ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠡᠭᠦᠷ ᠤᠨ ᠱᠦᠵᠢ᠂ ᠣᠷᠤᠯᠠᠭᠴᠢ ᠬᠣᠷᠢᠶᠠᠨ ᠳᠠᠷᠤᠭ᠎ᠠ ᠯᠢ ᠬᠣᠩ ᠶᠠᠩ ᠡᠴᠡ ᠡᠯ᠎ᠡ ᠬᠤᠪᠢᠳᠠᠨ ᠬᠠᠮᠢᠶᠠᠷᠤᠭᠰᠠᠨ ᠬᠣᠷᠢᠶᠠᠨ ᠳᠠᠷᠤᠭ᠎ᠠ ᠵᠢᠴᠢ ᠬᠠᠷᠢᠶ᠎ᠠ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ
ᠣᠶᠢᠷ᠎ᠠ ᠳᠤ ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠬᠣᠷᠢᠶᠠᠨ ᠳᠠᠷᠤᠭ᠎ᠠ ᠯᠢ ᠬᠣᠩ ᠶᠠᠨ ᠡᠯ᠎ᠡ ᠬᠤᠪᠢᠳᠠᠨ ᠬᠠᠮᠢᠶᠠᠷᠬᠤ ᠬᠣᠷᠢᠶᠠᠨ ᠳᠠᠷᠤᠭ᠎ᠠ ᠵᠢᠴᠢ ᠬᠠᠷᠢᠶ᠎ᠠ ᠰᠠᠯᠠᠭ᠎ᠠ ᠮᠥᠴᠢᠷ ᠦᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠤᠰᠬᠤ ᠶᠢᠨ ᠳᠠᠭᠠᠤ ᠬᠤᠷᠠᠯ ᠳᠤ ᠣᠷᠣᠯᠴᠠᠭᠰᠠᠨ ᠨᠥᠬᠥᠳ ᠲᠠᠢ ᠰᠠᠨᠠᠯ ᠪᠣᠳᠤᠯ ᠢᠶᠡᠨ ᠭᠦᠨᠵᠡᠭᠡᠢ ᠰᠤᠯᠢᠯᠴᠠᠪᠠ ᠃ ᠬᠤᠷᠠᠯ ᠳᠡᠭᠡᠷ᠎ᠡ ᠂ ᠡᠯ᠎ᠡ ᠬᠤᠪᠢᠳᠠᠨ ᠬᠠᠮᠢᠶᠠᠷᠬᠤ ᠬᠣᠷᠢᠶᠠᠨ ᠳᠠᠷᠤᠭ᠎ᠠ ᠂ ᠡᠯ᠎ᠡ ᠰᠠᠯᠠᠭ᠎ᠠ ᠮᠥᠴᠢᠷ ᠨᠢ 2015 ᠣᠨ ᠤ ᠠᠵᠢᠯ ᠤᠨ ᠪᠠᠶᠢᠳᠠᠯ ᠤᠨ ᠲᠤᠬᠠᠶ ᠂ ᠣᠷᠣᠰᠢᠵᠤ ᠪᠠᠶᠢᠭ᠎ᠠ ᠠᠰᠠᠭᠤᠳᠠᠯ ᠪᠠ 2016 ᠣᠨ ᠤ ᠠᠵᠢᠯ ᠤᠨ ᠰᠡᠳᠬᠢᠴᠡ ᠪᠡᠨ ᠪᠦᠬᠦ ᠲᠠᠯ᠎ᠠ ᠪᠡᠷ ᠬᠠᠷᠢᠭᠤ ᠮᠡᠳᠡᠭᠦᠯᠦᠯᠲᠠ ᠬᠢᠵᠦ᠂ ᠬᠠᠮᠲᠤ ᠳᠤ ᠨᠢ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠪᠠ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠪᠦᠬᠦᠯᠢ ᠴᠣᠭᠴᠠ ᠶᠢᠨ ᠠᠵᠢᠯ ᠳᠤ ᠰᠠᠨᠠᠭᠤᠯᠭ᠎ᠠ ᠳᠤᠷᠠᠳᠤᠭᠰᠠᠨ ᠪᠠᠶᠢᠨ᠎ᠠ ᠃ ᠬᠠᠷᠢᠭᠤ ᠮᠡᠳᠡᠭᠦᠯᠦᠯᠲᠡ ᠳᠤᠮᠳᠠ ᠂ ᠯᠢ ᠳᠠᠷᠤᠭ᠎ᠠ ᠡᠴᠡ᠂ ᠥᠪᠡᠷ ᠦᠨ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠶ ᠠᠰᠠᠭᠤᠯᠲᠠ ᠲᠤᠷᠠᠳᠤᠭᠰᠠᠨ ᠪᠥᠭᠡᠳ ᠡᠯ᠎ᠡ ᠰᠠᠯᠠᠭ᠎ᠠ ᠮᠥᠴᠢᠷ ᠦᠨ ᠬᠠᠷᠢᠭᠤ ᠮᠡᠳᠡᠭᠦᠯᠦᠯᠲᠡ ᠶᠢᠨ ᠪᠠᠢᠳᠠᠯ ᠳ᠋ᠤ ᠲᠤᠰ ᠲᠤᠰ ᠲᠤ ᠨᠢ ᠦᠨᠡᠯᠡᠯᠲᠡ ᠥᠭᠭᠦᠭᠰᠡᠨ ᠪᠠᠢᠨ᠎ᠠ᠃ 2015 ᠣᠨ ᠳᠤ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠡᠯ᠎ᠡ ᠰᠠᠯᠠᠭ᠎ᠠ ᠮᠥᠴᠢᠷ ᠨᠢ ᠂ ᠲᠥᠪ ᠭᠣᠣᠯᠴᠢ ᠪᠠᠷ ᠬᠠᠤᠯᠢ ᠪᠠᠷᠢᠬᠤ ᠂ ᠠᠷᠠᠳ ᠤᠨ ᠲᠥᠯᠥᠭᠡ ᠬᠠᠤᠯᠢ ᠪᠠᠷᠢᠬᠤ ᠱᠠᠭᠠᠷᠳᠠᠯᠭ᠎ᠠ ᠲᠠᠢ ᠨᠢᠭᠳᠠ ᠤᠶᠠᠯᠳᠤᠨ ᠂ ᠠᠵᠢᠯ ᠤᠨ ᠰᠡᠳᠬᠢᠴᠡ ᠪᠡᠨ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠠᠵᠢᠯᠯᠠᠬᠤ ᠠᠷᠭ᠎ᠠ ᠪᠠᠨ ᠴᠢᠷᠮᠠᠶᠢᠨ ᠰᠠᠶᠢᠵᠢᠷᠠᠭᠤᠯᠵᠤ ᠂ ᠠᠵᠢᠯ ᠤᠨ ᠰᠤᠷᠲᠠᠯ ᠢᠶᠠᠨ ᠦᠨᠡᠨ ᠬᠦ ᠬᠤᠪᠢᠷᠠᠭᠤᠯᠵᠤ ᠂ ᠪᠦᠬᠦ ᠬᠣᠷᠢᠶᠠᠨ ᠤ ᠬᠡᠷᠡᠭ ᠦᠨ ᠲᠣᠭ᠎ᠠ ᠬᠡᠮᠵᠢᠶ᠎ᠡ ᠶᠡᠬᠡ ᠪᠡᠷ ᠳᠡᠭᠡᠭᠰᠢᠯᠡᠵᠦ ᠂ ᠰᠢᠨ᠎ᠡ ᠨᠥᠭᠦᠴᠡᠯ ᠪᠠᠢᠳᠠᠯ ᠳᠤ ᠬᠠᠨᠳᠤᠨ᠂ ᠰᠢᠨ᠎ᠡ ᠠᠰᠠᠭᠤᠳᠠᠯ ᠲᠠᠰᠤᠷᠠᠯᠲᠠ ᠦᠭᠡᠢ ᠨᠡᠮᠡᠭᠳᠡᠵᠦ ᠪᠠᠢᠭ᠎ᠠ ᠪᠠᠢᠳᠠᠯ ᠳᠣᠣᠷ᠎ᠠ᠂ ᠡᠯ᠎ᠡ ᠰᠠᠯᠠᠭ᠎ᠠ ᠮᠥᠴᠢᠷ ᠨᠢ ᠠᠵᠢᠯ ᠤᠨ ᠭᠣᠣᠯᠳᠠᠯᠭ᠎ᠠ ᠶᠢᠨ ᠣᠷᠴᠢᠨ ᠳᠤ ᠨᠢᠭᠲᠠ ᠬᠠᠮᠵᠢᠯᠴᠠᠨ᠂ ᠤᠷᠢᠳ ᠡᠮᠦᠨ᠎ᠡ ᠪᠠᠶᠢᠭ᠎ᠠ ᠦᠭᠡᠢ ᠠᠵᠢᠯ ᠤᠨ ᠳᠠᠷᠤᠯᠲᠠ ᠶᠢ ᠢᠯᠠᠨ ᠳᠠᠪᠠᠵᠤ᠂ ᠡᠯ᠎ᠡ ᠵᠦᠢᠯ ᠦᠨ ᠠᠵᠢᠯ ᠨᠢ ᠨᠡᠯᠢᠶᠡᠳ ᠰᠠᠢᠨ ᠦᠷ᠎ᠡ ᠪᠦᠲᠦᠮᠵᠢ ᠣᠯᠤᠭᠰᠠᠨ ᠪᠠᠶᠢᠨ᠎ᠠ ᠃ ᠠᠮᠵᠢᠯᠲᠠ ᠤᠯᠬᠤ ᠶᠢᠨ ᠬᠠᠮᠲᠤ ᠂ ᠡᠯ᠎ᠡ ᠰᠠᠯᠠᠭ᠎ᠠ ᠮᠥᠴᠢᠷ ᠦᠨ ᠠᠵᠢᠯ ᠤᠨ ᠳᠤᠮᠳᠠ ᠮᠥᠨ ᠯᠡ《 ᠬᠡᠷᠡᠭ ᠣᠯᠠᠨ ᠬᠥᠮᠦᠨ ᠴᠥᠭᠡᠨ 》 ᠵᠥᠷᠢᠴᠡᠯ ᠳᠤᠪᠤᠢᠮ᠎ᠠ ᠪᠠᠢᠵᠤ᠂ ᠺᠠᠳ᠋ᠷ ᠴᠠᠭᠳᠠᠭ᠎ᠠ ᠶᠢᠨ ᠠᠵᠢᠯ ᠮᠡᠷᠭᠡᠵᠢᠯ ᠦᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠴᠢᠬᠤᠯᠠᠲᠠᠶ ᠂ ᠬᠡᠷᠡᠭ ᠢ ᠰᠢᠭᠦᠨ ᠰᠢᠶᠳᠪᠦᠷᠢᠯᠡᠬᠦ ᠦᠶᠡᠯᠡᠯ ᠨᠢ ᠬᠡᠳᠦ ᠤᠷᠲᠤ᠂ ᠵᠠᠷᠭᠤ ᠶᠢᠨ ᠮᠠᠲ᠋ᠧᠷᠢᠶᠠᠯ ᠢ ᠬᠦᠷᠭᠡᠬᠦ ᠳᠤ ᠬᠦᠴᠢᠷᠲᠡᠶ ᠂ ᠬᠡᠷᠡᠭ ᠳᠠᠭᠤᠰᠬᠠᠭᠰᠠᠨ ᠨᠣᠷᠮ᠎ᠠ ᠬᠠᠷᠢᠴᠠᠩᠭᠤᠶ ᠥᠨᠳᠥᠷ ᠪᠢᠰᠢ ᠂ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠᠲᠠᠢ ᠵᠡᠷᠭᠡ ᠠᠰᠠᠭᠤᠳᠠᠯ ᠣᠷᠤᠰᠢᠵᠤ ᠪᠠᠢᠨ᠎ᠠ ᠃ ᠬᠠᠷᠢᠭᠤ ᠮᠡᠳᠡᠭᠦᠯᠦᠯᠲᠡ ᠳᠡᠭᠡᠨ ᠂ ᠡᠯ᠎ᠡ ᠬᠤᠪᠢᠳᠠᠨ ᠬᠠᠮᠢᠶᠠᠷᠬᠤ ᠬᠣᠷᠢᠶᠠᠨ ᠳᠠᠷᠤᠭ᠎ᠠ ᠂ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠠᠵᠢᠯ ᠤᠨ ᠪᠣᠳᠠᠲᠤ ᠪᠠᠶᠢᠳᠠᠯ ᠲᠠᠶ ᠪᠠᠨ ᠤᠶᠠᠯᠳᠤᠭᠤᠯᠤᠨ ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠂ ᠬᠠᠨᠳᠤᠯᠭᠠᠲᠤ ᠴᠢᠨᠠᠷᠲᠠᠶ ᠪᠣᠳᠠᠲᠠᠶ ᠬᠢᠳᠡᠯ ᠪᠠ ᠠᠷᠭ᠎ᠠ ᠶᠢ ᠳᠤᠷᠠᠳᠴᠤ᠂ ᠳᠠᠷᠠᠭᠠᠴᠢ ᠶᠢᠨ ᠠᠯᠬᠤᠮ ᠳᠤ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ ᠂ ᠬᠦᠴᠢᠷ ᠪᠡᠷᠬᠡ ᠶᠢ ᠰᠦᠷᠦᠨ ᠤᠷᠤᠭᠰᠢᠯᠠᠵᠤ ᠂ ᠳᠣᠲᠣᠭᠠᠳᠤ ᠶᠢᠨ ᠳᠠᠯᠳᠠ ᠬᠦᠴᠦᠨ ᠢᠶᠡᠨ ᠭᠦᠢᠴᠡᠳ ᠪᠠᠳᠠᠷᠠᠭᠤᠯᠤᠨ᠂ ᠣᠳᠣᠬᠠᠨ ᠤ ᠬᠦᠴᠢᠷᠳᠡᠯ ᠪᠠ ᠠᠰᠠᠭᠤᠳᠠᠯ ᠢ ᠴᠢᠷᠮᠠᠢᠨ ᠰᠢᠢᠳᠪᠦᠷᠢᠯᠡᠵᠦ᠂ ᠡᠯ᠎ᠡ ᠵᠦᠢᠯ ᠦᠨ ᠠᠵᠢᠯ ᠢᠶᠠᠨ ᠰᠢᠨ᠎ᠡ ᠨᠢᠭᠡᠨ ᠳᠡᠭᠲᠡᠷ ᠲᠦ ᠭᠠᠷᠭᠠᠨ᠎ᠠ ᠭᠡᠵᠦ ᠢᠯᠡᠷᠡᠬᠡᠢᠯᠡᠪᠡ ᠃
ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠂ ᠯᠢ ᠬᠣᠷᠢᠶᠠᠨ ᠳᠠᠷᠤᠭ᠎ᠠ ᠂ ᠡᠯ᠎ᠡ ᠰᠠᠯᠠᠭ᠎ᠠ ᠮᠥᠴᠢᠷ ᠦᠨ 2015 ᠣᠯᠤᠭᠰᠠᠨ ᠠᠵᠢᠯ ᠤᠨ ᠦᠷ᠎ᠡ ᠪᠦᠲᠦᠮᠵᠢ ᠶᠢ ᠭᠦᠢᠴᠡᠳ ᠦᠨᠡᠯᠡᠭᠰᠡᠨ ᠪᠥᠭᠡᠳ 2016 ᠣᠨ ᠤ ᠡᠯ᠎ᠡ ᠵᠦᠢᠯ ᠦᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠰᠠᠨᠠᠯ ᠪᠠ ᠱᠠᠭᠠᠷᠳᠠᠯᠭ᠎ᠠ ᠳᠤᠷᠠᠳᠪᠠ ᠃ ᠯᠢ ᠳᠠᠷᠤᠭ᠎ᠠ ᠡᠴᠡ᠂ ᠰᠢᠨ᠎ᠡ ᠬᠠᠭᠤᠴᠢᠨ ᠰᠣᠯᠢᠭᠳᠠᠵᠤ ᠪᠠᠶᠢᠭ᠎ᠠ ᠦᠶ᠎ᠡ ᠳᠦ ᠂ ᠪᠥᠬᠦ ᠨᠢᠭᠡᠴᠢ ᠪᠡᠷ ᠢᠶᠡᠨ ᠳᠡᠭᠡᠷ᠎ᠡ ᠳᠣᠣᠷ᠎ᠠ ᠱᠠᠲᠤᠨ ᠤ ᠲᠣᠬᠢᠷᠠᠯᠴᠠᠭ᠎ᠠ ᠪᠠᠨ ᠪᠠᠲᠤᠯᠠᠵᠤ᠂ ᠡᠯ᠎ᠡ ᠰᠠᠯᠠᠭ᠎ᠠ ᠮᠥᠴᠢ ᠡᠮᠬᠢ ᠴᠡᠭᠴᠡ ᠲᠡᠶ ᠪᠡᠷ ᠠᠵᠢᠯ ᠢᠶᠠᠨ ᠥᠷᠨᠢᠭᠦᠯᠦᠭᠰᠡᠨ ᠪᠠᠢᠨ᠎ᠠ᠂ ᠡᠨᠡ ᠨᠢ ᠮᠠᠰᠢ ᠬᠣᠪᠣᠷ ᠨᠠᠨᠲᠢᠨ ᠵᠦᠢᠯ ᠪᠣᠯᠬᠤ ᠶᠤᠮ ᠃ ᠡᠨᠡ ᠤᠳᠠᠭᠠᠨ ᠤ ᠬᠤᠷᠠᠯ ᠢ ᠬᠤᠷᠠᠯᠳᠤᠭᠰᠠᠨ ᠨᠢ ᠂ ᠳᠠᠷᠤᠢ ᠪᠥᠬᠦ ᠬᠣᠷᠢᠶᠠᠨ ᠤ ᠡᠯ᠎ᠡ ᠲᠥᠷᠦᠯ ᠤᠨ ᠠᠵᠢᠯ ᠤᠨ ᠠᠬᠢᠴᠠ ᠶᠢᠨ ᠲᠤᠬᠠᠢ ᠨᠡᠩ ᠲᠣᠳᠤᠷᠬᠠᠢ ᠤᠢᠯᠭᠠᠵᠤ ᠂ ᠲᠠᠷᠠᠭᠠᠴᠢ ᠶᠢᠨ ᠠᠯᠬᠤᠮ ᠤᠨ ᠠᠵᠢᠯ ᠢᠶᠡᠨ ᠰᠤᠳᠤᠯᠤᠨ ᠪᠠᠢᠷᠢᠯᠠᠭᠤᠯᠬᠤ ᠳᠤ ᠰᠠᠭᠤᠷᠢ ᠲᠠᠯᠪᠢᠬᠤ ᠶᠠᠪᠤᠳᠠᠯ ᠪᠣᠯᠤᠨ᠎ᠠ ᠭᠡᠵᠦ ᠵᠢᠭᠠᠪᠤᠷᠢᠯᠠᠪᠠ ᠃ ᠯᠢ ᠳᠠᠷᠤᠭ᠎ᠠ ᠬᠡᠯᠡᠭᠰᠡᠨ ᠨᠢ ᠂ ᠳᠠᠷᠠᠭᠠᠴᠢ ᠶᠢᠨ ᠠᠯᠬᠤᠮ ᠳᠤ ᠂ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠨᠢ ᠡᠯ᠎ᠡ ᠰᠠᠯᠠᠭ᠎ᠠ ᠮᠥᠴᠢᠷ ᠤᠨ ᠳᠤᠷᠠᠳᠤᠭᠰᠠᠨ ᠠᠰᠠᠭᠤᠳᠠᠯ ᠢ ᠨᠢᠭᠡᠳ ᠨᠢᠭᠡ ᠪᠡᠷ ᠰᠤᠳᠤᠯᠵᠤ ᠂ ᠵᠦᠢ ᠵᠣᠬᠢᠰᠲᠠᠶ ᠰᠠᠨᠠᠭᠤᠯᠭ᠎ᠠ ᠪᠠ ᠰᠠᠨᠠᠯ ᠢ ᠢᠳᠡᠪᠬᠢᠲᠡᠶ ᠪᠡᠷ ᠬᠦᠯᠢᠶᠡᠨ ᠠᠪᠴᠤ ᠬᠠᠯᠠᠨ ᠰᠠᠶᠢᠵᠢᠷᠠᠭᠤᠯᠬᠤ ᠬᠡᠷᠡᠭᠲᠡᠶ ᠃ ᠯᠢ ᠳᠠᠷᠤᠭ᠎ᠠ ᠴᠢᠬᠤᠯᠠᠴᠢᠯᠠᠭᠰᠠᠨ ᠨᠢ ᠂ ᠣᠳᠣᠬᠠᠨ ᠳᠤ ᠪᠦᠬᠦ ᠬᠣᠲᠠ ᠶᠢᠨ ᠰᠢᠭᠦᠬᠦ ᠬᠣᠷᠢᠶᠠᠨ ᠤ ᠠᠵᠢᠯ ᠤᠨ ᠳᠠᠷᠤᠯᠲᠠ ᠲᠠᠰᠤᠷᠠᠯᠲᠠ ᠦᠭᠡᠶ ᠨᠡᠮᠡᠭᠳᠡᠵᠦ ᠂ ᠢᠯᠠᠩᠭᠤᠶ᠎ᠠ ᠬᠡᠷᠡᠭ ᠦᠨ ᠲᠣᠭ᠎ᠠ ᠲᠦᠷᠭᠡᠨ ᠢᠶᠡᠷ ᠨᠡᠮᠡᠭᠳᠡᠵᠦ ᠂ ᠵᠥᠷᠢᠴᠡᠯ ᠢ ᠠᠷᠢᠯᠭᠠᠬᠤ ᠬᠦᠴᠢᠷᠳᠡᠯ ᠤᠨ ᠬᠡᠮᠵᠢᠶ᠎ᠡ ᠲᠠᠰᠣᠷᠠᠯᠲᠠ ᠦᠭᠡᠢ ᠶᠡᠬᠡᠰᠴᠦ ᠂ ᠪᠦᠭᠦ ᠬᠤᠲᠠ ᠶᠢᠨ ᠰᠢᠭᠦᠬᠦ ᠬᠣᠷᠢᠶᠠᠨ ᠤ ᠠᠵᠢᠯ ᠳᠤ ᠨᠡᠩ ᠠᠷᠪᠢᠨ ᠥᠷᠢᠰᠥᠯᠳᠦᠭᠡᠨ ᠲᠤᠯᠭᠠᠷᠠᠵᠤ ᠪᠠᠶᠢᠨ᠎ᠠ ᠃ ᠭᠡᠪᠡᠴᠦ ᠳᠠᠷᠤᠯᠲᠠ ᠪᠠ ᠠᠵᠠ ᠲᠣᠬᠢᠶᠠᠯ ᠨᠢ ᠬᠠᠮᠲᠤ ᠣᠷᠤᠰᠢᠵᠤ ᠪᠠᠢᠳᠠᠭ ᠂ ᠪᠦᠬᠦ ᠺᠠᠳ᠋ᠷ ᠴᠠᠭᠳᠠᠭ᠎ᠠ ᠠᠵᠢᠯ ᠤᠨ ᠳᠤᠮᠳᠠᠬᠢ ᠳᠠᠷᠤᠯᠲᠠ ᠪᠠ ᠥᠷᠢᠰᠥᠯᠳᠦᠭᠡᠨ ᠳᠤ ᠵᠥᠪ ᠢᠶᠡᠷ ᠬᠠᠨᠳᠤᠬᠤ ᠬᠡᠷᠡᠭᠲᠡᠶ ᠂ ᠡᠨᠡ ᠨᠢ ᠮᠠᠨ ᠤ ᠠᠵᠢᠯ ᠤᠨ ᠴᠢᠳᠠᠪᠤᠷᠢ ᠶᠢᠨ ᠨᠢᠭᠡ ᠤᠳᠠᠭᠠᠨ ᠤ ᠰᠢᠯᠭᠠᠯᠲᠠ ᠪᠠᠢᠵᠤ᠂ ᠭᠠᠭᠴᠠ ᠬᠦ ᠰᠢᠯᠭᠠᠯᠲᠠ ᠶᠢ ᠥᠩᠭᠡᠷᠡᠵᠦ ᠭᠠᠷᠪᠠᠯ᠂ ᠪᠢᠳᠡᠨ ᠤ ᠲᠤᠰᠬᠠᠶ ᠮᠡᠷᠭᠡᠵᠢᠯ ᠤᠨ ᠪᠣᠯᠪᠠᠰᠤᠷᠠᠯ ᠂ ᠲᠤᠬᠠᠶᠢᠯᠠᠭᠰᠠᠨ ᠠᠵᠢᠯ ᠤᠨ ᠴᠢᠳᠠᠪᠤᠷᠢ ᠂ ᠡᠩᠨᠡᠭᠡᠨ ᠦ ᠬᠡᠪ ᠴᠢᠨᠠᠷ ᠰᠠᠶᠢ ᠨᠡᠯᠢᠶᠡᠳ ᠶᠡᠬᠡ ᠳᠡᠭᠡᠭᠰᠢᠯᠡᠵᠦ ᠴᠢᠳᠠᠬᠤ ᠶᠤᠮ ᠃ ᠳᠠᠷᠤᠯᠲᠠ ᠪᠣᠯᠤᠨ ᠥᠷᠢᠰᠥᠯᠳᠦᠭᠡᠨ ᠳᠤ ᠬᠠᠨᠳᠤᠨ᠂ ᠪᠦᠬᠦ ᠺᠠᠳ᠋ᠷ ᠴᠠᠭᠳᠠᠭ᠎ᠠ ᠨᠠᠷ 《 ᠦᠢᠯᠡᠰ ᠢᠶᠡᠨ ᠳᠡᠭᠡᠳᠦᠯᠡᠬᠦ》 ᠦᠵᠡᠯ ᠰᠠᠨᠠᠭ᠎ᠠ ᠶᠢ ᠵᠣᠷᠢᠵᠤ᠂ ᠢᠳᠡᠪᠬᠢᠲᠡᠶ ᠪᠡᠷ ᠡᠷᠡᠯᠬᠡᠭᠯᠡᠨ ᠤᠷᠤᠭᠰᠢᠯᠠᠬᠤ ᠠᠵᠢᠯ ᠤᠨ ᠪᠠᠶᠢᠳᠠᠯ ᠢᠶᠡᠨ ᠢᠮᠠᠭᠲᠠ ᠪᠠᠷᠢᠮᠲᠠᠯᠠᠵᠤ᠂ ᠪᠦᠬᠦ ᠬᠣᠷᠢᠶᠠᠨ ᠤ ᠡᠯ᠎ᠡ ᠵᠦᠢᠯ ᠦᠨ ᠠᠵᠢᠯ ᠤᠨ ᠰᠢᠨ᠎ᠡ ᠬᠥᠭᠵᠢᠯᠲᠡ ᠶᠢᠨ ᠲᠥᠯᠥᠭᠡ ᠥᠪᠡᠷ ᠦᠨ ᠬᠤᠪᠢ ᠨᠡᠮᠡᠷᠢ ᠪᠡᠨ ᠦᠵᠡᠭᠦᠯᠬᠦ ᠪᠡᠷ ᠢᠳᠡᠪᠬᠢᠲᠠᠢ ᠴᠢᠷᠮᠠᠢᠬᠤ ᠬᠡᠷᠡᠭᠲᠠᠢ ᠭᠡᠵᠠᠢ ᠃
ᠬᠠᠮᠤᠭ ᠰᠡᠭᠦᠯ ᠳᠦ ᠯᠢ ᠬᠣᠷᠢᠶᠠᠨ ᠲᠠᠷᠤᠭ᠎ᠠ ᠡᠴᠡ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠨᠢ《 ᠳᠤᠭᠳᠠᠭᠠᠭᠰᠠᠨ ᠬᠠᠷᠠᠯᠲᠠ ᠶᠣᠰᠣᠭᠠᠷ ᠂ ᠬᠥᠭᠵᠢᠯᠲᠡ ᠶᠢᠨ ᠬᠤᠪᠢᠷᠠᠯᠲᠠ ᠶᠢ ᠰᠠᠢᠲᠤᠷ ᠬᠢᠵᠦ᠂ ᠪᠤᠲᠠᠲᠠᠢᠵᠢᠭᠤᠯᠬᠤ ᠵᠠᠮ ᠢ ᠡᠷᠢᠯᠬᠢᠯᠡᠬᠦ》 ᠡᠨᠡᠬᠦ ᠬᠦᠭᠵᠢᠯᠲᠠ ᠶᠢᠨ ᠦᠵᠡᠯ ᠰᠠᠨᠠᠭ᠎ᠠ ᠬᠢᠭᠡᠳ ᠠᠵᠢᠯ ᠤᠨ ᠱᠠᠭᠠᠷᠳᠠᠯᠭ᠎ᠠ ᠶᠣᠰᠣᠭᠠᠷ᠂《 ᠪᠦᠬᠦ ᠣᠷᠤᠨ ᠤ ᠰᠢᠭᠦᠬᠦ ᠬᠣᠷᠢᠶᠠᠨ ᠤ ᠬᠣᠰᠢᠭᠤᠴᠢ ᠪᠣᠯᠵᠤ᠂ ᠪᠥᠬᠦ ᠤᠯᠤᠰ ᠤᠨ ᠰᠢᠭᠦᠬᠦ ᠬᠣᠷᠢᠶᠠᠨ ᠤ ᠲᠡᠷᠢᠭᠦᠨ ᠤ ᠬᠢ ᠪᠣᠯᠬᠤ ᠪᠡᠷ ᠮᠡᠷᠡᠢᠵᠦ᠂ ᠣᠷᠳᠤᠰ ᠤᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠪᠠ ᠲᠡᠦᠬᠡᠨ ᠰᠣᠶᠤᠯ ᠤᠨ ᠤᠯᠠᠮᠵᠢᠯᠠᠯ ᠲᠠᠢ ᠤᠶᠠᠯᠳᠤᠭᠰᠠᠨ᠂ ᠬᠢᠷᠢ ᠵᠡᠷᠭᠡᠴᠡᠭᠰᠡᠨ ᠰᠢᠯᠢᠳᠡᠭ ᠰᠦᠭᠦᠬᠦ ᠬᠣᠷᠢᠶ᠎ᠠ ᠶᠢ ᠪᠦᠲᠦᠭᠡᠨ ᠪᠠᠢᠭᠤᠯᠬᠤ ᠪᠡᠷ ᠴᠢᠷᠮᠠᠢᠬᠤ》 ᠪᠡᠷ ᠲᠡᠮᠡᠴᠡᠬᠦ ᠬᠠᠷᠠᠯᠲᠠ ᠪᠣᠯᠭᠠᠨ᠂ ᠨᠡᠩ ᠢᠳᠡᠪᠬᠢᠲᠠᠢ ᠠᠵᠢᠯᠯᠠᠬᠤ ᠣᠪᠤᠷ ᠢᠶᠡᠷ᠂ ᠬᠦᠴᠢᠷ ᠪᠡᠷᠬᠡ ᠶᠢ ᠢᠯᠠᠨ ᠳᠠᠪᠠᠬᠤ ᠪᠡᠷ ᠬᠦᠴᠦᠯᠡᠨ ᠴᠢᠷᠮᠠᠢᠵᠤ᠂2016ᠤᠨ ᠤ ᠠᠵᠢᠯ ᠢ ᠨᠡᠩ ᠥᠨᠳᠦᠷ ᠳᠦᠪᠰᠢᠨ ᠳᠤ ᠲᠦᠯᠬᠢᠨ ᠠᠬᠢᠭᠤᠯᠬᠤ ᠬᠡᠷᠡᠭᠲᠠᠢ ᠭᠡᠪᠡ᠃
ᠦᠨᠡᠯᠡᠬᠦ 0ᠦᠨᠡᠯᠡᠯᠲᠡ ᠲᠠᠢ