ ᠪᠦᠬᠦᠢ ᠬᠡᠷᠡᠭ ᠦᠨ ᠲᠤᠬᠠᠶ ᠲᠤᠷᠰᠢᠯᠭ᠎ᠠ ᠪᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠰᠢᠨᠵᠢᠯᠡᠨ ᠰᠤᠳᠤᠯᠵᠤ ᠰᠣᠯᠢᠯᠴᠠᠭ᠎ᠠ ᠬᠢᠪᠡ ᠃  ᠬᠣᠲᠠ ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠡᠷᠡᠭᠦᠦ  ᠬᠣᠶᠠᠳᠤᠭᠠᠷ ᠲᠢᠩᠬᠢᠮ ᠂ ᠰᠤᠳᠤᠯᠬᠤ ᠲᠠᠰᠤᠭ ᠂ ᠭᠦᠢᠴᠡᠳᠬᠡᠬᠦ ᠬᠣᠶᠠᠳᠤᠭᠠᠷ ᠂ ᠭᠤᠷᠪᠠᠳᠤᠭᠠᠷ ᠲᠣᠪᠴᠢᠶᠠᠨ ᠤ ᠬᠣᠯᠪᠣᠭᠳᠠᠯ ᠪᠦᠬᠦᠢ ᠤᠳᠤᠷᠢᠳᠬᠤ  ᠬᠥᠮᠦᠰ ᠶᠠᠷᠢᠶ᠎ᠠ ᠲᠠᠯᠪᠢᠨ ᠨᠦᠬᠦᠪᠥᠷᠢᠯᠡᠪᠡ᠃

ᠬᠤᠷᠠᠯ ᠳᠡᠭᠡᠷ᠎ᠡ ᠂ ᠦᠦᠰᠢᠨ ᠬᠣᠰᠢᠭᠤᠨ ᠤ ᠳᠡᠳ᠋ ᠬᠣᠰᠢᠭᠤᠨ ᠳᠠᠷᠤᠭ᠎ᠠ ᠂ ᠳᠣᠲᠣᠭᠠᠳᠤ  ᠶᠢ ᠬᠠᠮᠠᠭᠠᠯᠠᠬᠤ ᠲᠣᠪᠴᠢᠶᠠᠨ ᠤ ᠲᠣᠪᠴᠢᠶᠠᠨ ᠳᠠᠷᠤᠭ᠎ᠠ  ᠭᠤᠤ ᠬᠤ  ᠡᠴᠡ ᠂ ᠤᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠡᠯᠰᠡᠭᠰᠡᠨ ᠬᠡᠷᠡᠭ ᠢ ᠰᠢᠶᠳᠪᠦᠷᠢᠯᠡᠬᠦ  ᠳᠤ ᠡᠯ᠎ᠡ ᠰᠠᠯᠠᠭ᠎ᠠ ᠮᠥᠴᠢᠷ ᠦᠨ ᠬᠦᠴᠦ ᠪᠡᠨ ᠬᠠᠮᠲᠤᠳᠬᠠᠨ  ᠬᠠᠮᠵᠢᠯᠴᠠᠬᠤ ᠴᠢᠬᠤᠯᠠᠲᠠᠢ᠂ ᠦᠦᠰᠢᠨ  ᠬᠣᠰᠢᠭᠤᠨ ᠤ ᠳᠣᠲᠣᠭᠠᠳᠤ  ᠶᠢ ᠬᠠᠮᠠᠭᠠᠯᠠᠬᠤ ᠲᠣᠪᠴᠢᠶ᠎ᠠ ᠨᠢ ᠪᠦᠬᠥ ᠬᠦᠴᠦᠨ ᠢᠶᠡᠷ ᠢᠶᠡᠨ ᠡᠯ᠎ᠡ ᠵᠦᠢᠯ ᠦᠨ ᠠᠵᠢᠯ ᠢ ᠰᠠᠶᠢᠲᠤᠷ ᠬᠢᠵᠤ᠂  ᠰᠢᠭᠦᠬᠦ ᠪᠠᠶᠢᠴᠠᠭᠠᠬᠤ ᠬᠣᠶᠠᠷ ᠬᠣᠷᠢᠶ᠎ᠠ  ᠲᠠᠢ ᠢᠳᠡᠪᠬᠢᠲᠡᠶ ᠪᠡᠷ ᠬᠠᠮᠵᠢᠯᠴᠠᠨ ᠦᠦᠰᠢᠨ ᠬᠣᠰᠢᠭᠤᠨ ᠤ ᠣᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ  ᠡᠯᠰᠡᠨ ᠠᠪᠤᠭᠰᠠᠨ ᠬᠡᠷᠡᠭ  ᠢ ᠰᠢᠭᠦᠬᠦ ᠪᠠ ᠭᠦᠢᠴᠡᠳᠬᠡᠬᠦ ᠶᠢ ᠠᠵᠢᠯ ᠢ ᠰᠠᠢᠲᠤᠷ  ᠬᠢᠨ᠎ᠡ ᠭᠡᠵᠦ ᠢᠯᠡᠷᠬᠡᠢᠯᠡᠪᠡ ᠃ ᠡᠭᠦᠨ ᠦ ᠬᠠᠮᠲᠤ ᠂ ᠡᠶᠢᠮᠦ ᠲᠦᠷᠦᠯ ᠦᠨ ᠬᠡᠷᠡᠭ ᠦᠨ ᠣᠨᠴᠠᠭᠠᠶ ᠴᠢᠨᠠᠷ  ᠡᠴᠡ ᠪᠣᠯᠵᠤ᠂ ᠡᠳ᠋ ᠬᠦᠷᠦᠩᠭᠡ ᠶᠢ ᠰᠢᠶᠳᠪᠦᠷᠢᠯᠡᠬᠦ ᠲᠠᠯ᠎ᠠ ᠪᠠᠷ ᠪᠠᠰᠠ ᠠᠷᠠᠳ ᠤᠯᠠᠨ ᠤ ᠪᠣᠳᠠᠲᠤ ᠠᠰᠢᠭ ᠲᠤᠰᠠ ᠢ ᠭᠦᠢᠴᠡᠳ ᠪᠣᠳᠤᠯᠬᠢᠯᠠᠬᠤ ᠬᠡᠷᠡᠭᠲᠠᠢ ᠭᠡᠪᠡ ᠃

ᠦᠦᠰᠢᠨ ᠬᠣᠰᠢᠭᠤᠨ ᠤ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠳᠠᠷᠤᠭ᠎ᠠ ᠽᠦᠸᠸ ᠴᠧᠨ ᠭᠤᠸᠠᠩ ᠡᠴᠡ᠂ ᠣᠳᠣᠬᠠᠨ ᠳᠤ ᠤᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠡᠯᠰᠡᠨ ᠠᠪᠤᠭᠰᠠᠨ ᠬᠡᠷᠡᠭ ᠢ ᠰᠢᠶᠳᠪᠦᠷᠢᠯᠡᠬᠦ ᠶᠠᠪᠤᠴᠠ ᠳᠤᠮᠳᠠ ᠂ ᠨᠡᠯᠢᠶᠡᠳ ᠠᠷᠪᠢᠨ ᠠᠰᠠᠭᠤᠳᠠᠯ ᠣᠷᠣᠰᠢᠵᠤ ᠪᠠᠶᠢᠨ᠎ᠠ ᠂  ᠨᠢᠭᠡᠳᠦᠯᠲᠡᠶ  ᠵᠢᠷᠤᠮᠵᠢᠭᠰᠠᠨ ᠵᠢᠯᠣᠭᠣᠳᠬᠤ ᠰᠠᠨᠠᠯ ᠳᠤᠲᠠᠭᠳᠠᠵᠤ᠂  ᠲᠤᠰ ᠤᠳᠠᠭᠠᠨ ᠤ ᠬᠣᠲᠠ  ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ  ᠡᠴᠡ ᠵᠣᠬᠢᠶᠠᠨ ᠪᠠᠶᠢᠭᠤᠯᠤᠨ  ᠬᠤᠷᠠᠯᠳᠤᠭᠤᠯᠤᠭᠰᠠᠨ ᠶᠠᠷᠢᠯᠴᠠᠬᠤ ᠬᠤᠷᠠᠯ  ᠨᠢ ᠴᠠᠭ ᠲᠠᠭᠠᠨ ᠮᠠᠰᠢ ᠲᠤᠬᠢᠷᠡᠵᠦ  ᠮᠥᠨ ᠴᠦ ᠮᠠᠰᠢ ᠴᠢᠬᠤᠯᠠᠲᠠᠶ ᠶᠤᠮ ᠃ ᠦᠦᠰᠢᠨ  ᠬᠣᠰᠢᠭᠤᠨ ᠤ ᠪᠠᠶᠢᠴᠠᠭᠠᠬᠤ ᠬᠣᠷᠢᠶ᠎ᠠ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠣᠰᠣᠭᠠᠷ ᠂ ᠡᠯ᠎ᠡ ᠨᠢᠭᠡᠴᠢ ᠰᠡᠳᠬᠢᠯ ᠨᠢᠭᠡᠳᠦᠨ ᠬᠦᠴᠦ ᠪᠡᠨ ᠬᠠᠮᠲᠤᠳᠬᠠᠵᠤ ᠪᠠᠶᠢᠭᠠᠳ ᠣᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠡᠯᠰᠡᠨ ᠠᠪᠤᠭᠰᠠᠨ ᠬᠡᠷᠡᠭ ᠢ ᠰᠠᠶᠢᠲᠤᠷ ᠰᠢᠶᠳᠪᠦᠷᠢᠯᠡᠬᠦ ᠬᠡᠷᠡᠭᠲᠡᠶ ᠬᠡᠵᠦ ᠵᠢᠭᠠᠵᠤ ᠭᠠᠷᠭᠠᠪᠠ ᠃

ᠦᠦᠰᠢᠨ  ᠬᠣᠰᠢᠭᠤᠨ ᠤ ᠰᠢᠭᠦᠬᠦ  ᠬᠣᠷᠢᠶᠠᠨ ᠤ ᠬᠣᠷᠢᠶᠠᠨ ᠳᠠᠷᠤᠭ᠎ᠠ  ᠰᠦᠨ ᠰᠢᠶᠣᠤ ᠴᠢᠶᠠᠩ  ᠡᠴᠡ ᠂ ᠡᠩ ᠲᠡᠷᠢᠭᠦᠨ ᠳᠦ ᠬᠡᠷᠡᠭ ᠦᠨ ᠰᠢᠨᠵᠢ ᠴᠢᠨᠠᠷ  ᠢ ᠵᠥᠪ ᠲᠠᠨᠢᠬᠤ ᠬᠡᠷᠡᠭᠲᠠᠢ᠂ ᠣᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠡᠯᠰᠡᠨ ᠠᠪᠤᠭᠰᠠᠨ ᠬᠡᠷᠡᠭ ᠨᠢ ᠬᠠᠤᠯᠢ ᠴᠠᠭᠠᠵᠠ ᠶᠢᠨ ᠬᠡᠪᠴᠢᠶᠡᠨ ᠳᠦ ᠨᠢᠭᠡ ᠵᠦᠢᠯ ᠦᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠂ ᠪᠠᠰᠠ ᠴᠤ ᠨᠢᠭᠡ ᠵᠦᠢᠯ ᠦᠨ ᠨᠡᠶᠢᠭᠡᠮ ᠦᠨ ᠣᠨᠴᠠᠭᠠᠶ ᠦᠵᠡᠭᠳᠡᠯ ᠂ ᠲᠣᠩ ᠠᠮᠠᠷᠬᠠᠨ ᠢᠶᠠᠷ ᠨᠡᠶᠢᠭᠡᠮ ᠦᠨ ᠵᠥᠷᠢᠴᠡᠯ  ᠢ ᠡᠭᠦᠰᠬᠡᠵᠦ᠂ ᠨᠡᠶᠢᠭᠡᠮ ᠦᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠨᠥᠯᠥᠭᠡᠯᠡᠬᠦ ᠪᠣᠯᠤᠨ᠎ᠠ᠂ ᠡᠶᠢᠮᠦᠷᠬᠦ ᠤᠯᠠᠨ ᠬᠥᠮᠦᠨ ᠳᠦ ᠬᠣᠯᠪᠣᠭᠳᠠᠬᠤ ᠬᠡᠯᠪᠡᠷᠢ ᠶᠢᠨ ᠬᠡᠷᠡᠭ ᠢ ᠰᠢᠶᠳᠪᠦᠷᠢᠯᠡᠬᠦ  ᠳᠤ ᠬᠠᠤᠯᠢ ᠴᠠᠭᠠᠵᠠ ᠶᠢᠨ ᠠᠯᠪᠠᠳᠠᠯᠭ᠎ᠠ ᠶᠢᠨ ᠵᠠᠯᠬᠠᠭᠠᠯ ᠠᠪᠬᠤ ᠡᠴᠡ ᠭᠠᠳᠠᠨ᠎ᠠ ᠂ ᠪᠠᠰᠠ ᠵᠠᠰᠠᠭ ᠤᠨ ᠣᠷᠳᠣᠨ  ᠡᠴᠡ  ᠶᠡᠷᠦᠩᠬᠡᠢᠯᠡᠭᠰᠡᠨ ᠵᠣᠬᠢᠴᠠᠭᠤᠯᠬᠤ ᠦᠢᠯᠡᠳᠦᠯ ᠢᠶᠡᠨ ᠪᠠᠳᠠᠷᠠᠭᠤᠯᠬᠤ ᠬᠡᠷᠡᠭᠲᠡᠶ ᠃ ᠳᠠᠷᠠᠭ᠎ᠠ ᠨᠢ ᠬᠡᠷᠡᠭ ᠲᠦ ᠬᠣᠯᠪᠣᠭᠳᠠᠭᠰᠠᠨ ᠡᠳ᠋ ᠬᠥᠷᠥᠩᠭᠡ ᠶᠢ ᠰᠢᠶᠳᠪᠦᠷᠢᠯᠡᠬᠦ ᠶᠠᠪᠤᠴᠠ ᠳᠤ ᠂ ᠬᠠᠤᠯᠢ ᠴᠠᠭᠠᠵᠠ ᠶᠢᠨ ᠦᠨᠳᠦᠰᠦ ᠪᠠᠷᠢᠮᠲᠠ ᠢ ᠲᠣᠳᠣᠷᠬᠠᠶ ᠪᠣᠯᠭᠠᠬᠤ ᠬᠡᠷᠡᠭᠲᠡᠶ ᠃ ᠶᠠᠯ᠎ᠠ ᠲᠣᠭᠲᠠᠭᠠᠵᠤ ᠡᠷᠡᠭᠦᠦ ᠰᠢᠳᠬᠡᠯ ᠣᠨᠣᠭᠳᠠᠭᠤᠯᠬᠤ ᠲᠠᠯ᠎ᠠ ᠪᠠᠷ ᠂ ᠶᠠᠯ᠎ᠠ ᠪᠠ  ᠰᠢᠢᠳᠬᠡᠯ  ᠢ ᠬᠠᠷᠢᠯᠴᠠᠨ ᠵᠣᠬᠢᠴᠠᠭᠤᠯᠬᠤ ᠵᠠᠷᠴᠢᠮ ᠢ ᠣᠨᠣᠪᠴᠢᠲᠠᠶ ᠡᠵᠡᠮᠳᠡᠵᠦ ᠂ ᠬᠡᠷᠡᠭ ᠲᠦ ᠬᠣᠯᠪᠣᠭᠳᠠᠭᠰᠠᠨ ᠲᠤᠬᠠᠢ ᠶᠢᠨ ᠬᠥᠮᠦᠨ ᠤ ᠪᠣᠳᠠᠲᠤ ᠪᠠᠶᠢᠳᠠᠯ ᠪᠠ ᠨᠡᠶᠢᠭᠡᠮ  ᠳᠤ ᠦᠵᠡᠭᠦᠯᠬᠦ ᠨᠥᠯᠦᠭᠡ ᠶᠢ ᠪᠣᠳᠤᠯᠬᠢᠯᠠᠬᠤ ᠬᠡᠷᠡᠭᠲᠠᠢ ᠭᠡᠵᠦ ᠵᠢᠭᠠᠪᠤᠷᠢᠯᠠᠪᠠ ᠃

ᠡᠴᠦᠰ ᠲᠦ ᠂  ᠬᠣᠲᠠ ᠶᠢᠨ ᠲᠤᠮᠳᠠ ᠵᠡᠷᠭᠡ  ᠶᠢᠨ ᠰᠢᠭᠦᠬᠦ ᠬᠣᠷᠢᠶᠠᠨ ᠤ ᠳᠡᠳ᠋ ᠳᠠᠷᠤᠭ᠎ᠠ ᠼᠠᠩ ᠵᠢᠶᠠᠨ ᠫᠢᠩ ᠳ᠋ᠦᠩᠨᠡᠯᠲᠡ ᠶᠢᠨ ᠴᠢᠨᠠᠷᠲᠠᠶ ᠶᠠᠷᠢᠶ᠎ᠠ  ᠲᠠᠯᠪᠢᠪᠠ᠂ ᠲᠡᠷᠡ ᠶᠡᠬᠡ ᠬᠡᠮᠵᠢᠶᠡᠨ ᠦ ᠣᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠡᠯᠰᠡᠨ ᠠᠪᠤᠭᠰᠠᠨ ᠬᠡᠷᠡᠭ ᠰᠢᠭᠦᠬᠦ ᠱᠠᠲᠤᠨ ᠳᠤ  ᠣᠷᠤᠬᠤ ᠶᠢ ᠳᠠᠭᠠᠯᠳᠤᠨ ᠂ ᠬᠡᠷᠡᠭ ᠲᠦ ᠬᠣᠯᠪᠣᠭᠳᠠᠭᠰᠠᠨ ᠡᠳ᠋ ᠬᠥᠷᠥᠩᠭᠡ ᠶᠢ ᠮᠠᠭᠠᠳᠯᠠᠨ ᠳᠤᠭᠲᠠᠭᠠᠬᠤ ᠳᠤ  ᠬᠦᠴᠢᠷ ᠂ ᠨᠡᠬᠡᠮᠵᠢᠯᠡᠨ ᠲᠤᠰᠢᠶᠠᠯᠭᠠᠬᠤ ᠳᠤ ᠬᠦᠴᠢᠷ᠂ ᠰᠢᠶᠳᠪᠦᠷᠢᠯᠡᠬᠦ  ᠳᠤ ᠪᠡᠷᠬᠡ ᠪᠠ ᠡᠷᠡᠭᠦᠦ ᠰᠢᠳᠬᠡᠯ ᠣᠨᠣᠭᠳᠠᠭᠤᠯᠬᠤ ᠵᠢᠷᠤᠮᠵᠢᠯ ᠦᠭᠡᠢ ᠪᠠᠶᠢᠬᠤ ᠵᠡᠷᠭᠡ ᠰᠢᠨ᠎ᠡ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ ᠪᠠᠶᠢᠨ᠎ᠠ ᠃ ᠰᠠᠶ᠋ᠢᠬᠠᠨ ᠶᠠᠷᠢᠯᠴᠠᠬᠤ ᠬᠤᠷᠠᠯ ᠳᠡᠭᠡᠷ᠎ᠡ ᠂  ᠬᠣᠲᠠ ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ  ᠡᠴᠡ ᠵᠠᠷᠢᠮ ᠲᠤᠷᠰᠢᠯᠭ᠎ᠠ ᠪᠠ ᠠᠷᠭ᠎ᠠ ᠶᠢ  ᠲᠠᠨᠢᠯᠴᠠᠭᠤᠯᠪᠠ ᠂ ᠬᠠᠮᠤᠭ ᠤᠨ ᠭᠣᠣᠯ ᠨᠢ ᠬᠠᠤᠯᠢ ᠬᠡᠷᠡᠭᠵᠢᠭᠦᠯᠬᠦ ᠶᠠᠪᠤᠴᠠ ᠳᠤᠮᠳᠠ ᠵᠠᠪᠠᠯ ᠬᠠᠤᠯᠢ ᠴᠠᠭᠠᠵᠠ ᠶᠢᠨ ᠲᠣᠭᠲᠠᠭᠠᠯ ᠶᠣᠰᠤ ᠶᠢ ᠴᠢᠩᠭ᠎ᠠ ᠵᠢᠷᠤᠮᠯᠠᠨ᠂ ᠡᠴᠦᠰ ᠦᠨ ᠭᠡᠷᠡᠴᠢ ᠪᠠᠷᠢᠮᠲᠠ  ᠶᠣᠰᠣᠭᠠᠷ ᠮᠠᠭᠠᠳᠯᠠᠨ ᠲᠣᠭᠲᠠᠭᠠᠵᠤ ᠂ ᠡᠭᠦᠨ ᠦ ᠬᠠᠮᠲᠤ ᠡᠯ᠎ᠡ ᠵᠦᠢᠯ ᠦᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠂ ᠣᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠡᠯᠰᠡᠨ ᠠᠪᠤᠭᠰᠠᠨ ᠬᠡᠷᠡᠭ  ᠢ ᠬᠠᠤᠯᠢ ᠶᠣᠰᠣᠭᠠᠷ ᠲᠣᠬᠢᠲᠠᠶ ᠰᠠᠶᠢᠲᠤᠷ  ᠰᠢᠢᠳᠪᠦᠷᠢᠯᠡᠬᠦ ᠬᠡᠷᠡᠭᠲᠠᠢ ᠵᠢᠭᠠᠪᠤᠷᠢᠯᠠᠪᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )