《 ᠭᠦᠢᠴᠡᠳᠬᠡᠬᠦ ᠵᠢᠯ ᠤᠨ ᠲᠤᠰᠬᠠᠢ ᠰᠡᠳᠦᠪᠲᠦ ᠠᠵᠢᠯᠠᠯᠭ᠎ᠠ》 ᠶᠢᠨ ᠰᠢᠷᠢᠰ ᠮᠡᠳᠡᠭᠡᠯᠡᠯ ᠭᠤᠷᠪᠠ
2016.04.29 ᠲᠣᠰ ᠥᠷᠲᠡᠭᠡᠨ ᠦ ᠨᠠᠢᠷᠠᠭᠤᠯᠤᠭᠴᠢ

《 ᠭᠦᠢᠴᠡᠳᠬᠡᠬᠦ ᠵᠢᠯ ᠤᠨ ᠲᠤᠰᠬᠠᠢ ᠰᠡᠳᠦᠪᠲᠦ ᠠᠵᠢᠯᠠᠯᠭ᠎ᠠ》 ᠶᠢᠨ ᠰᠢᠷᠢᠰ ᠮᠡᠳᠡᠭᠡᠯᠡᠯ ᠭᠤᠷᠪᠠ᠄ ᠬᠠᠩᠬᠢᠨ ᠬᠣᠰᠢᠭᠤᠨ ᠤ ᠰᠢᠭᠦᠬᠦ ᠬᠣᠷᠢᠶ᠎ᠠ ᠬᠠᠤᠯᠢ ᠶᠣᠰᠣᠭᠠᠷ ᠲᠦᠷ ᠬᠣᠷᠢᠬᠤ ᠠᠷᠭ᠎ᠠ ᠠᠪᠴᠢᠯ ᠢ ᠠᠪᠴᠦ᠂ᠵᠠᠷᠭᠤ ᠢᠯᠠᠭᠴᠢ  ᠳᠤ ᠬᠠᠩᠭ᠋ᠠᠮᠵᠢᠲᠠᠢ ᠰᠠᠢᠨ ᠬᠠᠷᠢᠭᠤᠯᠲᠠ ᠬᠠᠩᠭ᠋ᠠᠭᠰᠠᠨ ᠪᠠᠢᠨ᠎ᠠ

《  ᠭᠦᠢᠴᠡᠳᠬᠡᠬᠦ  ᠵᠢᠯ》 ᠠᠵᠢᠯᠯᠠᠭ᠎ᠠ ᠶᠢ ᠥᠷᠨᠢᠭᠦᠯᠦᠭᠰᠡᠨ ᠡᠴᠡ ᠨᠠᠰᠢ ᠂ ᠬᠠᠩᠭᠢᠨ ᠬᠣᠰᠢᠭᠤ ᠠᠷᠠᠳ ᠤᠨ ᠰᠢᠭᠦᠬᠦ ᠬᠣᠷᠢᠶᠠᠨ  ᠡᠴᠡ ᠠᠵᠢᠯ ᠤᠨ ᠪᠣᠳᠠᠲᠤ ᠪᠠᠶᠢᠳᠠᠯ ᠲᠠᠶ ᠪᠠᠨ ᠤᠶᠠᠯᠳᠤᠭᠤᠯᠤᠨ ᠂ ᠬᠠᠤᠯᠢ ᠶᠣᠰᠣᠭᠠᠷ  ᠪᠠᠷ ᠲᠦᠷ ᠬᠣᠷᠢᠬᠤ ᠠᠷᠭ᠎ᠠ ᠬᠡᠮᠵᠢᠶ᠎ᠡ ᠠᠪᠴᠤ ᠂ ᠭᠦᠢᠴᠡᠳᠬᠡᠬᠦ ᠠᠵᠢᠯ ᠤᠨ ᠠᠯᠪᠠᠳᠠᠯᠭ᠎ᠠ ᠶᠢᠨ ᠴᠢᠨᠠᠷᠲᠠᠶ  ᠭᠡᠳᠡᠭ ᠤᠯᠠᠮ ᠨᠢᠭᠡ ᠠᠯᠬᠤᠮ ᠳᠤᠪᠤᠢᠯᠭᠠᠨ ᠂《 ᠭᠦᠢᠴᠡᠳᠬᠡᠬᠦ  ᠵᠢᠯ 》 ᠤᠨ ᠠᠵᠢᠯᠯᠠᠭ᠎ᠠ ᠶᠢᠨ ᠰᠢᠨ᠎ᠡ ᠬᠠᠭᠤᠳᠠᠰᠤ ᠶᠢ  ᠢᠳᠡᠪᠬᠢᠲᠠᠢ ᠪᠡᠷ  ᠪᠢᠴᠢᠭᠯᠡᠪᠡ ᠃

<2016  ᠤᠨ ᠤ4 ᠰᠠᠷ᠎ᠠ ᠶᠢᠨ14 ᠤ ᠡᠳᠦᠷ ᠪᠤᠯᠳᠠᠯ᠎ᠠ᠂ ᠬᠠᠤᠯᠢ ᠴᠠᠭᠠᠵᠠ  ᠪᠠᠷ ᠲᠦᠷ ᠬᠣᠷᠢᠬᠤ  ᠠᠷᠭ᠎ᠠ ᠠᠪᠤᠭᠰᠠᠨ ᠨᠢ5 ᠬᠥᠮᠦᠨ ᠤᠳᠠᠭ᠎ᠠ ᠳᠤ ᠬᠦᠷᠴᠦ ᠂ 7 ᠬᠤᠪᠢ ᠬᠡᠷᠡᠭ ᠢ ᠭᠦᠢᠴᠡᠳᠬᠡᠨ ᠳᠠᠭᠤᠰᠬᠠᠵᠤ ᠂ ᠪᠣᠳᠠᠲᠠᠶ  ᠭᠦᠢᠴᠡᠳᠬᠡᠭᠰᠡᠨ ᠵᠣᠭᠤᠰ ᠤᠨ ᠲᠣᠭ᠎ᠠ 31.6 ᠲᠦᠮᠡᠨ ᠲᠥᠭᠥᠷᠢᠭ ᠬᠦᠷᠴᠡᠶ ᠃

ᠡᠨᠡ ᠤᠳᠠᠭᠠᠨ ᠤ ᠲᠦᠷ ᠬᠣᠷᠢᠭᠳᠠᠭᠰᠠᠨ 5 ᠲᠤᠬᠠᠶ ᠶᠢᠨ ᠬᠥᠮᠦᠨ  ᠨᠢ᠂  ᠡᠮᠦᠨᠡᠬᠢ ᠭᠦᠢᠴᠡᠳᠬᠡᠬᠦ ᠶᠠᠪᠤᠴᠠ ᠳᠤ ᠴᠥᠮ ᠡᠯ᠎ᠡ ᠵᠦᠢᠯ ᠦᠨ ᠠᠷᠭ᠎ᠠ ᠮᠠᠶ᠋ᠢᠭ ᠢᠶᠠᠷ ᠭᠦᠢᠴᠡᠳᠬᠡᠬᠦ ᠡᠴᠡ ᠵᠠᠶᠢᠯᠠᠵᠤ ᠂ ᠬᠡᠷᠡᠭ ᠰᠢᠶᠳᠪᠦᠷᠢᠯᠡᠬᠦ ᠬᠥᠮᠦᠰ  ᠲᠠᠢ ᠨᠢᠭᠤᠯᠴᠠᠭ᠎ᠠ ᠬᠢᠵᠦ ᠥᠩᠭᠡᠷᠡᠭᠡᠭᠰᠡᠨ ᠪᠠᠢᠨ᠎ᠠ ᠃ ᠮᠠᠨ ᠤ ᠬᠣᠷᠢᠶᠠᠨ ᠤ ᠬᠡᠷᠡᠭ ᠰᠢᠶᠳᠪᠦᠷᠢᠯᠡᠬᠦ ᠠᠵᠢᠯᠲᠠᠳ ᠳᠠᠷᠤᠶ ᠳᠤ ᠨᠢ ᠬᠢᠨᠠᠨ ᠬᠡᠲᠦᠬᠦ ᠪᠠ ᠲᠤᠬᠠᠶ ᠶᠢᠨ ᠬᠥᠮᠦᠨ ᠨᠢ ᠬᠠᠮᠵᠢᠯᠴᠠᠨ ᠡᠷᠢᠬᠦ ᠵᠡᠷᠭᠡ ᠠᠷᠭ᠎ᠠ ᠬᠡᠮᠵᠢᠶ᠎ᠡ ᠠᠪᠴᠤ ᠂ ᠭᠦᠢᠴᠡᠳᠬᠡᠭᠳᠡᠭᠴᠢ ᠶᠢ ᠡᠷᠢᠵᠦ ᠤᠯᠤᠮᠠᠭᠴᠠ ᠂ ᠲᠡᠷᠡ ᠳᠠᠷᠤᠶ ᠳᠤᠨᠢ ᠲᠦᠷ ᠬᠣᠷᠢᠬᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠡᠴᠡ ᠪᠣᠯᠵᠤ ᠂ ᠭᠦᠢᠴᠡᠳᠬᠡᠭᠳᠡᠭᠴᠢ ᠢᠳᠡᠪᠬᠢᠲᠡᠶ ᠠᠷᠭ᠎ᠠ ᠬᠡᠮᠵᠢᠶ᠎ᠡ ᠠᠪᠴᠤ ᠂ ᠡᠭᠦᠷᠭᠡ ᠪᠡᠨ  ᠭᠦᠢᠴᠡᠳᠬᠡᠬᠦ ᠪᠣᠯᠤᠭᠰᠠᠨ ᠪᠠᠢᠨ᠎ᠠ ᠃

ᠲᠤᠰ 7 ᠬᠡᠷᠡᠭ ᠢ ᠤᠷᠤᠭᠰᠢᠲᠠᠶ ᠭᠦᠢᠴᠡᠳᠬᠡᠨ  ᠳᠠᠭᠤᠰᠬᠠᠭᠰᠠᠨ ᠨᠢ ᠭᠦᠢᠴᠡᠳᠬᠡᠬᠦ ᠠᠵᠢᠯ ᠤᠨ ᠠᠯᠪᠠᠳᠠᠯᠭ᠎ᠠ ᠶᠢᠨ ᠴᠢᠨᠠᠷᠲᠠᠶ  ᠶᠢ ᠳᠤᠪᠤᠢᠯᠭᠠᠵᠤ᠂ ᠡᠭᠦᠨ ᠦ ᠬᠠᠮᠲᠤ ᠪᠠᠰᠠ 《 ᠭᠦᠢᠴᠡᠳᠬᠡᠬᠦ ᠵᠢᠯ 》 ᠤᠨ ᠬᠣᠶᠢᠰᠢᠳᠠ ᠶᠢᠨ ᠠᠵᠢᠯ  ᠳᠤ ᠡᠷᠬᠢᠮ ᠨᠠᠨᠳᠢᠨ ᠳ᠋ᠦᠩᠨᠡᠯᠲᠡ  ᠬᠢᠪᠡ᠄ ᠭᠦᠢᠴᠡᠳᠬᠡᠬᠦ ᠠᠵᠢᠯᠲᠠᠨ ᠵᠣᠷᠢᠭᠲᠠᠢ ᠪᠡᠷ ᠬᠠᠤᠯᠢ  ᠶᠣᠰᠤᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ ᠂《 ᠪᠤᠰᠤᠳ ᠤᠨ ᠬᠣᠷᠤᠰᠤᠯ ᠢ ᠲᠥᠷᠦᠭᠦᠯᠬᠦ ᠡᠴᠡ ᠠᠶᠤᠬᠤ 》 ᠦᠵᠡᠯ ᠰᠠᠨᠠᠭ᠎ᠠ ᠢᠯᠠᠨ ᠳᠠᠪᠠᠵᠤ ᠂ 《 ᠳᠠᠷᠤᠭᠳᠠᠮᠠᠯ ᠬᠡᠷᠡᠭ 》 ᠢ《  ᠳᠠᠭᠤᠰᠤᠭᠰᠠᠨ ᠬᠡᠷᠡᠭ》 ᠪᠣᠯᠭᠠᠵᠤ᠂ ᠠᠷᠠᠳ ᠣᠯᠠᠨ ᠳᠤ  ᠬᠠᠨᠤᠮᠵᠢᠲᠠᠢ ᠬᠠᠷᠢᠭᠤᠯᠲᠠ ᠬᠦᠷᠲᠡᠭᠡᠬᠦ ᠬᠡᠷᠡᠭᠲᠠᠢ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )