《 ᠭᠦᠢᠴᠡᠳᠬᠡᠬᠦ  ᠵᠢᠯ ᠲᠤᠰᠬᠠᠶ ᠰᠡᠳᠦᠪᠲᠦ 》 ᠰᠢᠷᠢᠰ ᠮᠡᠳᠡᠭᠡᠯᠡᠯ  ᠵᠢᠷᠭᠤᠭ᠎ᠠ
2016.05.03 ᠲᠣᠰ ᠥᠷᠲᠡᠭᠡᠨ ᠦ ᠨᠠᠢᠷᠠᠭᠤᠯᠤᠭᠴᠢ

《 ᠭᠦᠢᠴᠡᠳᠬᠡᠬᠦ  ᠵᠢᠯ ᠲᠤᠰᠬᠠᠶ ᠰᠡᠳᠦᠪᠲᠦ 》 ᠰᠢᠷᠢᠰ ᠮᠡᠳᠡᠭᠡᠯᠡᠯ  ᠵᠢᠷᠭᠤᠭ᠎ᠠ ᠄ ᠡᠯ᠎ᠡ ᠬᠣᠰᠢᠭᠤ ᠲᠣᠭᠣᠷᠢᠭ ᠤᠨ ᠠᠷᠠᠳ ᠤᠨ  ᠰᠢᠭᠦᠬᠦ ᠬᠣᠷᠢᠶ᠎ᠠ 《 ᠭᠦᠢᠴᠡᠳᠬᠡᠬᠦ ᠵᠢᠯ ᠤᠨ ᠲᠤᠰᠬᠠᠢ ᠠᠵᠢᠯᠠᠯᠭ᠎ᠠ》 ᠶᠢ  ᠦᠷᠨᠢᠭᠦᠯᠪᠡ

 

 

 

 

 

 

 

 

 

 

 

( ᠨᠢᠭᠡ ) 4 ᠰᠠᠷ᠎ᠠ ᠶᠢᠨ 28  ᠤ ᠡᠳᠦᠷ ᠂  ᠡᠵᠡᠨ ᠬᠣᠷᠤᠭ᠎ᠠ ᠬᠣᠰᠢᠭᠤᠨ ᠤ ᠰᠢᠭᠦᠬᠦ  ᠬᠣᠷᠢᠶ᠎ᠠ《 ᠭᠦᠢᠴᠡᠳᠬᠡᠬᠦ ᠵᠢᠯ ᠤᠨ ᠬᠤᠷᠴᠠ ᠰᠡᠯᠡᠮ᠎ᠡ》 ᠠᠵᠢᠯᠠᠯᠭ᠎ᠠ ᠶᠢ ᠵᠢᠩᠬᠢᠨᠢ ᠪᠡᠷ ᠡᠬᠢᠯᠡᠭᠦᠯᠪᠡ᠃

 4 ᠰᠠᠷ᠎ᠠ ᠶᠢᠨ 28  ᠤ ᠡᠳᠦᠷ ᠂ ᠡᠵᠡᠨ ᠬᠣᠷᠣᠭ᠎ᠠ ᠬᠣᠰᠢᠭᠤᠨ ᠤ ᠠᠷᠠᠳ ᠤᠨ ᠰᠢᠭᠦᠬᠦ ᠬᠣᠷᠢᠶᠠᠨ  ᠡᠴᠡ 《 ᠭᠦᠢᠴᠡᠳᠬᠡᠬᠦ ᠵᠢᠯ ᠤᠨ ᠬᠤᠷᠴᠠ ᠰᠡᠯᠡᠮ᠎ᠡ 》 ᠠᠵᠢᠯᠯᠠᠭ᠎ᠠ ᠶᠢ ᠵᠢᠩᠬᠢᠨᠢ ᠪᠡᠷ ᠡᠬᠢᠯᠡᠭᠦᠯᠪᠡ ᠃ ᠬᠣᠰᠢᠭᠤ ᠨᠠᠮ ᠤᠨ ᠬᠣᠷᠢᠶᠠᠨ ᠤ ᠪᠠᠶᠢᠩᠭᠤ  ᠶᠢᠨ ᠭᠡᠰᠢᠭᠦᠨ ᠂ ᠤᠯᠤᠰ ᠲᠥᠷᠥ ᠬᠠᠤᠯᠢ ᠴᠠᠭᠠᠵᠠ  ᠶᠢᠨ ᠬᠣᠷᠢᠶᠠᠨ ᠤ ᠱᠦᠵᠢ ᠵᠢᠶᠠᠨ ᠶᠦᠩ ᠺᠦᠸᠠᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ ᠃  ᠬᠣᠰᠢᠭᠤᠨ ᠤ ᠤᠯᠤᠰ ᠲᠥᠷᠥ ᠶᠢᠨ ᠵᠥᠪᠯᠡᠯᠭᠡᠨ ᠦ ᠳᠡᠳ᠋ ᠲᠡᠷᠢᠭᠦᠯᠡᠭᠴᠢ ᠭᠤᠤ ᠰᠢᠶᠣᠤ ᠬᠣᠩ ᠂ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠸᠠᠩ ᠯᠢᠶᠠᠩ ᠂  ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠳᠠᠷᠤᠭ᠎ᠠ ᠡᠷᠳᠡᠨᠢᠳᠠᠯᠠᠢ ᠂ ᠬᠣᠰᠢᠭᠤ ᠨᠠᠮ ᠤᠨ ᠬᠣᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠣᠷᠢᠶᠠᠨ ᠤ ᠳᠡᠳ᠋ ᠱᠦᠵᠢ ᠬᠤᠸᠠᠩ  ᠭᠠᠩ᠂ ᠸᠠᠩ ᠶᠦᠨ ᠫᠸᠩ᠂ ᠾᠦᠸᠸ ᠴᠦᠨ ᠮᠧᠶ ᠂ ᠱᠸᠨ ᠯᠢ  ᠨᠠ ᠡᠬᠢᠯᠡᠯᠲᠠ ᠶᠢᠨ ᠶᠣᠰᠣᠯᠠᠯ ᠳᠤ  ᠣᠷᠤᠯᠴᠠᠪᠠ ᠃ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠂ ᠬᠠᠤᠯᠢ ᠴᠠᠭᠠᠵᠠ ᠶᠢᠨ ᠲᠣᠪᠴᠢᠶᠠᠨ ᠤ ᠬᠡᠰᠡᠭ ᠤᠳᠤᠷᠢᠳᠬᠤ ᠪᠠᠭ ᠤᠨ ᠪᠦᠷᠢᠯᠳᠦᠬᠦᠨ ᠂ ᠬᠣᠰᠢᠭᠤᠨ ᠤ  ᠭᠡᠷ  ᠪᠠᠢᠰᠢᠩ   ᠤᠨ ᠬᠠᠮᠢᠶᠠᠷᠤᠯᠲᠠ  ᠶᠢᠨ ᠲᠣᠪᠴᠢᠶ᠎ᠠ᠂ ᠤᠯᠤᠰ ᠤᠨ ᠨᠤᠲᠤᠭ ᠳᠡᠪᠢᠰᠬᠡᠷ ᠦᠨ ᠲᠣᠪᠴᠢᠶ᠎ᠠ ᠂ ᠪᠠᠩᠬᠢ ᠶᠢᠨ ᠦᠢᠯᠡᠰ  ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠂ ᠡᠷᠡᠭᠦᠯ ᠬᠠᠮᠠᠭᠠᠯᠠᠯ ᠤᠨ ᠲᠣᠪᠴᠢᠶ᠎ᠠ ᠪᠣᠯᠤᠨ ᠵᠠᠮ ᠬᠠᠷᠢᠯᠴᠠᠭᠠᠨ ᠤ ᠴᠠᠭᠳᠠᠭᠠᠨ ᠠᠨᠭᠭᠢ ᠬᠣᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠥᠳ ᠵᠢᠴᠢ ᠬᠣᠰᠢᠭᠤᠨ ᠤ ᠠᠷᠠᠳ ᠤᠨ ᠰᠢᠭᠦᠬᠦ ᠬᠣᠷᠢᠶ᠎ᠠ ᠪᠦᠬᠦ ᠺᠠᠳ᠋ᠷ ᠴᠠᠭᠳᠠᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ ᠃

ᠵᠢᠶᠠᠨ ᠶᠦᠩ  ᠺᠦᠸᠠᠨ ᠱᠠᠭᠠᠷᠳᠠᠯᠭ᠎ᠠ ᠳᠤ ᠪᠡᠨ᠂ ᠡᠵᠡᠨ ᠬᠣᠷᠤᠭ᠎ᠠ ᠬᠣᠰᠢᠭᠤᠨ ᠤ ᠠᠷᠠᠳ ᠤᠨ ᠰᠢᠭᠦᠬᠦ ᠬᠣᠷᠢᠶ᠎ᠠ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ  ᠶᠢ ᠢᠮᠠᠭᠲᠠ ᠪᠠᠷᠢᠮᠲᠠᠯᠠᠨ ᠂ ᠲᠠᠰᠤᠷᠠᠯᠲᠠ ᠦᠭᠡᠢ 《 ᠭᠦᠢᠴᠡᠳᠬᠡᠬᠦ ᠳᠦ ᠪᠡᠷᠬᠡᠲᠡᠶ 》 ᠠᠰᠠᠭᠤᠳᠠᠯ ᠢ ᠰᠢᠶᠳᠪᠦᠷᠢᠯᠡᠬᠦ ᠴᠢᠬᠤᠯᠠ ᠴᠢᠨᠠᠷ  ᠤᠨ ᠲᠤᠬᠠᠶ ᠲᠠᠨᠢᠯᠲᠠ  ᠪᠡᠨ ᠳᠡᠭᠡᠭᠰᠢᠯᠡᠭᠦᠯᠦᠨ ᠂ ᠪᠡᠶᠡᠴᠢ ᠴᠣᠭᠴᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂《 ᠭᠦᠢᠴᠡᠳᠬᠡᠬᠦ ᠳᠦ ᠪᠡᠷᠬᠡᠲᠡᠶ 》 ᠠᠰᠠᠭᠤᠳᠠᠯ ᠢ ᠰᠢᠶᠳᠪᠦᠷᠢᠯᠡᠬᠦ ᠠᠵᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ  ᠶᠢ  ᠠᠬᠢᠭᠤᠯᠬᠤ  ᠬᠡᠷᠡᠭᠲᠠᠢ᠃ ᠠᠷᠠᠳ ᠤᠨ ᠲᠥᠯᠥᠭᠡ ᠬᠠᠤᠯᠢ ᠪᠠᠷᠢᠬᠤ ᠂ ᠲᠥᠪ ᠭᠣᠣᠯᠴᠢ ᠪᠠᠷ ᠬᠠᠤᠯᠢ ᠪᠠᠷᠢᠬᠤ ᠶᠢ ᠢᠮᠠᠭᠲᠠ ᠪᠠᠷᠢᠮᠲᠠᠯᠠᠵᠤ ᠂ ᠠᠷᠠᠳ ᠤᠯᠠᠨ ᠳᠤ ᠨᠡᠩ ᠶᠡᠬᠡ ᠬᠠᠨᠤᠮᠵᠢ ᠬᠦᠷᠲᠡᠭᠡᠬᠦ ᠬᠡᠷᠡᠭᠲᠡᠶ᠃ ᠪᠦᠬᠦ ᠣᠷᠣᠨ ᠤ ᠰᠢᠭᠦᠬᠦ ᠬᠣᠷᠢᠶᠠᠨ ᠤ 《 ᠭᠦᠢᠴᠡᠳᠬᠡᠬᠦ  ᠵᠢᠯ》 ᠤᠨ ᠲᠤᠰᠬᠠᠶ ᠠᠵᠢᠯ ᠪᠠ ᠰᠢᠭᠦᠨ ᠲᠠᠰᠤᠯᠬᠤ ᠳᠠᠷᠤᠭ᠎ᠠ ᠂  ᠭᠦᠢᠴᠡᠳᠬᠡᠬᠦ ᠲᠠᠷᠤᠭ᠎ᠠ ᠶᠢᠨ ᠬᠠᠷᠢᠭᠤᠴᠠᠬᠤ ᠳᠦᠷᠢᠮ  ᠤᠨ ᠥᠭᠡᠷᠡᠴᠢᠯᠡᠯᠲᠡ ᠪᠡᠷ ᠠᠵᠠ ᠲᠣᠬᠢᠶᠠᠯ ᠪᠣᠯᠭᠠᠵᠤ ᠂ ᠭᠦᠢᠴᠡᠳᠬᠡᠬᠦ ᠠᠵᠢᠯ ᠤᠨ  ᠵᠢᠷᠤᠮᠵᠢᠯᠲᠠ ᠂ ᠮᠡᠳᠡᠭᠡ ᠵᠠᠩᠭᠢᠵᠢᠯᠲᠠ  ᠢ ᠲᠦᠯᠬᠢᠨ ᠠᠬᠢᠭᠤᠯᠵᠤ᠂ ᠭᠦᠢᠴᠡᠳᠬᠡᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠤᠯᠠᠨ ᠨᠡᠶᠢᠲᠡ ᠶᠢᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ ᠃ ᠴᠢᠩᠭ᠎ᠠ ᠬᠠᠮᠢᠶᠠᠷᠬᠤ ᠶᠢ ᠪᠠᠷᠢᠮᠲᠠᠯᠠᠵᠤ ᠂ ᠭᠦᠢᠴᠡᠳᠬᠡᠬᠦ ᠡᠩᠨᠡᠭᠡᠨ  ᠤ ᠪᠠᠶᠢᠭᠤᠯᠤᠯᠲᠠ ᠶᠢ ᠴᠢᠩᠭᠠᠳᠬᠠᠵᠤ ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠶᠢ ᠴᠤᠴᠠᠯᠲᠠ ᠦᠭᠡᠢ ᠰᠠᠶᠢᠲᠤᠷ ᠠᠳᠬᠤᠵᠤ᠂ ᠭᠦᠢᠴᠡᠳᠬᠡᠬᠦ ᠠᠵᠢᠯ ᠪᠣᠯᠤᠨ ᠬᠡᠷᠡᠭᠵᠢᠭᠦᠯᠬᠦ ᠡᠩᠨᠡᠭᠡᠨ ᠦ ᠳᠤᠮᠳᠠᠬᠢ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠶᠳᠪᠦᠷᠢᠯᠡᠵᠦ ᠂  ᠭᠦᠢᠴᠡᠳᠬᠡᠬᠦ ᠡᠩᠨᠡᠭᠡᠨ ᠦ ᠬᠡᠪ ᠰᠤᠷᠲᠠᠯ ᠡᠷᠡᠭᠦᠯ ᠰᠠᠶᠢᠬᠠᠨ ᠪᠠᠢᠭᠤᠯᠬᠤ ᠶᠢ ᠪᠠᠲᠤᠯᠠᠵᠤ ᠂ 《 ᠭᠦᠢᠴᠡᠳᠬᠡᠬᠦ ᠵᠢᠯ ᠬᠤᠷᠴᠠ ᠰᠡᠯᠡᠮ᠎ᠡ ᠠᠵᠢᠯᠯᠠᠭ᠎ᠠ 》 ᠶᠢᠨ ᠤᠷᠤᠭᠰᠢᠲᠠᠶ ᠥᠷᠨᠢᠬᠦ  ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠃

ᠵᠢᠶᠠᠨ ᠶᠦᠩ  ᠺᠦᠸᠠᠨ ᠴᠢᠬᠤᠯᠠᠴᠢᠯᠠᠭᠰᠠᠨ ᠨᠢ ᠂ 《 ᠭᠦᠢᠴᠡᠳᠬᠡᠬᠦ ᠵᠢᠯ ᠦᠨ ᠬᠤᠷᠴᠠ ᠰᠡᠯᠡᠮ᠎ᠡ ᠠᠵᠢᠯᠯᠠᠭ᠎ᠠ 》  ᠶᠢ ᠴᠢᠩᠭ᠎ᠠ ᠬᠡᠷᠡᠭᠵᠢᠭᠦᠯᠵᠦ ᠂ ᠨᠠᠮ ᠤᠨ ᠬᠣᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ ᠶᠢ ᠭᠦᠢᠴᠡᠳ ᠪᠠᠳᠠᠷᠠᠭᠤᠯᠤᠨ ᠂ ᠡᠯ᠎ᠡ ᠲᠠᠯ᠎ᠠ ᠶᠢ ᠵᠤᠬᠢᠴᠠᠭᠤᠯᠤᠨ ᠤᠳᠤᠷᠢᠳᠬᠤ ᠭᠣᠣᠯᠯᠠᠭᠴᠢ ᠦᠢᠯᠡᠳᠦᠯ ᠢ ᠴᠢᠩᠭᠠᠳᠬᠠᠵᠤ ᠂ ᠳᠣᠲᠣᠭᠠᠳᠤ ᠶᠢ ᠬᠠᠮᠠᠭᠠᠯᠠᠬᠤ ᠂ ᠪᠠᠶᠢᠴᠠᠭᠠᠬᠤ ᠪᠠᠶᠢᠭᠤᠯᠤᠯᠭ᠎ᠠ ᠪᠣᠯᠤᠨ ᠤᠯᠤᠰ ᠤᠨ ᠨᠤᠲᠤᠭ ᠳᠡᠪᠢᠰᠬᠡᠷ  ᠤᠨ ᠬᠠᠮᠢᠶᠠᠷᠤᠯᠲᠠ᠂ ᠭᠡᠷ ᠪᠠᠶᠢᠰᠢᠩ ᠤᠨ ᠬᠠᠮᠢᠶᠠᠷᠤᠯᠲᠠ ᠂ ᠲᠡᠷᠭᠡ ᠬᠥᠰᠬᠡ ᠶᠢᠨ  ᠬᠠᠮᠢᠶᠠᠷᠤᠯᠲᠠ᠂ ᠠᠵᠤ ᠦᠢᠯᠡᠳᠪᠦᠷᠢ ᠬᠤᠳᠠᠯᠳᠤᠭ᠎ᠠ  ᠶᠢᠨ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠂ ᠪᠠᠩᠬᠢ ᠵᠡᠷᠭᠡ ᠰᠠᠯᠠᠭ᠎ᠠ ᠮᠥᠴᠢᠷ  ᠢ ᠵᠤᠬᠢᠴᠠᠭᠤᠯᠠᠨ ᠬᠠᠮᠵᠢᠯᠴᠠᠵᠤ ᠂ ᠬᠣᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ ᠂ 《 ᠭᠦᠢᠴᠡᠳᠬᠡᠬᠦ ᠳᠦ ᠪᠡᠷᠬᠡᠲᠡᠶ 》 ᠠᠵᠢᠯ  ᠢ ᠶᠡᠷᠦᠩᠬᠡᠶᠢᠯᠡᠨ ᠵᠠᠰᠠᠬᠤ ᠠᠵᠢᠯ ᠤᠨ ᠳᠤᠭᠲᠠᠴᠠ ᠶᠢ ᠴᠢᠷᠮᠠᠶᠢᠨ ᠪᠤᠢ ᠪᠣᠯᠭᠠᠬᠤ ᠬᠡᠷᠡᠭᠲᠡᠶ ᠃ ᠰᠣᠨᠢᠨ ᠮᠡᠳᠡᠭᠡᠨ ᠦ ᠵᠠᠭᠤᠴᠢ ᠪᠠᠶᠢᠭᠤᠯᠤᠮᠵᠢ ᠯᠤᠭ᠎ᠠ ᠶᠢᠨ ᠨᠡᠪᠲᠡᠷᠡᠯᠴᠡᠭᠡ ᠵᠣᠬᠢᠴᠠᠭᠤᠯᠤᠯ ᠢᠶᠠᠨ ᠴᠢᠩᠭᠠᠳᠬᠠᠵᠤ ᠂ ᠡᠨᠡ ᠤᠳᠠᠭ᠎ᠠ  ᠶᠢᠨ ᠲᠤᠰᠬᠠᠶ ᠠᠵᠢᠯᠯᠠᠭ᠎ᠠ ᠶᠢᠨ ᠤᠬᠠᠭᠤᠯᠭ᠎ᠠ ᠶᠢ ᠨᠡᠮᠡᠭᠳᠡᠭᠦᠯᠵᠦ ᠂ ᠮᠡᠳᠡᠭᠡᠯᠡᠬᠦ ᠡᠷᠴᠢᠮ ᠢᠶᠡᠨ ᠴᠢᠩᠭᠠᠷᠠᠭᠤᠯᠬᠤ ᠪᠡᠨ ᠦᠨᠡᠨ ᠬᠦ ᠪᠠᠲᠤᠯᠠᠵᠤ ᠂ ᠡᠭᠦᠨ ᠦ ᠤᠯᠠᠮ ᠠᠴᠠ 《 ᠭᠦᠢᠴᠡᠳᠬᠡᠬᠦ ᠳᠦ ᠪᠡᠷᠬᠡᠲᠡᠶ 》 ᠠᠰᠠᠭᠤᠳᠠᠯ ᠢ ᠰᠢᠢᠳᠪᠦᠷᠢᠯᠡᠬᠦ  ᠰᠠᠢᠨ ᠰᠠᠶᠢᠬᠠᠨ ᠨᠡᠶᠢᠭᠡᠮ ᠦᠨ ᠠᠭᠤᠷ ᠠᠮᠢᠰᠬᠤᠯ ᠢ ᠪᠤᠢ ᠪᠣᠯᠭᠠᠨ᠎ᠠ ᠃

ᠬᠤᠷᠠᠯ ᠳᠡᠭᠡᠷ᠎ᠡ ᠂ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠳᠡᠳ᠋ ᠳᠠᠷᠤᠭ᠎ᠠ ᠳᠠᠩ ᠵᠢᠶᠠᠨ ᠫᠢᠩ 《 ᠡᠵᠡᠨ ᠬᠣᠷᠣᠭ᠎ᠠ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ  ᠭᠦᠢᠴᠡᠳᠬᠡᠬᠦ ᠵᠢᠯ  ᠤᠨ ᠬᠤᠷᠴᠠ ᠰᠡᠯᠡᠮ᠎ᠡ ᠠᠵᠢᠯᠯᠠᠭ᠎ᠠ   ᠶᠢᠨ ᠬᠡᠷᠡᠭᠵᠢᠭᠦᠯᠬᠦ ᠲᠥᠰᠦᠯ 》 ᠢ ᠤᠩᠰᠢᠨ ᠨᠡᠢᠲᠡᠯᠡᠵᠦ ᠂ ᠬᠣᠰᠢᠭᠤᠨ ᠤ ᠠᠷᠠᠳ ᠤᠨ ᠰᠢᠭᠦᠬᠦ  ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠬᠣᠷᠢᠶᠠᠨ ᠳᠠᠷᠤᠭ᠎ᠠ ᠸᠠᠩ ᠯᠢᠶᠠᠩ 《 ᠭᠦᠢᠴᠡᠳᠬᠡᠬᠦ ᠵᠢᠯ ᠤᠨ ᠬᠤᠷᠴᠠ ᠰᠡᠯᠡᠮ᠎ᠡ ᠠᠵᠢᠯᠯᠠᠭ᠎ᠠ 》 ᠡᠬᠢᠯᠡᠭᠰᠡᠨ ᠢ ᠵᠠᠷᠯᠠᠪᠠ᠃

