ᠵᠠᠷᠭᠤ ᠳᠤ ᠦᠢᠯᠡᠴᠢᠯᠡᠬᠦ ᠦᠢᠯᠡᠴᠢᠯᠡᠭᠡᠨ ᠤ ᠲᠥᠪ ᠨᠢ ᠸᠢᠴᠡᠲ ᠳᠠᠪᠴᠠᠩ ᠨᠡᠬᠡᠭᠡᠵᠦ 《 ᠵᠠᠷᠭᠤ ᠶᠢᠨ ᠲᠤᠬᠠᠢ ᠠᠯᠠᠭᠠᠨ ᠳᠡᠭᠡᠷᠡᠬᠢ ᠦᠢᠯᠡᠴᠢᠯᠡᠭᠡ ᠶᠢ ᠪᠠᠢᠭᠤᠯᠪᠠ
2016.06.01 ᠲᠣᠰ ᠥᠷᠲᠡᠭᠡᠨ᠎ᠦ ᠨᠠᠢᠷᠠᠭᠤᠯᠤᠭᠴᠢ

ᠣᠯᠠᠨ ᠲᠦᠮᠡᠨ ᠦ ᠬᠠᠤᠯᠢ ᠶᠢᠨ ᠲᠤᠬᠠᠢ ᠰᠠᠨᠠᠭᠠᠰᠢᠷᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ ᠂ ᠵᠠᠭᠠᠯᠳᠤᠯᠭ᠎ᠠ ᠳᠤ ᠦᠢᠯᠡᠴᠢᠯᠡᠬᠦ ᠰᠢᠨ᠎ᠡ ᠣᠨᠴᠠᠯᠢᠭ ᠪᠦᠬᠦᠢ ᠲᠤᠰᠬᠠᠶ ᠪᠤᠯᠤᠩ  ᠢ ᠡᠷᠬᠢᠯᠡᠬᠦ ᠶᠢᠨ ᠲᠤᠯᠠᠲᠠ ᠂ ᠣᠶᠢᠷ᠎ᠠ ᠳᠤ ᠂  ᠢᠨᠲ᠋ᠸᠷ ᠰᠦᠯᠵᠢᠶ᠎ᠡ + ᠪᠢᠴᠢᠯ ᠦᠢᠯᠡᠴᠢᠯᠡᠭᠡᠨ ᠦ ᠬᠡᠪ ᠵᠠᠭᠪᠤᠷ ᠢ ᠶᠣᠰᠣᠭᠠᠷ ᠂ ᠤᠷᠳᠤᠰ ᠬᠤᠳᠠ ᠶᠢᠨ ᠵᠠᠷᠭᠤ  ᠶᠢᠨ ᠦᠢᠯᠡᠴᠢᠯᠡᠭᠡᠨ ᠦ ᠲᠥᠪ ᠨᠢ ᠸᠢᠴᠡᠲ  ᠳᠠᠪᠴᠠᠩ ᠢ ᠵᠢᠩᠬᠢᠨᠢ  ᠪᠡᠷ ᠨᠡᠪᠲᠡᠷᠡᠭᠦᠯᠪᠡ᠃ ᠲᠤᠬᠠᠶ ᠶᠢᠨ ᠬᠥᠮᠦᠨ ᠨᠢ ᠬᠣᠶᠠᠷ ᠬᠡᠮᠵᠢᠯ ᠦᠨ ᠲᠡᠮᠳᠡᠭ  ᠢ  ᠰᠢᠷᠪᠢᠬᠦ ᠪᠤᠶᠤ 《eedssssfwzx 》 ᠬᠡᠬᠦ  ᠳ᠋ᠤᠭᠠᠷ ᠢ ᠬᠠᠢᠵᠤ  ᠠᠩᠬᠠᠷᠤᠯ ᠳᠤ ᠪᠡᠨ ᠠᠪᠴᠤ ᠂  ᠸᠢᠴᠠᠲ ᠲᠠᠪᠴᠠᠩ  ᠳᠤ ᠣᠷᠣᠵᠤ ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠤᠴᠢᠷ ᠶᠠᠪᠤᠳᠠᠯ ᠢᠶᠡᠨ ᠤᠯᠤᠯᠴᠠᠵᠤ ᠪᠣᠯᠤᠨ᠎ᠠ᠃

ᠵᠠᠷᠭᠤ  ᠶᠢᠨ ᠦᠢᠯᠡᠴᠢᠯᠡᠭᠡᠨ ᠤ  ᠸᠢᠴᠠᠲ ᠲᠠᠪᠴᠠᠩ  ᠢ ᠵᠠᠷᠭᠤᠯᠳᠤᠭᠠᠨ ᠤ ᠵᠥᠪᠯᠡᠮᠵᠢ᠂ ᠬᠥᠳᠡᠯᠦᠩᠭᠦᠶ  ᠨᠡᠢᠲᠡᠯᠡᠬᠦ᠂  ᠣᠷᠤᠨ ᠪᠠᠢᠷᠢ  ᠶᠢ  ᠵᠠᠮᠴᠢᠯᠠᠬᠤ ᠭᠤᠷᠪᠠᠨ ᠲᠤᠮᠤ ᠬᠡᠰᠡᠭ ᠲᠦ ᠬᠤᠪᠢᠶᠠᠪᠠ ᠃  ᠵᠠᠷᠭᠤ ᠬᠢᠬᠦ ᠶᠢ ᠬᠥᠲᠥᠯᠥᠨ ᠵᠢᠯᠣᠭᠣᠳᠬᠤ ᠂ ᠵᠠᠷᠭᠤᠯᠳᠤᠭᠠᠨ ᠤ ᠠᠶᠤᠯ ᠲᠦᠭᠰᠢᠭᠦᠷᠢ  ᠶᠢ ᠤᠷᠢᠳᠴᠢᠯᠠᠨ ᠮᠡᠳᠡᠭᠳᠡᠬᠦ ᠂ ᠵᠠᠷᠭᠤ ᠶᠢᠨ ᠰᠦᠢᠳᠬᠡᠯ ᠢ ᠪᠤᠳᠤᠬᠤ ᠵᠡᠷᠭᠡ ᠦᠢᠯᠡᠴᠢᠯᠡᠭᠡᠨ ᠡᠴᠡ ᠭᠠᠳᠠᠨ᠎ᠠ ᠂ ᠪᠠᠰᠠ ᠬᠣᠲᠠ ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠠᠯᠪᠠᠨ ᠤ ᠰᠦᠯᠵᠢᠶ᠎ᠡ ᠂ ᠠᠯᠪᠠᠨ ᠤ ᠪᠢᠴᠢᠯ ᠪᠦᠷᠭᠡ ᠵᠢᠴᠢ ᠡᠯᠧᠺᠲ᠋ᠷᠣᠨ ᠭᠠᠵᠠᠷ ᠤᠨ ᠵᠢᠷᠤᠭ ᠲᠠᠢ  ᠬᠣᠯᠪᠤᠵᠤ ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠥᠪᠥᠷᠢᠯᠡᠬᠦ  ᠢ ᠪᠡᠶᠡᠯᠡᠭᠦᠯᠪᠡ᠃ ᠸᠢᠴᠠᠲ ᠲᠠᠪᠴᠠᠩ ᠢ ᠠᠰᠢᠭᠯᠠᠨ 《 ᠠᠯᠠᠭᠠᠨ ᠳᠡᠭᠡᠷᠡᠬᠢ ᠵᠠᠭᠠᠯᠳᠤᠯᠭ᠎ᠠ ᠳᠤ ᠦᠢᠯᠡᠴᠢᠯᠡᠬᠦ 》 ᠶᠢ ᠵᠣᠬᠢᠶᠠᠨ ᠪᠠᠢᠭᠤᠯᠤᠭᠰᠠᠨ ᠨᠢ ᠵᠠᠷᠭᠤ ᠶᠢᠨ ᠦᠢᠯᠡᠴᠢᠯᠡᠭᠡᠨ ᠤ ᠲᠥᠪ  ᠤᠨ ᠠᠷᠠᠳ ᠤᠨ ᠲᠥᠯᠥᠭᠡ ᠬᠠᠤᠯᠢ ᠪᠠᠷᠢᠬᠤ ᠰᠢᠨ᠎ᠡ ᠠᠷᠭ᠎ᠠ ᠵᠠᠮ ᠂ ᠬᠠᠤᠯᠢ ᠪᠠᠷᠢᠬᠤ ᠶᠢ ᠢᠯᠠ ᠪᠣᠯᠭᠠᠬᠤ  ᠶᠢ  ᠶᠡᠬᠡᠪᠡᠷ ᠲᠦᠯᠬᠢᠨ ᠠᠬᠢᠭᠤᠯᠬᠤ ᠰᠢᠨ᠎ᠡ ᠠᠷᠭ᠎ᠠ ᠬᠡᠮᠵᠢᠶ᠎ᠡ  ᠪᠣᠯᠤᠨ᠎ᠠ᠃ ᠲᠤᠰ  ᠸᠢᠴᠠᠲ ᠳᠠᠪᠴᠠᠩ ᠨᠡᠪᠲᠡᠷᠡᠭᠰᠡᠨ ᠡᠴᠡ ᠨᠠᠭᠠᠰᠢ᠂  ᠲᠤᠩ ᠰᠠᠢᠨ ᠤᠯᠠᠨ ᠨᠡᠢᠲᠡ ᠳᠤ ᠦᠢᠯᠡᠴᠢᠯᠡᠬᠦ  ᠬᠡᠷᠡᠭᠴᠡᠭᠡ ᠭᠠᠷᠴᠤ᠂ ᠲᠤᠬᠠᠢ ᠶᠢᠨ ᠬᠥᠮᠦᠨ ᠲᠠᠢ ᠨᠡᠪᠲᠡᠷᠡᠯᠴᠡᠬᠦ ᠳᠤ ᠳᠦᠭᠦᠮ ᠪᠣᠯᠤᠭᠰᠠᠨ  ᠪᠠᠢᠨ᠎ᠠ᠃ 5 ᠰᠠᠷ᠎ᠠ ᠶᠢᠨ ᠳᠤᠮᠳᠠ ᠰᠡᠭᠦᠯᠴᠢ ᠪᠡᠷ ᠂ ᠨᠢᠭᠡᠨᠲᠡ ᠠᠩᠬᠠᠷᠤᠯ ᠳᠤ ᠪᠡᠨ ᠠᠪᠤᠭᠰᠠᠨ ᠬᠡᠷᠡᠭᠯᠡᠭᠴᠢ  49 ᠨᠡᠷ᠎ᠡ ᠂  ᠦᠢᠯᠡᠴᠢᠯᠡᠭᠡᠨ ᠤ ᠮᠡᠳᠡᠭᠡ ᠵᠠᠩᠭᠢ  ᠶᠢ 28 ᠵᠦᠢᠯ ᠰᠤᠯᠢᠯᠴᠠᠵᠤ ᠂ ᠠᠷᠠᠳ ᠲᠤ ᠲᠥᠭᠥᠮ  ᠦᠵᠡᠭᠦᠯᠦᠨ ᠠᠷᠠᠳ ᠲᠤ ᠲᠤᠰᠠ  ᠬᠦᠷᠭᠡᠬᠦ ᠦᠷ᠎ᠡ ᠪᠦᠲᠦᠮᠵᠢ  ᠶᠢ ᠠᠩᠬ᠎ᠠ ᠠᠯᠬᠤᠮ ᠣᠯᠵᠠᠶ ᠃

ᠬᠣᠶᠢᠰᠢᠳᠠ ᠂ ᠪᠦᠬᠦ ᠣᠷᠣᠨ ᠤ ᠰᠢᠭᠦᠬᠦ ᠬᠣᠷᠢᠶ᠎ᠠ ᠵᠠᠷᠭᠤ ᠶᠢᠨ ᠦᠢᠯᠡᠴᠢᠯᠡᠭᠡᠨ ᠦ ᠰᠦᠯᠵᠢᠶ᠎ᠡ ᠨᠡᠪᠲᠡᠷᠡᠬᠦ ᠶᠢ ᠳᠠᠭᠠᠯᠳᠤᠨ ᠂ ᠵᠠᠷᠭᠤ ᠶᠢᠨ ᠦᠢᠯᠡᠴᠢᠯᠡᠭᠡᠨ ᠦ ᠲᠥᠪ ᠦᠨ  ᠸᠢᠴᠠᠲ ᠲᠠᠪᠴᠠᠩ ᠪᠠᠰᠠ ᠂ ᠰᠦᠯᠵᠢᠶᠡᠨ ᠳᠡᠭᠡᠷ᠎ᠡ ᠯᠠᠪᠯᠠᠬᠤ ᠂  ᠸᠢᠴᠠᠲ  ᠢᠶᠡᠷ ᠤᠷᠢᠳᠴᠢᠯᠠᠨ ᠪᠣᠯᠵᠣᠵᠤ ᠬᠡᠷᠡᠭ ᠪᠣᠯᠭᠠᠨ ᠳᠠᠩᠰᠠᠯᠠᠬᠤ ᠂  ᠸᠢᠴᠠᠲ  ᠢᠶᠡᠷ ᠵᠠᠷᠭᠤ ᠶᠢᠨ ᠪᠢᠴᠢᠭ ᠬᠠᠷ᠎ᠠ ᠶᠢ  ᠬᠦᠷᠭᠡᠬᠦ ᠂ ᠸᠢᠴᠠᠲ ᠢᠶᠡᠷ ᠬᠠᠤᠯᠢ ᠶᠢᠨ ᠲᠤᠰᠢᠶᠠᠯᠲᠠᠨ ᠲᠠᠢ ᠠᠭᠤᠯᠵᠠᠬᠤ ᠵᠡᠷᠭᠡ ᠦᠢᠯᠡᠴᠢᠯᠡᠭᠡᠨ ᠦ ᠵᠦᠢᠯ ᠦᠳ ᠢ ᠨᠡᠬᠡᠭᠡᠵᠦ ᠂ ᠤᠯᠠᠨ ᠲᠦᠮᠡᠨ ᠳᠦ ᠤᠯᠠᠨ ᠬᠡᠯᠪᠡᠷᠢ ᠶᠠᠩᠵᠤ ᠶᠢᠨ᠂ ᠲᠥᠳᠡ ᠲᠦᠷᠭᠡᠨ ᠵᠠᠷᠭᠤ ᠶᠢᠨ ᠦᠢᠯᠡᠴᠢᠯᠡᠭᠡ ᠬᠠᠩᠭᠠᠬᠤ  ᠶᠢ ᠵᠣᠷᠢᠭᠰᠠᠨ ᠪᠠᠢᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )