6 ᠰᠠᠷ᠎ᠠ ᠶᠢᠨ 1 ᠦ ᠡᠳᠦᠷ ᠦᠨ ᠦᠳᠡ ᠶᠢᠨ ᠬᠣᠶᠢᠨᠠ ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠢᠷᠭᠡᠨ ᠦ ᠬᠡᠷᠡᠭ ᠤᠨ ᠨᠢᠭᠡᠳᠦᠭᠡᠷ ᠲᠢᠩᠬᠢᠮ ᠦᠨ ᠡᠦ ᠨᠢᠩ ᠲᠢᠩᠬᠢᠮ ᠦᠨ ᠳᠠᠷᠤᠭ᠎ᠠ ᠂ ᠰᠦ ᠴᠧᠨ ᠬᠠᠤᠯᠢ ᠶᠢᠨ ᠲᠤᠰᠢᠶᠠᠯᠲᠠᠨ ᠣᠷᠳᠣᠰ ᠤᠨ ᠷᠠᠳᠢᠣ᠋ ᠲᠧᠯᠸᠢᠰ ᠬᠣᠷᠢᠶᠠᠨ ᠤ ᠬᠢᠲᠠᠳ ᠬᠡᠯᠡᠨ ᠦ ᠰᠣᠨᠢᠨ ᠮᠡᠳᠡᠭᠡᠨ ᠦ ᠶᠡᠷᠦᠩᠬᠡᠶ ᠨᠡᠪᠲᠡᠷᠡᠭᠦᠯᠭᠡ ᠶᠢᠨ《 ᠬᠠᠤᠯᠢ ᠶᠢᠨ ᠲᠠᠢᠯᠤᠮᠵᠢ ᠰᠢᠭᠤᠳ ᠨᠡᠪᠲᠡᠷᠡᠭᠦᠯᠭᠡ》ᠲᠤᠰᠬᠠᠶ ᠪᠤᠯᠤᠩ ᠳᠤ ᠰᠠᠭᠠᠲᠤᠵᠤ᠂ ᠷᠠᠳᠢᠣ᠋ ᠳᠣᠯᠭᠢᠶᠠᠨ ᠪᠡᠷ ᠳᠠᠮᠵᠢᠨ ᠥᠷᠭᠡᠨ ᠣᠯᠠᠨ ᠰᠣᠨᠣᠰᠤᠭᠴᠢ ᠲᠠᠢ ᠴᠠᠭ ᠰᠢᠬᠠᠮ ᠰᠠᠨᠠᠯ ᠢᠶᠠᠨ ᠰᠣᠯᠢᠯᠴᠠᠵᠤ ᠂ ᠰᠣᠨᠣᠰᠤᠭᠴᠢ ᠤᠯᠠᠨ ᠳᠤ ᠠᠷᠠᠳ ᠤᠨ ᠬᠣᠭᠣᠷᠣᠨᠳᠣᠬᠢ ᠵᠢᠭᠡᠯᠡᠯᠭᠡ ᠶᠢᠨ ᠲᠤᠬᠠᠶ ᠂ ᠭᠡᠷ ᠪᠠᠶᠢᠰᠢᠩ ᠬᠤᠳᠠᠯᠳᠤᠭᠠᠯᠠᠬᠤ ᠂ ᠤᠷᠤᠭ ᠭᠡᠷ ᠪᠦᠯᠢ ᠶᠢᠨ ᠵᠡᠷᠭᠡ ᠬᠠᠤᠯᠢ ᠴᠠᠭᠠᠵᠠ ᠶᠢᠨ ᠠᠰᠠᠭᠤᠳᠠᠯ ᠢ ᠨᠠᠷᠢᠯᠢᠭ ᠲᠠᠢᠯᠪᠤᠷᠢᠯᠠᠯᠲᠠ ᠬᠢᠵᠦ ᠥᠭᠪᠡ ᠃
《 ᠬᠠᠤᠯᠢ ᠶᠢᠨ ᠲᠠᠢᠯᠤᠮᠵᠢ ᠰᠢᠭᠤᠳ ᠨᠡᠪᠲᠡᠷᠡᠭᠦᠯᠭᠡ》 ᠪᠤᠯᠤᠩ ᠪᠣᠯ ᠣᠷᠳᠣᠰ ᠤᠨ ᠷᠠᠳᠢᠣ᠋ ᠲᠧᠯᠸᠢᠰ ᠬᠣᠷᠢᠶᠠᠨ ᠤ ᠬᠢᠲᠠᠳ ᠬᠡᠯᠡᠨ ᠦ ᠶᠡᠷᠦᠩᠬᠡᠶ ᠨᠡᠪᠲᠡᠷᠡᠭᠦᠯᠭᠡ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ ᠂ ᠠᠷᠠᠳ ᠤᠯᠠᠨ ᠤ ᠬᠠᠤᠯᠢ ᠪᠠᠷ ᠵᠠᠰᠠᠬᠤ ᠦᠵᠡᠯᠲᠡ ᠶᠢ ᠴᠢᠩᠭ᠋ᠠᠳᠬᠠᠬᠤ ᠂ ᠬᠠᠤᠯᠢ ᠶᠢᠨ ᠲᠤᠬᠠᠢ ᠮᠡᠳᠡᠭᠡᠯᠡᠳᠡᠭ ᠫᠷᠤᠭ᠍ᠷᠠᠮ ᠶᠤᠮ ᠃ ᠫᠷᠤᠭ᠍ᠷᠠᠮ ᠨᠢ《 ᠬᠡᠷᠡᠭ ᠤᠨ ᠵᠢᠱᠢᠶ᠎ᠡ ᠪᠡᠷ ᠬᠠᠤᠯᠢ ᠶᠢ ᠶᠠᠷᠢᠵᠦ᠂ ᠬᠠᠤᠯᠢ ᠶᠢᠨ ᠲᠤᠰᠢᠶᠠᠯᠲᠠᠨ ᠡᠴᠡ ᠬᠠᠤᠯᠢ ᠶᠢ ᠲᠠᠶᠢᠯᠪᠤᠷᠢᠯᠠᠨ ᠂ ᠰᠤᠨᠤᠰᠤᠭᠴᠢᠳ ᠡᠴᠡ ᠬᠠᠤᠯᠢ ᠶᠢ ᠠᠰᠠᠭᠤᠬᠤ》 ᠪᠡᠷ ᠦᠨᠳᠦᠰᠦᠨ ᠬᠡᠪ ᠵᠠᠭᠪᠤᠷ ᠪᠣᠯᠭᠠᠵᠤ ᠂ ᠬᠡᠯᠪᠡᠷᠢ ᠨᠢ ᠰᠢᠨ᠎ᠡ ᠂ ᠠᠭᠤᠯᠭ᠎ᠠ ᠨᠢ ᠣᠶᠢᠯᠠᠭᠠᠮᠵᠢᠲᠠᠶ ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠠᠤᠯᠢ ᠶᠢᠨ ᠲᠤᠰᠢᠶᠠᠯᠲᠠᠨ ᠫᠷᠤᠭ᠍ᠷᠠᠮ ᠤᠨ ᠰᠢᠭᠤᠳ ᠨᠡᠪᠲᠡᠷᠡᠭᠦᠯᠭᠡ ᠶᠢᠨ ᠲᠠᠰᠣᠭ ᠲᠤ ᠰᠠᠭᠠᠲᠤᠵᠤ ᠶᠠᠷᠢᠶ᠎ᠠ ᠬᠢᠳᠡᠭ ᠡᠴᠡ ᠤᠯᠠᠨ ᠲᠦᠮᠡᠨ ᠦ ᠨᠡᠶᠢᠳᠡᠮ ᠬᠦᠷᠢᠶᠡᠯᠡᠯ ᠢ ᠣᠯᠤᠭᠰᠠᠨ ᠪᠠᠶᠢᠨ᠎ᠠ ᠃ ᠨᠡᠪᠲᠡᠷᠡᠭᠦᠯᠭᠡ ᠡᠬᠢᠯᠡᠭᠰᠡᠨ ᠤ ᠨᠢᠭᠡᠳᠦᠭᠡᠷ ᠬᠤᠭᠤᠴᠠᠭ᠎ᠠ ᠂ ᠰᠢᠭᠤᠳ ᠨᠡᠪᠲᠡᠷᠡᠭᠦᠯᠭᠡ ᠶᠢᠨ ᠲᠠᠰᠣᠭ ᠡᠴᠡ ᠵᠥᠪᠯᠡᠯᠭᠡ ᠥᠭᠬᠦ ᠤᠲᠠᠰᠤ ᠪᠠ ᠪᠢᠴᠢᠯ ᠵᠠᠬᠢᠳᠠᠯ ᠤᠨ ᠲᠠᠪᠴᠠᠩ ᠶᠡᠷᠦ ᠨᠢ ᠶᠠᠭᠠᠷᠠᠤ ᠪᠠᠢᠵᠤ ᠂ ᠣᠷᠤᠯᠴᠠᠭᠰᠠᠨ ᠬᠡᠮᠵᠢᠶ᠎ᠡ ᠨᠢ ᠮᠠᠰᠢ ᠤᠯᠠᠨ ᠪᠠᠢᠪᠠ᠃
2016 ᠣᠨ ᠤ ᠨᠠᠰᠢ ᠂ ᠬᠠᠤᠯᠢ ᠴᠠᠭᠠᠵᠠ ᠶᠢ ᠠᠷᠠᠳ ᠤᠯᠠᠨ ᠤ ᠳᠤᠮᠳᠠ ᠨᠡᠩ ᠰᠠᠢᠨ ᠭᠦᠨᠵᠡᠭᠡᠢᠷᠡᠭᠦᠯᠵᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠶᠢᠨ ᠲᠥᠯᠦᠭᠡ᠂ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠥᠩᠭᠡᠷᠡᠭᠰᠡᠨ ᠦ ᠭᠠᠭᠴᠠ ᠴᠢᠭᠯᠡᠯᠲᠦ ᠤᠬᠠᠭᠤᠯᠬᠤ ᠬᠡᠯᠪᠡᠷᠢ ᠪᠡᠷ ᠬᠤᠪᠢᠷᠠᠭᠤᠯᠤᠨ᠂ ᠪᠢᠴᠢᠯ ᠪᠦᠷᠭᠡ ᠂ ᠪᠢᠴᠢᠯ ᠮᠡᠳᠡᠭᠡ ᠂ ᠷᠠᠳᠢᠣ᠋ ᠨᠡᠪᠲᠡᠷᠡᠭᠦᠯᠭᠡ ᠂ ᠲᠧᠯᠸᠢᠰ ᠵᠡᠷᠭᠡ ᠤᠯᠠᠨ ᠵᠦᠢᠯ ᠦᠨ ᠵᠠᠭᠤᠴᠢᠯᠠᠭᠤᠷ ᠤᠨ ᠠᠷᠭ᠎ᠠ ᠪᠠᠷᠢᠯ ᠢ ᠭᠦᠢᠴᠡᠳ ᠠᠰᠢᠭᠯᠠᠬᠤ ᠪᠡᠷ ᠳᠠᠮᠵᠢᠭᠤᠯᠵᠤ ᠰᠢᠭᠦᠬᠦ ᠬᠣᠷᠢᠶ᠎ᠠ ᠬᠢᠭᠡᠳ ᠨᠡᠶᠢᠭᠡᠮ ᠨᠡᠶᠢᠲᠡ ᠶᠢᠨ ᠬᠣᠭᠣᠷᠣᠨᠳᠣᠬᠢ ᠰᠣᠯᠢᠯᠴᠠᠭ᠎ᠠ ᠪᠡᠨ ᠴᠢᠩᠭ᠋ᠠᠳᠬᠠᠵᠤ᠂ ᠪᠦᠭᠦ ᠬᠣᠳᠠ ᠶᠢᠨ ᠡᠯ᠎ᠡ ᠡᠲᠡᠭᠡᠳ ᠦᠨ ᠤᠯᠠᠨ ᠲᠦᠮᠡᠨ ᠳᠦ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠲᠠᠢᠯᠪᠤᠷᠢᠯᠠᠨ᠂ ᠬᠠᠤᠯᠢ ᠴᠠᠭᠠᠵᠠ ᠶᠢᠨ ᠮᠡᠳᠡᠯᠭᠡ ᠶᠢ ᠲᠥᠭᠡᠮᠡᠯᠵᠢᠭᠦᠯᠦᠨ ᠂ ᠰᠢᠭᠦᠬᠦ ᠬᠣᠷᠢᠶᠠᠨ ᠤ ᠠᠵᠢᠯ ᠤᠨ ᠪᠠᠶᠢᠳᠠᠯ ᠢ ᠲᠠᠨᠢᠯᠴᠠᠭᠤᠯᠤᠨ᠂《 ᠠᠷᠠᠳ ᠤᠨ ᠲᠥᠯᠥᠭᠡ ᠬᠠᠤᠯᠢ ᠪᠠᠷᠢᠬᠤ ᠂ ᠬᠠᠤᠯᠢ ᠪᠠᠷᠢᠬᠤ ᠳᠠᠭᠠᠨ ᠠᠷᠠᠳ ᠲᠤ ᠳᠦᠬᠦᠮ ᠦᠵᠡᠭᠦᠯᠬᠦ 》 ᠠᠵᠢᠯ ᠤᠨ ᠵᠣᠷᠢᠯᠲᠠ ᠶᠢ ᠦᠨᠡᠨ ᠪᠣᠳᠠᠲᠠᠶ ᠪᠠᠷ ᠨᠠᠢᠳᠠᠪᠤᠷᠢᠵᠢᠭᠤᠯᠵᠤ ᠂ 《 ᠣᠷᠳᠤᠰ ᠢ ᠬᠠᠤᠯᠢ ᠪᠠᠷ ᠵᠠᠰᠠᠬᠤ》 ᠪᠦᠳᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠲᠡᠰᠦᠷᠡᠯᠳᠠ ᠦᠭᠡᠢ ᠳᠡᠭᠡᠭᠰᠢᠯᠡᠵᠦ ᠪᠠᠢᠬᠤ ᠶᠢ ᠠᠷᠠᠳ ᠤᠯᠠᠨ ᠳᠤ ᠮᠡᠳᠡᠷᠡᠭᠦᠯᠬᠦ ᠪᠡᠷ ᠴᠢᠷᠮᠠᠢᠵᠤ ᠪᠠᠢᠨ᠎ᠠ᠃
ᠦᠨᠡᠯᠡᠬᠦ 0ᠦᠨᠡᠯᠡᠯᠲᠡ᠎ᠲᠠᠢ