( ᠬᠣᠶᠠᠷ ) 4 ᠰᠠᠷ᠎ᠠ ᠶᠢᠨ 28  ᠤ ᠡᠳᠦᠷ ᠂ ᠦᠦᠰᠢᠨ  ᠬᠣᠰᠢᠭᠤᠨ ᠤ ᠠᠷᠠᠳ ᠤᠨ ᠰᠢᠭᠦᠬᠦ ᠬᠣᠷᠢᠶ᠎ᠠ《 ᠭᠦᠢᠴᠡᠳᠬᠡᠬᠦ  ᠵᠢᠯ 》  ᠦᠨ ᠲᠥᠪᠯᠡᠷᠡᠭᠦᠯᠦᠨ ᠭᠦᠢᠴᠡᠳᠬᠡᠬᠦ ᠲᠤᠬᠠᠶ ᠳᠠᠢᠢᠴᠢᠯᠠᠯᠲᠠ ᠶᠢᠨ ᠬᠤᠷᠠᠯ  ᠬᠤᠷᠠᠯᠳᠤᠭᠤᠯᠪᠠ᠃

 

4 ᠰᠠᠷ᠎ᠠ  ᠶᠢᠨ 28  ᠤ ᠡᠳᠦᠷ ᠦᠨ ᠦᠳᠡ  ᠶᠢᠨ ᠡᠮᠦᠨ᠎ᠡ ᠂ ᠦᠦᠰᠢᠨ ᠬᠣᠰᠢᠭᠤᠨ ᠤ ᠠᠷᠠᠳ ᠤᠨ ᠰᠢᠭᠦᠬᠦ ᠬᠣᠷᠢᠶ᠎ᠠ《 ᠭᠦᠢᠴᠡᠳᠬᠡᠬᠦ  ᠵᠢᠯ 》  ᠦᠨ ᠲᠥᠪᠯᠡᠷᠡᠭᠦᠯᠦᠨ ᠭᠦᠢᠴᠡᠳᠬᠡᠬᠦ ᠲᠤᠬᠠᠶ ᠳᠠᠢᠢᠴᠢᠯᠠᠯᠲᠠ ᠶᠢᠨ ᠬᠤᠷᠠᠯ ᠡᠷᠭᠢᠯᠡᠭᠰᠡᠨ ᠪᠥᠭᠡᠳ ᠡᠬᠢᠯᠡᠯᠲᠡ ᠶᠢᠨ ᠶᠣᠰᠣᠯᠠᠯ ᠶᠠᠪᠤᠭᠤᠯᠪᠠ ᠃ ᠦᠦᠰᠢᠨ  ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠪᠦᠬᠥ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠭᠦᠢᠴᠡᠳᠬᠡᠬᠦ ᠲᠣᠪᠴᠢᠶ᠎ᠠ ᠂ ᠭᠦᠢᠴᠡᠳᠬᠡᠬᠦ  ᠬᠣᠶᠠᠳᠤᠭᠠᠷ ᠲᠣᠪᠴᠢᠶ᠎ᠠ ᠂ ᠭᠦᠢᠴᠡᠳᠬᠡᠬᠦ  ᠭᠤᠷᠪᠠᠳᠤᠭᠠᠷ ᠲᠣᠪᠴᠢᠶ᠎ᠠ ᠂ ᠬᠠᠤᠯᠢ ᠪᠠᠷᠢᠬᠤ ᠳᠤ ᠲᠤᠰᠠᠯᠠᠬᠤ ᠠᠯᠪᠠᠨ ᠭᠡᠷ ᠂ ᠬᠡᠷᠡᠭ ᠪᠣᠯᠭᠠᠨ ᠳᠠᠩᠰᠠᠯᠠᠬᠤ ᠲᠢᠩᠬᠢᠮ ᠂ ᠰᠢᠭᠦᠯᠲᠡ ᠶᠢ ᠬᠠᠮᠢᠶᠠᠷᠬᠤ ᠠᠯᠪᠠᠨ ᠭᠡᠷ᠂ ᠠᠯᠪᠠᠨ ᠭᠡᠷ ᠵᠡᠷᠭᠡ ᠰᠠᠯᠠᠭ᠎ᠠ ᠮᠥᠴᠢᠷ ᠦᠨ ᠺᠠᠳ᠋ᠷ ᠴᠠᠭᠳᠠᠭ᠎ᠠ ᠬᠤᠷᠠᠯ ᠳᠤ ᠣᠷᠣᠯᠴᠠᠵᠠᠶ ᠃ ᠥᠪᠥᠷ ᠮᠣᠩᠭᠣᠯ ᠤᠨ ᠬᠠᠤᠯᠢ ᠳᠦᠷᠢᠮ ᠦᠨ ᠰᠣᠨᠢᠨ ᠂ ᠣᠷᠳᠣᠰ ᠣᠷᠣᠶ  ᠶᠢᠨ ᠰᠣᠨᠢᠨ ᠂ ᠦᠦᠰᠢᠨ  ᠬᠣᠰᠢᠭᠤᠨ ᠤ ᠲᠧᠯᠸᠢᠰ ᠬᠣᠷᠢᠶ᠎ᠠ ᠂ ᠰᠣᠨᠢᠨ ᠤ ᠬᠣᠷᠢᠶ᠎ᠠ ᠵᠢᠴᠢ ᠦᠦᠰᠢᠨ  ᠬᠣᠰᠢᠭᠤᠨ ᠤ ᠪᠤᠰᠤᠳ ᠪᠠᠢᠭᠤᠯᠭ᠎ᠠ ᠡᠨᠡ ᠤᠳᠠᠭᠠᠨ ᠤ ᠬᠤᠷᠠᠯ ᠳᠤ ᠤᠷᠢᠭᠳᠠᠨ ᠣᠷᠣᠯᠴᠠᠪᠠ ᠃

