ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ ᠡᠯ᠎ᠡ ᠬᠣᠰᠢᠭᠤ ᠲᠣᠭᠤᠷᠢᠭ ᠤᠨ《 ᠭᠦᠢᠴᠡᠳᠬᠡᠬᠦ ᠵᠢᠯ》ᠲᠤᠰᠬᠠᠢ ᠲᠥᠷᠦᠯ ᠤᠨ ᠠᠵᠢᠯᠠᠯᠭ᠎ᠠ ᠶᠢ ᠦᠷᠨᠢᠬᠦᠯᠵᠦ ᠪᠠᠢᠭ᠎ᠠ ᠪᠠᠢᠳᠠᠯ ᠳᠤ ᠬᠢᠨᠠᠨ ᠪᠠᠢᠴᠠᠭᠠᠯᠲᠠ ᠬᠢᠪᠡ
ᠪᠦᠬᠦ ᠬᠣᠲᠠ ᠶᠢᠨ ᠰᠢᠭᠦᠬᠦ ᠬᠣᠷᠢᠶᠠᠨ ᠤ ᠭᠦᠢᠴᠡᠳᠬᠡᠬᠦ ᠵᠢᠯ ᠤᠨ ᠲᠤᠰᠬᠠᠶ ᠵᠦᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠤᠯᠠᠮ ᠨᠢᠬᠡ ᠠᠯᠬᠤᠮ ᠤᠢᠯᠭᠠᠵᠤ᠂ ᠬᠣᠢᠰᠢᠬᠢ ᠶᠢᠨ ᠡᠯ᠎ᠡ ᠵᠦᠢᠯ ᠦᠨ ᠡᠭᠦᠷᠭᠡ ᠶᠢ ᠪᠦᠬᠦ ᠲᠠᠯ᠎ᠠ ᠪᠠᠷ ᠪᠠᠶᠢᠷᠢᠯᠠᠭᠤᠯᠤᠯᠲᠠ ᠬᠢᠬᠦ ᠶᠢᠨ ᠲᠤᠯᠠᠳᠠ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ ᠬᠢᠨᠠᠨ ᠪᠠᠶᠢᠴᠠᠭᠠᠬᠤ ᠳᠤᠭᠤᠶᠢᠯᠠᠩ ᠵᠣᠬᠢᠶᠠᠨ ᠪᠠᠢᠭᠤᠯᠵᠤ᠂ 2016 ᠤᠨ ᠤ5 ᠰᠠᠷ᠎ᠠ ᠶᠢᠨ30 ᠤ ᠡᠳᠦᠷ ᠡᠴᠡ ᠡᠬᠢᠯᠡᠨ ᠡᠯ᠎ᠡ ᠬᠣᠰᠢᠭᠤ ᠲᠣᠭᠣᠷᠢᠭ ᠤᠨ ᠰᠢᠭᠦᠬᠦ ᠬᠣᠷᠢᠶᠠᠨ ᠤ ᠭᠦᠢᠴᠡᠳᠬᠡᠬᠦ ᠵᠢᠯ ᠤᠨ ᠲᠤᠰᠬᠠᠶ ᠠᠵᠢᠯ ᠂ ᠵᠠᠷᠭᠤ ᠳᠤ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠶᠳᠪᠦᠷᠢᠯᠡᠬᠦ ᠂ ᠵᠠᠰᠠᠭ ᠵᠠᠬᠢᠷᠭᠠᠨ ᠤ ᠰᠢᠭᠦᠨ ᠲᠠᠰᠤᠯᠬᠤ ᠪᠠᠶᠢᠳᠠᠯ ᠵᠡᠷᠭᠡ ᠲᠠᠯ᠎ᠠ ᠪᠡᠷ ᠬᠢᠨᠠᠨ ᠪᠠᠢᠴᠠᠭᠠᠯᠲᠠ ᠦᠷᠨᠢᠭᠦᠯᠵᠦ᠂ ᠣᠳᠣᠬᠠᠨ ᠳᠤ ᠬᠢᠨᠠᠨ ᠪᠠᠢᠴᠠᠭᠠᠬᠤ ᠠᠵᠢᠯ ᠨᠢᠭᠡᠨᠲᠡ ᠳᠠᠭᠤᠰᠤᠭᠰᠠᠨ ᠪᠠᠢᠨ᠎ᠠ ᠃
ᠬᠢᠨᠠᠨ ᠪᠠᠶᠢᠴᠠᠭᠠᠬᠤ ᠳᠤᠭᠤᠶᠢᠯᠠᠩ ᠡᠯ᠎ᠡ ᠬᠣᠰᠢᠭᠤ ᠲᠣᠭᠣᠷᠢᠭ ᠤᠨ ᠰᠢᠭᠦᠬᠦ ᠬᠣᠷᠢᠶᠠᠨ ᠤ ᠭᠦᠢᠴᠡᠳᠬᠡᠬᠦ ᠵᠢᠯ ᠲᠤᠰᠬᠠᠶ ᠵᠦᠢᠯ ᠤᠨ ᠠᠵᠢᠯ ᠢ ᠥᠷᠨᠢᠭᠦᠯᠬᠦ ᠶᠠᠪᠤᠴᠠ ᠳᠠᠭᠠᠨ ᠬᠡᠷᠡᠭ ᠢ ᠬᠦᠯᠢᠶᠡᠵᠦ ᠳᠠᠭᠤᠰᠬᠠᠭᠰᠠᠨ ᠪᠠᠶᠢᠳᠠᠯ ᠂ 《 ᠬᠤᠷᠴᠠ ᠰᠡᠯᠡᠮ᠎ᠡ ᠠᠵᠢᠯᠯᠠᠭ᠎ᠠ 》 ᠶᠢᠨ ᠠᠮᠵᠢᠯᠲᠠ ᠪᠦᠲᠦᠭᠡᠯ ᠂ 《 ᠲᠠᠪᠦ ᠶᠢ ᠪᠠᠶᠢᠴᠠᠭᠠᠬᠤ 》 ᠠᠵᠢᠯ ᠤᠨ ᠠᠬᠢᠴᠠ ᠵᠡᠷᠭᠡ ᠲᠠᠯ᠎ᠠ ᠪᠠᠷ ᠵᠣᠬᠢᠴᠠᠩᠭᠤᠶ ᠱᠠᠭᠠᠷᠳᠠᠯᠭ᠎ᠠ ᠳᠤᠷᠠᠳᠤᠭᠰᠠᠨ ᠪᠥᠭᠡᠳ ᠡᠯ᠎ᠡ ᠲᠠᠯ᠎ᠠ ᠶᠢᠨ ᠬᠠᠷᠢᠭᠤ ᠮᠡᠳᠡᠭᠦᠯᠦᠯᠲᠡ ᠶᠢ ᠨᠠᠷᠢᠯᠢᠭ ᠰᠣᠨᠤᠰᠪᠠ᠃ ᠮᠠᠨ ᠤ ᠬᠤᠳᠠ ᠶᠢᠨ ᠬᠣᠶᠠᠷ ᠱᠠᠲᠤᠨ ᠤ ᠰᠢᠭᠦᠬᠦ ᠬᠣᠷᠢᠶ᠎ᠠ ᠶᠢᠨ ᠭᠦᠢᠴᠡᠳᠬᠡᠬᠦ ᠴᠢᠬᠤᠯᠠᠲᠠᠢ ᠳᠠᠷᠤᠭᠳᠠᠮᠠᠯ ᠬᠡᠷᠡᠭ ᠢ ᠮᠥᠨ ᠯᠡ ᠥᠨᠳᠥᠷ ᠬᠡᠮᠵᠢᠶᠡᠨ ᠳᠦ ᠪᠠᠶᠢᠭᠰᠠᠭᠠᠷ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ ᠂《 ᠭᠦᠢᠴᠡᠳᠬᠡᠬᠦ ᠵᠢᠯ 》 ᠦᠨ ᠲᠥᠯᠥᠪᠵᠢᠭᠦᠯᠭᠡ ᠶᠢᠨ ᠡᠯ᠎ᠡ ᠵᠦᠢᠯ ᠦᠨ ᠡᠭᠦᠷᠭᠡ ᠶᠢᠨ ᠬᠠᠷᠠᠯᠲᠠ ᠶᠢ ᠪᠡᠶᠡᠯᠡᠭᠦᠯᠬᠦ ᠪᠡᠷ ᠴᠢᠷᠮᠠᠶᠢᠵᠤ ᠂ ᠬᠢᠨᠠᠨ ᠪᠠᠶᠢᠴᠠᠭᠠᠬᠤ ᠳᠤᠭᠤᠶᠢᠯᠠᠩ ᠨᠢ ᠪᠦᠬᠦ ᠬᠣᠲᠠ ᠶᠢᠨ ᠬᠣᠶᠠᠷ ᠱᠠᠲᠤᠨ ᠤ ᠰᠢᠭᠦᠬᠦ ᠬᠣᠷᠢᠶᠠᠨ ᠤ 2015 ᠣᠨ ᠡᠴᠡ ᠡᠮᠦᠨᠡᠬᠢ ᠬᠡᠷᠡᠭ ᠪᠣᠯᠭᠠᠨ ᠲᠠᠩᠰᠤᠯᠠᠵᠤ ᠰᠢᠭᠦᠵᠦ ᠳᠠᠭᠤᠰᠤᠭᠠᠳᠤᠶ ᠬᠡᠷᠡᠭ ᠂ 2016 ᠣᠨ ᠳᠤ ᠰᠢᠨ᠎ᠡ ᠪᠡᠷ ᠬᠦᠯᠢᠶᠡᠨ ᠠᠪᠤᠭᠰᠠᠨ ᠭᠦᠢᠴᠡᠳᠬᠡᠬᠦ ᠬᠡᠷᠡᠭ ᠨᠡᠢᠲᠡ43954 ᠵᠤᠷᠪᠤᠰ ᠳᠠᠭᠤᠰᠤᠭᠠᠳᠤᠶ ᠭᠦᠢᠴᠡᠳᠬᠡᠬᠦ ᠬᠡᠷᠡᠭ ᠢ ᠵᠣᠬᠢᠰᠲᠠᠢ ᠪᠠᠢᠷᠠᠯᠠᠭᠤᠯᠵᠤ ᠂ ᠬᠡᠷᠡᠭ ᠢ ᠳᠠᠭᠤᠰᠬᠠᠬᠤ ᠠᠬᠢᠴᠠ ᠶᠢᠨ ᠲᠣᠩᠭᠤᠷᠬᠤ ᠵᠢᠭᠰᠠᠭᠠᠯᠲᠠ ᠬᠢᠪᠡ᠃
ᠡᠨᠡ ᠤᠳᠠᠭᠠᠨ ᠤ ᠬᠢᠨᠠᠨ ᠪᠠᠶᠢᠴᠠᠭᠠᠬᠤ ᠠᠵᠢᠯ ᠨᠢ ᠮᠠᠨ ᠤ ᠬᠤᠳᠠ ᠶᠢᠨ ᠬᠣᠶᠠᠷ ᠱᠠᠲᠤᠨ ᠤ ᠰᠢᠭᠦᠬᠦ ᠬᠣᠷᠢᠶᠠᠨ ᠤ 《 ᠭᠦᠢᠴᠡᠳᠬᠡᠬᠦ ᠵᠢᠯ 》 ᠦᠨ ᠲᠤᠰᠬᠠᠶ ᠵᠦᠢᠯ ᠤᠨ ᠠᠵᠢᠯ ᠢ ᠪᠦᠬᠦ ᠲᠠᠯ᠎ᠠ ᠪᠠᠷ ᠳᠦᠯᠬᠢᠨ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦ ᠨᠡᠮᠡᠬᠦ ᠂ ᠡᠯ᠎ᠡ ᠬᠣᠰᠢᠭᠤ ᠲᠣᠭᠣᠷᠢᠭ ᠤᠨ ᠰᠢᠭᠦᠬᠦ ᠬᠣᠷᠢᠶᠠᠨ ᠤ ᠭᠠᠷᠭᠠᠭᠰᠠᠨ ᠳᠠᠷᠠᠭᠠᠴᠢ ᠶᠢᠨ ᠠᠯᠬᠤᠮ ᠤᠨ ᠠᠵᠢᠯ ᠳᠤ ᠲᠣᠳᠣᠷᠬᠠᠶ ᠴᠢᠭᠯᠡᠯ ᠢ ᠵᠢᠭᠠᠵᠤ ᠥᠭᠴᠡᠶ ᠃ ᠳᠠᠷᠠᠭᠠᠴᠢ ᠶᠢᠨ ᠠᠯᠬᠤᠮ ᠳᠤ ᠂ ᠪᠦᠬᠦ ᠬᠣᠲᠠ ᠶᠢᠨ ᠬᠣᠶᠠᠷ ᠱᠠᠲᠤᠨ ᠤ ᠰᠢᠭᠦᠬᠦ ᠬᠣᠷᠢᠶ᠎ᠠ 《 ᠭᠦᠢᠴᠡᠳᠬᠡᠬᠦ ᠵᠢᠯ 》 ᠦᠨ ᠲᠤᠰᠬᠠᠶ ᠵᠦᠢᠯ ᠤᠨ ᠠᠵᠢᠯ ᠡᠨᠡ ᠬᠦ ᠠᠵᠠ ᠲᠣᠬᠢᠶᠠᠯ ᠢ ᠭᠦᠢᠴᠡᠳ ᠠᠳᠬᠤᠵᠤ ᠂ ᠬᠠᠲᠠᠭᠤ ᠪᠡᠷᠬᠡᠰᠢᠶᠡᠯ ᠢ ᠲᠤᠭᠤᠯᠤᠨ ᠂ ᠥᠷᠢᠰᠥᠯᠳᠦᠭᠡᠨ ᠢ ᠤᠭᠲᠤᠵᠤ ᠂ ᠣᠷᠳᠣᠰ ᠤᠨ ᠭᠦᠢᠴᠡᠳᠬᠡᠬᠦ ᠳᠦ ᠪᠡᠷᠬᠡᠲᠡᠶ ᠪᠠᠢᠳᠠᠯ ᠢ ᠡᠪᠳᠡᠵᠦ ᠂ ᠣᠷᠳᠣᠰ ᠤᠨ ᠬᠡᠷᠡᠭᠵᠢᠭᠦᠯᠵᠦ ᠭᠦᠢᠴᠡᠳᠬᠡᠬᠦ ᠰᠠᠢᠨ ᠰᠠᠢᠬᠠᠨ ᠣᠷᠴᠢᠯ ᠢ ᠪᠤᠢ ᠪᠣᠯᠭᠠᠵᠤ ᠂ ᠣᠷᠳᠤᠰ ᠤᠨ ᠦᠨᠡᠨᠴᠢ ᠢᠲᠡᠭᠡᠮᠵᠢᠲᠡᠶ ᠨᠡᠶᠢᠭᠡᠮ ᠦᠨ ᠲᠣᠭᠲᠠᠯᠴᠠᠭ᠎ᠠ ᠶᠢ ᠲᠠᠬᠢᠨ ᠪᠠᠢᠭᠤᠯᠬᠤ ᠶᠢᠨ ᠲᠥᠯᠦᠭᠡ ᠢᠳᠡᠪᠬᠢᠲᠡᠶ ᠬᠤᠪᠢ ᠨᠡᠮᠡᠷᠢ ᠪᠡᠨ ᠦᠵᠡᠭᠦᠯᠬᠦ ᠬᠡᠷᠡᠭᠲᠡᠶ᠃
ᠦᠨᠡᠯᠡᠬᠦ 0ᠦᠨᠡᠯᠡᠯᠲᠡ ᠲᠠᠢ