《 ᠭᠦᠢᠴᠡᠳᠬᠡᠬᠦ ᠵᠢᠯ ᠤᠨ ᠲᠤᠰᠬᠠᠶ ᠰᠡᠳᠦᠪᠲᠦ 》 ᠰᠢᠷᠢᠰ ᠮᠡᠳᠡᠭᠡᠯᠡᠯ ᠳᠥᠷᠪᠡ᠄ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ《 ᠭᠦᠢᠴᠡᠳᠬᠡᠬᠦ ᠵᠢᠯ ᠤᠨ ᠬᠤᠷᠴᠠ ᠰᠡᠯᠡᠮ᠎ᠡ ᠠᠵᠢᠯᠠᠯᠭ᠎ᠠ 》 ᠶᠢ ᠵᠢᠩᠬᠢᠨᠢ ᠪᠡᠷ ᠡᠬᠢᠯᠡᠭᠦᠯᠵᠦ᠂ ᠭᠦᠢᠴᠡᠳᠬᠡᠬᠦ ᠳᠤ ᠪᠡᠷᠬᠡᠲᠠᠢ ᠠᠰᠠᠭᠤᠳᠠᠯ ᠳᠤ ᠪᠦᠬᠦ ᠲᠠᠯ᠎ᠠ ᠶᠢᠨ ᠰᠢᠪᠲᠤᠯᠤᠯᠲᠠ ᠬᠢᠪᠡ
4 ᠰᠠᠷ᠎ᠠ ᠶᠢᠨ 21 ᠦ ᠡᠳᠦᠷ ᠂ ᠣᠷᠳᠣᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ《 ᠭᠦᠢᠴᠡᠳᠬᠡᠬᠦ ᠵᠢᠯ ᠤᠨ ᠬᠤᠷᠴᠠ ᠰᠡᠯᠡᠮ᠎ᠡ ᠠᠵᠢᠯᠯᠠᠭ᠎ᠠ 》 ᠵᠢᠩᠬᠢᠨᠢ ᠪᠡᠷ ᠡᠬᠢᠯᠡᠪᠡ᠃ ᠬᠤᠳᠠ ᠶᠢᠨ ᠨᠠᠮ ᠤᠨ ᠬᠣᠷᠢᠶᠠᠨ ᠤ ᠳᠡᠳ᠋ ᠱᠦᠵᠢ ᠂ ᠤᠯᠤᠰ ᠲᠥᠷᠥ ᠬᠠᠤᠯᠢ ᠴᠠᠭᠠᠵᠠ ᠶᠢᠨ ᠬᠣᠷᠢᠶᠠᠨ ᠤ ᠱᠦᠵᠢ ᠭᠣᠣ ᠷᠦᠨ ᠰᠢ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠶ ᠃ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠬᠥᠬᠡ ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠣᠷᠣᠯᠠᠭᠴᠢ ᠬᠤᠷᠢᠶᠠᠨ ᠳᠠᠷᠤᠭ᠎ᠠ ᠯᠢ ᠶᠠᠩ ᠬᠣᠩ᠂ ᠬᠤᠲᠠ ᠶᠢᠨ ᠪᠠᠶᠢᠴᠠᠭᠠᠬᠤ ᠬᠣᠷᠢᠶᠠᠨ ᠤ ᠣᠷᠣᠯᠠᠭᠴᠢ ᠪᠠᠶᠢᠴᠠᠭᠠᠬᠤ ᠳᠠᠷᠤᠭ᠎ᠠ ᠶᠠᠩ ᠱᠢ ᠯᠢᠨ ᠵᠢᠴᠢ ᠬᠤᠳᠠ ᠶᠢᠨ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠲᠣᠪᠴᠢᠶ᠎ᠠ ᠂ ᠬᠤᠳᠠ ᠶᠢᠨ ᠭᠡᠷ ᠬᠦᠷᠦᠩᠬᠡ ᠶᠢᠨ ᠬᠠᠮᠢᠶᠠᠷᠤᠯᠲᠠ ᠶᠢᠨ ᠲᠣᠪᠴᠢᠶ᠎ᠠ ᠂ ᠬᠣᠲᠠ ᠶᠢᠨ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠂ ᠬᠤᠳᠠ ᠪᠠᠩᠬᠢ ᠶᠢᠨ ᠦᠢᠯᠡᠰ ᠤᠨ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠭᠣᠣᠯ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ ᠃ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠪᠦᠬᠦ ᠺᠠᠳ᠋ᠷ ᠴᠠᠭᠳᠠᠭ᠎ᠠ ᠨᠠᠷ ᠬᠤᠷᠠᠯ ᠳᠤ ᠣᠷᠣᠯᠴᠠᠵᠠᠶ ᠃ ᠬᠤᠷᠠᠯᠳᠤᠭᠠᠨ ᠢ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠳᠡᠳ᠋ ᠬᠣᠷᠢᠶᠠᠨ ᠳᠠᠷᠤᠭ᠎ᠠ ᠼᠠᠩ ᠵᠢᠶᠠᠨ ᠫᠢᠩ ᠡᠷᠬᠢᠯᠡᠪᠡ᠃
ᠬᠤᠳᠠ ᠶᠢᠨ ᠨᠠᠮ ᠤᠨ ᠬᠣᠷᠢᠶᠠᠨ ᠤ ᠳᠡᠳ᠋ ᠱᠦᠵᠢ ᠂ ᠤᠯᠤᠰ ᠲᠥᠷᠥ ᠬᠠᠤᠯᠢ ᠴᠠᠭᠠᠵᠠ ᠶᠢᠨ ᠬᠣᠷᠢᠶᠠᠨ ᠤ ᠱᠦᠵᠢ ᠭᠣᠣ ᠷᠦᠨ ᠰᠢ ᠡᠬᠢᠯᠡᠬᠦ ᠶᠣᠰᠣᠯᠠᠯ ᠲᠤᠬᠠᠶ ᠴᠢᠬᠤᠯᠠ ᠶᠠᠷᠢᠶ᠎ᠠ ᠲᠠᠯᠪᠢᠵᠠᠶ ᠃ ᠭᠤᠤ ᠷᠦᠨ ᠰᠢ ᠵᠢᠭᠠᠬᠤ ᠳᠤ ᠪᠡᠨ ᠂ ᠭᠦᠢᠴᠡᠳᠬᠡᠬᠦ ᠠᠵᠢᠯ ᠨᠢ ᠰᠢᠭᠦᠨ ᠲᠠᠰᠤᠯᠬᠤ ᠠᠵᠢᠯ ᠤᠨ ᠬᠠᠮᠤᠭ ᠰᠡᠭᠦᠯᠴᠢ ᠶᠢᠨ ᠠᠯᠬᠤᠮ ᠪᠣᠯᠤᠭᠰᠠᠨ ᠤ ᠬᠤᠪᠢ ᠳᠤ᠂ ᠲᠤᠬᠠᠶ ᠶᠢᠨ ᠬᠥᠮᠦᠨ ᠦ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ ᠂ ᠲᠥᠪ ᠭᠣᠣᠯᠴᠢ ᠪᠠᠷ ᠬᠠᠤᠯᠢ ᠪᠠᠷᠢᠬᠤ ᠶᠢ ᠪᠡᠶᠡᠯᠡᠭᠦᠯᠬᠦ ᠨᠢ ᠵᠠᠩᠭᠢᠯᠠᠭ᠎ᠠ ᠮᠥᠨ ᠃ 《 ᠭᠦᠢᠴᠡᠳᠬᠡᠬᠦ ᠳᠦ ᠪᠡᠷᠬᠡᠲᠡᠶ 》 ᠨᠢ ᠤᠷᠳᠤ ᠬᠤᠭᠤᠴᠠᠭ᠎ᠠ ᠪᠠᠷ ᠠᠷᠠᠳ ᠤᠨ ᠰᠢᠭᠦᠬᠦ ᠬᠣᠷᠢᠶ᠎ᠠ ᠴᠢᠨᠠᠭᠰᠢᠯᠠᠪᠠᠯ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠲᠤᠯᠭᠠᠷᠠᠵᠤ ᠪᠠᠢᠭᠰᠠᠨ ᠠᠰᠠᠭᠤᠳᠠᠯ ᠶᠤᠮ᠂ ᠮᠥᠨ ᠴᠦ ᠠᠷᠠᠳ ᠤᠯᠠᠨ ᠤ ᠲᠤᠰᠬᠠᠯ ᠢᠶᠡᠷ ᠴᠢᠩᠭ᠎ᠠ ᠂ ᠨᠡᠶᠢᠭᠡᠮ ᠦᠨ ᠡᠯ᠎ᠡ ᠡᠲᠡᠭᠡᠳ ᠦᠨ ᠲᠤᠶᠢᠯ ᠢᠶᠠᠷ ᠠᠩᠬᠠᠷᠴᠤ ᠪᠠᠶᠢᠭ᠎ᠠ ᠬᠡᠯᠡᠯᠴᠡᠭᠡᠨ ᠶᠡᠬᠡᠲᠡᠶ ᠠᠰᠠᠭᠤᠳᠠᠯ ᠶᠤᠮ ᠃ ᠬᠣᠲᠠ ᠂ ᠬᠣᠰᠢᠭᠤ ᠬᠣᠶᠠᠷ ᠱᠠᠲᠤᠨ ᠤ ᠰᠢᠭᠦᠬᠦ ᠬᠣᠷᠢᠶ᠎ᠠ ᠬᠥᠭᠵᠢᠯᠲᠡ ᠶᠢᠨ ᠶᠡᠬᠡ ᠲᠠᠯ᠎ᠠ ᠳᠤ ᠰᠠᠭᠤᠷᠢᠯᠠᠨ ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠂《 ᠭᠦᠢᠴᠡᠳᠬᠡᠬᠦ ᠵᠢᠯ ᠤᠨ ᠬᠤᠷᠴᠠ ᠰᠡᠯᠡᠮ᠎ᠡ ᠠᠵᠢᠯᠯᠠᠭ᠎ᠠ 》 ᠶᠢ ᠥᠷᠨᠢᠭᠦᠯᠵᠦ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠦᠨᠡᠨ ᠬᠦ ᠭᠦᠨᠵᠡᠭᠡᠢ ᠤᠢᠯᠭᠠᠵᠤ᠂ ᠲᠠᠨᠢᠯᠲᠠ ᠲᠣᠳᠤᠷᠬᠠᠢ ᠂ ᠣᠪᠣᠷ ᠡᠷᠡᠰ ᠰᠢᠭᠤᠷᠬᠠᠶ ᠂ ᠠᠵᠢᠯᠯᠠᠭ᠎ᠠ ᠨᠢ ᠢᠳᠡᠪᠬᠢᠲᠡᠶ ᠂ ᠠᠷᠭ᠎ᠠ ᠨᠢ ᠲᠣᠬᠢᠷᠠᠮᠵᠢᠲᠠᠶ᠂ ᠠᠮᠵᠢᠯᠲᠠ ᠪᠦᠲᠦᠮᠵᠢ ᠢᠯᠡᠳᠲᠡ ᠪᠠᠢᠬᠤ ᠬᠡᠷᠡᠭᠲᠠᠢ ᠭᠡᠵᠠᠢ ᠃
ᠭᠤᠤ ᠷᠦᠨ ᠰᠢ ᠡᠴᠡ᠂ ᠠᠵᠢᠯ ᠤᠨ ᠭᠣᠣᠯᠳᠠᠯᠭ᠎ᠠ ᠪᠠᠨ ᠳᠤᠪᠤᠢᠯᠭᠠᠨ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ ᠂ ᠬᠠᠤᠯᠢ ᠬᠡᠷᠡᠭᠵᠢᠭᠦᠯᠵᠦ ᠬᠡᠷᠡᠭ ᠰᠢᠶᠳᠪᠦᠷᠢᠯᠡᠬᠦ ᠶᠢ ᠲᠡᠷᠢᠭᠦᠨ ᠴᠢᠬᠤᠯᠠ ᠭᠡᠳᠡᠭ ᠢ ᠢᠮᠠᠭᠲᠠ ᠪᠠᠷᠢᠮᠲᠠᠯᠠᠵᠤ ᠂ ᠭᠦᠢᠴᠡᠳᠬᠡᠬᠦ ᠠᠬᠢᠴᠠ ᠶᠢ ᠢᠳᠡᠪᠬᠢᠲᠡᠶ ᠲᠦᠯᠬᠢᠨ ᠠᠬᠢᠭᠤᠯᠵᠤ ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠭᠦᠢᠴᠡᠳ ᠰᠠᠶᠢᠲᠤᠷ ᠬᠡᠷᠡᠭᠯᠡᠨ ᠂ ᠭᠦᠢᠴᠡᠳᠬᠡᠬᠦ ᠡᠷᠴᠢᠮ ᠢᠶᠡᠨ ᠲᠡᠰᠦᠷᠡᠯᠳᠠ ᠦᠭᠡᠢ ᠴᠢᠩᠭᠠᠷᠠᠭᠤᠯᠤᠨ ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ ᠂ ᠬᠡᠷᠡᠭ ᠢ ᠭᠦᠢᠴᠡᠳᠬᠡᠬᠦ ᠠᠵᠢᠯ ᠤᠨ ᠵᠢᠷᠤᠮᠵᠢᠭᠤᠯᠤᠯᠲᠠ ᠪᠠ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠡᠷ ᠳᠡᠭᠡᠭᠰᠢᠯᠡᠭᠦᠯᠦᠨ᠎ᠡ ᠃ ᠡᠩᠨᠡᠭᠡᠨ ᠦ ᠪᠠᠶᠢᠭᠤᠯᠤᠯᠲᠠ ᠶᠢ ᠴᠢᠩᠭ᠎ᠠ ᠠᠳᠬᠤᠵᠤ᠂ ᠳᠣᠲᠣᠭᠠᠳᠤ ᠶᠢᠨ ᠬᠠᠮᠢᠶᠠᠷᠤᠯᠲᠠ ᠶᠢ ᠴᠢᠩᠭᠠᠳᠬᠠᠵᠤ ᠂ ᠰᠡᠷᠭᠡᠶᠢᠯᠡᠨ ᠬᠢᠵᠠᠭᠠᠷᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠨᠠᠷᠢᠯᠢᠬᠵᠢᠭᠤᠯᠤᠨ ᠬᠠᠮᠢᠶᠠᠷᠬᠤ ᠶᠢ ᠴᠢᠷᠮᠠᠶᠢᠨ ᠬᠡᠷᠡᠭᠵᠢᠭᠦᠯᠵᠦ ᠂ ᠡᠯ᠎ᠡ ᠵᠦᠢᠯ ᠦᠨ ᠳᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ ᠂ ᠪᠦᠭᠦ ᠬᠤᠲᠠ ᠶᠢᠨ ᠰᠢᠭᠦᠬᠦ ᠬᠣᠷᠢᠶᠠᠨ ᠤ ᠭᠦᠢᠴᠡᠳᠬᠡᠬᠦ ᠡᠩᠨᠡᠭᠡᠨ ᠤ ᠠᠵᠢᠯ ᠤᠨ ᠰᠤᠷᠲᠠᠯ ᠲᠥᠪ ᠴᠢᠬᠡᠴᠢ ᠂ ᠲᠥᠪ ᠭᠣᠣᠯᠴᠢ ᠠᠷᠢᠭᠤᠨ ᠴᠢᠬᠡᠴᠢ ᠂ ᠪᠣᠳᠠᠲᠠᠶ ᠶᠢ ᠡᠷᠬᠢᠮᠯᠡᠵᠦ ᠪᠦᠲᠦᠮᠵᠢ ᠰᠠᠢ᠌ᠲᠠᠢ ᠪᠠᠢᠵᠤ ᠂ 《 ᠭᠦᠢᠴᠡᠳᠬᠡᠬᠦ ᠵᠢᠯ ᠤᠨ ᠬᠤᠷᠴᠠ ᠰᠡᠯᠡᠮ᠎ᠡ ᠠᠵᠢᠯᠯᠠᠭ᠎ᠠ 》 ᠶᠢ ᠤᠷᠤᠭᠰᠢᠲᠠᠶ ᠥᠷᠨᠢᠭᠦᠯᠬᠦ ᠳᠦ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃
ᠭᠤᠤ ᠷᠦᠨ ᠰᠢ ᠂ 《 ᠭᠦᠢᠴᠡᠳᠬᠡᠬᠦ ᠵᠢᠯ ᠤᠨ ᠬᠤᠷᠴᠠ ᠰᠡᠯᠡᠮ᠎ᠡ ᠠᠵᠢᠯᠯᠠᠭ᠎ᠠ 》 ᠥᠷᠨᠢᠭᠦᠯᠬᠦ ᠳᠤ᠂ ᠡᠷᠬᠡᠪᠰᠢ ᠨᠠᠮ ᠤᠨ ᠬᠣᠷᠢᠶᠠᠨ ᠤ ᠤᠳᠤᠷᠢᠳᠤᠯᠭ᠎ᠠ ᠳᠤ ᠴᠢᠩᠭ᠎ᠠ ᠳᠥᠰᠢᠭᠯᠡᠨ ᠂ ᠥᠷᠭᠡᠨ ᠳᠡᠯᠭᠡᠷ ᠨᠡᠶᠢᠭᠡᠮ ᠳᠠᠶᠠᠭᠠᠷ ᠤᠨ ᠬᠦᠴᠦᠨ ᠢ ᠳᠠᠢᠢᠴᠢᠯᠠᠨ ᠣᠷᠣᠯᠴᠠᠭᠤᠯᠬᠤ ᠬᠡᠷᠡᠭᠲᠡᠶ ᠃ ᠬᠣᠲᠠ ᠬᠣᠰᠢᠭᠤ ᠬᠣᠶᠠᠷ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠪᠣᠯᠤᠨ ᠤᠯᠤᠰ ᠤᠨ ᠨᠤᠲᠤᠭ ᠳᠡᠪᠢᠰᠬᠡᠷ ᠂ ᠭᠡᠷ ᠪᠠᠶᠢᠰᠢᠩ ᠤᠨ ᠬᠠᠮᠢᠶᠠᠷᠤᠯᠲᠠ ᠂ ᠲᠡᠷᠭᠡ ᠬᠥᠰᠭᠡ ᠶᠢᠨ ᠬᠠᠮᠢᠶᠠᠷᠤᠯᠲᠠ᠂ ᠦᠢᠯᠡᠳᠪᠦᠷᠢ ᠬᠤᠳᠠᠯᠳᠤᠭ᠎ᠠ ᠂ ᠮᠥᠩᠭᠥᠨ ᠭᠦᠢᠯᠭᠡᠭᠡᠨ ᠵᠡᠷᠭᠡ ᠂ ᠭᠦᠢᠴᠡᠳᠬᠡᠬᠦ ᠠᠵᠢᠯ ᠢ ᠬᠣᠯᠪᠣᠭᠠᠯᠠᠨ ᠬᠢᠬᠦ ᠰᠠᠯᠠᠭ᠎ᠠ ᠮᠥᠴᠢᠷ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ ᠂ ᠢᠳᠡᠪᠬᠢᠲᠡᠶ ᠬᠠᠮᠵᠢᠯᠴᠠᠨ ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ ᠂ ᠬᠠᠷᠢᠯᠴᠠᠨ ᠬᠠᠮᠵᠢᠯᠴᠠᠭᠰᠠᠨ ᠭᠦᠢᠴᠡᠳᠬᠡᠬᠦ ᠠᠵᠢᠯ ᠤᠨ ᠰᠢᠨ᠎ᠡ ᠪᠠᠶᠢᠷᠢᠰᠢᠯ ᠢ ᠪᠤᠢ ᠪᠣᠯᠭᠠᠬᠤ ᠬᠡᠷᠡᠭᠲᠡᠶ ᠃ 《 ᠭᠦᠢᠴᠡᠳᠬᠡᠬᠦ ᠵᠢᠯ》 ᠤᠨ ᠲᠤᠰᠬᠠᠶ ᠠᠵᠢᠯᠠᠯᠭ᠎ᠠ ᠶᠢᠨ ᠤᠬᠠᠭᠤᠯᠬᠤ ᠡᠷᠴᠢᠮ ᠢᠶᠡᠨ ᠴᠢᠩᠭᠠᠷᠠᠭᠤᠯᠵᠤ ᠂ ᠢᠲᠡᠭᠡᠯ ᠠᠯᠳᠠᠭᠰᠠᠨ 《 ᠥᠭᠴᠡᠭᠡᠲᠦ ᠭᠤᠸᠠᠶ》 ᠶᠢ ᠨᠡᠶᠢᠲᠡᠯᠡᠬᠦ ᠬᠦᠴᠦᠯᠡᠴᠡ ᠪᠡᠨ ᠨᠡᠮᠡᠭᠳᠡᠭᠦᠯᠵᠦ ᠂ ᠨᠢᠭᠡ ᠶᠢ ᠵᠠᠯᠬᠠᠭᠠᠨ ᠰᠢᠢᠳᠬᠡᠵᠦ᠂ ᠨᠢᠭᠡ ᠪᠦᠯᠦᠭ ᠢ ᠨᠢ ᠡᠮᠢᠶᠡᠯᠭᠡᠨ ᠂ ᠨᠢᠭᠡ ᠪᠥᠯᠦᠭ ᠢ ᠨᠢ ᠰᠤᠷᠭᠠᠨ ᠬᠥᠮᠦᠵᠢᠭᠦᠯᠬᠦ ᠦᠷ᠎ᠡ ᠪᠦᠲᠦᠮᠵᠢ ᠳᠤ ᠬᠦᠷᠬᠦ ᠪᠡᠷ ᠴᠢᠷᠮᠠᠢᠵᠤ ᠂《 ᠭᠦᠢᠴᠡᠳᠬᠡᠬᠦ ᠳᠦ ᠪᠡᠷᠬᠡᠲᠡᠶ 》 ᠠᠰᠠᠭᠤᠳᠠᠯ ᠢ ᠰᠢᠢᠳᠪᠦᠷᠢᠯᠡᠬᠦ ᠰᠠᠢᠨ ᠰᠠᠶᠢᠬᠠᠨ ᠨᠡᠶᠢᠭᠡᠮ ᠦᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠠᠢ ᠭᠡᠵᠦ ᠴᠢᠬᠤᠯᠠᠴᠢᠯᠠᠪᠠ ᠃
ᠡᠬᠢᠯᠡᠯᠲᠡ ᠶᠢᠨ ᠶᠣᠰᠣᠯᠠᠯ ᠳᠡᠭᠡᠷ᠎ᠡ ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠭᠦᠢᠴᠡᠳᠬᠡᠬᠦ ᠲᠣᠪᠴᠢᠶᠠᠨ ᠤ ᠲᠣᠪᠴᠢᠶᠠᠨ ᠳᠠᠷᠤᠭ᠎ᠠ ᠵᠠᠩ ᠶᠦᠸᠸ ᠹᠸᠩ 《 ᠭᠦᠢᠴᠡᠳᠬᠡᠬᠦ ᠵᠢᠯ ᠤᠨ ᠬᠤᠷᠴᠠ ᠰᠡᠯᠡᠮ᠎ᠡ ᠠᠵᠢᠯᠯᠠᠭ᠎ᠠ 》 ᠶᠢᠨ ᠲᠥᠰᠦᠯ ᠢ ᠤᠩᠰᠢᠨ ᠨᠡᠢᠲᠡᠯᠡᠪᠡ᠃ ᠲᠥᠰᠦᠯ ᠳᠦ ᠵᠢᠭᠠᠵᠤ ᠭᠠᠷᠭᠠᠭᠰᠠᠨ ᠨᠢ ᠂ ᠡᠨᠡ ᠤᠳᠠᠭᠠᠨ ᠤ ᠠᠵᠢᠯᠯᠠᠭ᠎ᠠ ᠨᠢ ᠪᠦᠬᠦ ᠬᠣᠲᠠ ᠶᠢᠨ ᠰᠢᠭᠦᠬᠦ ᠬᠣᠷᠢᠶᠠᠨ ᠤ 《 ᠭᠦᠢᠴᠡᠳᠬᠡᠬᠦ ᠵᠢᠯ 》 ᠦᠨ ᠲᠤᠰᠬᠠᠶ ᠠᠵᠢᠯ ᠢ ᠭᠦᠨᠵᠡᠭᠡᠶ ᠦᠷᠨᠢᠭᠦᠯᠬᠦ ᠶᠢ ᠲᠦᠯᠬᠢᠨ ᠠᠬᠢᠭᠤᠯᠬᠤ ᠪᠡᠷ ᠬᠠᠷᠠᠯᠲᠠ ᠪᠡᠨ ᠪᠣᠯᠭᠠᠵᠤ ᠂ 《 ᠭᠦᠢᠴᠡᠳᠬᠡᠬᠦ ᠳᠦ ᠪᠡᠷᠬᠡᠲᠡᠶ 》 ᠠᠰᠠᠭᠤᠳᠠᠯ ᠢ ᠲᠤᠶᠢᠯᠪᠤᠷᠢᠲᠠᠶ ᠰᠢᠢᠳᠪᠦᠷᠢᠯᠡᠬᠦ ᠬᠡᠷᠡᠭᠲᠠᠢ᠃ 《 ᠭᠦᠢᠴᠡᠳᠬᠡᠬᠦ ᠵᠢᠯ ᠤᠨ ᠬᠤᠷᠴᠠ ᠰᠡᠯᠡᠮ᠎ᠡ ᠠᠵᠢᠯᠯᠠᠭ᠎ᠠ 》 ᠨᠢ ᠭᠦᠢᠴᠡᠳᠬᠡᠬᠦ ᠳᠦ ᠬᠣᠯᠪᠣᠭᠳᠠᠭᠰᠠᠨ ᠳᠠᠷᠤᠭᠳᠠᠮᠠᠯ ᠬᠡᠷᠡᠭ ᠢ ᠲᠥᠪᠯᠡᠷᠡᠭᠦᠯᠦᠨ ᠡᠮᠬᠢᠯᠡᠨ ᠢᠯᠭᠠᠷᠠᠭᠤᠯᠵᠤ ᠂ ᠨᠢᠭᠡ ᠪᠦᠯᠦᠭ ᠢᠲᠡᠭᠡ ᠠᠯᠳᠠᠭᠰᠠᠨ ᠬᠥᠮᠦᠨ ᠦ ᠨᠡᠷ᠎ᠡ ᠶᠢ ᠲᠥᠪᠯᠡᠷᠡᠭᠦᠯᠦᠨ ᠨᠡᠢᠲᠡᠯᠡᠵᠦ᠂ ᠨᠢᠭᠡ ᠪᠦᠯᠦᠭ ᠡᠭᠦᠷᠭᠡ ᠪᠡᠨ ᠭᠦᠢᠴᠡᠳᠬᠡᠬᠦ ᠦᠭᠡᠢ ᠭᠦᠢᠴᠡᠳᠬᠡᠭᠳᠡᠭᠴᠢ ᠢ ᠬᠠᠤᠯᠢ ᠴᠠᠭᠠᠵᠠ ᠪᠠᠷ ᠲᠦᠷ ᠬᠣᠷᠢᠵᠤ ᠂ ᠨᠢᠭᠡ ᠪᠦᠯᠦᠭ ᠠᠷᠠᠳ ᠤᠨ ᠰᠢᠭᠦᠬᠦ ᠬᠣᠷᠢᠶᠠᠨ ᠤ ᠬᠦᠴᠦᠨ ᠲᠡᠶ ᠪᠣᠯᠤᠭᠰᠠᠨ ᠲᠠᠰᠤᠯᠤᠨ ᠲᠣᠭᠲᠠᠭᠠᠯᠲᠠ ᠵᠢᠴᠢ ᠪᠤᠰᠤᠳ ᠠᠷᠠᠳ ᠤᠨ ᠰᠢᠭᠦᠬᠦ ᠬᠣᠷᠢᠶᠠᠨ ᠤ ᠭᠦᠢᠴᠡᠳᠬᠡᠬᠦ ᠶᠢ ᠡᠰᠡᠷᠭᠦᠴᠡᠭᠰᠡᠨ ᠦᠢᠯᠡ ᠠᠵᠢᠯᠯᠠᠭ᠎ᠠ ᠳᠤ ᠬᠦᠴᠦᠲᠠᠢ ᠴᠣᠬᠢᠯᠲᠠ ᠥᠭᠭᠦᠨ ᠂ ᠬᠠᠷᠢᠴᠠᠭ᠎ᠠ ᠪᠡᠷ ᠬᠡᠷᠡᠭ ᠰᠢᠢᠳᠪᠦᠷᠢᠯᠡᠬᠦ᠂ ᠵᠣᠭᠣᠰ ᠮᠥᠩᠭᠥ ᠪᠡᠷ ᠬᠡᠷᠡᠭ ᠰᠢᠶᠳᠪᠦᠷᠢᠯᠡᠵᠦ ᠂ ᠨᠠᠶᠢᠷ ᠲᠠᠯ᠎ᠠ ᠪᠠᠷ ᠬᠡᠷᠡᠭ ᠰᠢᠶᠳᠪᠦᠷᠢᠯᠡᠬᠦ ᠶᠢ ᠡᠷᠡᠰ ᠬᠤᠷᠢᠭᠯᠠᠨ᠂ ᠡᠭᠦᠨ ᠦ ᠤᠯᠠᠮ ᠠᠴᠠ ᠭᠦᠢᠴᠡᠳᠬᠡᠬᠦ ᠡᠴᠡ ᠵᠠᠶᠢᠯᠠᠬᠤ ᠂ ᠭᠦᠢᠴᠡᠳᠬᠡᠬᠦ ᠡᠴᠡ ᠳᠤᠲᠠᠭᠠᠬᠤ᠂ ᠨᠠᠵᠠᠭᠠᠶ ᠪᠠᠷ ᠭᠦᠢᠴᠡᠳᠬᠡᠬᠦ ᠠᠵᠢᠯᠯᠠᠭ᠎ᠠ ᠳᠤ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠦᠷᠭᠦᠯᠵᠢᠯᠡᠭᠦᠯᠵᠦ ᠂ ᠬᠠᠤᠯᠢ ᠴᠠᠭᠠᠵᠠ ᠶᠢᠨ ᠨᠡᠷ᠎ᠡ ᠬᠦᠨᠳᠦ ᠪᠠ ᠡᠷᠬᠡ ᠰᠦᠷ ᠢ ᠦᠨᠡᠨ ᠬᠦ ᠬᠠᠮᠠᠭᠠᠯᠠᠬᠤ ᠬᠡᠷᠡᠭᠲᠡᠶ ᠃
ᠡᠬᠢᠯᠡᠯᠲᠡ ᠶᠢᠨ ᠶᠣᠰᠣᠯᠠᠯ ᠳᠡᠭᠡᠷ᠎ᠡ ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠳᠡᠳ᠋ ᠳᠠᠷᠤᠭ᠎ᠠ ᠹᠠᠨ ᠶᠥᠦ ᠹᠦ᠋ ᠪᠦᠬᠦ ᠬᠣᠲᠠ ᠶᠢᠨ ᠰᠢᠭᠦᠬᠦ ᠬᠣᠷᠢᠶᠠᠨ ᠤ 《 ᠭᠦᠢᠴᠡᠳᠬᠡᠬᠦ ᠵᠢᠯ 》 ᠤᠨ ᠲᠤᠰᠬᠠᠶ ᠲᠦᠷᠦᠯ ᠤᠨ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠪᠡ ᠃ ᠹᠠᠨ ᠶᠥᠦ ᠹᠦ᠋ ᠳᠡᠳ᠋ ᠳᠠᠷᠤᠭ᠎ᠠ ᠂ ᠪᠦᠬᠦ ᠬᠣᠲᠠ ᠶᠢᠨ ᠬᠣᠶᠠᠷ ᠱᠠᠲᠤᠨ ᠤ ᠰᠢᠭᠦᠬᠦ ᠬᠣᠷᠢᠶᠠᠨ ᠤ 《 ᠭᠦᠢᠴᠡᠳᠬᠡᠬᠦ ᠵᠢᠯ》 ᠤᠨ ᠲᠤᠰᠬᠠᠶ ᠠᠵᠢᠯ ᠢ ᠥᠷᠨᠢᠭᠦᠯᠬᠦ ᠶᠠᠪᠤᠴᠠ ᠳᠤᠮᠳᠠ ᠂ ᠭᠦᠢᠴᠡᠳᠬᠡᠬᠦ ᠡᠷᠴᠢᠮ ᠢᠶᠡᠨ ᠴᠢᠩᠭᠠᠷᠠᠭᠤᠯᠤᠨ ᠂ ᠰᠢᠢᠳᠪᠦᠷᠢᠯᠡᠬᠦ ᠰᠠᠨᠠᠯ ᠢ ᠨᠡᠶᠢᠲᠡᠯᠡᠨ ᠬᠡᠷᠡᠭᠵᠢᠭᠦᠯᠵᠦ ᠂ ᠬᠠᠪᠰᠤᠷᠤᠨ ᠭᠦᠢᠴᠡᠳᠬᠡᠬᠦ ᠨᠢᠭᠡᠴᠡ ᠯᠦᠭᠡ ᠶᠢᠨ ᠨᠡᠪᠲᠡᠷᠡᠯᠴᠡᠭᠡ ᠪᠡᠨ ᠴᠢᠩᠭ᠋ᠠᠳᠬᠠᠵᠤ᠂ ᠭᠦᠢᠴᠡᠳᠬᠡᠬᠦ ᠶᠢ ᠵᠢᠯᠣᠭᠣᠳᠬᠤ ᠲᠥᠪ ᠦᠨ ᠪᠠᠶᠢᠭᠤᠯᠤᠯᠲᠠ ᠶᠢᠨ ᠡᠭᠦᠷᠭᠡ ᠪᠡᠨ ᠪᠡᠶᠡᠯᠡᠭᠦᠯᠬᠦ ᠵᠡᠷᠭᠡ ᠠᠯᠢ ᠤᠯᠠᠨ ᠠᠷᠭ᠎ᠠ ᠬᠡᠮᠵᠢᠶ᠎ᠡ ᠪᠡᠷ ᠳᠠᠮᠵᠢᠭᠤᠯᠤᠨ ᠂ ᠪᠦᠬᠦ ᠬᠦᠴᠦ ᠪᠡᠷ ᠢᠶᠡᠨ ᠳᠠᠷᠤᠭᠳᠠᠮᠠᠯ ᠬᠡᠷᠡᠭ ᠢ ᠴᠡᠪᠡᠷᠯᠡᠨ ᠭᠦᠢᠴᠡᠳᠬᠡᠵᠦ᠂ 《 ᠭᠦᠢᠴᠡᠳᠬᠡᠬᠦ ᠳᠦ ᠪᠡᠷᠬᠡᠲᠡᠶ 》 ᠠᠰᠠᠭᠤᠳᠠᠯ ᠢ ᠪᠣᠳᠠᠲᠠᠶ ᠪᠠᠷ ᠰᠢᠶᠳᠪᠦᠷᠢᠯᠡᠬᠦ ᠪᠡᠷ ᠴᠢᠷᠮᠠᠢᠬᠤ ᠬᠡᠷᠡᠭᠲᠠᠢ ᠬᠡᠵᠦ ᠵᠢᠭᠠᠪᠤᠷᠢᠯᠠᠪᠠ᠃
ᠬᠤᠷᠠᠯᠳᠤᠭᠠᠨ ᠤ ᠡᠴᠦᠰ ᠲᠦ ᠂ ᠬᠣᠲᠠ ᠶᠢᠨ ᠳᠤᠮᠲᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠣᠷᠣᠯᠠᠭᠴᠢ ᠬᠤᠷᠢᠶᠠᠨ ᠳᠠᠷᠤᠭ᠎ᠠ ᠯᠢ ᠶᠠᠩ ᠬᠣᠩ ᠡᠴᠡ ᠪᠦᠬᠦ ᠬᠣᠲᠠ ᠶᠢᠨ ᠰᠢᠭᠦᠬᠦ ᠬᠣᠷᠢᠶᠠᠨ ᠤ ᠰᠢᠰᠲ᠋ᠧᠮ ᠤᠨ《 ᠭᠦᠢᠴᠡᠳᠬᠡᠬᠦ ᠵᠢᠯ ᠤᠨ ᠬᠤᠷᠴᠠ ᠰᠡᠯᠡᠮ᠎ᠡ ᠠᠵᠢᠯᠯᠠᠭ᠎ᠠ 》 ᠵᠢᠩᠬᠢᠨᠢ ᠪᠡᠷ ᠡᠬᠢᠯᠡᠭᠰᠡᠨ ᠢ ᠨᠡᠢᠲᠡᠯᠡᠪᠡ᠃ ᠳᠠᠷᠠᠭ᠎ᠠ ᠨᠢ ᠂ ᠡᠨᠡ ᠤᠳᠠᠭᠠᠨ ᠤ ᠠᠵᠢᠯᠯᠠᠭ᠎ᠠ ᠶᠢᠨ9 ᠭᠦᠢᠴᠡᠳᠬᠡᠬᠦ ᠳᠤᠭᠤᠶᠢᠯᠠᠩ ᠪᠠᠶᠢᠭᠤᠯᠬᠤ ᠂ ᠦᠳᠲᠡᠷ ᠲᠦᠷᠭᠡᠨ ᠬᠥᠳᠡᠯᠡᠯᠴᠡᠨ 《 ᠭᠦᠢᠴᠡᠳᠬᠡᠬᠦ ᠵᠢᠯ ᠤᠨ ᠬᠤᠷᠴᠠ ᠰᠡᠯᠡᠮ᠎ᠡ ᠠᠵᠢᠯᠯᠠᠭ᠎ᠠ 》 ᠶᠢᠨ ᠬᠥᠰᠢᠭᠡ ᠶᠢ ᠨᠡᠬᠡᠭᠡᠪᠡ ᠃
ᠦᠨᠡᠯᠡᠬᠦ 0ᠦᠨᠡᠯᠡᠯᠲᠡ ᠲᠠᠢ