ᠬᠤᠷᠠᠯ ᠳᠡᠭᠡᠷ᠎ᠡ ᠂ ᠭᠦᠢᠴᠡᠳᠬᠡᠬᠦ ᠲᠣᠪᠴᠢᠶᠠᠨ ᠤ ᠬᠠᠷᠢᠭᠤᠴᠠᠯᠭᠠᠲᠠᠨ ᠵᠧᠩ ᠢᠦᠢ ᠪᠢᠨ  ᠡᠴᠡ《 ᠦᠦᠰᠢᠨ  ᠬᠣᠰᠢᠭᠤᠨ ᠤ ᠠᠷᠠᠳ ᠤᠨ ᠰᠢᠭᠦᠬᠦ   ᠬᠣᠷᠢᠶᠠᠨ  ᠤ ᠭᠦᠢᠴᠡᠳᠬᠡᠬᠦ ᠵᠢᠯ ᠤᠨ ᠲᠥᠪᠯᠡᠷᠡᠭᠦᠯᠦᠨ ᠭᠦᠢᠴᠡᠳᠬᠡᠬᠦ ᠲᠥᠰᠦᠯ 》 ᠢ  ᠤᠩᠰᠢᠨ ᠨᠡᠢᠲᠡᠯᠡᠪᠡ ᠂ ᠲᠥᠰᠦᠯ ᠳᠦ ᠵᠢᠭᠠᠵᠤ ᠭᠠᠷᠭᠠᠭᠰᠠᠨ ᠨᠢ ᠂ ᠡᠨᠡ ᠤᠳᠠᠭᠠᠨ ᠤ 《 ᠭᠦᠢᠴᠡᠳᠬᠡᠬᠦ ᠵᠢᠯ 》  ᠦᠨ ᠠᠵᠢᠯᠠᠯᠭ᠎ᠠ ᠶᠢ ᠨᠢᠭᠡ ᠰᠠᠷ᠎ᠠ ᠶᠢᠨ ᠬᠤᠭᠤᠴᠠᠭ᠎ᠠ ᠲᠠᠶ ᠶᠠᠪᠤᠭᠳᠠᠭᠤᠯᠵᠤ᠂  ᠨᠢᠭᠡ ᠪᠥᠯᠦᠭ ᠳᠠᠷᠤᠭᠳᠠᠮᠠᠯ ᠬᠡᠷᠡᠭ ᠢ  ᠲᠥᠪᠯᠡᠷᠡᠭᠦᠯᠦᠨ ᠰᠢᠢᠳᠪᠥᠷᠥᠢᠯᠡᠵᠦ᠂ ᠨᠢᠭᠡ ᠪᠦᠯᠦᠭ ᠢᠲᠡᠭᠡᠯ ᠠᠯᠳᠠᠭᠰᠠᠨ ᠬᠥᠮᠦᠨ ᠦ ᠨᠡᠷ᠎ᠡ  ᠶᠢ ᠲᠥᠪᠯᠡᠷᠡᠭᠦᠯᠦᠨ ᠵᠠᠷᠯᠠᠵᠤ᠂ ᠨᠢᠭᠡ ᠪᠦᠯᠦᠭ ᠡᠭᠦᠷᠭᠡ ᠪᠡᠨ ᠭᠦᠢᠴᠡᠳᠬᠡᠬᠦ ᠦᠭᠡᠢ ᠭᠦᠢᠴᠡᠳᠬᠡᠭᠳᠡᠭᠴᠢ ᠶᠢ ᠬᠠᠤᠯᠢ ᠴᠠᠭᠠᠵᠠ  ᠪᠠᠷ ᠲᠦᠷ  ᠬᠣᠷᠢᠵᠤ᠂ ᠨᠢᠭᠡ ᠪᠦᠯᠦᠭ ᠠᠷᠠᠳ ᠤᠨ ᠰᠢᠭᠦᠬᠦ ᠬᠣᠷᠢᠶᠠᠨ ᠤ ᠬᠦᠴᠦᠨ ᠲᠡᠶ ᠪᠣᠯᠤᠭᠰᠠᠨ ᠲᠠᠰᠤᠯᠤᠨ ᠲᠣᠭᠲᠠᠭᠠᠯᠲᠠ ᠵᠢᠴᠢ ᠪᠤᠰᠤᠳ ᠠᠷᠠᠳ ᠤᠨ ᠰᠢᠭᠦᠬᠦ  ᠬᠣᠷᠢᠶᠠᠨ ᠤ ᠭᠦᠢᠴᠡᠳᠬᠡᠬᠦ ᠶᠢ ᠡᠰᠡᠷᠭᠦᠴᠡᠭᠰᠡᠨ ᠦᠢᠯᠡ ᠠᠵᠢᠯᠯᠠᠭ᠎ᠠ  ᠳᠤ ᠵᠠᠯᠬᠠᠭᠠᠯ ᠦᠵᠡᠭᠦᠯᠦᠨ ᠴᠣᠬᠢᠯᠲᠠ ᠥᠭᠴᠦ᠂ ᠲᠤᠰ ᠬᠣᠷᠢᠶᠠᠨ ᠤ 《 ᠭᠦᠢᠴᠡᠳᠬᠡᠬᠦ ᠵᠢᠯ 》  ᠦᠨ ᠲᠤᠰᠬᠠᠶ ᠠᠵᠢᠯ ᠢ ᠲᠠᠰᠤᠷᠠᠯᠳᠠ ᠦᠭᠡᠢ ᠲᠦᠯᠬᠢᠨ ᠠᠬᠢᠭᠤᠯᠵᠤ ᠂ ᠪᠦᠬᠦ ᠬᠦᠴᠦ ᠪᠡᠷ ᠢᠶᠡᠨ 《 ᠭᠦᠢᠴᠡᠳᠬᠡᠬᠦ ᠳᠦ ᠪᠡᠷᠬᠡᠲᠡᠶ 》 ᠠᠰᠠᠭᠤᠳᠠᠯ ᠢ ᠰᠢᠶᠳᠪᠦᠷᠢᠯᠡᠬᠦ ᠬᠡᠷᠡᠭᠲᠡᠶ  ᠭᠡᠵᠠᠢ᠃

ᠾᠧ ‍ ᠻᠧ ᠳᠡᠳ᠋ ᠳᠠᠷᠤᠭ᠎ᠠ ᠳᠠᠶᠢᠴᠢᠯᠠᠯᠲᠠ   ᠶᠢᠨ ᠶᠠᠷᠢᠶ᠎ᠠ ᠲᠠᠯᠪᠢᠬᠤ ᠳᠠᠭᠠᠨ ᠂ ᠡᠨᠡ ᠤᠳᠠᠭ᠎ᠠ   ᠶᠢᠨ ᠲᠥᠪᠯᠡᠷᠡᠭᠦᠯᠦᠨ ᠭᠦᠢᠴᠡᠳᠬᠡᠬᠦ ᠬᠠᠷᠠᠯᠲᠠ ᠶᠢᠨ ᠡᠭᠦᠷᠭᠡ   ᠶᠢ ᠳᠠᠬᠢᠨᠲᠠ ᠴᠢᠬᠤᠯᠠᠴᠢᠯᠠᠭᠰᠠᠨ ᠪᠥᠭᠡᠳ ᠪᠦᠬᠦ ᠺᠠᠳ᠋ᠷ ᠴᠠᠭᠳᠠᠭ᠎ᠠ ᠨᠠᠷ ᠪᠦᠬᠦ ᠲᠠᠯ᠎ᠠ ᠳᠤ ᠰᠠᠭᠤᠷᠢᠯᠠᠨ 《 ᠭᠦᠢᠴᠡᠳᠬᠡᠬᠦ ᠵᠢᠯ 》  ᠦᠨ ᠲᠥᠪᠯᠡᠷᠡᠭᠦᠯᠦᠨ ᠭᠦᠢᠴᠡᠳᠬᠡᠬᠦ  ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠡᠨ  ᠴᠢᠩᠭᠠᠷᠠᠭᠤᠯᠬᠤ ᠬᠡᠷᠡᠭᠲᠠᠢ ᠭᠡᠵᠦ ᠵᠢᠭᠠᠪᠤᠷᠢᠯᠠᠪᠠ ᠃ ᠲᠥᠪᠯᠡᠷᠡᠭᠦᠯᠦᠨ ᠭᠦᠢᠴᠡᠳᠬᠡᠬᠦ ᠶᠠᠪᠤᠴᠠ ᠳᠤᠮᠳᠠ ᠂ ᠠᠵᠢᠯ ᠤᠨ ᠭᠣᠣᠯᠳᠠᠯᠭ᠎ᠠ ᠪᠠᠨ ᠳᠤᠪᠤᠢᠯᠭᠠᠵᠤ ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ ᠂ ᠭᠦᠢᠴᠡᠳᠬᠡᠬᠦ ᠠᠬᠢᠴᠠ ᠶᠢ ᠢᠳᠡᠪᠬᠢᠲᠡᠶ ᠲᠦᠯᠬᠢᠨ ᠠᠬᠢᠭᠤᠯᠵᠤ ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ  ᠶᠢ ᠭᠦᠢᠴᠡᠳ ᠰᠠᠶᠢᠲᠤᠷ ᠬᠡᠷᠡᠭᠯᠡᠵᠦ ᠂ ᠭᠦᠢᠴᠡᠳᠬᠡᠬᠦ ᠡᠷᠴᠢᠮ  ᠢᠶᠡᠷ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠠᠢ᠃ ᠡᠭᠦᠨ ᠦ ᠬᠠᠮᠲᠤ ᠂ ᠬᠦᠴᠢᠷ ᠵᠣᠪᠠᠯᠠᠩ ᠠᠮᠰᠠᠬᠤ ᠠᠴᠠ ᠠᠶᠤᠬᠤ  ᠦᠭᠡᠢ᠂ ᠪᠡᠷᠬᠡ ᠠᠰᠠᠭᠤᠳᠠᠯ  ᠢ ᠵᠣᠷᠢᠭᠲᠠᠶ ᠪᠠᠷ ᠭᠦᠨᠳᠡᠵᠦ ᠂ ᠪᠦᠯᠬᠦᠮᠳᠡᠨ ᠨᠢᠭᠡᠳᠴᠦ ᠂ ᠪᠥᠬᠦ ᠬᠦᠴᠦ ᠪᠡᠨ ᠲᠥᠪᠯᠡᠷᠡᠭᠦᠯᠦᠨ ᠭᠦᠢᠴᠡᠳᠬᠡᠬᠦ ᠠᠵᠢᠯ ᠳᠤᠮᠳᠠ ᠵᠠᠷᠤᠴᠠᠭᠤᠯᠵᠤ᠂ ᠭᠦᠢᠴᠡᠳᠬᠡᠬᠦ ᠵᠢᠯ ᠤᠨ ᠡᠭᠦᠷᠭᠡ ᠪᠡᠨ ᠠᠮᠵᠢᠯᠲᠠ  ᠲᠠᠢ ᠪᠡᠶᠡᠯᠡᠭᠦᠯᠦᠨ᠂ ᠠᠷᠠᠳ ᠤᠯᠠᠨ ᠤ ᠳᠤᠮᠳᠠ  ᠭᠦᠢᠴᠡᠳᠬᠡᠬᠦ ᠳᠤ ᠢᠲᠡᠭᠦᠬᠦ ᠢᠲᠡᠭᠡᠯ ᠢ ᠪᠤᠢ ᠪᠣᠯᠭᠠᠬᠤ ᠬᠡᠷᠡᠭᠲᠠᠢ ᠭᠡᠪᠡ᠃

