《 ᠭᠦᠢᠴᠡᠳᠬᠡᠬᠦ ᠵᠢᠯ ᠤᠨ ᠲᠤᠰᠬᠠᠶ ᠰᠡᠳᠦᠪᠲᠦ 》 ᠰᠢᠷᠢᠰ ᠮᠡᠳᠡᠭᠡᠯᠡᠯ ᠲᠠᠪᠤ ᠄ ᠬᠣᠲᠠ ᠶᠢᠨ ᠳᠤᠮᠳᠠ ᠵᠡᠷᠬᠡ ᠶᠢᠨ ᠰᠢᠭᠦᠬᠦ ᠬᠣᠷᠢᠶᠠᠨ ᠡᠴᠡ《 ᠭᠦᠢᠴᠡᠳᠬᠡᠬᠦ ᠵᠢᠯ 》 ᠤᠨ ᠲᠤᠰᠬᠠᠢ ᠰᠡᠳᠦᠪᠲᠦ ᠠᠵᠢᠯᠠᠯᠭ᠎ᠠ ᠶᠢᠨ ᠰᠣᠨᠢᠨ ᠮᠡᠳᠡᠭᠡ ᠨᠡᠢᠲᠡᠯᠡᠬᠦ ᠬᠤᠷᠠᠯ ᠬᠤᠷᠠᠯᠳᠤᠪᠠ
《 ᠭᠦᠢᠴᠡᠳᠬᠡᠬᠦ ᠵᠢᠯ 》 ᠦᠨ ᠲᠤᠰᠬᠠᠶ ᠠᠵᠢᠯᠠᠯᠭ᠎ᠠ ᠶᠢ ᠨᠡᠶᠢᠭᠡᠮ ᠦᠨ ᠡᠯ᠎ᠡ ᠡᠲᠡᠭᠡᠳ ᠳᠤ ᠨᠡᠡᠭ ᠭᠦᠨᠵᠡᠭᠡᠶ ᠲᠠᠨᠢᠭᠤᠯᠬᠤ ᠪᠠ ᠲᠠᠳᠡᠨᠦᠰ ᠤᠨ ᠳᠡᠮᠵᠢᠯᠭᠡ ᠶᠢ ᠣᠯᠵᠤ ᠂ ᠦᠨᠡᠨᠴᠢ ᠢᠲᠡᠭᠡᠮᠵᠢᠲᠡᠶ ᠶᠢ ᠤᠬᠠᠭᠤᠯᠤᠨ ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠬᠦᠴᠦᠷᠬᠡᠭ ᠶᠡᠬᠡ ᠶᠠᠷᠢᠶ᠎ᠠ ᠬᠡᠯᠡᠯᠴᠡᠭᠡ ᠪᠠ ᠨᠡᠶᠢᠭᠡᠮ ᠦᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠤᠯᠠᠳᠠ ᠂ 4 ᠰᠠᠷ᠎ᠠ ᠶᠢᠨ 21 ᠦ ᠡᠳᠦᠷ ᠂ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ《 ᠭᠦᠢᠴᠡᠳᠬᠡᠬᠦ ᠵᠢᠯ 》ᠲᠤᠰᠬᠠᠶ ᠠᠵᠢᠯᠠᠯᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ ᠃ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠹᠠᠨ ᠶᠥᠦ ᠹᠦ᠋ ᠳᠡᠳ᠋ ᠳᠠᠷᠤᠭ᠎ᠠ ᠂ ᠭᠦᠢᠴᠡᠳᠬᠡᠬᠦ ᠲᠣᠪᠴᠢᠶᠠᠨ ᠤ ᠵᠠᠩ ᠶᠦᠸᠸ ᠹᠸᠩ ᠲᠣᠪᠴᠢᠶᠠᠨ ᠳᠠᠷᠤᠭ᠎ᠠ 2016 ᠣᠨ ᠤ 《 ᠭᠦᠢᠴᠡᠳᠬᠡᠬᠦ ᠵᠢᠯ 》 ᠦᠨ ᠲᠤᠰᠬᠠᠶ ᠠᠵᠢᠯ ᠤᠨ ᠪᠠᠶᠢᠳᠠᠯ ᠤᠨ ᠲᠤᠬᠠᠶ ᠮᠡᠳᠡᠭᠳᠡᠭᠰᠡᠨ ᠪᠥᠭᠡᠳ ᠲᠤᠬᠠᠶ ᠶᠢᠨ ᠲᠠᠯᠠᠪᠤᠷ ᠲᠤ ᠨᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ ᠃ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠣᠲᠠ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠯᠢ ᠵᠢᠩ ᠭᠦᠸᠸ ᠳᠡᠳ᠋ ᠳᠠᠷᠤᠭ᠎ᠠ ᠡᠷᠬᠢᠯᠡᠪᠡ᠃
ᠡᠨᠡ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠪᠣᠯ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ《 ᠭᠦᠢᠴᠡᠳᠬᠡᠬᠦ ᠵᠢᠯ》 ᠦᠨ ᠲᠤᠰᠬᠠᠶ ᠠᠵᠢᠯ ᠤᠨ ᠰᠣᠨᠢᠨ ᠮᠡᠳᠡᠭᠡᠯᠡᠯ ᠰᠤᠷᠲᠠᠯ ᠤᠬᠠᠭᠤᠯᠭ᠎ᠠ ᠶᠢ ᠴᠢᠩᠭ᠋ᠠᠳᠬᠠᠬᠤ ᠴᠢᠬᠤᠯᠠ ᠠᠷᠭ᠎ᠠ ᠬᠡᠮᠵᠢᠶ᠎ᠡ ᠮᠥᠨ ᠃ ᠥᠪᠥᠷ ᠮᠣᠩᠭᠣᠯ ᠤᠨ ᠡᠳᠦᠷ ᠦᠨ ᠰᠣᠨᠢᠨ ᠂ ᠥᠪᠥᠷ ᠮᠣᠩᠭᠣᠯ ᠤᠨ ᠬᠠᠤᠯᠢ ᠳᠦᠷᠢᠮ ᠦᠨ ᠰᠣᠨᠢᠨ ᠂ ᠥᠪᠥᠷ ᠮᠣᠩᠭᠣᠯ ᠤᠨ ᠷᠠᠳᠢᠣ᠋ ᠲᠧᠯᠸᠢᠰ ᠬᠣᠷᠢᠶ᠎ᠠ ᠂ ᠥᠪᠥᠷ ᠮᠣᠩᠭᠣᠯ ᠤᠨ ᠥᠷᠯᠥᠭᠡ ᠶᠢᠨ ᠰᠣᠨᠢᠨ᠂ ᠤᠮᠠᠷᠠᠲᠤ ᠶᠢᠨ ᠰᠢᠨ᠎ᠡ ᠰᠣᠨᠢᠨ ᠂ ᠣᠷᠳᠣᠰ ᠤᠨ ᠷᠠᠳᠢᠣ᠋ ᠲᠧᠯᠸᠢᠰ ᠬᠣᠷᠢᠶ᠎ᠠ ᠂ ᠣᠷᠳᠣᠰ ᠤᠨ ᠡᠳᠦᠷ ᠦᠨ ᠰᠣᠨᠢᠨ ᠂ ᠣᠷᠳᠣᠰ ᠣᠷᠣᠶ ᠶᠢᠨ ᠰᠣᠨᠢᠨ ᠵᠡᠷᠭᠡ 10 ᠭᠠᠷᠤᠶ ᠵᠠᠭᠤᠴᠢᠯᠠᠭᠤᠷ ᠤᠨ 20 ᠭᠠᠷᠤᠶ ᠰᠤᠷᠪᠤᠯᠵᠢᠯᠠᠭᠴᠢ ᠶᠢ ᠤᠷᠢᠵᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠤᠷᠤᠯᠴᠠᠭᠤᠯᠪᠠ᠃ ᠰᠣᠨᠢᠨ ᠮᠡᠳᠡᠭᠡᠯᠡᠯ ᠦᠨ ᠬᠢᠨ 《 ᠭᠦᠢᠴᠡᠳᠬᠡᠬᠦ ᠵᠢᠯ ᠤᠨ ᠬᠤᠷᠴᠠ ᠰᠡᠯᠡᠮ᠎ᠡ ᠠᠵᠢᠯᠯᠠᠭ᠎ᠠ 》 ᠂ 《 ᠭᠦᠢᠴᠡᠳᠬᠡᠬᠦ ᠳᠦ ᠪᠡᠷᠬᠡᠲᠡᠶ 》 ᠠᠰᠠᠭᠤᠳᠠᠯ ᠢ ᠪᠣᠳᠠᠲᠠᠶ ᠢᠯᠡᠷᠡᠯ ᠂ 《 ᠭᠦᠢᠴᠡᠳᠬᠡᠬᠦ ᠳᠦ ᠪᠡᠷᠬᠡᠲᠡᠶ 》 ᠠᠰᠠᠭᠤᠳᠠᠯ ᠢ ᠰᠢᠶᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠂ ᠭᠦᠢᠴᠡᠳᠬᠡᠬᠦ ᠶᠢ ᠮᠡᠳᠡᠭᠡ ᠵᠠᠩᠭᠢᠵᠢᠭᠤᠯᠬᠤ ᠪᠥᠳᠥᠭᠡᠨ ᠪᠠᠶᠢᠭᠤᠯᠤᠯᠲᠠ ᠂ ᠭᠦᠢᠴᠡᠳᠬᠡᠬᠦ ᠶᠢ ᠲᠡᠪᠴᠢᠭᠰᠡᠨ ᠶᠠᠯ᠎ᠠ ᠪᠦᠷᠢᠯᠳᠦᠬᠦ ᠡᠯᠧᠮᠧᠨ᠋ᠲ ᠵᠡᠷᠭᠡ ᠨᠡᠶᠢᠭᠡᠮ ᠦᠨ ᠶᠠᠷᠢᠶ᠎ᠠ ᠬᠡᠯᠡᠯᠴᠡᠭᠡᠨ ᠦ ᠰᠡᠳᠬᠢᠯ ᠲᠠᠯᠪᠢᠵᠤ ᠪᠠᠶᠢᠭ᠎ᠠ 《 ᠬᠠᠯᠠᠭᠤᠨ ᠴᠡᠭ 》 ᠂ 《 ᠲᠦᠪᠡᠭᠲᠡᠶ ᠠᠰᠠᠭᠤᠳᠠᠯ》 ᠤᠨ ᠲᠤᠬᠠᠶ ᠶᠢᠨ ᠲᠠᠯᠠᠪᠤᠷ ᠲᠤᠨᠢ ᠠᠰᠠᠭᠤᠯᠲᠠ ᠲᠠᠯᠪᠢᠪᠠ᠃
ᠤᠢᠢᠷ᠎ᠠ ᠶᠢᠨ ᠵᠢᠯ ᠦᠳ ᠲᠦ ᠂ ᠪᠦᠬᠦ ᠬᠣᠲᠠ ᠶᠢᠨ ᠬᠣᠶᠠᠷ ᠱᠠᠲᠤᠨ ᠤ ᠰᠢᠭᠦᠬᠦ ᠬᠣᠷᠢᠶ᠎ᠠ《 ᠭᠦᠢᠴᠡᠳᠬᠡᠭᠰᠡᠨ ᠬᠡᠷᠡᠭ ᠨᠢᠭᠡᠪᠦᠷᠢ ᠡᠴᠡ ᠠᠷᠠᠳ ᠣᠯᠠᠨ ᠳᠤ ᠲᠥᠪ ᠭᠣᠣᠯᠴᠢ ᠰᠢᠳᠤᠷᠭᠤ ᠶᠣᠰᠣ ᠶᠢ ᠣᠶᠢᠯᠠᠭᠠᠭᠤᠯᠬᠤ 》 ᠬᠠᠷᠠᠯᠲᠠ ᠶᠢᠨ ᠣᠷᠴᠢᠨ ᠳᠤ᠂ 《 ᠬᠠᠤᠯᠢ ᠶᠣᠰᠣᠭᠠᠷ ᠭᠦᠢᠴᠡᠳᠬᠡᠬᠦ ᠠᠵᠢᠯ ᠤᠨ ᠠᠯᠪᠠᠳᠠᠯᠭ᠎ᠠ ᠶᠢᠨ ᠴᠢᠨᠠᠷ ᠢ ᠳᠤᠪᠤᠢᠯᠭᠠᠨ᠂ ᠭᠦᠢᠴᠡᠳᠬᠡᠬᠦ ᠠᠵᠢᠯ ᠤᠨ ᠮᠡᠳᠡᠭᠡ ᠵᠠᠩᠭᠢᠵᠢᠯᠲᠠ ᠶᠢ ᠪᠦᠬᠦ ᠬᠦᠴᠦ ᠪᠡᠷ ᠢᠶᠡᠨ ᠳᠦᠯᠬᠢᠨ ᠠᠬᠢᠭᠤᠯᠵᠤ ᠂ ᠭᠦᠢᠴᠡᠳᠬᠡᠬᠦ ᠠᠵᠢᠯ ᠤᠨ ᠵᠢᠷᠤᠮᠵᠠᠬᠤ ᠶᠢ ᠶᠡᠬᠡᠪᠡᠷ ᠴᠢᠩᠭ᠋ᠠᠳᠬᠠᠬᠤ》ᠠᠵᠢᠯ ᠤᠨ ᠰᠡᠳᠬᠢᠮᠵᠢ ᠶᠣᠰᠣᠭᠠᠷ ᠂ ᠬᠦᠴᠢᠷ ᠪᠡᠷᠬᠡ ᠶᠢ ᠰᠦᠷᠦᠨ ᠤᠷᠤᠭᠰᠢᠯᠠᠵᠤ ᠂ ᠡᠯ᠎ᠡ ᠵᠦᠢᠯ ᠦᠨ ᠭᠦᠢᠴᠡᠳᠬᠡᠬᠦ ᠠᠵᠢᠯ ᠳᠤ ᠲᠠᠰᠤᠷᠠᠯᠲᠠ ᠦᠭᠡᠶ ᠰᠢᠨ᠎ᠡ ᠠᠬᠢᠴᠠ ᠂ ᠰᠢᠨ᠎ᠡ ᠰᠢᠪᠲᠤᠯᠤᠯᠲᠠ ᠭᠠᠷᠭᠠᠵᠤ ᠂ ᠨᠡᠶᠢᠭᠡᠮ ᠦᠨ ᠵᠥᠷᠢᠴᠡᠯ ᠢ ᠠᠷᠢᠯᠭᠠᠨ᠂ ᠮᠠᠨ ᠤ ᠬᠤᠳᠠ ᠶᠢᠨ ᠠᠵᠤ ᠠᠬᠤᠶ ᠶᠢᠨ ᠬᠥᠭᠵᠢᠯᠲᠡ ᠶᠢ ᠳᠦᠯᠬᠢᠨ ᠠᠬᠢᠭᠤᠯᠬᠤ ᠳᠤ ᠢᠳᠡᠪᠬᠢᠲᠡᠶ ᠴᠢᠷᠮᠠᠶᠢᠯᠭ᠎ᠠ ᠭᠠᠷᠭᠠᠪᠠ ᠃ ᠭᠡᠪᠡᠴᠦ ᠡᠭᠦᠨ ᠦ ᠬᠠᠮᠲᠤ ᠂ ᠬᠠᠭᠤᠴᠢᠨ ᠦᠯᠡᠳᠡᠭᠳᠡᠵᠦ ᠪᠠᠢᠭ᠎ᠠ ᠭᠦᠢᠴᠡᠳᠬᠡᠬᠦ ᠬᠡᠷᠡᠭ ᠤᠨ ᠲᠣᠭ᠎ᠠ ᠬᠡᠮᠵᠢᠶ᠎ᠡ ᠠᠷᠪᠢᠨ ᠂ ᠰᠢᠨ᠎ᠡ ᠪᠡᠷ ᠬᠦᠯᠢᠶᠡᠨ ᠠᠪᠤᠭᠰᠠᠨ ᠬᠡᠷᠡᠭ ᠦᠨ ᠲᠣᠭ᠎ᠠ ᠨᠢ ᠤᠯᠠᠨ ᠂ ᠭᠦᠢᠴᠡᠳᠬᠡᠬᠦ ᠬᠦᠴᠢᠷᠳᠡᠯ ᠨᠡᠮᠡᠭᠳᠡᠵᠦ ᠂ ᠭᠦᠢᠴᠡᠳᠬᠡᠬᠦ ᠠᠵᠢᠯ ᠤᠨ ᠰᠦᠷᠳᠡᠭᠦᠯᠬᠦ ᠬᠦᠴᠦᠨ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠪᠠ ᠪᠡᠷᠬᠡᠰᠢᠶᠡᠯ ᠳᠦ ᠤᠴᠠᠷᠠᠭᠰᠠᠨ ᠶᠤᠮ ᠃
ᠭᠦᠢᠴᠡᠳᠬᠡᠬᠦ ᠳᠦ ᠪᠡᠷᠬᠡᠲᠡᠶ ᠠᠰᠠᠭᠤᠳᠠᠯ ᠢ ᠪᠦᠬᠦ ᠬᠦᠴᠦᠨ ᠢᠶᠡᠷ ᠲᠤᠭᠤᠯᠠᠬᠤ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶ᠎ᠠ 2016 ᠣᠨ ᠢ《 ᠭᠦᠢᠴᠡᠳᠬᠡᠬᠦ ᠵᠢᠯ 》 ᠢᠶᠡᠷ ᠲᠣᠭᠲᠠᠪᠠ ᠃ 3 ᠰᠠᠷ᠎ᠠ ᠶᠢᠨ 28 ᠤ ᠡᠳᠦᠷ ᠂ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ ᠪᠦᠬᠦ ᠬᠣᠲᠠ ᠶᠢᠨ ᠰᠢᠭᠦᠬᠦ ᠬᠣᠷᠢᠶᠠᠨ ᠤ 《 ᠭᠦᠢᠴᠡᠳᠬᠡᠬᠦ ᠵᠢᠯ 》 ᠤᠨ ᠲᠤᠰᠬᠠᠶ ᠠᠵᠢᠯ ᠤᠨ ᠲᠠᠢᠢᠴᠢᠯᠠᠯᠳᠠ ᠶᠢᠨ ᠶᠡᠬᠡ ᠬᠤᠷᠠᠯᠳᠤᠭᠤᠯᠵᠤ᠂《 ᠭᠦᠢᠴᠡᠳᠬᠡᠬᠦ ᠵᠢᠯ 》 ᠤᠨ ᠲᠤᠰᠬᠠᠶ ᠲᠦᠷᠦᠯ ᠤᠨ ᠠᠵᠢᠯ ᠡᠭᠦᠷᠭᠡ ᠶᠢ ᠪᠦᠬᠦ ᠲᠠᠯ᠎ᠠ ᠪᠠᠷ ᠪᠠᠢᠷᠢᠯᠠᠭᠤᠯᠪᠠ ᠃ ᠲᠤᠰᠬᠠᠶ ᠠᠵᠢᠯ ᠢ ᠥᠷᠨᠢᠭᠦᠯᠦᠭᠰᠡᠨ ᠡᠴᠡ ᠨᠠᠰᠢ ᠂ ᠪᠦᠬᠦ ᠬᠣᠲᠠ ᠶᠢᠨ ᠬᠣᠶᠠᠷ ᠱᠠᠲᠤᠨ ᠤ ᠰᠢᠭᠦᠬᠦ ᠬᠣᠷᠢᠶ᠎ᠠ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠭᠦᠢᠴᠡᠳᠬᠡᠬᠦ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠭᠦᠢᠴᠡᠳᠬᠡᠬᠦ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ ᠂ ᠭᠦᠢᠴᠡᠳᠬᠡᠬᠦ ᠠᠷᠭ᠎ᠠ ᠪᠠᠷᠢᠯ ᠪᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭ᠋ᠠᠳᠬᠠᠵᠤ᠂ 《 ᠭᠦᠢᠴᠡᠳᠬᠡᠬᠦ ᠵᠢᠯ 》 ᠦᠨ ᠠᠵᠢᠯ ᠥᠷᠭᠡᠨ ᠳᠡᠯᠭᠡᠷ ᠦᠷ᠎ᠡ ᠪᠦᠲᠦᠮᠵᠢ ᠣᠯᠵᠠᠶ ᠃ ᠭᠦᠢᠴᠡᠳᠬᠡᠬᠦ ᠠᠵᠢᠯ ᠤᠨ ᠪᠣᠳᠠᠲᠤ ᠪᠠᠶᠢᠳᠠᠯ ᠲᠠᠶ ᠤᠶᠠᠯᠳᠤᠭᠤᠯᠤᠨ ᠂ 《 ᠭᠦᠢᠴᠡᠳᠬᠡᠬᠦ ᠳᠦ ᠵᠢᠯ 》 ᠦᠨ ᠲᠤᠰᠬᠠᠶ ᠠᠵᠢᠯ ᠤᠨ ᠳᠤᠮᠳᠠ ᠂ ᠪᠦᠬᠦ ᠬᠣᠲᠠ ᠶᠢᠨ ᠰᠢᠭᠦᠬᠦ ᠬᠣᠷᠢᠶ᠎ᠠ ᠵᠢᠷᠭᠤᠭᠠᠨ ᠭᠣᠣᠯᠳᠠᠯᠭ᠎ᠠ ᠲᠠᠶ ᠠᠭᠤᠯᠭ᠎ᠠ ᠳᠣᠪᠤᠢᠯᠭᠠᠬᠤ ᠶᠢ ᠵᠤᠷᠢᠪᠠ᠄ ᠨᠢᠭᠡ ᠳᠦ ᠦᠷᠭᠦᠯᠵᠢᠯᠡᠨ ᠭᠦᠢᠴᠡᠳᠬᠡᠬᠦ ᠡᠷᠴᠢᠮ ᠢ ᠴᠢᠩᠭᠠᠷᠠᠭᠤᠯᠪᠠ ᠃ ᠬᠣᠶᠠᠷ ᠲᠤ ᠭᠦᠢᠴᠡᠳᠬᠡᠭᠳᠡᠭᠴᠢ ᠶᠢᠨ ᠬᠠᠤᠯᠢ ᠪᠤᠰᠤ ᠪᠠᠷ ᠪᠡᠯᠡ ᠮᠥᠩᠭᠥ ᠴᠤᠭᠯᠠᠭᠤᠯᠤᠭᠰᠠᠨ ᠲᠦᠷᠤᠯ ᠦᠨ ᠶᠠᠯᠠᠲᠤ ᠠᠵᠢᠯᠯᠠᠭ᠎ᠠ ᠳᠤ ᠬᠣᠯᠪᠣᠭᠳᠠᠭᠰᠠᠨ ᠬᠡᠷᠡᠭ ᠢ ᠰᠢᠶᠳᠪᠦᠷᠢᠯᠡᠬᠦ ᠰᠠᠨᠠᠯ ᠬᠤᠷᠢᠶᠠᠬᠤ ᠠᠷᠭ᠎ᠠ ᠬᠡᠮᠵᠢᠶ᠎ᠠ ᠶᠢ ᠭᠠᠷᠭᠠᠬᠤ ᠃ ᠭᠤᠷᠪᠠ ᠳᠤ ᠪᠠᠩᠬᠢ ᠂ ᠢᠲᠡᠭᠡᠮᠵᠢ ᠶᠢᠨ ᠬᠣᠷᠰᠢᠶᠡ ᠵᠡᠷᠭᠡ ᠮᠥᠩᠭᠥᠨ ᠭᠦᠢᠯᠭᠡᠭᠡᠨ ᠦ ᠪᠠᠶᠢᠭᠤᠯᠤᠮᠵᠢ ᠲᠠᠢ ᠬᠣᠯᠪᠤᠭᠳᠠᠭᠰᠠᠨ ᠬᠡᠷᠡᠭ ᠢ ᠭᠦᠢᠴᠡᠳᠬᠡᠬᠦ ᠡᠷᠴᠢᠮ ᠢᠶᠡᠨ ᠴᠢᠩᠭᠠᠷᠠᠭᠤᠯᠵᠤ ᠂ ᠤᠯᠤᠰ ᠤᠨ ᠮᠥᠩᠭᠥᠨ ᠭᠦᠢᠯᠭᠡᠭᠡᠨ ᠦ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠃ ᠲᠦᠷᠪᠡ ᠳᠦ ᠭᠦᠢᠴᠡᠳᠬᠡᠬᠦ ᠶᠢ ᠲᠡᠪᠴᠢᠭᠰᠡᠨ ᠶᠠᠯᠠᠲᠤ ᠬᠡᠷᠡᠭ ᠲᠤ ᠴᠣᠬᠢᠯᠲᠠ ᠥᠭᠬᠦ ᠡᠷᠴᠢᠮ ᠢᠶᠡᠨ ᠴᠢᠩᠭ᠋ᠠᠳᠬᠠᠬᠤ ᠬᠡᠷᠡᠭᠲᠡᠶ ᠃ ᠲᠠᠪᠤ ᠳᠤ ᠬᠠᠮᠲᠤᠷᠠᠯᠴᠠᠬᠤ ᠪᠠᠢᠭᠤᠯᠭ᠎ᠠ ᠯᠤᠭ᠎ᠠ ᠶᠢᠨ ᠨᠡᠪᠲᠡᠷᠡᠯᠴᠡᠭᠡ ᠪᠡᠨ ᠴᠢᠩᠭ᠋ᠠᠳᠬᠠᠬᠤ ᠬᠡᠷᠡᠭᠲᠠᠢ ᠃ ᠵᠢᠷᠭᠤᠭ᠎ᠠ ᠳᠤ ᠵᠢᠯᠣᠭᠣᠳᠬᠤ ᠲᠥᠪ ᠦᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠡᠨ ᠪᠡᠶᠡᠯᠡᠭᠦᠯᠦᠨ᠂ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠃
ᠡᠨᠡ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠢ ᠣᠷᠳᠣᠰ ᠷᠠᠳᠢᠣ᠋ ᠲᠧᠯᠸᠢᠰ ᠬᠣᠷᠢᠶ᠎ᠠ ᠶᠢᠨ ᠰᠣᠨᠢᠨ ᠮᠡᠳᠡᠭᠡᠨ ᠦ ᠶᠡᠷᠦᠩᠬᠡᠶ ᠨᠡᠪᠲᠡᠷᠡᠭᠦᠯᠭᠡ 4 ᠰᠠᠷ᠎ᠠ ᠶᠢᠨ 21 ᠦ ᠡᠳᠦᠷ ᠤᠨ16 ᠴᠠᠭ ᠨᠡᠪᠲᠡᠷᠡᠭᠦᠯᠦᠭᠰᠡᠨ 《 ᠬᠠᠤᠯᠢ ᠶᠢᠨ ᠲᠠᠢᠯᠤᠮᠵᠢ ᠰᠢᠭᠤᠳ ᠨᠡᠪᠲᠡᠷᠡᠭᠦᠯᠭᠡ》 ᠳᠤ ᠪᠦᠬᠦ ᠶᠠᠪᠤᠴᠠ ᠶᠢ ᠨᠡᠪᠲᠡᠷᠡᠭᠦᠯᠪᠡ᠃
ᠦᠨᠡᠯᠡᠬᠦ 0ᠦᠨᠡᠯᠡᠯᠲᠡ ᠲᠠᠢ