ᠰᠠᠭᠤᠳᠠᠯ ᠤᠨ ᠬᠤᠷᠠᠯ ᠬᠤᠷᠠᠯᠳᠤᠨ  ᠰᠢᠭᠦᠨ ᠰᠢᠢᠳᠬᠡᠭᠰᠡᠨ ᠬᠡᠷᠡᠭ ᠤᠨ ᠲᠤᠬᠠᠢ  ᠮᠡᠳᠡᠭᠳᠡᠵᠦ ᠰᠡᠳᠬᠢᠯ ᠨᠢᠭᠡᠳᠦᠨ ᠬᠦᠴᠦᠨ ᠢᠶᠡᠨ ᠬᠠᠮᠳᠤᠳᠬᠠᠨ ᠬᠡᠷᠡᠭ ᠰᠢᠢᠳᠪᠦᠷᠢᠯᠡᠬᠦ ᠴᠢᠨᠠᠷ ᠴᠢᠨᠠᠰᠬ᠎ᠠ 
2016.11.28 ᠲᠣᠰ ᠥᠷᠲᠡᠭᠡᠨ᠎ᠦ ᠨᠠᠢᠷᠠᠭᠤᠯᠤᠭᠴᠢ

ᠰᠠᠭᠤᠳᠠᠯ ᠤᠨ ᠬᠤᠷᠠᠯ ᠬᠤᠷᠠᠯᠳᠤᠨ  ᠰᠢᠭᠦᠨ ᠰᠢᠢᠳᠬᠡᠭᠰᠡᠨ ᠬᠡᠷᠡᠭ ᠤᠨ ᠲᠤᠬᠠᠢ  ᠮᠡᠳᠡᠭᠳᠡᠵᠦ   

ᠰᠡᠳᠬᠢᠯ ᠨᠢᠭᠡᠳᠦᠨ ᠬᠦᠴᠦᠨ ᠢᠶᠡᠨ ᠬᠠᠮᠳᠤᠳᠬᠠᠨ ᠬᠡᠷᠡᠭ ᠰᠢᠢᠳᠪᠦᠷᠢᠯᠡᠬᠦ ᠴᠢᠨᠠᠷ ᠴᠢᠨᠠᠰᠬ᠎ᠠ ᠪᠡᠨ ᠳᠡᠭᠡᠭᠰᠢᠯᠡᠭᠦᠯᠬᠦ

 --- ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠣᠷᠢᠶᠠᠨ ᠤ ᠡᠷᠡᠭᠦᠦ ᠨᠢᠭᠡᠳᠦᠭᠡᠷ ᠲᠢᠩᠬᠡᠮ ᠤᠨ ᠲᠢᠩᠬᠢᠮ ᠤᠨ ᠳᠠᠷᠤᠭ᠎ᠠ ᠹᠠᠨ ᠵᠢᠶᠦ᠋ᠨ ᠹᠧᠩ ᠬᠠᠮᠲᠤ ᠶᠠᠪᠤᠭᠰᠠᠳ ᠲᠠᠢ ᠪᠡᠨ ᠮᠠᠨ ᠤ ᠬᠣᠷᠢᠶᠠᠨ ᠳᠤ ᠰᠠᠭᠠᠲᠠᠨ ᠡᠷᠡᠭᠦᠦ ᠶᠢᠨ ᠬᠡᠷᠡᠭ ᠢ ᠰᠢᠢᠳᠪᠦᠷᠢᠯᠡᠬᠦ ᠶᠢ ᠵᠢᠭᠠᠨ ᠵᠢᠯᠤᠭᠤᠳᠪᠠ

 

11 ᠰᠠᠷ᠎ᠠ ᠶᠢᠨ 24  ᠦ ᠡᠳᠦᠷ ᠦᠨ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ  ᠶᠢᠨ ᠰᠢᠭᠦᠬᠦ ᠬᠣᠷᠢᠶᠠᠨ ᠤ ᠡᠷᠡᠭᠦᠦ ᠶᠢᠨ ᠨᠢᠭᠡᠳᠦᠭᠡᠷ ᠲᠢᠩᠬᠢᠮ ᠦᠨ ᠹᠠᠨ ᠲᠢᠩᠬᠢᠮ ᠦᠨ ᠳᠠᠷᠤᠭ᠎ᠠ ᠬᠠᠮᠲᠤ ᠶᠠᠪᠤᠭᠰᠠᠳ ᠲᠠᠢ ᠪᠡᠨ ᠳᠥᠷᠪᠡᠭᠦᠯᠡ ᠮᠠᠨ ᠤ ᠬᠣᠷᠢᠶᠠᠨ ᠳᠤ ᠰᠠᠭᠠᠲᠤᠵᠤ ᠡᠷᠡᠭᠦᠦ ᠶᠢᠨ ᠬᠡᠷᠡᠭ ᠦᠨ ᠰᠢᠭᠦᠨ ᠲᠠᠰᠤᠯᠬᠤ ᠠᠵᠢᠯ ᠢ  ᠵᠢᠯᠤᠭᠤᠳᠴᠤ ᠂  ᠰᠠᠭᠤᠳᠠᠯ ᠤᠨ ᠬᠤᠷᠠᠯ ᠤᠨ ᠬᠡᠯᠪᠡᠷᠢ ᠪᠡᠷ ᠣᠶᠢᠷ᠎ᠠ  ᠶᠢᠨ ᠵᠢᠯ ᠡᠴᠡ ᠨᠠᠰᠢ ᠮᠠᠨ ᠤ  ᠬᠣᠷᠢᠶᠠᠨ ᠤ  ᠡᠷᠡᠭᠦᠦ  ᠶᠢᠨ ᠨᠢᠭᠡᠳᠦᠭᠡᠷ ᠲᠢᠩᠬᠡᠮ ᠤᠨ ᠬᠡᠷᠡᠭ ᠢ ᠰᠢᠭᠦᠨ ᠰᠢᠢᠳᠪᠥᠷᠢᠯᠡᠭᠰᠡᠨ ᠪᠠᠢᠳᠠᠯ ᠲᠠᠨᠢᠯᠴᠠᠭᠤᠯᠤᠭᠰᠠᠨ ᠪᠥᠭᠡᠳ ᠠᠷᠠᠳ ᠤᠨ ᠥᠨᠳᠥᠷ ᠵᠡᠷᠭᠡ  ᠶᠢᠨ ᠰᠢᠭᠦᠬᠦ ᠬᠣᠷᠢᠶᠠᠨ ᠤ ᠬᠣᠣᠷᠲᠤ ᠡᠳ᠋ ᠦᠨ ᠶᠠᠯᠠᠲᠤ ᠬᠡᠷᠡᠭ  ᠲᠤ ᠡᠷᠡᠭᠦᠦ ᠰᠢᠳᠬᠡᠯ ᠣᠨᠣᠭᠳᠠᠭᠤᠯᠬᠤ ᠲᠤᠬᠠᠢ ᠵᠢᠯᠣᠭᠣᠳᠬᠤ ᠰᠠᠨᠠᠯ ᠢ ᠲᠠᠨᠢᠯᠴᠠᠭᠤᠯᠪᠠ᠃  ᠼᠠᠩ ᠵᠢᠶᠠᠨ ᠫᠢᠩ ᠪᠠᠶᠢᠴᠠᠭᠠᠨ ᠰᠤᠳᠤᠯᠤᠭᠴᠢ  ᠬᠢᠭᠡᠳ ᠡᠷᠡᠭᠦᠦ  ᠶᠢᠨ ᠨᠢᠭᠡᠳᠦᠭᠡᠷ ᠲᠢᠩᠬᠢᠮ ᠦᠨ ᠪᠦᠬᠦ ᠺᠠᠳ᠋ᠷ ᠴᠠᠭᠳᠠᠭ᠎ᠠ  ᠰᠠᠭᠤᠳᠠᠯ ᠤᠨ ᠬᠤᠷᠠᠯ ᠳᠤ ᠣᠷᠣᠯᠴᠠᠵᠠᠶ ᠃