ᠳᠠᠶᠢᠴᠢᠯᠠᠬᠤ ᠶᠡᠬᠡ ᠬᠤᠷᠠᠯ ᠲᠡᠭᠦᠰᠦᠭᠰᠡᠨ ᠦ ᠲᠠᠷᠠᠭ᠎ᠠ ᠂ ᠮᠠᠨ ᠤ ᠬᠣᠷᠢᠶᠠᠨ ᠤ ᠭᠦᠢᠴᠡᠳᠬᠡᠬᠦ ᠺᠠᠳ᠋ᠷ ᠴᠠᠭᠳᠠᠭ᠎ᠠ ᠲᠤᠯᠤᠭᠠᠨ ᠵᠠᠮ ᠬᠤᠪᠢᠶᠠᠵᠤ ᠂ ᠳᠠᠷᠤᠢ ᠲᠦᠷᠭᠡᠨ  ᠬᠦᠳᠡᠯᠡᠯᠴᠡᠨ᠂ ᠦᠦᠰᠢᠨ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ 《 ᠭᠦᠢᠴᠡᠳᠬᠡᠬᠦ ᠵᠢᠯ  ᠤᠨ ᠲᠥᠪᠯᠡᠷᠡᠭᠦᠯᠦᠨ ᠭᠦᠢᠴᠡᠳᠬᠡᠬᠦ 》 ᠠᠵᠢᠯᠠᠯᠭ᠎ᠠ ᠶᠢᠨ ᠬᠥᠰᠢᠭᠡ  ᠶᠢ ᠨᠡᠬᠡᠭᠡᠪᠡ ᠃

( ᠭᠤᠷᠪᠠ ) 4 ᠰᠠᠷ᠎ᠠ ᠶᠢᠨ 21  ᠦ ᠡᠳᠦᠷ ᠂  ᠤᠲᠤᠭ ᠤᠨ ᠡᠮᠦᠨᠡᠲᠦ ᠬᠣᠰᠢᠭᠤᠨ ᠤ ᠰᠢᠭᠦᠬᠦ ᠬᠣᠷᠢᠶ᠎ᠠ《 ᠭᠦᠢᠴᠡᠳᠬᠡᠬᠦ ᠵᠢᠯ 》 ᠤᠨ ᠲᠤᠰᠬᠠᠶ ᠠᠵᠢᠯᠯᠠᠭ᠎ᠠ ᠶᠢ ᠡᠬᠢᠯᠡᠭᠦᠯᠵᠦ ᠪᠦᠬᠦ ᠲᠠᠯ᠎ᠠ ᠪᠠᠷ ᠭᠦᠢᠴᠡᠳᠬᠡᠬᠦ ᠬᠦᠴᠢᠷ ᠠᠰᠠᠭᠤᠳᠠᠯ  ᠢ ᠠᠢᠢᠳᠪᠥᠷᠢᠯᠡᠬᠦ ᠪᠡᠷ ᠰᠢᠭᠤᠳᠪᠠ

4 ᠰᠠᠷ᠎ᠠ ᠶᠢᠨ 21  ᠦ ᠦᠳᠡ ᠶᠢᠨ ᠬᠣᠶᠢᠨ᠎ᠠ ᠂ ᠤᠳᠤᠭ ᠤᠨ ᠡᠮᠦᠨᠡᠲᠦ  ᠬᠣᠰᠢᠭᠤᠨ ᠤ ᠠᠷᠠᠳ ᠤᠨ ᠰᠢᠭᠦᠬᠦ ᠬᠣᠷᠢᠶᠠᠨ  ᠡᠴᠡ《 ᠭᠦᠢᠴᠡᠳᠬᠡᠬᠦ  ᠵᠢᠯ》  ᠤᠨ ᠲᠤᠰᠬᠠᠶ ᠠᠵᠢᠯ ᠤᠨ ᠡᠬᠢᠯᠡᠯᠲᠡ ᠶᠢᠨ ᠶᠣᠰᠣᠯᠠᠯ  ᠶᠠᠪᠤᠭᠳᠠᠭᠤᠯᠵᠤ᠂ ᠶᠣᠰᠣᠯᠠᠯ ᠢ ᠯᠢᠦ ᠵᠠᠨ ᠪᠢᠶᠤᠤ ᠳᠡᠳ᠋ ᠬᠤᠷᠢᠶᠠᠨ ᠳᠠᠷᠤᠭ᠎ᠠ  ᠡᠷᠬᠢᠯᠡᠪᠡ᠃ᠤᠲᠤᠭ ᠤᠨ ᠡᠮᠦᠨᠡᠲᠦ  ᠬᠣᠰᠢᠭᠤᠨ ᠤ ᠨᠠᠮ ᠤᠨ ᠬᠣᠷᠢᠶᠠᠨ ᠤ ᠪᠠᠶᠢᠩᠭᠤ  ᠶᠢᠨ ᠭᠡᠰᠢᠭᠦᠨ ᠂ ᠳᠡᠳ᠋ ᠱᠦᠵᠢ ᠬᠤᠸᠠᠩ ᠪᠦᠸᠸ  ᠸᠧᠢ ᠂ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠴᠠᠭᠠᠨ ᠰᠤᠳᠤᠯᠤᠭᠴᠢ ᠹᠸᠩ ᡁᠢ ᠯᠢᠶᠠᠩ ᠂  ᠬᠣᠰᠢᠭᠤᠨ ᠤ ᠤᠯᠤᠰ ᠲᠥᠷᠥ ᠶᠢᠨ ᠵᠥᠪᠯᠡᠯᠭᠡᠨ ᠦ ᠳᠡᠳ᠋ ᠲᠡᠷᠢᠭᠦᠯᠡᠭᠴᠢ  ᠲᠤᠶᠠᠭ᠎ᠠ ᠂  ᠬᠣᠰᠢᠭᠤᠨ ᠤ ᠵᠠᠰᠠᠭ ᠤᠨ ᠣᠷᠳᠣᠨ ᠤ ᠳᠡᠳ᠋  ᠬᠣᠰᠢᠭᠤᠨ ᠳᠠᠷᠤᠭ᠎ᠠ ᠯᠢ ᠰᠢᠶᠣᠤ ᠭᠠᠩ᠂  ᠬᠣᠰᠢᠭᠤᠨ  ᠤ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠳᠠᠷᠤᠭ᠎ᠠ ᠡᠦ ᠱᠤ ᠯᠢᠨ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠤ ᠂ ᠬᠣᠰᠢᠭᠤ ᠨᠠᠮ ᠤᠨ ᠬᠣᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠣᠷᠢᠶ᠎ᠠ ᠂  ᠬᠣᠰᠢᠭᠤᠨ ᠤ ᠤᠯᠤᠰ ᠤᠨ ᠨᠤᠲᠤᠭ ᠳᠡᠪᠢᠰᠬᠡᠷ ᠦᠨ ᠲᠣᠪᠴᠢᠶ᠎ᠠ ᠂ ᠭᠡᠷ ᠬᠥᠷᠦᠩᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ  ᠤ ᠲᠣᠪᠴᠢᠶ᠎ᠠ ᠂ ᠵᠠᠮ ᠬᠠᠷᠢᠯᠴᠠᠭᠠᠨ ᠤ ᠴᠠᠭᠳᠠᠭᠠᠨ ᠠᠩᠬᠢ ᠵᠢᠴᠢ ᠳᠤᠮᠳᠠᠳᠤ ᠤᠯᠤᠰ ᠤᠨ ᠪᠠᠩᠬᠢ ᠂ ᠬᠥᠳᠡᠭᠡ ᠲᠣᠰᠬᠣᠨ ᠤ ᠢᠲᠡᠭᠡᠮᠵᠢ ᠶᠢᠨ ᠬᠤᠷᠰᠢᠶ᠎ᠠ ᠂  ᠮᠸᠩ ᠶᠢᠨ᠋ ᠲᠣᠰᠬᠣᠨ ᠪᠠᠯᠭᠠᠰᠤ ᠶᠢᠨ ᠪᠠᠩᠬᠢ ᠂ ᠤᠷᠳᠤᠰ ᠪᠠᠩᠬᠢ ᠂ ᠲᠠᠷᠢᠶᠠᠯᠠᠩ ᠤᠨ ᠪᠠᠩᠬᠢ ᠂ ᠰᠢᠦᠳᠠᠨ ᠬᠠᠳᠠᠭᠠᠯᠠᠮᠵᠢ ᠵᠡᠷᠭᠡ ᠬᠣᠰᠢᠭᠤ ᠰᠢᠶᠠᠨ  ᠤ ᠳᠣᠲᠣᠷ᠎ᠠ 6 ᠪᠠᠩᠬᠢ  ᠶᠢᠨ ᠭᠣᠣᠯ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ ᠃

ᠬᠤᠷᠠᠯ ᠳᠡᠭᠡᠷ᠎ᠡ ᠂ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠬᠣᠷᠢᠶᠠᠨ ᠳᠠᠷᠤᠭ᠎ᠠ ᠤᠶᠠᠩᠭ᠎ᠠ ᠶᠠᠭᠤᠨ ᠤ ᠡᠮᠦᠨ᠎ᠡ ᠡᠬᠢᠯᠡᠯᠲᠡ ᠶᠢᠨ ᠶᠣᠰᠣᠯᠠᠯ ᠤᠨ ᠦᠭᠡ ᠶᠠᠷᠢᠪᠠ᠃  ᠤᠶᠠᠩᠭ᠎ᠠ ᠳᠠᠷᠤᠭ᠎ᠠ ᠴᠢᠬᠤᠯᠠᠴᠢᠯᠠᠭᠰᠠᠨ ᠨᠢ ᠂ ᠡᠨᠡ ᠤᠳᠠᠭᠠᠨ ᠤ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ  ᠶᠢᠨ ᠰᠢᠭᠦᠬᠦ  ᠬᠣᠷᠢᠶᠠᠨ ᠤ ᠤᠷᠢᠶᠠᠯᠠᠭ᠎ᠠ ᠶᠢ ᠴᠤᠤᠷᠢᠶᠠᠲᠤᠨ ᠲᠠᠭᠠᠵᠤ ᠂  ᠮᠥᠨ ᠴᠤ ᠬᠣᠲᠠ ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ 《 ᠭᠦᠢᠴᠡᠳᠬᠡᠬᠦ   ᠵᠢᠯ》 ᠤᠨ ᠲᠤᠰᠬᠠᠶ  ᠠᠵᠢᠯᠠᠯᠭᠠᠨ ᠤ ᠵᠣᠷᠢᠭ ᠰᠠᠨᠠᠭ᠎ᠠ ᠶᠢ ᠲᠤᠤᠰᠯᠠᠭᠤᠯᠤᠨ ᠂ ᠬᠠᠤᠯᠢ ᠬᠡᠷᠡᠭᠵᠢᠭᠦᠯᠬᠦ  ᠬᠠᠮᠲᠤᠷᠠᠮᠠᠯ ᠬᠦᠴᠦᠨ ᠤ  ᠪᠣᠳᠠᠲᠤ ᠠᠵᠢᠯᠯᠠᠭ᠎ᠠ ᠶᠢ ᠴᠢᠩᠭ᠋ᠠᠳᠬᠠᠵᠤ ᠂ ᠪᠦᠭᠦ ᠬᠣᠷᠢᠶᠠᠨ ᠤ ᠺᠠᠳ᠋ᠷ ᠴᠠᠭᠳᠠᠭ᠎ᠠ ᠲᠠᠨᠢᠯᠲᠠ ᠪᠠᠨ ᠳᠡᠭᠡᠭᠰᠢᠯᠡᠭᠦᠯᠦᠨ ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠷᠠᠭᠤᠯᠵᠤ ᠂ ᠠᠵᠢᠯ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠡᠭᠦᠷᠭᠡ ᠬᠠᠷᠠᠯᠲᠠ ᠪᠡᠨ ᠪᠡᠶᠡᠯᠡᠭᠦᠯᠬᠦ ᠬᠡᠷᠡᠭᠲᠠᠢ᠃ ᠲᠡᠷᠡ ᠶᠠᠷᠢᠶᠠᠨ ᠳᠠᠭᠠᠨ ᠠᠵᠢᠯ ᠤᠨ ᠲᠠᠯ᠎ᠠ ᠪᠠᠷ ᠰᠢᠨ᠎ᠡ ᠶᠢ ᠡᠭᠦᠳᠴᠦ ᠂ ᠪᠦᠭᠦ  ᠬᠣᠷᠢᠶᠠᠨ ᠤ ᠠᠵᠢᠯᠲᠠᠨ ᠠᠷᠠᠳ ᠤᠨ ᠠᠮᠢᠳᠤᠷᠠᠯ ᠢ ᠪᠠᠲᠤᠯᠠᠬᠤ ᠂ ᠲᠣᠭᠲᠠᠭᠤᠨ ᠪᠠᠶᠢᠳᠠᠯ ᠢ ᠪᠠᠲᠤᠯᠠᠬᠤ ᠂ ᠬᠥᠭᠵᠢᠯᠲᠡ ᠶᠢ ᠪᠠᠲᠤᠯᠠᠬᠤ ᠦᠨᠳᠦᠷᠴᠡ ᠳᠤ ᠵᠣᠭᠰᠤᠵᠤ ᠂ ᠬᠡᠷᠡᠭ ᠢ ᠭᠦᠢᠴᠡᠳᠬᠡᠬᠦ ᠡᠷᠴᠢᠮ ᠢ ᠦᠨᠡᠨ ᠬᠦ  ᠴᠢᠩᠭ᠋ᠠᠳᠬᠠᠬᠤ ᠬᠡᠷᠡᠭᠲᠠᠢ ᠃ ᠠᠯᠪᠠᠳᠠᠯᠭ᠎ᠠ ᠪᠠᠷ ᠭᠦᠢᠴᠡᠳᠬᠡᠭᠦᠯᠬᠦ ᠠᠷᠭ᠎ᠠ ᠬᠡᠮᠵᠢᠶ᠎ᠡ ᠶᠢ ᠡᠷᠡᠰ  ᠠᠪᠤᠨ ᠂ ᠬᠠᠮᠲᠤᠷᠠᠨ ᠬᠥᠳᠡᠯᠦᠯᠴᠡᠬᠦ ᠦᠢᠯᠡᠳᠦᠯ ᠢ ᠭᠦᠢᠴᠡᠳ ᠪᠠᠳᠠᠷᠠᠭᠤᠯᠤᠨ ᠂ ᠥᠩᠭᠡᠷᠡᠭᠰᠡᠨ ᠵᠢᠯ ᠦᠳ ᠦᠨ ᠳᠠᠷᠤᠭᠳᠠᠮᠠᠯ ᠭᠦᠢᠴᠡᠳᠬᠡᠬᠦ ᠬᠡᠷᠡᠭ ᠵᠢᠴᠢ 2016 ᠣᠨ ᠳᠤ ᠰᠢᠨ᠎ᠡ ᠪᠡᠷ ᠬᠦᠯᠢᠶᠡᠨ ᠠᠪᠤᠭᠰᠠᠨ ᠬᠡᠷᠡᠭ ᠪᠣᠯᠭᠠᠨ ᠳᠠᠩᠰᠤᠯᠠᠭᠠᠳ ᠬᠠᠭᠠᠰ ᠵᠢᠯ ᠢᠯᠡᠭᠦᠦ ᠪᠣᠯᠵᠤ ᠪᠠᠢᠭ᠎ᠠ ᠭᠦᠢᠴᠡᠳᠬᠡᠭᠦᠯᠵᠦ ᠪᠣᠯᠬᠤ ᠡᠳ᠋ ᠬᠦᠷᠦᠩᠭᠡ ᠲᠡᠶ ᠪᠠᠶᠢᠬᠤ ᠬᠡᠷᠡᠭ ᠢ ᠦᠨᠳᠦᠰᠦᠨ ᠳᠤ ᠪᠡᠨ ᠭᠦᠢᠴᠡᠳᠬᠡᠨ ᠳᠠᠭᠤᠰᠬᠠᠵᠤ ᠂ ᠭᠦᠢᠴᠡᠳᠬᠡᠬᠦ ᠠᠵᠢᠯ ᠤᠨ  ᠰᠠᠢᠨ ᠰᠠᠢᠬᠠᠨ ᠣᠷᠴᠢᠯ ᠢ  ᠪᠤᠢ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃

ᠬᠣᠰᠢᠭᠤ ᠨᠠᠮ ᠤᠨ ᠬᠣᠷᠢᠶᠠᠨ ᠤ ᠪᠠᠶᠢᠩᠭᠤ  ᠶᠢᠨ ᠭᠡᠰᠢᠭᠦᠨ ᠂ ᠳᠡᠳ᠋ ᠱᠦᠵᠢ ᠬᠤᠸᠠᠩ ᠪᠦᠸᠸ ᠸᠧᠢ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠠᠵᠢᠯ ᠤᠨ ᠣᠯᠤᠭᠰᠠᠨ ᠠᠮᠵᠢᠯᠲᠠ  ᠶᠢ ᠭᠦᠢᠴᠡᠳ ᠨᠤᠲᠠᠯᠠᠨ᠂ ᠲᠤᠰ ᠤᠳᠠᠭᠠᠨ ᠤ ᠠᠵᠢᠯᠯᠠᠭ᠎ᠠ ᠶᠢ ᠬᠡᠷᠬᠢᠨ ᠰᠠᠶᠢᠲᠤᠷ ᠥᠷᠨᠢᠭᠦᠯᠬᠦ  ᠲᠤᠬᠠᠢ ᠭᠤᠷᠪᠠᠨ ᠱᠠᠭᠠᠷᠳᠠᠯᠭ᠎ᠠ ᠳᠤᠷᠠᠳᠤᠭᠰᠠᠨ ᠪᠠᠶᠢᠨ᠎ᠠ ᠃ ᠨᠢᠭᠡ ᠳᠦ ᠪᠦᠬᠦ ᠬᠣᠰᠢᠭᠤᠨ ᠤ ᠬᠥᠭᠵᠢᠯᠲᠡ ᠶᠢᠨ ᠶᠡᠬᠡ ᠲᠠᠯ᠎ᠠ ᠶᠢ ᠬᠠᠮᠠᠭᠠᠯᠠᠬᠤ ᠡᠭᠦᠳᠡᠨ ᠡᠴᠡ ᠡᠭᠦᠰᠴᠦ ᠂ ᠭᠦᠢᠴᠡᠳᠬᠡᠬᠦ ᠳᠦ ᠬᠣᠯᠪᠣᠭᠳᠠᠭᠰᠠᠨ ᠳᠠᠷᠤᠭᠳᠠᠮᠠᠯ ᠬᠡᠷᠡᠭ ᠢ ᠢᠯᠭᠠᠷᠠᠭᠤᠯᠤᠨ ᠳᠢᠭᠯᠡᠬᠦ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠡᠨ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠶ ᠃ ᠬᠣᠶᠠᠷ ᠲᠤ ᠭᠦᠢᠴᠡᠳᠬᠡᠬᠦ ᠳᠦ ᠬᠣᠯᠪᠣᠭᠳᠠᠭᠰᠠᠨ ᠳᠠᠷᠤᠭᠳᠠᠮᠠᠯ ᠬᠡᠷᠡᠭ ᠢ ᠪᠠᠭᠠᠰᠬᠠᠬᠤ ᠬᠡᠷᠡᠭᠲᠡᠶ ᠭᠡᠳᠡᠭ ᠵᠣᠷᠢᠯᠭ᠎ᠠ ᠠᠴᠠ ᠡᠭᠦᠰᠦᠨ ᠂ ᠭᠦᠢᠴᠡᠳᠬᠡᠬᠦ ᠠᠵᠢᠯ ᠢ ᠤᠯᠠᠮ ᠨᠢᠭᠡ ᠠᠯᠬᠤᠮ ᠪᠥᠷᠢᠨᠰᠢᠬᠥᠯᠥᠨ ᠲᠡᠭᠦᠯᠳᠡᠷᠵᠢᠭᠦᠯᠵᠦ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠶ ᠃  ᠭᠤᠷᠪᠠ ᠳᠤ ᠭᠦᠢᠴᠡᠳᠬᠡᠬᠦ ᠳᠤ ᠬᠣᠯᠪᠤᠭᠳᠠᠭᠰᠠᠨ ᠳᠠᠷᠤᠭᠳᠠᠮᠠᠯ ᠬᠡᠷᠡᠭ  ᠢ ᠴᠡᠪᠡᠷᠯᠡᠬᠦ ᠪᠤᠳᠠᠳᠤ ᠦᠷ᠎ᠡ ᠠᠰᠢᠭ ᠡᠴᠡ ᠡᠭᠦᠰᠴᠦ᠂ ᠭᠦᠢᠴᠡᠳᠬᠡᠬᠦ ᠠᠵᠢᠯ ᠤᠨ ᠬᠠᠮᠲᠤᠷᠠᠮᠠᠯ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠤᠨ  ᠳᠡᠭᠡᠭᠰᠢᠯᠡᠭᠦᠯᠬᠦ ᠬᠡᠷᠡᠭᠲᠡᠶ ᠃

ᠬᠤᠷᠠᠯ ᠳᠡᠭᠡᠷ᠎ᠡ ᠂ ᠭᠡᠷ ᠬᠥᠷᠦᠩᠭᠡ ᠶᠢᠨ ᠬᠠᠮᠢᠶᠠᠷᠤᠯᠲᠠ  ᠶᠢᠨ  ᠲᠣᠪᠴᠢᠶ᠎ᠠ ᠂ ᠬᠥᠳᠡᠭᠡ ᠲᠣᠰᠬᠣᠨ ᠤ ᠢᠲᠡᠭᠡᠮᠵᠢ ᠶᠢᠨ  ᠬᠣᠷᠰᠢᠶ᠎ᠠ ᠵᠡᠷᠭᠡ 10 ᠬᠣᠯᠪᠣᠭᠠᠯᠠᠨ ᠬᠥᠳᠡᠯᠦᠯᠴᠡᠬᠦ ᠨᠢᠭᠡᠴᠢ ᠶᠢᠨ ᠭᠣᠣᠯ ᠬᠠᠷᠢᠭᠤᠴᠠᠯᠭᠠᠲᠠᠨ ᠡᠴᠡ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠶ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )