ᠬᠣᠲᠠ ᠶᠢᠨ ᠰᠢᠬᠦᠬᠦ ᠬᠣᠷᠢᠶᠠᠨ ᠤ ᠭᠦᠢᠴᠡᠳᠬᠡᠬᠦ ᠵᠢᠯ ᠤᠨ ᠲᠤᠰᠬᠠᠶ ᠠᠵᠢᠯ ᠢ ᠲᠦᠯᠬᠢᠨ ᠠᠬᠢᠭᠤᠯᠬᠤ ᠶᠢᠨ ᠲᠥᠯᠦᠭᠡ᠂ 《 ᠭᠦᠢᠴᠡᠳᠬᠡᠬᠦ ᠵᠢᠯ ᠤᠨ ᠬᠤᠷᠴᠠ ᠰᠡᠯᠡᠮ᠎ᠡ ᠠᠵᠢᠯᠠᠯᠭᠠᠨ 》 ᠤ ᠳᠠᠷᠠᠭ᠎ᠠ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ5 ᠰᠠᠷ᠎ᠠ ᠶᠢᠨ11 ᠤ ᠡᠳᠦᠷ ᠨᠢᠭᠡᠲᠦᠯᠲᠠᠢ ᠵᠣᠬᠢᠶᠠᠨ ᠪᠠᠢᠭᠤᠯᠵᠤ《 ᠭᠦᠢᠴᠡᠳᠬᠡᠬᠦ ᠵᠢᠯ ᠤᠨ ᠡᠳ᠋ ᠬᠥᠷᠦᠩᠭᠡ ᠶᠢ ᠪᠠᠢᠴᠠᠭᠠᠨ ᠡᠵᠡᠮᠳᠡᠬᠦ( ᠲᠠᠪᠤ ᠶᠢ ᠪᠠᠢᠴᠠᠭᠠᠬᠤ)》( ᠲᠤᠬᠠᠶᠢᠯᠠᠪᠠᠯ ᠭᠦᠢᠴᠡᠳᠬᠡᠭᠳᠡᠭᠴᠢ ᠶᠢᠨ ᠬᠠᠳᠠᠭᠠᠯᠠᠮᠵᠢ ᠶᠢᠨ ᠵᠣᠭᠣᠰ ᠢ ᠪᠠᠶᠢᠴᠠᠭᠠᠨ ᠲᠣᠳᠣᠷᠬᠠᠶᠢᠯᠠᠵᠤ ᠂ ᠦᠯᠦ ᠬᠥᠳᠡᠯᠬᠦ ᠬᠦᠷᠦᠩᠭᠡ ᠂ ᠲᠡᠷᠭᠡ ᠂ ᠦᠨᠡᠲᠦ ᠲᠡᠮᠳᠡᠭᠲᠦ ᠪᠠ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠲᠠᠪᠤᠨ ᠵᠦᠢᠯ ᠦᠨ ᠡᠳ᠋ ᠬᠦᠷᠦᠩᠭᠡ ᠶᠢᠨ ᠪᠠᠶᠢᠳᠠᠯ )ᠲᠤᠰᠬᠠᠢ ᠲᠥᠷᠦᠯ ᠤᠨ ᠠᠵᠢᠯᠠᠯᠭᠠᠨ ᠶᠠᠪᠤᠭᠳᠠᠭᠤᠯᠵᠤ ᠂ ᠭᠦᠢᠴᠡᠳᠬᠡᠭᠳᠡᠭᠴᠢ ᠶᠢᠨ ᠨᠡᠷ᠎ᠡ ᠳᠡᠭᠡᠷ᠎ᠡ ᠪᠠᠶᠢᠭ᠎ᠠ ᠠᠯᠢᠪᠠ ᠡᠳ᠋ ᠬᠥᠷᠥᠩᠬᠡ ᠶᠢ ᠦᠨᠳᠦᠰᠦᠨ ᠳᠤ ᠪᠡᠨ ᠪᠠᠶᠢᠴᠠᠭᠠᠨ ᠪᠥᠷᠢᠳᠬᠡᠪᠡ᠃ ᠶᠠᠪᠤᠭᠳᠠᠭᠤᠯᠬᠤ ᠬᠤᠭᠤᠴᠠᠭ᠎ᠠ ᠨᠢ 2016 ᠤᠨ ᠤ5 ᠰᠠᠷ᠎ᠠ ᠶᠢᠨ11 ᠡᠴᠡ2016ᠤᠨ ᠤ6 ᠰᠠᠷ᠎ᠠ ᠶᠢᠨ27 ᠤ ᠡᠳᠦᠷ ᠪᠤᠯᠳᠠᠯ᠎ᠠ ᠂ ᠲᠤᠰ ᠤᠳᠠᠭᠠᠨ ᠤ ᠠᠵᠢᠯᠠᠯᠭ᠎ᠠ ᠶᠢᠨ ᠭᠣᠣᠯ ᠬᠠᠷᠠᠯᠲᠠ ᠨᠢ ᠬᠦᠴᠦᠨ ᠢᠶᠡᠨ ᠲᠥᠪᠯᠡᠷᠡᠭᠦᠯᠦᠨ ᠪᠠᠢᠵᠤ᠂ ᠪᠤᠢ ᠪᠦᠬᠦᠢ ᠳᠠᠭᠤᠰᠤᠭᠠᠳᠦᠢ ᠭᠦᠢᠴᠡᠳᠬᠡᠬᠦ ᠬᠡᠷᠡᠭ ᠲᠤ ᠪᠦᠬᠦ ᠲᠠᠯ᠎ᠠ ᠶᠢᠨ᠂ ᠡᠷᠴᠢᠮᠲᠠᠢ᠂ ᠨᠠᠷᠢᠯᠢᠭ ᠢᠶᠡᠷ《 ᠲᠠᠪᠤ ᠶᠢ ᠪᠠᠢᠴᠠᠭᠠᠬᠤ》 ᠶᠢ ᠶᠠᠪᠤᠭᠳᠠᠭᠤᠯᠵᠤ᠂ ᠰᠠᠷ᠎ᠠ ᠬᠠᠭᠠᠰ ᠭᠠᠷᠤᠢ ᠶᠢᠨ ᠬᠤᠭᠤᠴᠠᠭ᠎ᠠ ᠶᠢ ᠬᠡᠷᠡᠭᠯᠡᠵᠦ ᠪᠠᠢᠮᠠᠨ ᠭᠦᠢᠴᠡᠳᠬᠡᠭᠳᠡᠭᠴᠢ ᠶᠢᠨ ᠨᠡᠷ᠎ᠡ ᠳᠡᠭᠡᠷ᠎ᠡ ᠪᠠᠢᠭ᠎ᠠ ᠪᠥᠬᠦ ᠬᠥᠷᠦᠩᠭᠡ ᠬᠣᠭᠰᠢᠯ ᠢ ᠪᠠᠢᠴᠠᠭᠠᠨ ᠲᠤᠳᠤᠯᠠᠵᠤ᠂ ᠬᠡᠷᠡᠭ ᠢ ᠰᠢᠢᠳᠪᠥᠷᠢᠯᠡᠨ ᠲᠡᠭᠦᠰᠬᠡᠬᠦ ᠳᠤ ᠵᠤᠬᠢᠷᠠᠮᠵᠢᠲᠠᠢ ᠨᠥᠭᠦᠴᠡᠯ ᠪᠥᠷᠢᠯᠳᠡᠭᠦᠯᠵᠦ ᠥᠭᠭᠦᠨ᠎ᠡ᠃
ᠲᠤᠰ ᠤᠳᠠᠭᠠᠨ ᠤ ᠠᠵᠢᠯᠯᠠᠭ᠎ᠠ ᠨᠢ ᠨᠠᠮ ᠤᠨ ᠬᠣᠷᠢᠶ᠎ᠠ ᠂ ᠤᠯᠤᠰ ᠲᠥᠷᠥ ᠬᠠᠤᠯᠢ ᠴᠠᠭᠠᠵᠠ ᠶᠢᠨ ᠬᠣᠷᠢᠶᠠᠨ ᠤ ᠳᠡᠮᠵᠢᠯᠭᠡ ᠪᠠ ᠭᠦᠢᠴᠡᠳᠬᠡᠬᠦ ᠶᠢ ᠪᠠᠶᠢᠴᠠᠭᠠᠨ ᠡᠵᠡᠮᠳᠡᠬᠦ ᠨᠢᠭᠡᠴᠢ ᠶᠢᠨ ᠪᠦᠬᠦ ᠬᠦᠴᠦᠨ ᠤ ᠳᠡᠮᠵᠢᠯᠭᠡ ᠶᠢ ᠣᠯᠪᠠ᠃ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ10 ᠳᠤᠭᠤᠶᠢᠯᠠᠩ ᠬᠥᠮᠦᠨ ᠲᠣᠮᠢᠯᠠᠨ ᠭᠡᠷ ᠪᠠᠶᠢᠰᠢᠩ ᠤᠨ ᠬᠠᠮᠢᠶᠠᠷᠤᠯᠲᠠ ( ᠳ᠋ᠦᠩ ᠱᠧᠩ ᠂ ᠬᠢᠶᠠᠨ ᠪᠠᠭᠰᠢ ) ᠂ ᠮᠠᠰᠢᠨ ᠲᠡᠷᠭᠡᠨ ᠤ ᠬᠠᠮᠢᠶᠠᠷᠤᠯᠲᠠ᠂ ᠦᠢᠯᠡᠳᠪᠦᠷᠢ ᠬᠤᠳᠠᠯᠲᠤᠭᠠᠨ ᠤ ᠨᠢᠭᠡᠴᠡ( ᠬᠤᠳᠠ ᠂ ᠣᠷᠣᠨ ᠤ ᠬᠣᠶᠠᠷ ᠱᠠᠲᠤᠨ ᠤ ) ᠂ ᠤᠯᠤᠰ ᠤᠨ ᠨᠤᠲᠤᠭ ᠳᠡᠪᠢᠰᠬᠡᠷ ᠤᠨ ᠨᠢᠭᠡᠴᠡ( ᠬᠤᠳᠠ ᠂ ᠣᠷᠣᠨ ᠤ ᠬᠣᠶᠠᠷ ᠱᠠᠲᠤᠨ ᠤ ) ᠂ ᠤᠷᠳᠤᠰ ᠪᠠᠩᠬᠢ ᠂ ᠤᠷᠳᠤᠰ ᠤᠨ ᠬᠥᠳᠡᠭᠡ ᠲᠣᠰᠬᠣᠨ ᠤ ᠬᠤᠳᠠᠯᠳᠤᠭᠠᠨ ᠤ ᠪᠠᠩᠬᠢ ᠂ ᠦᠨᠡᠲᠦ ᠲᠡᠮᠳᠡᠭᠲᠦ ᠶᠢᠨ ᠪᠠᠢᠭᠤᠯᠭ᠎ᠠ ᠠᠷᠪᠠᠨ ᠬᠠᠮᠵᠢᠨ ᠪᠠᠶᠢᠴᠠᠭᠠᠬᠤ ᠨᠢᠭᠡᠴᠡ ᠳᠤ ᠬᠦᠷᠴᠦ᠂ ᠲᠡᠳᠡᠨᠦᠰ ᠤᠨ ᠬᠠᠩᠭ᠋ᠠᠭᠰᠠᠨ ᠪᠠᠶᠢᠴᠠᠭᠠᠨ ᠯᠠᠪᠯᠠᠬᠤ ᠲᠤᠰᠬᠠᠶ ᠰᠢᠵᠢᠮ ᠢ ᠠᠰᠢᠭᠯᠠᠨ ᠪᠠᠢᠴᠠᠭᠠᠯᠲᠠ ᠬᠢᠪᠡ᠃ 5 ᠰᠠᠷ᠎ᠠ ᠶᠢᠨ 20 ᠤ ᠡᠳᠦᠷ ᠪᠣᠯᠲᠠᠯ᠎ᠠ ᠂ ᠬᠣᠲᠠ ᠶᠢᠨ ᠲᠤᠮᠳᠠ ᠵᠡᠷᠭᠡ ᠶᠢᠨ ᠰᠢᠭᠦᠬᠦ ᠬᠣᠷᠢᠶᠠᠨ ᠤ ᠭᠦᠢᠴᠡᠳᠬᠡᠬᠦ ᠲᠣᠪᠴᠢᠶ᠎ᠠ᠂ ᠭᠦᠢᠴᠡᠳᠬᠡᠬᠦ ᠬᠣᠶᠠᠳᠤᠭᠠᠷ ᠲᠣᠪᠴᠢᠶ᠎ᠠ ᠂ ᠳᠡᠰ ᠳᠡᠪᠰᠢᠭᠦᠯᠦᠨ ᠭᠦᠢᠴᠡᠳᠬᠡᠬᠦ ᠳᠤᠭᠤᠶᠢᠯᠠᠩ ᠨᠢ1384 ᠬᠡᠷᠡᠭ ᠂ 2578ᠬᠥᠮᠦᠨ ᠤ 《 ᠲᠠᠪᠤ ᠶᠢ ᠪᠠᠢᠴᠠᠭᠠᠬᠤ》 ᠶᠢ ᠭᠦᠢᠴᠡᠳᠬᠡᠪᠡ᠃
ᠣᠳᠣᠬᠠᠨ ᠳᠤ ᠂ 10 ᠠᠵᠢᠯᠯᠠᠬᠤ ᠳᠤᠭᠤᠶᠢᠯᠠᠩ ᠤᠨ ᠡᠷᠢᠵᠦ ᠯᠠᠪᠯᠠᠬᠤ ᠠᠵᠢᠯ ᠢ ᠨᠢᠭᠡᠨᠲᠡ ᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠤᠭᠰᠠᠨ ᠪᠠᠶᠢᠨ᠎ᠠ ᠄ ᠬᠣᠶᠠᠷ ᠪᠠᠩᠬᠢ ᠬᠢᠨᠠᠨ ᠡᠵᠡᠮᠳᠡᠬᠦ ᠳᠤᠭᠤᠶᠢᠯᠠᠩ ᠨᠡᠶᠢᠲᠡ 350 ᠬᠡᠷᠡᠭ ᠦᠨ 780 ᠭᠠᠷᠤᠢ ᠲᠦᠮᠡᠨ ᠲᠥᠭᠦᠷᠢᠭ ᠭᠦᠢᠴᠡᠳᠬᠡᠭᠳᠡᠭᠴᠢ ᠶᠢᠨ ᠪᠠᠩᠬᠢ ᠶᠢᠨ ᠬᠠᠳᠠᠭᠠᠯᠠᠮᠵᠢ ᠶᠢᠨ ᠵᠣᠭᠣᠰ ᠢ ᠪᠠᠢᠴᠠᠭᠠᠨ ᠣᠯᠵᠤ᠂ ᠪᠠᠢᠴᠠᠭᠠᠨ ᠡᠵᠡᠮᠳᠡᠭᠰᠡᠨ ᠦᠷ᠎ᠡ ᠳ᠋ᠦᠩ ᠢᠶᠡᠨ ᠴᠠᠭ ᠲᠤᠬᠠᠶ ᠳᠤᠨᠢ ᠬᠠᠷᠢᠭᠤ ᠮᠠᠳᠡᠭᠦᠯᠵᠦ ᠂740 ᠭᠠᠷᠤᠢ ᠲᠦᠮᠡᠨ ᠲᠥᠭᠥᠷᠢᠭ ᠢ ᠴᠡᠪᠳᠡᠭᠯᠡᠬᠦ ᠠᠷᠭ᠎ᠠ ᠬᠡᠮᠵᠢᠶ᠎ᠡ ᠠᠪᠤᠪᠠ ᠃ ᠬᠣᠲᠠ ᠂ ᠲᠣᠭᠣᠷᠢᠭ ᠤᠨ ᠦᠢᠯᠡᠳᠪᠦᠷᠢ ᠬᠤᠳᠠᠯᠳᠤᠭᠠᠨ ᠤ ᠬᠣᠶᠠᠷ ᠳᠤᠭᠤᠢᠯᠠᠩ ᠨᠢ ᠨᠡᠢᠲᠡ 324 ᠬᠡᠷᠡᠭ 584 ᠬᠥᠮᠦᠨ ᠢ ᠪᠠᠢᠴᠠᠭᠠᠵᠤ ᠂ ᠬᠣᠳᠠ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠭᠠᠵᠠᠷ 800 ᠬᠡᠷᠡᠭ 1356 ᠬᠥᠮᠦᠨ ᠢ ᠪᠠᠢᠴᠠᠭᠠᠵᠤ ᠂ ᠭᠡᠷ ᠬᠥᠷᠦᠩᠭᠡ ᠶᠢᠨ ᠬᠠᠮᠢᠶᠠᠷᠤᠯᠲᠠ ᠶᠢᠨ ᠲᠣᠪᠴᠢᠶᠠᠨ ᠤ ᠳᠣᠯᠣᠳᠤᠭᠠᠷ ᠳᠠᠪᠬᠤᠷ 397 ᠬᠡᠷᠡᠭ 715 ᠬᠥᠮᠦᠨ ᠢ ᠪᠠᠢᠴᠠᠭᠠᠨ ᠂ ᠬᠤᠳᠠ ᠂ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ ᠨᠢ 560 ᠬᠡᠷᠡᠭ 880 ᠬᠥᠮᠦᠨ ᠢ ᠪᠠᠴᠠᠭᠠᠨ ᠂ ᠦᠷ᠎ᠡ ᠳ᠋ᠦᠩ ᠲᠡᠶ ᠨᠢ 136 ᠬᠡᠷᠡᠭ ᠂ ᠲᠡᠷᠭᠡ ᠬᠥᠰᠭᠡ ᠶᠢᠨ ᠬᠠᠮᠢᠶᠠᠷᠤᠯᠲᠠ ᠶᠢᠨ ᠭᠠᠵᠠᠷ 420 ᠬᠡᠷᠡᠭ ᠪᠠᠢᠴᠠᠭᠠᠵᠤ᠂ ᠪᠠᠶᠢᠴᠠᠭᠠᠨ ᠪᠢᠲᠡᠭᠦᠮᠵᠢᠯᠡᠵᠦ ᠪᠣᠯᠬᠤ ᠲᠡᠷᠭᠡ ᠬᠥᠰᠬᠡ 456 ᠪᠠᠢᠵᠦ᠂ ᠦᠨᠡᠲᠦ ᠲᠡᠮᠳᠡᠭᠲᠦ ᠶᠢᠨ ᠨᠢᠭᠡᠴᠡ ᠡᠴᠡ 1300 ᠬᠡᠷᠡᠭ 2140 ᠬᠥᠮᠦᠨ ᠪᠠᠢᠴᠠᠭᠠᠵᠤ ᠂ ᠡᠭᠦᠨ ᠦ ᠳᠣᠲᠣᠷ᠎ᠠ 72 ᠬᠥᠮᠦᠨ ᠨᠢ ᠦᠨᠡᠲᠦ ᠬᠤᠪᠢᠴᠠᠭᠠᠨ ᠮᠥᠩᠭᠥ ᠲᠠᠢ ᠶᠢ ᠪᠠᠢᠴᠠᠭᠠᠨ ᠮᠡᠳᠡᠪᠡ᠃
ᠡᠯ᠎ᠡ ᠬᠣᠰᠢᠭᠤ ᠲᠣᠭᠣᠷᠢᠭ ᠤᠨ ᠰᠢᠭᠦᠬᠦ ᠬᠣᠷᠢᠶᠠᠨ ᠤ《 ᠲᠠᠪᠤ ᠶᠢ ᠪᠠᠶᠢᠴᠠᠭᠠᠬᠤ 》 ᠠᠵᠢᠯ ᠴᠤ ᠡᠮᠬᠢ ᠵᠢᠷᠤᠮ ᠲᠠᠶ ᠶᠠᠪᠤᠭᠳᠠᠪᠠ ᠃ ᠦᠦᠰᠢᠨ ᠬᠣᠰᠢᠭᠤᠨ ᠤ ᠰᠢᠭᠦᠬᠦ ᠬᠣᠷᠢᠶ᠎ᠠ 4 ᠰᠠᠷ᠎ᠠ ᠶᠢᠨ ᠰᠡᠭᠦᠯᠴᠢ ᠪᠡᠷ 《 ᠲᠠᠪᠤ ᠶᠢ ᠪᠠᠶᠢᠴᠠᠭᠠᠬᠤ 》 ᠠᠵᠢᠯ ᠢ ᠥᠷᠨᠢᠭᠦᠯᠵᠦ ᠂ ᠣᠳᠣᠬᠠᠨ ᠪᠣᠯᠲᠠᠯ᠎ᠠ ᠂ ᠪᠠᠩᠬᠢ ᠡᠴᠡ 2478 ᠬᠡᠷᠡᠭ3766 ᠬᠥᠮᠦᠨ ᠤᠳᠠᠭ᠎ᠠ ᠶᠢ ᠪᠠᠢᠴᠠᠭᠠᠵᠤ᠂ ᠭᠠᠵᠠᠷ ᠰᠢᠷᠣᠶ ᠭᠡᠷ ᠪᠠᠶᠢᠰᠢᠩ ᠤᠨ ᠬᠠᠮᠢᠶᠠᠷᠤᠯᠲᠠ ᠡᠴᠡ2828 ᠬᠡᠷᠡᠭ4420ᠬᠥᠮᠦᠨ ᠤᠳᠠᠭ᠎ᠠ ᠶᠢ ᠪᠠᠢᠴᠠᠭᠠᠵᠤ ᠂ ᠲᠡᠷᠭᠡ ᠬᠥᠰᠭᠡ 3142 ᠬᠡᠷᠡᠭ4847 ᠬᠥᠮᠦᠨ ᠤᠳᠠᠭ᠎ᠠ ᠪᠠᠢᠴᠠᠭᠠᠨ ᠂ ᠪᠠᠢᠴᠠᠭᠠᠨ ᠯᠠᠪᠯᠠᠭᠰᠠᠨ ᠤ ᠳᠠᠷᠠᠭ᠎ᠠ1143 ᠬᠡᠷᠡᠭ ᠢ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤ ᠬᠠᠷᠢᠭᠤ ᠮᠡᠳᠡᠭᠦᠯᠪᠡ( ᠡᠭᠦᠨ ᠦ ᠳᠣᠲᠣᠷ᠎ᠠ ᠲᠡᠷᠭᠡ ᠬᠥᠰᠬᠡ596 ᠵᠦᠢᠯ᠂ ᠪᠠᠩᠬᠢ ᠶᠢᠨ493 ᠬᠡᠷᠡᠭ᠂ ᠭᠠᠵᠠᠷ ᠰᠢᠷᠣᠶ ᠶᠢᠨ ᠲᠤᠬᠠᠶ 47 ᠵᠦᠢᠯ ᠂ ᠭᠡᠷ ᠪᠠᠶᠢᠰᠢᠩ ᠤᠨ ᠬᠠᠮᠢᠶᠠᠷᠤᠯᠲᠠ ᠶᠢᠨ ᠲᠤᠬᠠᠶ 7 ᠵᠦᠢᠯ ) ᠃ ᠵᠡᠭᠦᠨᠭᠠᠷ ᠬᠣᠰᠢᠭᠤᠨ ᠤ ᠰᠢᠭᠦᠬᠦ ᠬᠣᠷᠢᠶ᠎ᠠ 5 ᠰᠠᠷ᠎ᠠ ᠶᠢᠨ ᠡᠬᠢ ᠪᠡᠷ《 ᠲᠦᠷᠪᠡ ᠶᠢ ᠪᠠᠶᠢᠴᠠᠭᠠᠬᠤ 》 ᠠᠵᠢᠯ ᠥᠷᠨᠢᠭᠦᠯᠵᠦ ᠂ ᠣᠳᠣᠬᠠᠨ ᠪᠣᠯᠲᠠᠯ᠎ᠠ ᠂ ᠨᠢᠭᠡᠨᠲᠡ 1146ᠬᠡᠷᠡᠭ ᠂ 1694 ᠬᠣᠯᠪᠣᠭᠳᠠᠭᠰᠠᠨ ᠬᠥᠮᠦᠨ ᠢ ᠪᠠᠢᠴᠠᠭᠠᠪᠠ᠃ ᠡᠭᠦᠨ ᠦ ᠳᠣᠲᠣᠷ᠎ᠠ ᠂ ᠪᠠᠩᠬᠢ ᠶᠢᠨ ᠪᠠᠶᠢᠴᠠᠭᠠᠨ ᠡᠵᠡᠮᠳᠡᠬᠦ ᠰᠢᠰᠲ᠋ᠧᠮ ᠢᠶᠡᠷ ᠳᠠᠮᠵᠢᠭᠤᠯᠤᠨ ᠪᠦᠬᠦᠨ ᠢ ᠨᠢ ᠬᠠᠷᠢᠭᠤ ᠮᠡᠳᠡᠭᠦᠯᠦᠭᠰᠡᠨ ᠪᠠᠩᠬᠢ ᠶᠢᠨ ᠬᠠᠳᠠᠭᠠᠯᠠᠮᠵᠢ1.07 ᠳ᠋ᠦᠩᠰᠢᠭᠤᠷ ᠲᠥᠭᠥᠷᠢᠭ ᠂ ᠲᠡᠷᠭᠡ ᠬᠥᠰᠬᠡ ᠶᠢᠨ ᠲᠤᠬᠠᠢ 483 ᠬᠥᠮᠦᠨ ᠢ ᠪᠠᠶᠢᠴᠠᠭᠠᠨ ᠯᠠᠪᠯᠠᠵᠤ᠂ 220 ᠬᠥᠮᠦᠨ ᠲᠡᠷᠭᠡ ᠬᠥᠰᠬᠡ ᠪᠦᠷᠢᠳᠬᠡᠭᠰᠡᠨ ᠲᠤᠬᠠᠢ ᠮᠡᠳᠡᠭᠡ ᠵᠠᠩᠭᠢ ᠶᠢ ᠣᠯᠵᠤ ᠂ ᠭᠡᠷ ᠬᠥᠷᠦᠩᠭᠡ ᠶᠢᠨ ᠲᠤᠬᠠᠢ 126 ᠬᠥᠮᠦᠨ ᠢ ᠪᠠᠢᠴᠠᠭᠠᠨ᠂ 18 ᠬᠥᠮᠦᠨ ᠭᠡᠷ ᠪᠠᠢᠰᠢᠩ ᠪᠦᠷᠢᠳᠬᠡᠭᠦᠯᠦᠭᠰᠡᠨ ᠢ ᠲᠤᠳᠤᠯᠠᠵᠤ᠂ 50 ᠬᠥᠮᠦᠨ ᠭᠡᠷ ᠪᠠᠢᠰᠢᠩ ᠤᠨ ᠮᠠᠳᠡᠭᠡ ᠵᠠᠩᠬᠢ ᠦᠭᠡᠢ ᠪᠠᠢᠵᠤ ᠂ ᠠᠰᠲᠠᠭᠠᠨ 58 ᠬᠥᠮᠦᠨ ᠤ ᠭᠡᠷ ᠬᠥᠷᠥ᠍ᠭᠡ ᠶᠢᠨ ᠮᠡᠳᠡᠭᠡ ᠵᠠᠩᠭᠢ ᠨᠢ ᠲᠣᠳᠤᠷᠬᠠᠢ ᠦᠭᠡᠢ ᠃ ᠰᠢᠰᠲ᠋ᠧᠮ ᠳᠤ ᠵᠠᠯᠭᠠᠭᠳᠠᠭᠰᠠᠨ ᠦᠭᠡᠢ ᠢᠲᠡᠭᠡᠮᠵᠢ ᠶᠢᠨ ᠬᠣᠷᠰᠢᠶ᠎ᠠ ᠂ ᠠᠵᠤ ᠦᠢᠯᠡᠳᠪᠦᠷᠢ ᠬᠤᠳᠠᠯᠳᠤᠭ᠎ᠠ ᠶᠢᠨ ᠨᠢᠭᠡᠴᠡ᠂ ᠭᠡᠷ ᠪᠠᠶᠢᠰᠢᠩ ᠤᠨ ᠬᠠᠮᠢᠶᠠᠷᠤᠯᠲᠠ ᠶᠢᠨ ᠨᠢᠭᠡᠴᠡ᠂ ᠨᠤᠲᠤᠭ ᠳᠡᠪᠢᠰᠬᠡᠷ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠲᠤᠰᠬᠠᠶ ᠬᠥᠮᠦᠨ ᠲᠣᠮᠢᠯᠠᠨ ᠪᠠᠶᠢᠴᠠᠭᠠᠨ ᠯᠠᠪᠯᠠᠵᠤ ᠂ ᠪᠠᠢᠴᠠᠭᠠᠨ ᠯᠠᠪᠯᠠᠭᠰᠠᠨ ᠮᠡᠳᠡᠭᠡ ᠵᠠᠩᠬᠢ ᠬᠢ ᠨᠢ ᠶᠠᠭ ᠬᠠᠷᠢᠭᠤ ᠲᠤᠰᠬᠠᠵᠤ ᠪᠠᠢᠨ᠎ᠠ᠃ ᠳ᠋ᠦᠩᠱᠸᠩ ᠲᠣᠭᠣᠷᠢᠭ ᠂ ᠳᠠᠷᠬᠠᠨ ᠬᠣᠰᠢᠭᠤ᠂ ᠬᠠᠩᠭᠢᠨ ᠬᠣᠰᠢᠭᠤ ᠂ ᠤᠲᠤᠭ ᠬᠣᠰᠢᠭᠤ ᠂ ᠤᠲᠤᠭ ᠤᠨ ᠡᠮᠦᠨᠡᠲᠦ ᠬᠣᠰᠢᠭᠤᠨ ᠤ ᠠᠷᠠᠳ ᠤᠨ ᠰᠢᠭᠦᠬᠦ ᠬᠣᠷᠢᠶ᠎ᠠ ᠨᠢ ᠴᠦ ᠡᠳ᠋ ᠬᠥᠷᠦᠩᠭᠡ ᠶᠢ ᠲᠥᠪᠯᠡᠷᠡᠭᠦᠯᠦᠨ ᠪᠠᠶᠢᠴᠠᠭᠠᠨ ᠡᠵᠡᠮᠳᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ ᠪᠠᠢᠨ᠎ᠠ᠃
ᠡᠯ᠎ᠡ ᠬᠢᠨᠠᠨ ᠡᠵᠡᠮᠳᠡᠬᠦ ᠳᠤᠭᠤᠶᠢᠯᠠᠩ ᠂ ᠭᠦᠢᠴᠡᠳᠬᠡᠬᠦ ᠠᠵᠢᠯᠲᠠᠨ《 ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠭᠦᠢᠴᠡᠳᠬᠡᠬᠦ ᠵᠢᠯ ᠡᠳ᠋ ᠬᠥᠷᠥᠩᠭᠡ ᠶᠢ ᠪᠠᠢᠴᠠᠭᠠᠨ ᠡᠵᠡᠮᠳᠡᠬᠦ( ᠲᠠᠪᠤ ᠶᠢ ᠪᠠᠢᠴᠠᠭᠠᠬᠤ) ᠲᠤᠰᠬᠠᠶ ᠵᠦᠢᠯ ᠤᠨ ᠠᠵᠢᠯᠯᠠᠭ᠎ᠠ ᠶᠢ ᠬᠡᠷᠡᠭᠵᠢᠭᠦᠯᠬᠦ ᠲᠥᠰᠦᠯ 》 ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠂ ᠦᠨ᠎ᠡ ᠥᠷᠲᠡᠭ ᠲᠠᠢ ᠪᠠᠶᠢᠴᠠᠭᠠᠨ ᠡᠵᠡᠮᠳᠡᠭᠰᠡᠨ ᠦᠷ᠎ᠡ ᠳ᠋ᠦᠩ ᠢᠶᠡᠨ ᠴᠠᠭ ᠲᠤᠬᠠᠢ ᠳᠤ ᠨᠢ ᠬᠠᠷᠢᠭᠤ ᠮᠡᠳᠡᠭᠦᠯᠵᠦ ᠂ ᠣᠯᠳᠠᠭᠰᠠᠨ ᠡᠳ᠋ ᠬᠦᠷᠦᠩᠭᠡ ᠳᠤ ᠪᠠᠶᠢᠴᠠᠭᠠᠨ ᠪᠢᠲᠡᠭᠦᠮᠵᠢᠯᠡᠬᠦ ᠂ ᠴᠡᠪᠳᠡᠭᠯᠡᠬᠦ ᠠᠷᠭ᠎ᠠ ᠬᠡᠮᠵᠢᠶ᠎ᠡ ᠠᠪᠬᠤ ᠬᠡᠷᠡᠭᠲᠠᠢ᠃ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠬᠣᠷᠢᠶ᠎ᠠ ᠂ ᠤᠯᠤᠰ ᠲᠥᠷᠥ ᠬᠠᠤᠯᠢ ᠴᠠᠭᠠᠵᠠ ᠶᠢᠨ ᠬᠣᠷᠢᠶᠠᠨ ᠤ ᠤᠳᠤᠷᠢᠳᠤᠯᠭ᠎ᠠ ᠳᠣᠣᠷ᠎ᠠ ᠂ ᠡᠯ᠎ᠡ ᠨᠢᠭᠡᠴᠢ ᠬᠠᠮᠵᠢᠯᠴᠠᠨ ᠪᠠᠶᠢᠴᠠᠭᠠᠨ ᠡᠵᠡᠮᠳᠡᠵᠦ᠂ ᠬᠠᠤᠯᠢ ᠶᠢᠨ ᠲᠤᠰᠢᠶᠠᠯᠲᠠᠨ ᠤ ᠣᠴᠢᠵᠤ ᠢᠷᠡᠬᠦ ᠵᠠᠮ ᠤᠨ ᠴᠠᠭ ᠪᠠ ᠤᠶᠤᠨ ᠤᠬᠠᠭᠠᠨ ᠤ ᠵᠠᠷᠤᠴᠠᠭᠤᠯᠭ᠎ᠠ ᠶᠢ ᠶᠡᠬᠡᠪᠡᠷ ᠠᠷᠪᠢᠯᠠᠵᠤ ᠂ ᠬᠡᠷᠡᠭ ᠰᠢᠢᠳᠪᠦᠷᠢᠯᠡᠬᠦ ᠴᠠᠭ ᠬᠤᠭᠤᠴᠠᠭ᠎ᠠ ᠶᠢ ᠪᠠᠭᠠᠰᠬᠠᠭᠰᠠᠨ ᠪᠠᠶᠢᠨ᠎ᠠ ᠃ ᠡᠨᠡ ᠤᠳᠠᠭᠠᠨ ᠤ ᠠᠵᠢᠯᠯᠠᠭ᠎ᠠ ᠳᠤ ᠭᠦᠢᠴᠡᠳᠬᠡᠬᠦ ᠠᠵᠢᠯᠳᠠᠨ ᠪᠠ ᠪᠠᠶᠢᠴᠠᠭᠠᠨ ᠡᠵᠡᠮᠳᠡᠬᠦ ᠳᠤᠭᠤᠶᠢᠯᠠᠩ ᠤᠨ ᠠᠵᠢᠯ ᠤᠨ ᠬᠤᠪᠢᠶᠠᠷᠢ ᠨᠢ ᠨᠡᠩ ᠵᠦᠢ ᠵᠣᠬᠢᠰᠲᠠᠶ ᠲᠥᠯᠥᠪᠯᠡᠭᠡ ᠪᠠ ᠲᠤᠬᠢᠷᠠᠭᠤᠯᠭ᠎ᠠ ᠣᠯᠵᠤ᠂ ᠬᠡᠷᠡᠭ ᠰᠢᠶᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠪᠠᠰᠠ ᠭᠦᠢᠴᠡᠳᠬᠡᠬᠦ ᠠᠵᠢᠯᠯᠠᠭ᠎ᠠ ᠶᠢ ᠵᠢᠷᠤᠮᠵᠢᠭᠤᠯᠵᠤ ᠂ ᠶᠡᠬᠡ ᠬᠡᠮᠵᠢᠶᠡᠨ ᠦ ᠲᠠᠪᠬᠤᠴᠠᠭᠰᠠᠨ ᠠᠵᠢᠯᠠᠯᠭ᠎ᠠ ᠡᠴᠡ ᠵᠠᠢᠯᠠᠰᠬᠢᠵᠦ᠂ ᠬᠡᠷᠡᠭ ᠰᠢᠶᠳᠪᠦᠷᠢᠯᠡᠬᠦ ᠺᠠᠳ᠋ᠷ ᠴᠠᠭᠳᠠᠭ᠎ᠠ ᠪᠣᠯᠤᠨ ᠲᠤᠬᠠᠶ ᠶᠢᠨ ᠬᠥᠮᠦᠨ ᠦ ᠨᠢᠭᠡᠳᠦᠯᠲᠡᠶ ᠰᠠᠢᠨ ᠦᠨᠡᠯᠡᠯᠲᠡ ᠶᠢ ᠣᠯᠵᠤ᠂ ᠭᠦᠢᠴᠡᠳᠬᠡᠬᠦ ᠵᠢᠯ ᠤᠨ ᠲᠤᠰᠬᠠᠢ ᠲᠥᠷᠦᠯ ᠤᠨ ᠠᠵᠢᠯ ᠳᠤ ᠥᠨᠢᠷ ᠥᠳᠬᠡᠨ ᠦᠩᠭᠡ ᠪᠤᠳᠤᠭ ᠪᠦᠬᠦᠢ ᠠᠭᠤᠯᠭ᠎ᠠ ᠨᠡᠮᠡᠷᠢᠯᠡᠭᠰᠡᠨ ᠪᠠᠢᠯ᠎ᠠ ᠃
ᠦᠨᠡᠯᠡᠬᠦ 0ᠦᠨᠡᠯᠡᠯᠲᠡ᠎ᠲᠠᠢ