2016 ᠣᠨ ᠳᠤ ᠂ ᠤᠷᠳᠤᠰ ᠬᠤᠳᠠ ᠶᠢᠨ ᠵᠠᠷᠭᠤ ᠶᠢᠨ ᠦᠢᠯᠡᠴᠢᠯᠡᠭᠡᠨ ᠦ ᠲᠥᠪ ᠨᠢ《 ᠬᠣᠶᠠᠷ ᠢ ᠰᠤᠷᠤᠯᠴᠠᠵᠤ ᠨᠢᠭᠡ ᠶᠢ ᠬᠢᠬᠦ》 ᠰᠤᠷᠤᠯᠴᠠᠯᠭ᠎ᠠ ᠬᠥᠮᠦᠵᠢᠭᠦᠯᠦᠯ ᠦᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ ᠂ ᠠᠷᠠᠳ ᠤᠨ ᠲᠥᠯᠥᠭᠡ ᠬᠠᠤᠯᠢ ᠪᠠᠷᠢᠬᠤ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠵᠤ ᠂ ᠠᠷᠠᠳ ᠤᠯᠠᠨ ᠤ ᠬᠠᠤᠯᠢ ᠬᠡᠷᠡᠭᠰᠡᠬᠦ ᠲᠠᠯ᠎ᠠ ᠶᠢᠨ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ ᠂ ᠠᠰᠠᠭᠤᠳᠠᠯ ᠤᠨ ᠤᠬᠠᠮᠰᠠᠷ ᠢ ᠦᠨᠡᠨ ᠬᠦ ᠴᠢᠩᠭᠠᠷᠠᠭᠤᠯᠵᠤ ᠂ 《 ᠭᠤᠷᠪᠠ ᠶᠢ ᠴᠢᠬᠤᠯᠠᠴᠢᠯᠠᠬᠤ 》 ᠵᠠᠷᠭᠤ ᠶᠢᠨ ᠦᠢᠯᠡᠴᠢᠯᠡᠭᠡᠨ ᠦ ᠴᠣᠩᠬᠣ ᠶᠢᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ ᠂ ᠦᠢᠯᠡᠴᠢᠯᠡᠭᠡᠨ ᠦ ᠦᠷ᠎ᠡ ᠪᠦᠲᠦᠮᠵᠢ ᠪᠠ ᠪᠦᠬᠦᠯᠢ ᠴᠣᠭᠴᠠ ᠶᠢᠨ ᠳᠦᠷᠢ ᠳᠦᠷᠦᠬᠦ ᠶᠢ ᠦᠨᠡᠨ ᠬᠦ ᠳᠡᠭᠡᠭᠰᠢᠯᠡᠭᠦᠯᠪᠡ ᠃
—ᠠᠷᠠᠳ ᠲᠤ ᠳᠥᠭᠥᠮ ᠦᠵᠡᠭᠦᠯᠬᠦ ᠦᠢᠯᠡᠴᠢᠯᠡᠭᠡ ᠶᠢ ᠴᠢᠬᠤᠯᠠᠴᠢᠯᠠᠬᠤ᠃ ᠦᠢᠯᠡᠴᠢᠯᠡᠭᠡᠨ ᠤ ᠲᠥᠪ ᠨᠢ ᠦᠢᠯᠡᠴᠢᠯᠡᠬᠡᠨ ᠤ ᠲᠠᠯᠠᠪᠤᠷ ᠤᠨ ᠪᠦᠲᠦᠭᠡᠨ ᠪᠠᠢᠭᠤᠯᠠᠯᠲᠠ ᠶᠢ ᠲᠠᠰᠤᠷᠠᠯᠲᠠ ᠦᠭᠡᠢ ᠳᠥᠷᠢᠮᠵᠢᠭᠦᠯᠵᠦ᠂ ᠵᠠᠷᠭᠤ ᠶᠢᠨ ᠦᠢᠯᠡᠴᠢᠯᠡᠭᠡᠨ ᠤ ᠶᠡᠬᠡ ᠲᠠᠩᠬᠢᠮ ᠢ ᠰᠢᠨᠡᠳᠬᠡᠵᠦ᠂ ᠭᠣᠣᠯ ᠲᠠᠯᠠᠪᠠᠢ ᠨᠢ 500 ᠲᠡᠭᠰᠢ ᠳᠥᠷᠪᠡᠯᠵᠢᠨ ᠮᠧᠲ᠋ᠷ ᠡᠴᠡ2300 ᠲᠡᠭᠰᠢ ᠳᠥᠷᠪᠡᠯᠵᠢᠨ ᠮᠧᠲ᠋ᠷ ᠲᠠᠯᠠᠪᠠᠶ ᠲᠠᠶ ᠪᠣᠯᠭᠠᠨ ᠦᠷᠭᠡᠳᠬᠡᠵᠦ ᠂ ᠵᠠᠷᠭᠤ ᠶᠢᠨ ᠣᠷᠴᠢᠨ ᠨᠥᠬᠥᠴᠡᠯ ᠨᠡᠩ ᠠᠭᠤᠵᠢᠮ ᠰᠠᠷᠠᠭᠤᠯ ᠪᠣᠯᠵᠤ᠂ ᠵᠠᠷᠭᠤ ᠶᠢᠨ ᠦᠢᠯᠡᠴᠢᠯᠡᠭᠡᠨ ᠦ ᠨᠢᠭᠡ ᠴᠣᠭᠴᠠᠯᠠᠭᠰᠠᠨ ᠮᠠᠰᠢᠨ ᠨᠡᠮᠡᠵᠦ ᠂ ᠵᠢᠱᠢᠮᠡᠭ ᠵᠠᠷᠭᠤ ᠶᠢ ᠵᠢᠯᠤᠭᠤᠳᠬᠤ ᠮᠠᠰᠢᠨ ᠂ 3 D ᠵᠠᠮ ᠦᠵᠡᠬᠦ ᠰᠢᠰᠲ᠋ᠧᠮ ᠂ ᠵᠠᠷᠭᠤ ᠶᠢᠨ ᠪᠢᠴᠢᠭ ᠬᠠᠷ᠎ᠠ ᠶᠢᠨ ᠵᠠᠭᠪᠤᠷ ᠪᠠᠭᠤᠯᠭᠠᠬᠤ ᠬᠣᠶᠠᠷ ᠬᠡᠮᠵᠢᠯᠳᠦ ᠺᠣᠳ᠋ ᠮᠠᠰᠢᠨ ᠵᠡᠷᠭᠡ ᠮᠡᠳᠡᠭᠡ ᠵᠠᠩᠭᠢᠵᠢᠯ ᠤᠨ ᠠᠷᠠᠳ ᠲᠤ ᠳᠥᠭᠥᠮ ᠦᠵᠡᠭᠦᠯᠬᠦ ᠦᠢᠯᠡᠴᠢᠯᠡᠭᠡᠨ ᠦ ᠰᠢᠰᠲ᠋ᠧᠮ ᠂ ᠪᠠᠩᠬᠢ ᠶᠢᠨ ᠵᠣᠭᠣᠰ ᠭᠠᠷᠭᠠᠵᠤ ᠠᠪᠬᠤ ᠮᠠᠰᠢᠨ ᠂ ᠰᠢᠦᠳᠠᠨ ᠤ ᠲᠦᠷᠭᠡᠨ ᠳᠠᠮᠵᠢᠭᠤᠯᠭ᠎ᠠ ᠂ ᠳᠠᠭᠠᠳᠬᠠᠯ ᠤᠨ ᠭᠦᠩᠰᠧ ᠂ ᠬᠤᠳᠠᠯᠳᠤᠭᠠᠨ ᠤ ᠶᠠᠪᠤᠳᠠᠯ ᠤᠨ ᠪᠢᠴᠢᠭ ᠬᠠᠷ᠎ᠠ ᠳᠠᠷᠤᠮᠠᠯᠯᠠᠬᠤ ᠂ ᠥᠪᠡᠷ ᠢᠶᠡᠨ ᠦᠢᠯᠡᠴᠢᠯᠡᠨ ᠬᠤᠳᠠᠯᠳᠤᠬᠤ ᠵᠡᠷᠭᠡ ᠭᠤᠷᠪᠠᠳᠤᠭᠠᠷ ᠡᠲᠡᠭᠡᠳ ᠦᠨ ᠦᠢᠯᠡᠴᠢᠯᠡᠭᠡ᠂ ᠭᠠᠷ ᠤᠲᠠᠰᠤᠨ ᠤ ᠴᠠᠬᠢᠯᠭᠠᠨ ᠴᠡᠨᠡᠭᠯᠡᠬᠦ ᠂ wifi ᠪᠡᠷ ᠰᠦᠯᠵᠢᠶᠡᠨ ᠳᠦ ᠣᠷᠣᠬᠤ ᠂ ᠡᠮ ᠡᠮᠨᠡᠯᠭᠡ ᠶᠢᠨ ᠲᠦᠷᠭᠡᠨ ᠠᠪᠤᠷᠠᠯᠳᠠ ᠶᠢᠨ ᠪᠣᠭᠴᠣ ᠵᠡᠷᠭᠡ ᠠᠷᠠᠳ ᠲᠤ ᠳᠦᠭᠦᠮ ᠦᠵᠡᠭᠦᠯᠬᠦ ᠲᠥᠬᠥᠭᠡᠷᠦᠮᠵᠢ ᠶᠢ ᠣᠷᠤᠭᠤᠯᠵᠤ ᠂ ᠲᠤᠬᠠᠶ ᠶᠢᠨ ᠬᠥᠮᠦᠨ ᠳᠦ ᠳᠥᠭᠥᠮ ᠳᠥᠲᠡ ᠂ ᠬᠠᠯᠠᠭᠤᠨ ᠲᠤᠳᠤᠨᠤᠰᠤᠭ ᠬᠠᠤᠯᠢ ᠴᠠᠭᠠᠵᠠ ᠶᠢᠨ ᠦᠢᠯᠡᠴᠢᠯᠡᠭᠡ ᠬᠠᠩᠭ᠋ᠠᠭᠰᠠᠨ ᠪᠠᠢᠨ᠎ᠠ᠃
—ᠪᠣᠯᠪᠠᠰᠤᠨ ᠢᠶᠠᠷ ᠦᠢᠯᠡᠴᠢᠯᠡᠬᠦ ᠶᠢ ᠴᠢᠬᠤᠯᠠᠴᠢᠯᠠᠬᠤ ᠃ ᠦᠢᠯᠡᠴᠢᠯᠡᠭᠡᠨ ᠤ ᠲᠥᠪ ᠪᠠᠶᠢᠭᠤᠯᠤᠭᠳᠠᠭᠰᠠᠨ ᠠᠴᠠ ᠨᠠᠰᠢ ᠂ ᠠᠷᠠᠳ ᠤᠨ ᠲᠥᠯᠥᠭᠡ ᠬᠠᠤᠯᠢ ᠪᠠᠷᠢᠬᠤ ᠂ ᠬᠥᠮᠦᠨ ᠢᠶᠡᠷ ᠦᠨᠳᠦᠰᠦ ᠪᠣᠯᠭᠠᠨ ᠦᠢᠯᠡᠴᠢᠯᠡᠬᠦ ᠤᠬᠠᠮᠰᠠᠷ ᠢ ᠪᠠᠷᠢᠮᠲᠠᠯᠠᠵᠤ ᠂ ᠪᠣᠯᠪᠠᠰᠤᠨ ᠢᠶᠠᠷ ᠬᠦᠯᠢᠶᠡᠨ ᠠᠪᠬᠤ ᠬᠢᠴᠢᠶᠡᠵᠦ ᠂ ᠦᠢᠯᠡ ᠠᠵᠢᠯᠯᠠᠭ᠎ᠠ ᠨᠢ ᠵᠢᠷᠤᠮᠵᠢᠭᠰᠠᠨ ᠂ ᠤᠷᠢᠳᠠᠪᠠᠷ ᠬᠠᠷᠢᠭᠤᠴᠠᠯᠭ᠎ᠠ ᠠᠰᠠᠭᠤᠨ᠂ ᠦᠢᠯᠡᠴᠢᠯᠡᠭᠡᠨ ᠦ ᠠᠮᠠᠯᠠᠯᠲᠠ ᠬᠢᠬᠦ ᠵᠡᠷᠭᠡ ᠳᠦᠷᠢᠮ ᠲᠣᠭᠲᠠᠭᠠᠯ ᠲᠡᠭᠦᠯᠲᠠᠷᠵᠢᠭᠦᠯᠵᠦ᠂ ᠲᠢᠩᠬᠢᠮ ᠤᠨ ᠠᠵᠢᠯᠲᠠᠨ 10 ᠤᠨ ᠡᠮᠦᠨ᠎ᠡ ᠮᠢᠨᠦ᠋ᠲ ᠠᠵᠢᠯ ᠤᠨ ᠪᠠᠶᠢᠷᠢ ᠳᠤ ᠪᠡᠨ ᠬᠦᠷᠴᠦ ᠂ ᠬᠤᠪᠴᠠᠰᠤ ᠨᠢ ᠴᠡᠪᠡᠷ ᠴᠡᠮᠴᠡᠭᠡᠷ ᠂ ᠬᠥᠳᠡᠯᠵᠦ ᠪᠠᠷᠢᠬᠤ ᠨᠢ ᠡᠪᠯᠢᠭ ᠂ ᠦᠭᠡ ᠶᠠᠷᠢᠶ᠎ᠠ ᠨᠢ ᠪᠣᠯᠪᠠᠰᠤᠨ ᠂ ᠬᠠᠯᠠᠭᠤᠮᠰᠤᠭ ᠢᠶᠡᠷ ᠲᠤᠬᠠᠶ ᠶᠢᠨ ᠬᠥᠮᠦᠨ ᠢ ᠬᠦᠯᠡᠶᠡᠨ ᠠᠪᠬᠤ ᠬᠡᠷᠡᠭᠲᠡᠶ᠃ ᠡᠭᠦᠨ ᠦ ᠬᠠᠮᠲᠤ ᠂ ᠰᠠᠨᠠᠭᠠᠴᠢᠯᠠᠭ᠎ᠠ ᠠᠴᠠ ᠪᠠᠨ ᠳᠣᠲᠣᠭᠠᠳᠤ ᠳᠠᠭᠠᠨ ᠦᠢᠯᠡᠴᠢᠯᠡᠵᠦ ᠂ ᠪᠢᠴᠢᠭ ᠬᠠᠷ᠎ᠠ ᠬᠦᠷᠭᠡᠬᠦ ᠠᠵᠢᠯ ᠢᠶᠡᠨ ᠨᠢᠮᠪᠠᠢ ᠭᠦᠢᠴᠡᠳᠬᠡᠵᠦ᠂ ᠮᠠᠲ᠋ᠧᠷᠢᠶᠠᠯ ᠢ ᠬᠦᠯᠢᠶᠡᠠ ᠠᠪᠴᠤ ᠰᠢᠯᠵᠢᠭᠦᠯᠦᠨ ᠨᠡᠪᠲᠡᠷᠡᠭᠦᠯᠬᠦ ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠵᠡᠷᠭᠡ ᠠᠵᠢᠯ ᠰᠠᠢᠲᠤᠷ ᠬᠢᠵᠦ᠂ ᠬᠠᠤᠯᠢ ᠶᠢᠨ ᠲᠤᠰᠢᠶᠠᠯᠲᠠᠨ ᠲᠤᠰᠬᠠᠢᠯᠠᠨ ᠰᠢᠭᠦᠨ ᠲᠠᠰᠤᠯᠠᠬᠤ ᠳᠤ ᠦᠢᠯᠡᠴᠢᠯᠡᠬᠦ ᠬᠡᠷᠡᠭᠲᠠᠢ᠃
—ᠬᠠᠯᠠᠭᠤᠮᠰᠤᠭ ᠦᠢᠯᠡᠴᠢᠯᠡᠭᠡ ᠶᠢ ᠴᠢᠬᠤᠯᠠᠴᠢᠯᠠᠬᠤ ᠬᠡᠷᠡᠭᠲᠠᠢ ᠃ ᠦᠢᠯᠡᠴᠢᠯᠡᠬᠦ ᠲᠥᠪ ᠡᠴᠡ ᠠᠵᠢᠯᠳᠡᠠ ᠪᠦᠬᠦᠨ ᠫᠠᠶᠢᠰᠠ ᠪᠡᠨ ᠵᠡᠭᠦᠨ ᠠᠵᠢᠯ ᠤᠨ ᠪᠠᠶᠢᠷᠢ ᠳᠤ ᠭᠠᠷᠬᠤ ᠶᠢ ᠱᠠᠭᠠᠷᠳᠠᠵᠤ᠂ ᠠᠵᠢᠯ ᠤᠨ ᠫᠠᠶᠢᠰᠠ ᠪᠡᠷ ᠳᠠᠮᠵᠢᠭᠤᠯᠤᠨ《 ᠠᠵᠢᠯ ᠤᠨ ᠪᠠᠢᠷᠢ ᠪᠡᠨ ᠢᠯᠡᠷᠡᠭᠦᠯᠵᠦ᠂ ᠬᠡᠪ ᠪᠠᠷᠢᠮᠵᠢᠶ᠎ᠠ ᠪᠡᠨ ᠢᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠡᠨ ᠢᠯᠡᠷᠡᠭᠦᠯᠬᠦ》 ᠬᠡᠷᠡᠭᠲᠠᠢ ᠂ ᠦᠢᠯᠡᠴᠢᠯᠡᠭᠡᠨ ᠦ ᠴᠣᠩᠬᠣ ᠪᠦᠷᠢ ᠳᠦ ᠦᠢᠯᠡᠴᠢᠯᠡᠭᠡᠨ ᠦ ᠲᠠᠭᠠᠯᠠᠮᠵᠢ ᠶᠢᠨ ᠦᠨᠡᠯᠡᠯᠲᠡ ᠶᠢ ᠪᠠᠭᠠᠵᠢ ᠲᠠᠯᠪᠢᠵᠤ᠂ ᠬᠡᠷᠡᠭ ᠪᠣᠯᠭᠠᠨ ᠳᠠᠩᠰᠠᠯᠠᠭᠰᠠᠨ ᠶᠠᠪᠤᠴᠠ ᠳᠤ ᠲᠤᠬᠠᠶ ᠶᠢᠨ ᠬᠥᠮᠦᠨ ᠳᠦ ᠬᠡᠷᠡᠭ ᠢ ᠮᠥᠷᠳᠡᠨ ᠬᠢᠨᠠᠯᠲᠠ ᠲᠠᠯᠪᠢᠬᠤ ᠺᠠᠷᠲ ᠣᠯᠭᠤᠨ᠂ ᠲᠤᠬᠠᠶ ᠶᠢᠨ ᠬᠥᠮᠦᠨ ᠳᠤ ᠦᠢᠯᠡᠴᠢᠯᠡᠭᠡᠨ ᠳᠤ ᠬᠢᠨᠠᠯᠲᠠ ᠲᠠᠯᠪᠢᠨ ᠦᠭᠡ ᠦᠯᠡᠳᠡᠭᠡᠬᠦ ᠳᠡᠪᠲᠡᠷ ᠪᠡᠯᠡᠳᠬᠡᠵᠦ᠂ ᠤᠯᠠᠨ ᠲᠦᠮᠡᠨ ᠦ ᠵᠠᠷᠭᠤ ᠶᠢᠨ ᠦᠢᠯᠡᠴᠢᠯᠡᠭᠡᠨ ᠢ ᠦᠨᠡᠯᠡᠬᠦ ᠂ ᠬᠢᠨᠠᠯᠲᠠ ᠲᠠᠯᠪᠢᠬᠤ ᠪᠠ ᠬᠠᠷᠢᠭᠤ ᠲᠤᠰᠬᠠᠭᠰᠠᠨ ᠰᠠᠨᠠᠯ ᠢ ᠬᠦᠯᠢᠶᠡᠨ ᠠᠪᠴᠤ᠂ ᠵᠣᠬᠢᠴᠠᠩᠭᠤᠶ ᠠᠷᠭ᠎ᠠ ᠬᠡᠮᠵᠢᠶ᠎ᠡ ᠠᠪᠴᠤ ᠪᠠᠶᠢᠭᠠᠳ ᠬᠠᠷᠭᠠᠯᠵᠠᠭᠰᠠᠨ ᠠᠷᠭ᠎ᠠ ᠠᠪᠴᠢᠯ ᠢᠶᠡᠨ ᠵᠠᠯᠠᠷᠠᠭᠤᠯᠬᠤ ᠬᠡᠷᠡᠭᠲᠠᠢ᠃ᠡᠭᠦᠨ ᠦ ᠬᠠᠮᠲᠤ ᠂ ᠦᠢᠯᠡᠴᠢᠯᠡᠭᠡᠨ ᠤ ᠴᠣᠩᠬᠣ ᠪᠠ ᠦᠢᠯᠡᠴᠢᠯᠡᠭᠡᠨ ᠤ ᠲᠥᠪ ᠲᠢᠩᠬᠢᠮ ᠳᠦ ᠳᠠᠭᠤ ᠲᠦᠷᠰᠦ ᠰᠢᠩᠭᠡᠭᠡᠬᠦ ᠲᠥᠬᠥᠭᠡᠷᠦᠮᠵᠢ ᠤᠭᠰᠠᠷᠠᠨ᠂ ᠠᠵᠢᠯᠲᠠᠨ ᠤ ᠪᠣᠯᠪᠠᠰᠤᠨ ᠢᠶᠠᠷ ᠦᠢᠯᠡᠴᠢᠯᠡᠬᠦ ᠦᠵᠡᠯ ᠤᠬᠠᠮᠰᠠᠷ ᠢ ᠴᠢᠩᠭᠠᠳᠬᠠᠵᠤ ᠂ ᠵᠠᠷᠭᠤ ᠶᠢᠨ ᠦᠢᠯᠡᠴᠢᠯᠡᠭᠡᠨ ᠦ ᠠᠵᠢᠯ ᠢ ᠳᠦᠷᠢᠮᠵᠢᠭᠦᠯᠬᠦ ᠂ ᠵᠢᠷᠤᠮᠵᠢᠭᠤᠯᠬᠤ ᠂ ᠨᠠᠷᠢᠯᠢᠬᠵᠢᠭᠤᠯᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ ᠬᠡᠷᠡᠭᠲᠡᠶ ᠃
ᠦᠨᠡᠯᠡᠬᠦ 0ᠦᠨᠡᠯᠡᠯᠲᠡ ᠲᠠᠢ