 ᠰᠠᠭᠤᠳᠠᠯ ᠤᠨ ᠬᠤᠷᠠᠯ ᠳᠡᠭᠡᠷ᠎ᠡ ᠂ ᠹᠠᠨ ᠲᠢᠩᠬᠢᠮ ᠦᠨ ᠳᠠᠷᠤᠭ᠎ᠠ ᠨᠢ ᠡᠩ ᠲᠡᠷᠢᠭᠦᠨ ᠳᠦ ᠂ ᠥᠨᠳᠥᠷ ᠵᠡᠷᠭᠡ  ᠶᠢᠨ ᠰᠢᠭᠦᠬᠦ ᠬᠣᠷᠢᠶ᠎ᠠ ᠬᠣᠣᠷᠲᠤ ᠡᠳ᠋ ᠦᠨ ᠶᠠᠯᠠᠲᠤ ᠬᠡᠷᠡᠭ ᠲᠤ ᠡᠷᠡᠭᠦᠦ ᠰᠢᠳᠬᠡᠯ ᠣᠨᠣᠭᠳᠠᠭᠤᠯᠬᠤ ᠲᠤᠬᠠᠶ ᠵᠢᠯᠣᠭᠣᠳᠬᠤ ᠰᠠᠨᠠᠯ  ᠤᠨ ᠠᠬᠤᠶ ᠪᠠᠶᠢᠳᠠᠯ ᠪᠠ ᠵᠢᠯᠣᠭᠣᠳᠬᠤ ᠦᠵᠡᠯ ᠰᠠᠨᠠᠭ᠎ᠠ  ᠶᠢ  ᠲᠠᠨᠢᠯᠴᠠᠭᠤᠯᠤᠭᠰᠠᠨ ᠪᠥᠭᠡᠳ ᠡᠷᠡᠭᠦᠦ ᠰᠢᠳᠬᠡᠯ ᠣᠨᠣᠭᠳᠠᠭᠤᠯᠬᠤ ᠲᠤᠬᠠᠶ ᠵᠢᠯᠣᠭᠣᠳᠬᠤ ᠰᠠᠨᠠᠯ ᠢ ᠵᠤᠷᠪᠤᠰ ᠳᠠᠷᠠᠭᠠᠯᠠᠨ ᠨᠠᠷᠢᠨ ᠲᠣᠳᠣᠷᠬᠠᠶ ᠲᠠᠶᠢᠯᠪᠤᠷᠢᠯᠠᠯᠲᠠ ᠬᠢᠵᠡᠶ ᠃  ᠳᠠᠷᠠᠭ᠎ᠠ ᠨᠢ ᠨᠢ ᠂ ᠡᠯ᠎ᠡ ᠲᠦᠷᠦᠯ ᠦᠨ ᠡᠷᠡᠭᠦᠦ ᠶᠢᠨ ᠬᠡᠷᠡᠭ ᠢ ᠰᠢᠶᠳᠪᠦᠷᠢᠯᠡᠬᠦ ᠳᠦ ᠭᠡᠷᠡᠴᠢ ᠪᠠᠷᠢᠮᠲᠠ ᠶᠢ ᠬᠢᠨᠠᠨ ᠪᠠᠶᠢᠴᠠᠭᠠᠭᠰᠠᠨ ᠳᠡᠭᠡᠷ᠎ᠡ ᠣᠷᠣᠰᠢᠵᠤ ᠪᠠᠶᠢᠭ᠎ᠠ ᠨᠡᠶᠢᠲᠡᠯᠢᠭ ᠴᠢᠨᠠᠷᠲᠠᠶ ᠠᠰᠠᠭᠤᠳᠠᠯ ᠢ ᠮᠡᠳᠡᠭᠳᠡᠵᠦ ᠂ ᠪᠣᠳᠠᠰ ᠤᠨ ᠭᠡᠷᠡᠴᠢ ᠭᠠᠷᠭᠠᠨ ᠠᠪᠴᠤ ᠂ ᠰᠢᠯᠭᠠᠨ ᠲᠣᠭᠲᠠᠭᠠᠬᠤ ᠵᠢᠷᠤᠮ ᠂ ᠬᠢᠨᠠᠨ ᠡᠵᠡᠮᠰᠢᠬᠦ ᠬᠡᠯᠪᠡᠷᠢ ᠶᠢᠨ ᠦᠵᠡᠵᠦ  ᠰᠣᠨᠤᠰᠤᠭᠰᠠᠨ ᠮᠠᠲ᠋ᠧᠷᠢᠶᠠᠯ  ᠢ  ᠬᠤᠪᠢᠷᠠᠭᠤᠯᠬᠤ᠂ ᠭᠡᠷᠡᠴᠢᠯᠡᠭᠴᠢ ᠂ ᠰᠢᠯᠭᠠᠨ ᠲᠣᠭᠲᠠᠭᠠᠭᠴᠢ ᠰᠢᠭᠦᠯᠲᠡ ᠳᠦ ᠣᠷᠣᠯᠴᠠᠬᠤ ᠲᠥᠷᠢᠮ ᠢ ᠨᠠᠶᠢᠳᠠᠪᠤᠷᠢᠵᠢᠭᠤᠯᠬᠤ ᠂ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠳᠤ ᠭᠡᠷᠡᠴᠢ ᠪᠠᠷᠢᠮᠲᠠ ᠶᠢᠨ ᠬᠤᠷᠢᠶᠠᠩᠭᠤᠶᠢᠯᠠᠭᠰᠠᠨ ᠪᠠ ᠵᠢᠭᠰᠠᠭᠠᠬᠤ ᠳᠡᠰ ᠳᠠᠷᠠᠭᠠᠯᠠᠯ ᠤᠨ ᠵᠡᠷᠭᠡ ᠬᠡᠳᠦᠨ ᠲᠠᠯ᠎ᠠ ᠪᠠᠷ ᠳᠤᠮᠳᠠ ᠵᠡᠷᠭᠡ ᠶᠢᠨ ᠰᠢᠭᠦᠬᠦ  ᠬᠣᠷᠢᠶᠠᠨ ᠤ ᠨᠢᠭᠡᠳᠦᠭᠡᠷ ᠰᠢᠭᠦᠯᠲᠡ ᠶᠢᠨ ᠡᠷᠡᠭᠦᠦ ᠶᠢᠨ ᠬᠡᠷᠡᠭ ᠢ ᠰᠢᠶᠳᠪᠦᠷᠢᠯᠡᠬᠦ ᠦᠶ᠎ᠡ ᠳᠦ ᠠᠩᠬᠠᠷᠬᠤ ᠴᠢᠬᠤᠯᠠᠲᠠᠶ ᠠᠰᠠᠭᠤᠳᠠᠯ  ᠤᠳ ᠢ ᠵᠢᠭᠠᠵᠤ ᠭᠠᠷᠭᠠᠭᠰᠠᠨ ᠪᠠᠢᠨ᠎ᠠ᠃ ᠮᠠᠨ ᠤ ᠬᠣᠷᠢᠶᠠᠨ ᠤ ᠡᠷᠡᠭᠦᠦ ᠶᠢᠨ ᠬᠡᠷᠡᠭ ᠢ ᠰᠢᠭᠦᠨ ᠲᠠᠰᠤᠯᠬᠤ ᠶᠠᠰᠤ ᠴᠢᠨᠠᠷ ᠢ ᠳᠡᠭᠡᠳᠦ ᠬᠡᠮᠵᠢᠶ᠎ᠡ ᠪᠡᠷ  ᠦᠨᠡᠯᠡᠬᠦ ᠶᠢᠨ ᠬᠠᠮᠲᠤ ᠂ ᠹᠠᠨ ᠲᠢᠩᠬᠢᠮ ᠦᠨ ᠳᠠᠷᠤᠭ᠎ᠠ  ᠡᠴᠡ ᠂ ᠬᠣᠶᠢᠰᠢᠳᠠ ᠶᠢᠨ ᠡᠷᠡᠭᠦᠦ ᠶᠢᠨ ᠬᠡᠷᠡᠭ ᠦᠨ ᠰᠢᠭᠦᠨ ᠲᠠᠰᠤᠯᠬᠤ ᠠᠵᠢᠯ ᠳᠤ ᠬᠡᠷᠡᠭ ᠦᠨ ᠭᠡᠷᠡᠴᠢ ᠪᠠᠷᠢᠮᠲᠠ ᠶᠢ ᠬᠢᠨᠠᠨ ᠪᠠᠶᠢᠴᠠᠭᠠᠬᠤ ᠲᠠᠯ᠎ᠠ ᠪᠠᠷ ᠤᠯᠠᠮ ᠨᠢᠭᠡ ᠠᠯᠬᠤᠮ ᠬᠦᠴᠦ ᠲᠠᠯᠪᠢᠵᠤ ᠂ ᠭᠡᠷᠡᠴᠢ ᠪᠠᠷᠢᠮᠲᠠ ᠶᠢ ᠴᠢᠩᠭ᠎ᠠ ᠬᠢᠨᠠᠨ ᠪᠠᠶᠢᠴᠠᠭᠠᠬᠤ ᠪᠡᠷ ᠳᠠᠮᠵᠢᠭᠤᠯᠵᠤ ᠭᠡᠳᠡᠷᠭᠦ ᠰᠢᠬᠠᠵᠤ ᠪᠠᠶᠢᠭᠠᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠡᠷᠡᠴᠢ ᠠᠪᠬᠤ ᠵᠢᠷᠤᠮ ᠤᠨ ᠵᠢᠷᠤᠮᠵᠢᠭᠤᠯᠵᠤ ᠂ ᠡᠭᠦᠨ ᠦ ᠤᠯᠠᠮ ᠠᠴᠠ ᠰᠢᠭᠦᠨ ᠲᠠᠰᠤᠯᠤᠯᠲᠠ ᠪᠠᠷ ᠭᠣᠣᠯ ᠪᠣᠯᠭᠠᠭᠰᠠᠨ ᠡᠷᠡᠭᠦᠦ ᠶᠢᠨ ᠵᠠᠷᠭᠤ ᠶᠢᠨ ᠳᠦᠷᠢᠮ ᠦᠨ ᠥᠭᠡᠷᠡᠴᠢᠯᠡᠯᠲᠡ ᠶᠢ ᠲᠦᠯᠬᠢᠨ  ᠠᠬᠢᠭᠤᠯᠤᠨ᠎ᠠ ᠭᠡᠵᠦ ᠴᠢᠬᠤᠯᠠᠴᠢᠯᠠᠪᠠ᠃

ᠬᠤᠷᠠᠯ ᠤᠨ ᠳᠠᠷᠠᠭ᠎ᠠ ᠂ ᠡᠷᠡᠭᠦᠦ ᠶᠢᠨ ᠨᠢᠭᠡᠳᠦᠭᠡᠷ ᠲᠢᠩᠬᠢᠮ ᠦᠨ ᠪᠦᠬᠦ ᠺᠠᠳ᠋ᠷ ᠴᠠᠭᠳᠠᠭ᠎ᠠ ᠨᠠᠷ ᠡᠴᠡ ᠥᠨᠳᠥᠷ ᠵᠡᠷᠭᠡ  ᠶᠢᠨ ᠰᠢᠭᠦᠬᠦ ᠬᠣᠷᠢᠶᠠᠨ ᠤ ᠬᠣᠣᠷᠲᠤ ᠡᠳ᠋ ᠦᠨ ᠶᠠᠯᠠᠲᠤ ᠬᠡᠷᠡᠭ ᠲᠤ ᠡᠷᠡᠭᠦᠦ ᠰᠢᠳᠬᠡᠯ ᠣᠨᠣᠭᠳᠠᠭᠤᠯᠬᠤ ᠲᠤᠬᠠᠶ ᠵᠢᠯᠣᠭᠣᠳᠬᠤ ᠰᠠᠨᠠᠯ ᠢ ᠯᠠᠪᠲᠠᠶ ᠭᠦᠨᠵᠡᠭᠡᠶ ᠰᠤᠷᠤᠯᠴᠠᠨ ᠂ ᠤᠯᠠᠮ ᠨᠢᠭᠡ ᠠᠯᠬᠤᠮ ᠰᠢᠭᠦᠨ ᠲᠠᠰᠤᠯᠤᠯᠲᠠ ᠪᠠᠷ ᠭᠣᠣᠯ ᠪᠣᠯᠭᠠᠭᠰᠠᠨ ᠬᠡᠷᠡᠭ ᠰᠢᠶᠳᠪᠦᠷᠢᠯᠡᠬᠦ ᠦᠵᠡᠯᠲᠡ ᠶᠢ ᠪᠤᠢ ᠪᠣᠯᠭᠠᠵᠤ ᠂ ᠰᠡᠳᠬᠢᠯ ᠨᠢᠭᠡᠳᠦᠨ ᠬᠦᠴᠦ ᠪᠡᠨ ᠬᠠᠮᠲᠤᠳᠬᠠᠵᠤ ᠪᠠᠶᠢᠭᠠᠳ ᠪᠣᠳᠠᠲᠤ ᠴᠣᠭᠴᠠ ᠂ ᠵᠢᠷᠤᠮ ᠂ ᠦᠷ᠎ᠡ ᠪᠦᠲᠦᠭᠡᠯ ᠦᠨ ᠲᠠᠯ᠎ᠠ ᠪᠠᠷ ᠬᠡᠷᠡᠭ ᠦᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠠ ᠭᠡᠵᠦ  ᠢᠯᠡᠷᠬᠡᠢᠯᠡᠪᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )