ᠬᠣᠲᠠ  ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ ᠡᠯ᠎ᠡ ᠬᠣᠰᠢᠭᠤ ᠲᠣᠭᠤᠷᠢᠭ ᠤᠨ ᠵᠠᠷᠭᠤ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠲᠠᠷᠤᠭᠳᠠᠮᠠᠯ ᠬᠡᠷᠡᠭ ᠢ ᠰᠢᠢᠳᠪᠦᠷᠢᠯᠡᠬᠦ
2016.12.07 ᠲᠣᠰ ᠥᠷᠲᠡᠭᠡᠨ ᠦ ᠨᠠᠢᠷᠠᠭᠤᠯᠤᠭᠴᠢ

ᠬᠣᠲᠠ  ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ ᠡᠯ᠎ᠡ ᠬᠣᠰᠢᠭᠤ ᠲᠣᠭᠤᠷᠢᠭ ᠤᠨ ᠵᠠᠷᠭᠤ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠲᠠᠷᠤᠭᠳᠠᠮᠠᠯ ᠬᠡᠷᠡᠭ ᠢ ᠰᠢᠢᠳᠪᠦᠷᠢᠯᠡᠬᠦ  ᠠᠵᠢᠯ ᠳᠤ ᠬᠢᠨᠠᠯᠲᠠ ᠲᠠᠯᠪᠢᠪᠠ

5᠎ ᠰᠠᠷ᠎ᠠ ᠶᠢᠨ30᠎   ᠤ ᠡᠳᠦᠷ ᠡᠴᠡ6᠎ ᠰᠠᠷ᠎ᠠ ᠶᠢᠨ7᠎    ᠤ ᠡᠳᠦᠷ ᠪᠣᠯᠲᠠᠯ᠎ᠠ᠂  ᠰᠢᠭᠦᠬᠦ ᠬᠤᠷᠢᠶᠠᠨ ᠤ  ᠨᠠᠮ ᠤᠨ ᠤᠳᠤᠷᠢᠳᠬᠤ ᠳᠤᠭᠤᠶᠢᠯᠠᠩ ᠤᠨ ᠰᠤᠳᠤᠯᠤᠨ ᠲᠣᠭᠲᠠᠭᠠᠭᠰᠠᠨ  ᠢᠶᠡᠷ ᠂ ᠹᠠᠨ  ᠶᠥᠦ ᠹᠦ᠋ ᠳᠡᠳ᠋ ᠬᠣᠷᠢᠶᠠᠨ ᠳᠠᠷᠤᠭ᠎ᠠ ᠬᠡᠷᠡᠭ ᠪᠣᠯᠭᠠᠨ ᠳᠠᠩᠰᠠᠯᠠᠬᠤ  ᠬᠣᠶᠠᠳᠤᠭᠠᠷ ᠲᠢᠩᠬᠢᠮ   ᠤᠨ ᠵᠣᠣ ᠺᠠᠶ ᠨᠥᠬᠥᠷ ᠢ ᠳᠠᠭᠠᠭᠤᠯᠵᠤ ᠂ ᠮᠠᠨ ᠤ ᠬᠣᠲᠠ ᠶᠢᠨ ᠡᠯ᠎ᠡ ᠬᠣᠰᠢᠭᠤ ᠲᠣᠭᠣᠷᠢᠭ ᠤᠨ ᠰᠢᠭᠦᠬᠦ ᠬᠣᠷᠢᠶᠠᠨ ᠳᠤ《 ᠪᠡᠭᠡᠵᠢᠩ ᠳᠦ ᠣᠷᠣᠵᠤ  ᠰᠤᠷᠪᠤᠯᠵᠢᠯᠠᠭᠰᠠᠨ ᠳᠠᠷᠤᠭᠳᠠᠮᠠᠯ ᠬᠡᠷᠡᠭ ᠢ ᠲᠥᠪᠯᠡᠷᠡᠭᠦᠯᠦᠨ ᠰᠢᠶᠳᠪᠦᠷᠢᠯᠡᠬᠦ ᠲᠤᠰᠬᠠᠶ ᠠᠵᠢᠯᠯᠠᠭ᠎ᠠ 》᠎ ᠤᠨ ᠪᠣᠳᠠᠲᠤ ᠠᠵᠢᠯᠠᠯᠭ᠎ᠠ ᠳᠤ ᠲᠤᠰᠬᠠᠢ ᠲᠥᠷᠦᠯ ᠤᠨ ᠬᠢᠨᠠᠯᠲᠠ ᠲᠠᠯᠪᠢᠭᠰᠠᠨ ᠪᠠᠢᠨ᠎ᠠ᠃

ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ  ᠶᠢᠨ ᠰᠢᠭᠦᠬᠦ  ᠬᠣᠷᠢᠶᠠᠨ ᠡᠴᠡ《 ᠪᠡᠭᠡᠵᠢᠩ ᠳᠦ ᠣᠷᠣᠵᠤ  ᠰᠤᠷᠪᠤᠯᠵᠢᠯᠠᠭᠰᠠᠨ ᠳᠠᠷᠤᠭᠳᠠᠮᠠᠯ ᠬᠡᠷᠡᠭ ᠢ ᠲᠥᠪᠯᠡᠷᠡᠭᠦᠯᠦᠨ ᠰᠢᠶᠳᠪᠦᠷᠢᠯᠡᠬᠦ ᠲᠤᠰᠬᠠᠶ ᠠᠵᠢᠯᠯᠠᠭ᠎ᠠ 》᠎ ᠶᠢ ᠲᠦᠯᠬᠢᠨ ᠠᠬᠢᠭᠤᠯᠵᠤ ᠂  ᠣᠳᠣᠬᠠᠨ ᠳᠤ ᠮᠠᠨ ᠤ ᠬᠤᠲᠠ ᠶᠢᠨ ᠰᠢᠭᠦᠬᠦ ᠬᠣᠷᠢᠶᠠᠨ ᠤ ᠰᠢᠰᠲ᠋ᠧᠮ ᠳᠤ ᠬᠣᠯᠪᠣᠭᠳᠠᠭᠰᠠᠨ ᠬᠡᠷᠡᠭ ᠨᠡᠶᠢᠲᠡ 33᠎ ᠬᠤᠪᠢ  ᠃  ᠡᠳᠡᠭᠡᠷ  ᠤᠨ ᠳᠣᠲᠣᠷ᠎ᠠ ᠬᠣᠶᠠᠷ ᠱᠠᠲᠤᠨ ᠤ ᠰᠢᠭᠦᠬᠦ ᠬᠣᠷᠢᠶ᠎ᠠ ᠶᠢ ᠤᠯᠠᠨ ᠵᠢᠯ ᠭᠠᠴᠢᠭᠳᠠᠭᠤᠯᠵᠤ ᠪᠠᠶᠢᠭᠰᠠᠨ《 ᠬᠠᠭᠤᠴᠢᠨ ᠬᠡᠷᠡᠭ  》᠎ ᠪᠠ 《 ᠲᠦᠪᠡᠭᠲᠠᠢ ᠬᠡᠷᠡᠭ 》᠎  ᠪᠠᠢᠬᠤ ᠪᠥᠭᠡᠳ᠂ ᠴᠢᠨᠠᠭᠰᠢᠯᠠᠪᠠᠯ  ᠪᠠᠰᠠ《 ᠵᠢᠭᠤᠷᠠᠵᠤ ᠰᠤᠷᠪᠤᠯᠵᠢᠯᠠᠬᠤ 》᠎ ᠪᠠ 《 ᠲᠦᠢᠪᠡᠭᠡᠨ ᠰᠤᠷᠪᠤᠯᠵᠢᠯᠠᠬᠤ 》ᠦᠵᠡᠭᠳᠡᠯ  ᠣᠷᠤᠰᠢᠵᠤ᠂ ᠰᠢᠢᠳᠪᠦᠷᠢᠯᠡᠬᠦ  ᠬᠦᠴᠢᠷᠴᠡ ᠶᠢᠨ ᠬᠡᠮᠵᠢᠶ᠎ᠠ ᠨᠡᠯᠢᠶᠡᠳ ᠥᠨᠳᠦᠷ ᠪᠠᠢᠯ᠎ᠠ᠃ ᠡᠶᠢᠮᠦ ᠡᠴᠡ ᠂ ᠹᠠᠨ ᠳᠡᠳ᠋ ᠬᠣᠷᠢᠶᠠᠨ ᠳᠠᠷᠤᠭ᠎ᠠ ᠲᠡᠭᠦᠨ ᠦ ᠬᠠᠮᠲᠤ  ᠶᠠᠪᠤᠭᠰᠠᠳ ᠲᠠᠢ ᠪᠡᠨ ᠨᠢᠭᠡ ᠭᠠᠵᠠᠷ ᠬᠦ᠋ᠷᠬᠦ ᠪᠦᠷᠢ ᠂ ᠶᠠᠭᠤᠨ ᠤ ᠡᠮᠦᠨ᠎ᠡ ᠬᠣᠰᠢᠭᠤ ᠲᠣᠭᠣᠷᠢᠭ ᠤᠨ ᠰᠢᠭᠦᠬᠦ ᠬᠣᠷᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠤᠪᠢᠶᠠᠷᠢᠯᠠᠨ ᠬᠠᠮᠢᠶᠠᠷᠬᠤ ᠰᠢᠭᠦᠬᠦ ᠬᠣᠷᠢᠶᠠᠨ ᠤ ᠳᠡᠳ᠋ ᠳᠠᠷᠤᠭ᠎ᠠ ᠂ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠬᠠᠷᠢᠶᠠᠨ ᠳᠠᠬᠢ ᠬᠡᠷᠡᠭ ᠢ ᠰᠢᠶᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠠ ᠶᠢ ᠨᠠᠷᠢᠨ ᠬᠢᠨᠠᠮᠠᠭᠠᠶ ᠰᠣᠨᠣᠰᠴᠤ ᠂ ᠂ ᠲᠠᠷᠠᠭ᠎ᠠ ᠨᠢ  ᠲᠡᠳᠡᠨᠦᠰ ᠲᠡᠶ ᠬᠠᠮᠲᠤ ᠪᠠᠷ ᠠᠷᠭ᠎ᠠ ᠪᠣᠳᠤᠯᠭ᠎ᠠ ᠵᠥᠪᠯᠡᠵᠦ ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠦᠨ ᠭᠠᠷ ᠣᠷᠤᠬᠤ ᠴᠢᠭ᠌ ᠢᠶᠡᠨ ᠳᠤᠭᠲᠠᠭᠠᠳᠠᠭ᠃  ᠪᠠᠰᠠ ᠡᠨᠡ ᠤᠳᠠᠭᠠᠨ ᠤ ᠬᠢᠨᠠᠨ ᠪᠠᠶᠢᠴᠠᠭᠠᠬᠤ ᠡᠭᠦᠷᠭᠡ ᠶᠢ  ᠪᠤᠲᠠᠲᠠᠢ ᠨᠠᠢᠳᠠᠪᠤᠷᠢᠵᠢᠭᠤᠯᠬᠤ ᠶᠢᠨ ᠲᠥᠯᠦᠭᠡ᠂ ᠹᠠᠨ ᠳᠠᠷᠤᠭ᠎ᠠ 《 ᠳᠡᠭᠡᠳᠦ ᠬᠡᠮᠵᠢᠶ᠎ᠡ ᠪᠡᠷ ᠬᠦᠨᠳᠦᠳᠬᠡᠨ ᠦᠵᠡᠵᠦ ᠂ ᠣᠯᠠᠨ ᠠᠷᠭ᠎ᠠ ᠬᠡᠮᠵᠢᠶ᠎ᠡ ᠠᠪᠴᠤ ᠂ ᠴᠠᠭ ᠲᠤᠬᠠᠶ ᠳᠤᠨᠢ  ᠤᠢᠯᠭᠠᠯᠴᠠᠵᠤ ᠂  ᠬᠤᠭᠤᠴᠠᠭ᠎ᠠ  ᠪᠤᠯᠵᠤᠨ ᠰᠢᠢᠳᠪᠦᠷᠢᠯᠡᠬᠦ》᠎ ᠲᠦᠷᠪᠡᠨ  ᠲᠥᠷᠦᠯ  ᠤᠨ ᠱᠠᠭᠠᠷᠳᠠᠯᠭ᠎ᠠ ᠶᠢ  ᠲᠣᠳᠤᠷᠬᠠᠢ ᠳᠤᠷᠠᠳᠴᠦ᠂  ᠡᠭᠦᠨ  ᠤ ᠬᠠᠮᠲᠤ ᠪᠠᠰᠠ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠪᠣᠯᠤᠨ《 ᠬᠠᠤᠯᠢᠴᠢ ᠶᠢᠨ ᠬᠠᠤᠯᠢ ᠴᠠᠭᠠᠵᠠ ᠳᠤ ᠬᠣᠯᠪᠤᠭᠳᠠᠭᠰᠠᠨ ᠵᠠᠷᠭᠤ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ  ᠶᠢᠨ ᠬᠡᠷᠡᠭ ᠢ ᠰᠥᠥᠳᠪᠥᠷᠢᠯᠡᠬᠦ ᠳᠤ ᠣᠷᠤᠯᠴᠠᠬᠤ ᠪᠤᠶᠤ ᠣᠷᠤᠯᠠᠨ ᠣᠷᠤᠯᠴᠠᠬᠤ ᠳᠦᠷᠢᠮ》᠎ ᠢ ᠣᠷᠭᠠᠨᠢᠭ ᠢᠶᠠᠷ ᠤᠶᠠᠯᠳᠤᠭᠤᠯᠪᠠ ᠃

ᠡᠯ᠎ᠡ ᠬᠣᠰᠢᠭᠤ ᠲᠣᠭᠣᠷᠢᠭ ᠤᠨ ᠰᠢᠭᠦᠬᠦ  ᠬᠣᠷᠢᠶᠠᠨ ᠤ ᠬᠤᠪᠢᠳᠠᠨ ᠬᠠᠮᠢᠶᠠᠷᠴᠤ ᠪᠠᠶᠢᠭ᠎ᠠ ᠳᠠᠷᠤᠭ᠎ᠠ ᠪᠠ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠡᠭᠦᠷᠭᠡ ᠶᠢ ᠡᠷᠡᠰ ᠪᠡᠶᠡᠯᠡᠭᠦᠯᠬᠦ  ᠪᠡᠶᠡᠯᠡᠭᠦᠯᠵᠦ᠂ ᠯᠠᠪᠲᠠᠶ ᠴᠠᠭ ᠲᠤᠬᠠᠶ ᠳᠤᠨᠢ  ᠲᠠᠭᠤᠰᠬᠠᠨ᠎ᠠ ᠬᠡᠵᠦ ᠢᠯᠡᠷᠬᠡᠢᠯᠡᠭᠰᠡᠨ ᠪᠥᠭᠡᠳ᠂ ᠬᠣᠲᠠ  ᠶᠢᠨ ᠳᠤᠮᠳᠠ ᠵᠡᠷᠭᠡ  ᠶᠢᠨ ᠠᠷᠠᠳ ᠤᠨ ᠰᠢᠭᠦᠬᠦ ᠬᠣᠷᠢᠶᠠᠨ ᠳᠤ  ᠠᠮᠠᠯᠠᠯᠲᠠ ᠶᠢᠨ ᠪᠢᠴᠢᠭ ᠲᠤᠰᠢᠶᠠᠪᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )