ᠭᠡᠷᠡᠭ ᠲᠠᠩᠰᠤᠯᠠᠬᠤ ᠲᠢᠩᠬᠡᠮ ᠡᠴᠡ ᠮᠥᠩᠭᠦᠨ ᠭᠦᠢᠯᠭᠡᠭᠡᠨ ᠤ ᠪᠠᠢᠭᠤᠯᠭ᠎ᠠ ᠳᠤ ᠬᠦᠷᠭᠡᠭᠰᠡᠨ ᠬᠠᠤᠯᠢ ᠬᠡᠷᠡᠭᠵᠢᠭᠦᠯᠬᠦ ᠶᠢᠨ ᠰᠠᠨᠠᠭᠤᠯᠤᠮᠵᠢ ᠨᠢ ᠮᠠᠰᠢ ᠰᠠᠢᠨ ᠦᠷ᠎ᠡ ᠪᠦᠲᠦᠮᠵᠢ ᠣᠯᠪᠠ
2016.12.07 ᠲᠣᠰ ᠥᠷᠲᠡᠭᠡᠨ ᠦ ᠨᠠᠢᠷᠠᠭᠤᠯᠤᠭᠴᠢ

ᠣᠶᠢᠷ᠎ᠠ ᠳᠤ ᠂ ᠬᠡᠷᠡᠭ ᠪᠣᠯᠭᠠᠨ ᠳᠠᠩᠰᠠᠯᠠᠬᠤ ᠲᠢᠩᠬᠢᠮ  ᠨᠢ ᠮᠥᠩᠭᠥᠨ ᠭᠦᠢᠯᠭᠡᠭᠡᠨ ᠦ ᠪᠠᠶᠢᠭᠤᠯᠤᠮᠵᠢ ᠶᠢᠨ ᠬᠡᠷᠡᠭ ᠪᠣᠯᠭᠠᠨ ᠳᠠᠩᠰᠠᠯᠠᠬᠤ ᠦᠶ᠎ᠡ ᠳᠦ ᠬᠠᠩᠭᠠᠭᠰᠠᠨ ᠵᠠᠭᠠᠯᠳᠤᠭᠳᠠᠭᠴᠢ ᠶᠢᠨ ᠬᠦᠷᠭᠡᠯᠲᠡ ᠶᠢᠨ ᠬᠠᠶ᠋ᠢᠭ ᠨᠢ ᠵᠢᠷᠤᠮᠵᠢᠯ ᠦᠭᠡᠢ ᠂ ᠣᠨᠣᠪᠴᠢ ᠦᠭᠡᠢ ᠠᠰᠠᠭᠤᠳᠠᠯ  ᠳᠤ ᠴᠢᠭᠯᠡᠭᠦᠯᠦᠨ᠂ ᠠᠷᠠᠳ ᠤᠨ ᠳᠡᠭᠡᠳᠦ ᠰᠢᠭᠦᠬᠦ  ᠬᠣᠷᠢᠶᠠᠨ ᠡᠴᠡ ᠪᠠᠭᠤᠯᠭᠠᠭᠰᠠᠨ 《  ᠬᠡᠷᠡᠭ ᠤᠨ ᠬᠢᠯᠪᠠᠷ ᠬᠦᠴᠢᠷ ᠢᠶᠡᠷ ᠨᠢ ᠢᠯᠭᠠᠨ ᠬᠠᠤᠯᠢ ᠴᠠᠭᠠᠵᠠ ᠶᠢᠨ ᠡᠬᠢ  ᠪᠠᠶᠠᠯᠢᠭ ᠢ ᠵᠣᠬᠢᠰᠲᠠᠢ  ᠳᠤᠬᠢᠦᠷᠠᠭᠤᠯᠬᠤ ᠶᠢ ᠲᠦᠯᠬᠢᠨ ᠠᠬᠢᠭᠤᠯᠬᠤ ᠲᠤᠬᠠᠶ ᠲᠣᠭᠲᠠᠭᠠᠯ ᠤᠳ 》 ᠲᠠᠢ ᠤᠶᠠᠯᠳᠤᠭᠤᠯᠤᠨ ᠂ ᠪᠦᠬᠦ ᠬᠤᠳᠠ ᠶᠢᠨ 10 ᠮᠥᠩᠭᠥᠨ ᠭᠦᠢᠯᠭᠡᠭᠡᠨ ᠦ ᠪᠠᠶᠢᠭᠤᠯᠤᠮᠵᠢ  ᠳᠤ《 ᠬᠠᠤᠯᠢ ᠴᠠᠭᠠᠵᠠ ᠶᠢᠨ ᠰᠠᠨᠠᠭᠤᠯᠭ᠎ᠠ ᠶᠢᠨ ᠪᠢᠴᠢᠭ 》 ᠬᠦᠷᠭᠡᠵᠦ ᠂ ᠮᠥᠩᠭᠥᠨ ᠭᠦᠢᠯᠭᠡᠭᠡᠨ ᠦ ᠪᠠᠶᠢᠭᠤᠯᠤᠮᠵᠢ ᠳᠤ ᠵᠣᠭᠣᠰ ᠵᠢᠭᠡᠯᠡᠭᠴᠢ ᠬᠢᠭᠡᠳ ᠪᠠᠲᠤᠯᠠᠭᠴᠢ ᠂ ᠪᠠᠷᠢᠴᠠᠭᠠᠯᠠᠭᠴᠢ  ᠲᠠᠢ ᠭᠡᠷ᠎ᠡ ᠲᠣᠭᠲᠠᠭᠠᠬᠤ ᠦᠶ᠎ᠡ ᠳᠦ ᠬᠦᠷᠭᠡᠯᠲᠡ ᠶᠢᠨ ᠬᠠᠶ᠋ᠢᠭ ᠢ  ᠪᠤᠯᠵᠤᠨ ᠲᠣᠭᠲᠠᠬᠤ ᠬᠡᠷᠡᠭᠲᠡᠶ  ᠭᠡᠵᠦ ᠰᠠᠨᠠᠭᠤᠯᠪᠠ᠃

ᠬᠠᠤᠯᠢ ᠴᠠᠭᠠᠵᠠ ᠶᠢᠨ ᠰᠠᠨᠠᠭᠤᠯᠭ᠎ᠠ ᠶᠢᠨ ᠪᠢᠴᠢᠭ ᠣᠯᠤᠭᠰᠠᠨ ᠡᠯ᠎ᠡ ᠮᠥᠩᠭᠥᠨ ᠭᠦᠢᠯᠭᠡᠭᠡᠨ ᠦ ᠪᠠᠶᠢᠭᠤᠯᠤᠮᠵᠢ ᠴᠥᠮ ᠬᠦᠨᠳᠦᠳᠬᠡᠨ ᠦᠵᠡᠵᠦ ᠂ ᠬᠠᠷᠢᠭᠤ ᠵᠠᠬᠢᠳᠠᠯ ᠳᠤ ᠢᠯᠡᠷᠬᠡᠢᠯᠡᠬᠦ ᠳᠤ ᠪᠡᠨ 《 ᠬᠠᠤᠯᠢ ᠴᠠᠭᠠᠵᠠ ᠶᠢᠨ ᠰᠠᠨᠠᠭᠤᠯᠭ᠎ᠠ ᠶᠢᠨ ᠪᠢᠴᠢᠭ 》 ᠤᠨ ᠰᠠᠨᠠᠭᠤᠯᠭ᠎ᠠ ᠶᠣᠰᠣᠭᠠᠷ ᠂ ᠲᠤᠰ ᠲᠤᠰ ᠤᠨ ᠵᠢᠱᠢᠶ᠎ᠡ ᠦᠵᠡᠭᠦᠯᠬᠦ ᠭᠡᠷ᠎ᠡ  ᠶᠢᠨ ᠬᠡᠪ ᠳᠤ ᠵᠠᠰᠠᠪᠤᠷᠢ ᠣᠷᠤᠭᠤᠯᠤᠨ ᠂ ᠭᠡᠷ᠎ᠡ ᠪᠢᠴᠢᠭ  ᠲᠤ ᠪᠡᠨ ᠬᠦᠷᠭᠡᠯᠲᠡ  ᠤᠨ ᠲᠤᠬᠠᠶ ᠬᠣᠯᠪᠣᠭᠳᠠᠯ ᠪᠦᠬᠦᠢ ᠵᠤᠷᠪᠤᠰ ᠢ ᠨᠡᠮᠡᠵᠦ ᠲᠣᠭᠲᠠᠭᠠᠨ ᠂ 《 ᠭᠡᠷ᠎ᠡ ᠳᠡᠬᠢ ᠬᠠᠶ᠋ᠢᠭ  ᠢᠶᠡᠷ ᠬᠦᠷᠭᠡᠯᠲᠡ ᠶᠢᠨ ᠬᠠᠶ᠋ᠢᠭ ᠪᠣᠯᠭᠠᠵᠤ᠂ ᠲᠤᠬᠠᠶ ᠶᠢᠨ ᠬᠥᠮᠦᠨ ᠦ ᠬᠠᠩᠭᠠᠭᠰᠠᠨ ᠬᠦᠷᠭᠡᠯᠲᠡ ᠶᠢᠨ ᠬᠠᠶ᠋ᠢᠭ ᠨᠢ ᠣᠨᠣᠪᠴᠢᠲᠠᠶ ᠪᠢᠰᠢ ᠂ ᠬᠦᠷᠭᠡᠯᠲᠡ ᠶᠢᠨ ᠬᠠᠶ᠋ᠢᠭ ᠨᠢ ᠬᠤᠪᠢᠷᠬᠠᠰᠠᠨ ᠢ ᠮᠡᠳᠡᠭᠳᠡᠭᠰᠡᠨ ᠦᠭᠡᠢ  ᠪᠠᠢᠵᠤ ᠂ ᠭᠡᠷ᠎ᠡ ᠳᠦ ᠪᠣᠯᠵᠣᠭᠰᠠᠨ ᠬᠠᠶᠢᠭ ᠢᠶᠠᠷ ᠬᠦᠷᠭᠡᠭᠰᠡᠨ ᠪᠠᠢᠪᠠᠯ ᠂ ᠳᠠᠷᠤᠶ ᠬᠦᠷᠭᠡᠭᠰᠡᠨ ᠢᠶᠡᠷ ᠦᠵᠡᠨ᠎ᠡ 》 ᠭᠡᠵᠠᠢ᠃

ᠣᠳᠣᠬᠠᠨ ᠳᠤ ᠂ ᠬᠡᠷᠡᠭ ᠦᠨ ᠲᠣᠭ᠎ᠠ ᠲᠦᠷᠭᠡᠨ ᠨᠡᠮᠡᠭᠳᠡᠬᠦ ᠵᠢᠴᠢ ᠬᠥᠮᠦᠨ ᠠᠮᠠ ᠶᠢᠨ ᠨᠡᠭᠦᠳᠡᠯᠯᠡᠯ ᠦᠨ ᠨᠡᠮᠡᠭᠳᠡᠯ ᠂ ᠡᠷᠦᠬᠡ ᠠᠮᠠ  ᠶᠢᠨ ᠳᠠᠩᠰᠠᠨ ᠶᠢ  ᠬᠤᠪᠢᠷᠠᠭᠤᠯᠤᠨ ᠳᠠᠩᠰᠤᠯᠠᠬᠤ ᠶᠠᠪᠤᠴᠠ  ᠤᠳᠠᠭᠠᠨ ᠵᠡᠷᠭᠡ ᠰᠢᠯᠲᠠᠭᠠᠨ ᠠᠴᠠ ᠪᠣᠯᠣᠭᠠᠳ ᠬᠦᠷᠭᠡᠬᠦ ᠬᠦᠴᠢᠷᠳᠡᠯ ᠨᠡᠮᠡᠭᠳᠡᠵᠦ ᠂ ᠰᠢᠭᠦᠨ ᠲᠠᠰᠤᠯᠬᠤ ᠳᠤ ᠬᠡᠷᠡᠭᠰᠡᠬᠦ ᠴᠠᠭ ᠤᠯᠠᠮ ᠠᠴᠠ ᠤᠯᠠᠮ ᠣᠷᠳᠣ ᠪᠣᠯᠵᠤ ᠂ ᠢᠯᠠᠩᠭᠤᠶ᠎ᠠ ᠵᠠᠷᠢᠮ ᠮᠥᠩᠭᠥᠨ ᠭᠦᠢᠯᠭᠡᠭᠡᠨ ᠦ ᠬᠡᠷᠡᠭ ᠦᠨ ᠵᠠᠭᠠᠯᠳᠤᠭᠳᠠᠭᠴᠢ ᠶᠢᠨ ᠲᠣᠭ᠎ᠠ ᠨᠢ ᠣᠯᠠᠨ ᠡᠴᠡ  ᠪᠣᠯᠵᠤ ᠬᠦᠷᠭᠡᠬᠦ ᠲᠣᠭ᠎ᠠ ᠨᠢ ᠣᠯᠠᠨ ᠂ ᠬᠦᠴᠢᠷᠳᠡᠯ ᠶᠡᠬᠡᠲᠡᠶ ᠂ ᠬᠤᠭᠤᠴᠠᠭ᠎ᠠ ᠨᠢ ᠤᠷᠳᠤ ᠂ ᠶᠡᠬᠡ ᠬᠡᠮᠵᠢᠶᠡᠨ ᠦ ᠬᠡᠷᠡᠭ ᠢ  ᠬᠤᠢᠰᠢᠯᠠᠭᠤᠯᠵᠤ᠂ ᠲᠤᠷᠭᠤᠨ ᠵᠣᠭᠰᠣᠭᠠᠬᠤ ᠴᠢᠬᠤᠯᠠᠲᠠᠢ ᠪᠠᠢᠵᠤ ᠂ ᠬᠠᠤᠯᠢ ᠴᠠᠭᠠᠵᠠ ᠶᠢᠨ ᠡᠬᠢ ᠪᠠᠶᠠᠯᠢᠭ ᠢ ᠬᠦᠨᠳᠦ ᠨᠤᠴᠤᠲᠠᠢ ᠪᠦᠷᠢᠯᠭᠡᠨ ᠰᠦᠢᠳᠬᠡᠵᠦ ᠂ ᠬᠡᠷᠡᠭ ᠢ ᠰᠢᠭᠦᠨ ᠲᠠᠰᠤᠯᠬᠤ ᠠᠵᠢᠯ ᠤᠨ ᠪᠦᠲᠦᠮᠵᠢ ᠶᠢ  ᠨᠥᠯᠦᠭᠡᠯᠡᠬᠦ ᠨᠢ ᠰᠢᠭᠦᠬᠦ ᠬᠣᠷᠢᠶ᠎ᠠ ᠰᠢᠨᠠᠯᠭᠠᠬᠤ ᠬᠦᠴᠢᠷ ᠠᠰᠠᠭᠤᠳᠠᠯ ᠪᠣᠯᠤᠭᠰᠠᠨ ᠪᠠᠢᠨ᠎ᠠ ᠃  ᠬᠡᠷᠪᠡ ᠮᠥᠩᠭᠥᠨ ᠭᠦᠢᠯᠭᠡᠭᠡᠨ ᠦ ᠪᠠᠶᠢᠭᠤᠯᠤᠮᠵᠢ ᠵᠢᠭᠤᠷᠠᠯᠳᠤᠭᠠᠨ ᠡᠭᠦᠰᠬᠦ ᠡᠴᠡ ᠡᠮᠦᠨ᠎ᠡ ᠬᠦᠷᠭᠡᠯᠲᠡ ᠶᠢᠨ ᠬᠠᠶ᠋ᠢᠭ ᠢᠶᠠᠨ ᠪᠣᠯᠵᠣᠨ ᠲᠣᠭᠲᠠᠭᠰᠠᠨ ᠪᠠᠶᠢᠪᠠᠯ ᠂ ᠠᠷᠠᠳ ᠤᠨ ᠰᠢᠭᠦᠬᠦ ᠬᠣᠷᠢᠶ᠎ᠠ ᠵᠠᠷᠭᠤ ᠶᠢᠨ ᠪᠢᠴᠢᠭ ᠬᠠᠷ᠎ᠠ ᠶᠢ ᠬᠦᠷᠭᠡᠬᠦ ᠳᠦ ᠲᠤᠰ ᠬᠠᠶ᠋ᠢᠭ  ᠳᠤᠭᠲᠠᠭᠰᠠᠨ ᠬᠠᠶᠠᠭ ᠪᠣᠯᠭᠠᠵᠤ ᠪᠣᠯᠤᠨ᠎ᠠ ᠃ ᠬᠡᠷᠪᠡ ᠬᠦᠯᠢᠶᠡᠭᠴᠢ  ᠶᠢᠨ ᠳᠤᠭᠲᠠᠭᠰᠠᠨ ᠬᠠᠶ᠋ᠢᠭ ᠨᠢ ᠣᠨᠣᠪᠴᠢᠲᠠᠶ ᠪᠢᠰᠢ ᠂ ᠬᠦᠷᠭᠡᠯᠲᠡ ᠶᠢᠨ ᠬᠠᠶ᠋ᠢᠭ ᠨᠢ ᠬᠤᠪᠢᠷᠬᠠᠰᠠᠨ ᠪᠠᠶᠢᠲᠠᠯ᠎ᠠ ᠮᠡᠳᠡᠭᠳᠡᠭᠰᠠᠨ ᠦᠭᠡᠢ ᠪᠠᠢᠵᠤ᠂ ᠵᠠᠷᠭᠤ ᠶᠢᠨ ᠪᠢᠴᠢᠭ ᠬᠠᠷ᠎ᠠ  ᠢ ᠬᠦᠯᠢᠶᠠᠨ ᠠᠪᠤᠭᠰᠠᠨ ᠦᠭᠡᠶ ᠪᠣᠯ᠂ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ ᠂ ᠪᠢᠴᠢᠭ ᠬᠠᠷ᠎ᠠ ᠶᠢ ᠪᠤᠴᠠᠭᠠᠭᠰᠠᠨ ᠡᠳᠦᠷ  ᠢ ᠬᠦᠷᠭᠡᠭᠰᠡᠨ ᠡᠳᠦᠷ ᠢᠶᠡᠷ ᠦᠵᠡᠨ᠎ᠡ ᠃ ᠡᠶᠢᠮᠦ ᠡᠴᠡ ᠂ ᠡᠯ᠎ᠡ ᠮᠥᠩᠭᠥᠨ ᠭᠦᠢᠯᠭᠡᠭᠡᠨ ᠦ ᠪᠠᠶᠢᠭᠤᠯᠤᠮᠵᠢ ᠰᠢᠭᠦᠬᠦ ᠬᠣᠷᠢᠶᠠᠨ ᠤ ᠬᠠᠤᠯᠢ ᠪᠠᠷᠢᠬᠤ ᠰᠠᠨᠠᠭᠤᠯᠭ᠎ᠠ ᠶᠢ ᠬᠦᠯᠢᠶᠡᠨ ᠠᠪᠴᠤ ᠂ ᠭᠡᠷ᠎ᠡ ᠳᠦ ᠬᠦᠷᠭᠡᠯᠲᠡ ᠶᠢᠨ ᠬᠠᠶ᠋ᠢᠭ ᠪᠣᠯᠵᠣᠨ ᠲᠣᠭᠲᠠᠭᠰᠠᠨ ᠪᠠᠢᠪᠠᠯ ᠂ ᠵᠢᠭᠤᠷᠠᠯᠳᠤᠭᠠᠨ ᠡᠭᠦᠰᠦᠭᠰᠡᠨ ᠦ ᠳᠠᠷᠠᠭ᠎ᠠ ᠂ ᠠᠷᠠᠳ ᠤᠨ ᠰᠢᠭᠦᠬᠦ ᠬᠣᠷᠢᠶᠠᠨ ᠤ ᠪᠢᠴᠢᠭ ᠬᠠᠷ᠎ᠠ  ᠬᠦᠷᠭᠡᠬᠦ ᠠᠵᠢᠯ ᠢ ᠲᠤᠶᠢᠯ ᠤᠨ ᠳᠥᠭᠥᠮ ᠪᠣᠯᠤᠨ᠎ᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )